ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ ᠪᠠᠷ ᠠᠵᠦ ᠠᠬᠤᠢ ᠨᠡᠶᠢᠬᠡᠮ ᠤᠨ ᠴᠢᠨᠡᠷ ᠰᠠᠶᠢᠳᠡᠢ ᠬᠦᠭᠵᠢᠯᠳᠠ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2019/5/20
        — ᠠᠯᠠᠱᠠ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠶᠠᠩ ᠬᠠᠢ ᠶᠢ ᠰᠤᠷᠪᠤᠯᠵᠢᠯᠠᠭᠰᠠᠨ ᠨᠢ                ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ︽ᠦᠵᠡᠯ ᠰᠠᠨᠠᠭ᠎ᠠ ᠪᠠᠨ ᠣᠯᠠᠮ ᠨᠢᠬᠡ ᠠᠯᠬᠤᠮ ᠴᠢᠯᠦᠬᠡᠯᠡᠵᠦ᠂ ᠰᠢᠨ᠎ᠠ ᠬᠦᠭᠵᠢᠯᠳᠠ ᠶᠢᠨ ᠰᠡᠳᠬᠢᠬᠦᠢ ᠪᠠᠷ ᠴᠢᠨᠡᠷ ᠰᠠᠶᠢᠳᠡᠢ ᠬᠦᠭᠵᠢᠯᠳᠠ ᠶᠢ ᠠᠬᠢᠭᠤᠯᠬᠤ ᠶᠡᠭᠡ ᠰᠤᠷᠤᠯᠴᠠᠯᠭ᠎ᠠ ᠶᠡᠭᠡ ᠶᠡᠷᠢᠯᠴᠠᠭ᠎ᠠ︾ ᠶᠢ ᠦᠷᠨᠢᠬᠦᠯᠬᠦ ᠪᠠᠷ ᠲᠤᠭᠳᠠᠭᠰᠠᠨ ᠢᠶᠠᠷ᠂ ᠠᠯᠠᠱᠠ ᠪᠠᠷᠠᠭᠤᠨ ᠬᠤᠰᠢᠭᠤᠨ ᠤ ᠬᠢᠨ ᠬᠡᠷᠬᠢᠨ ᠦᠷᠨᠢᠬᠦᠯᠵᠦ᠂ ᠬᠡᠷᠬᠢᠨ ᠲᠤᠬᠢᠷᠠᠭᠤᠯᠵᠤ ᠪᠠᠶᠢᠬᠤ ᠶᠢ ᠤᠢᠢᠯᠠᠭᠠᠬᠤ ᠪᠠᠷ ᠲᠤᠰ ᠬᠤᠰᠢᠭᠤᠨ ᠤ ᠨᠠᠮ ᠤᠨ ᠬᠤᠷᠢᠶᠠᠨ ᠤ ᠱᠦᠵᠢ ᠶᠠᠩ ᠬᠠᠢ ᠶᠢ ᠰᠤᠷᠪᠤᠯᠵᠢᠯᠠᠭᠰᠠᠨ ᠪᠢᠯᠨ᠃              ᠶᠠᠩ ᠬᠠᠢ ᠢᠯᠡᠷᠬᠡᠶᠢᠯᠡᠭᠰᠡᠨ ᠨᠢ᠂ ᠠᠯᠠᠱᠠ ᠪᠠᠷᠠᠭᠤᠨ ᠬᠤᠰᠢᠭᠤ ᠨᠢ ᠬᠢᠯᠢ ᠬᠢᠵᠠᠭᠠᠷ ᠤᠨ ᠴᠦᠬᠡᠨ ᠲᠤᠭᠠᠲᠦ ᠦᠨᠳᠦᠰᠦᠳᠠᠨ ᠤ ᠭᠠᠵᠡᠷ ᠤᠷᠤᠨ ᠪᠤᠯᠤᠭᠰᠠᠨ ᠤ ᠬᠤᠪᠢ ᠳᠤ᠂ ᠶᠡᠭᠡ ᠰᠤᠷᠤᠯᠴᠠᠯᠭ᠎ᠠ ᠶᠡᠭᠡ ᠶᠡᠷᠢᠯᠴᠠᠭ᠎ᠠ ᠶᠢ ᠦᠷᠨᠢᠬᠦᠯᠬᠦ ᠠᠵᠠ ᠲᠤᠬᠢᠶᠠᠯ ᠢ ᠠᠰᠢᠭᠯᠠᠵᠦ᠂ ᠦᠵᠡᠯ ᠰᠠᠨᠠᠭ᠎ᠠ ᠪᠠᠨ ᠣᠯᠠᠮ ᠨᠢᠬᠡ ᠠᠯᠬᠤᠮ ᠴᠢᠯᠦᠬᠡᠯᠡᠨ᠂ ᠰᠢ ᠶᠢᠨ ᠫᠢᠡᠭ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠲᠤᠤᠱᠯᠠᠭᠤᠯᠤᠨ ᠰᠤᠷᠤᠯᠴᠠᠵᠦ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠤᠯᠤᠨ ᠠᠶᠢᠮᠠᠭ ᠤᠨ ᠨᠠᠮ ᠤᠨ ᠬᠤᠷᠢᠶᠠᠨ ᠤ ᠰᠢᠢᠳᠪᠦᠷᠢᠳᠣ ᠪᠣᠳᠣᠯᠭ᠎ᠠ ᠪᠠᠶᠢᠷᠢᠯᠠᠭᠤᠯᠤᠯᠳᠠ ᠶᠤᠰᠤᠭᠠᠷ᠂ ᠤᠯᠠᠨ ᠲᠦᠷᠦᠯ ᠤᠨ ᠠᠷᠭ᠎ᠠ ᠠᠪᠴᠠᠯ ᠢᠶᠠᠷ ᠲᠠᠮᠵᠢᠨ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ ᠶᠢ ᠲᠤᠤᠱᠳᠡᠢ ᠦᠷᠨᠢᠬᠦᠯᠦᠨ᠎ᠠ᠃ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ ᠶᠢ ᠦᠷᠨᠢᠬᠦᠯᠬᠦ ᠲᠤᠮᠳᠠ ᠦᠵᠡᠯᠳᠠ ᠲᠠᠨᠢᠯᠳᠠ ᠪᠠᠨ ᠬᠦᠨᠵᠡᠬᠡᠶᠢᠷᠡᠬᠦᠯᠤᠨ᠂ ᠬᠦᠭᠵᠢᠯᠳᠠ ᠶᠢ ᠬᠠᠷᠰᠢᠯᠠᠵᠦ ᠪᠠᠶᠢᠭ᠎ᠠ ᠠᠰᠠᠭᠤᠳᠠᠯ ᠢᠶᠠᠨ ᠴᠢᠷᠮᠠᠶᠢᠨ ᠰᠢᠢᠳᠪᠤᠷᠢᠯᠡᠵᠦ᠂ ᠰᠢᠨ᠎ᠠ ᠬᠦᠭᠵᠢᠯᠳᠠ ᠶᠢᠨ ᠰᠡᠳᠬᠢᠬᠦᠢ ᠪᠠᠷ ᠴᠢᠨᠡᠷ ᠰᠠᠶᠢᠳᠡᠢ ᠬᠦᠭᠵᠢᠯᠳᠠ ᠶᠢ ᠠᠬᠢᠭᠤᠯᠬᠤ ᠠᠷᠭ᠎ᠠ ᠵᠠᠮ ᠢ ᠰᠦᠪᠡᠭᠴᠢᠯᠡᠨ᠎ᠠ ᠬᠡᠪᠡ᠃        ᠪᠤᠳᠠᠳᠡᠢ ᠶᠡᠷᠢᠪᠠᠯ᠂ ᠨᠢᠬᠡ ᠳᠤ᠂ ᠰᠢ ᠶᠢᠨ ᠫᠢᠡᠭ ᠶᠡᠷᠦᠩᠬᠡᠢ ᠱᠦᠵᠢ ᠶᠢᠨ ᠦᠪᠦᠷ ᠮᠤᠩᠭᠤᠯ ᠳᠤ ᠲᠠᠯᠪᠢᠭᠰᠠᠨ ᠬᠦᠰᠡᠯ ᠨᠠᠶᠢᠳᠠᠯᠭ᠎ᠠ ᠪᠤᠯᠤᠨ ︽ᠲᠦᠷᠪᠠᠨ ᠬᠠᠯᠬᠠᠪᠴᠢ︾ ︽ᠭᠤᠷᠪᠠᠨ ᠲᠤᠤᠱᠳᠡᠢ︾ ︽ᠲᠦᠷᠪᠠᠨ ᠵᠤᠭᠰᠤᠴᠠ︾ ᠵᠡᠷᠬᠡ ᠱᠠᠭᠠᠷᠳᠠᠯᠭ᠎ᠠ ᠶᠤᠰᠤᠭᠠᠷ᠂ ᠤᠯᠤᠰ ᠲᠦᠷᠦ ᠶᠢᠨ ᠵᠤᠭᠰᠤᠴᠠ᠂ ᠦᠵᠡᠯ ᠰᠠᠨᠠᠭ᠎ᠠ ᠲᠠᠨᠢᠯᠳᠠ᠂ ᠡᠬᠦᠷᠬᠡ ᠬᠠᠷᠢᠭᠤᠴᠠᠯᠭ᠎ᠠ ᠵᠡᠷᠬᠡ ᠲᠠᠯ᠎ᠠ ᠳᠤ ᠤᠷᠤᠰᠢᠵᠦ ᠪᠠᠶᠢᠭ᠎ᠠ ᠠᠰᠠᠭᠤᠳᠠᠯ ᠢᠶᠠᠨ ᠰᠦᠪᠡᠭᠴᠢᠯᠡᠨ ᠴᠡᠭᠴᠡᠯᠡᠵᠦ᠂     ︽ᠲᠦᠷᠪᠠᠨ ᠤᠬᠠᠮᠰᠡᠷ︾ ᠢᠶᠠᠨ ᠪᠠᠳᠣ ᠪᠣᠢ ᠪᠣᠯᠭᠠᠵᠦ᠂ ︽ᠲᠦᠷᠪᠠᠨ ᠢᠳᠡᠬᠡᠯ︾ ᠢᠶᠠᠨ  ᠪᠠᠳᠣᠳᠬᠠᠵᠦ᠂        ︽ᠬᠤᠶᠡᠷ ᠢ ᠬᠠᠮᠠᠭᠠᠯᠠᠬᠤ︾ ᠶᠢ ᠪᠡᠶᠡᠯᠡᠬᠦᠯᠤᠨ᠎ᠠ᠃ ᠬᠤᠶᠡᠷ ᠲᠤ᠂ ᠰᠢ ᠶᠢᠨ ᠫᠢᠡᠭ ᠶᠡᠷᠦᠩᠬᠡᠢ ᠱᠦᠵᠢ ᠶᠢᠨ ᠰᠢᠷᠢᠰ ᠴᠢᠬᠤᠯᠠ ᠶᠡᠷᠢᠶ᠎ᠠ ᠪᠤᠯᠤᠨ ᠴᠢᠬᠤᠯᠠ ᠦᠬᠦᠯᠡᠮᠵᠢ ᠶᠢᠨ ᠵᠤᠷᠢᠭ ᠰᠠᠨᠠᠭ᠎ᠠ ᠶᠢ ᠲᠤᠤᠱᠳᠡᠢ ᠰᠤᠷᠤᠯᠴᠠᠨ ᠦᠢᠯᠡᠳᠦᠯᠬᠡᠵᠢᠬᠦᠯᠵᠦ᠂ ᠬᠦᠭᠵᠢᠯᠳᠠ ᠶᠢᠨ ᠰᠡᠳᠬᠢᠬᠦᠢ ᠰᠢᠨ᠎ᠠ ᠪᠤᠰᠤ᠂ ᠠᠷᠭ᠎ᠠ ᠠᠪᠴᠠᠯ ᠪᠤᠳᠡᠳᠡᠢ ᠪᠤᠰᠤ᠂ ᠬᠦᠴᠦᠯᠠᠴᠠ ᠢᠯᠡᠷᠬᠡᠢ ᠪᠤᠰᠤ ᠵᠡᠷᠬᠡ ᠠᠰᠠᠭᠤᠳᠠᠯ ᠢᠶᠠᠨ ᠪᠠᠶᠢᠴᠠᠭᠠᠨ ᠰᠢᠢᠳᠪᠤᠷᠢᠯᠡᠵᠦ᠂ ᠰᠢᠨ᠎ᠠ ᠶᠢ ᠡᠬᠦᠳᠬᠦ᠂ ᠵᠤᠬᠢᠴᠠᠩᠭᠤᠢ᠂ ᠪᠤᠬᠢᠷᠳᠤᠯ ᠦᠬᠡᠢ᠂ ᠨᠡᠬᠡᠬᠡᠯᠳᠠ ᠲᠠᠢ᠂ ᠬᠠᠮᠳᠤᠪᠡᠷ ᠡᠳ᠋ᠯᠡᠬᠦ ᠬᠦᠭᠵᠢᠯᠳᠠ ᠶᠢᠨ ᠰᠡᠳᠬᠢᠬᠦᠢ ᠪᠠᠷ ᠲᠤᠳᠠᠭᠤᠳᠠᠯ ᠶᠢᠨ ᠨᠦᠬᠦᠪᠦᠷᠢᠯᠡᠨ᠂ ᠠᠵᠦ ᠠᠬᠤᠢ ᠨᠠᠶᠢᠬᠡᠮ ᠤᠨ ᠴᠢᠨᠡᠷ ᠰᠠᠶᠢᠳᠡᠢ ᠬᠦᠭᠵᠢᠯᠳᠠ ᠶᠢ ᠠᠬᠢᠭᠤᠯᠤᠨ᠎ᠠ᠃ ᠭᠤᠷᠪᠠ ᠳᠤ᠂ ᠲᠤᠰᠬᠠᠢ ᠰᠡᠳᠦᠪᠲᠦ ᠰᠤᠷᠤᠯᠴᠠᠯᠭ᠎ᠠ ᠶᠢ ᠦᠷᠨᠢᠬᠦᠯᠬᠦ ᠲᠤᠮᠳᠠ᠂ ᠶᠡᠭᠡ ᠰᠤᠷᠤᠯᠴᠠᠯᠭ᠎ᠠ ᠶᠡᠭᠡ ᠶᠠᠷᠢᠯᠴᠠᠭᠠᠨ ᠤ ᠱᠠᠭᠠᠷᠳᠠᠯᠭ᠎ᠠ ᠪᠤᠯᠤᠨ ᠴᠢᠬᠤᠯᠠ ᠠᠭᠤᠯᠭ᠎ᠠ ᠶᠢ ᠦᠨᠳᠦᠰᠦᠯᠠᠨ᠂ ᠲᠤᠤᠱᠳᠡᠢ ᠮᠦᠷᠳᠡᠬᠡᠨ ᠬᠦᠨᠵᠡᠬᠡᠢ ᠰᠤᠷᠤᠯᠴᠠᠵᠦ᠂ ᠦᠵᠡᠯ ᠰᠠᠨᠠᠭ᠎ᠠ ᠪᠤᠯᠤᠨ ᠦᠢᠯᠠ ᠠᠵᠢᠯᠯᠠᠭ᠎ᠠ ᠪᠠᠨ ᠰᠢ ᠶᠢᠨ ᠫᠢᠡᠭ ᠶᠡᠷᠦᠩᠬᠡᠢ ᠱᠦᠵᠢ ᠪᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠰᠢᠢᠳᠪᠦᠷᠢᠳᠣ ᠪᠣᠳᠣᠯᠭ᠎ᠠ ᠪᠠᠶᠢᠷᠢᠯᠠᠭᠤᠯᠤᠯᠳᠠ ᠲᠠᠢ ᠲᠡᠬᠡᠲᠦ ᠬᠡᠮᠵᠢᠶ᠎ᠠ ᠪᠠᠷ ᠨᠢᠬᠡᠳᠦᠯᠳᠡᠢ ᠪᠠᠶᠢᠯᠭᠠᠨ᠎ᠠ᠃ ᠡᠬᠦᠨ ᠤ ᠬᠠᠮᠲᠦ᠂ ᠬᠤᠰᠢᠭᠤᠨ ᠤ ᠨᠠᠮ ᠤᠨ ᠬᠤᠷᠢᠶᠠᠨ ᠤ ᠬᠢᠨ ︽ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠬᠤ᠂ ᠡᠯᠡᠰᠦᠨ ᠴᠦᠯ ᠴᠦ ᠬᠡᠰᠡᠨ ᠠᠯᠳᠠ ᠮᠦᠡᠭᠬᠦᠨ ᠠᠭᠤᠯᠠ ᠮᠦᠨ︾ ᠪᠠ ︽ᠶᠠᠳᠠᠭᠤ ᠶᠢ ᠲᠡᠳᠬᠦᠭᠰᠡᠨ ᠦᠷ᠎ᠠ ᠪᠦᠲᠦᠮᠵᠢ ᠪᠠᠨ ᠪᠠᠳᠤᠳᠬᠠᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠲᠤᠤᠱᠳᠡᠢ ᠠᠬᠢᠭᠤᠯᠬᠤ︾ ᠵᠡᠷᠬᠡ 4 ᠲᠤᠰᠬᠠᠢ ᠰᠡᠳᠦᠪ ᠤᠨ ᠲᠤᠭᠤᠷᠢᠨ ᠳᠤ ᠪᠠᠶᠢᠴᠠᠭᠠᠨ ᠰᠤᠳᠤᠯᠤᠯᠳᠠ ᠪᠠᠨ ᠴᠢᠩᠭᠠᠳᠬᠠᠵᠦ᠂ ᠠᠰᠠᠭᠤᠳᠠᠯ ᠪᠤᠯᠭᠠᠨ ᠢ ᠰᠢᠢᠳᠪᠤᠷᠢᠯᠡᠬᠦ ᠠᠷᠭ᠎ᠠ ᠠᠪᠴᠠᠯ ᠲᠤᠭᠳᠠᠭᠠᠨ᠂ ᠶᠡᠭᠡ ᠰᠤᠷᠤᠯᠴᠠᠯᠭ᠎ᠠ  ᠶᠡᠭᠡ ᠶᠠᠷᠢᠯᠴᠠᠭᠠᠨ ᠤ ᠦᠷ᠎ᠠ ᠪᠦᠲᠦᠬᠡᠯ᠂ ᠦᠵᠡᠯ ᠰᠠᠨᠠᠭ᠎ᠠ ᠪᠠᠨ ᠣᠯᠠᠮ ᠨᠢᠬᠡ ᠠᠯᠬᠤᠮ ᠴᠢᠯᠦᠬᠡᠯᠡᠭᠰᠡᠨ ᠦᠷ᠎ᠠ ᠪᠦᠲᠦᠬᠡᠯ ᠪᠤᠯᠤᠨ ᠪᠠᠶᠢᠴᠠᠭᠠᠨ ᠰᠤᠳᠤᠯᠤᠭᠰᠠᠨ ᠦᠷ᠎ᠠ ᠪᠦᠲᠦᠬᠡᠯ ᠢᠶᠠᠨ ᠠᠯᠠᠱᠠ ᠪᠠᠷᠠᠭᠤᠨ ᠬᠤᠰᠢᠭᠤᠨ ᠤ ᠠᠵᠦ ᠠᠬᠤᠢ ᠨᠠᠶᠢᠬᠡᠮ ᠤᠨ ᠴᠢᠨᠡᠷ ᠰᠠᠶᠢᠳᠡᠢ ᠬᠦᠭᠵᠢᠯᠳᠠ ᠶᠢ ᠠᠬᠢᠭᠤᠯᠬᠤ ᠭᠤᠤᠯ ᠦᠷ᠎ᠠ ᠪᠦᠲᠦᠬᠡᠯ ᠪᠤᠯᠭᠠᠨ ᠬᠤᠪᠢᠷᠠᠭᠤᠯᠬᠤ ᠪᠠᠷ ᠪᠤᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号