ᠠᠷᠪᠠᠨ ᠵᠢᠷᠭᠤᠳᠤᠭᠠᠷ ᠬᠤᠭᠤᠴᠠᠭᠠᠨ ᠤ ᠭᠤᠤᠯᠲᠦ ᠪᠤᠷᠤ ᠶᠢᠨ ᠰᠤᠶᠤᠯ ᠵᠢᠭᠤᠯᠴᠢᠯᠠᠯ ᠤᠨ ᠨᠠᠶᠢᠷ ᠡᠬᠢᠯᠡᠯ᠎ᠠ
ᠨᠡᠶᠢᠲᠡᠯᠡᠭᠰᠡᠨ ᠴᠠᠭ᠄
2019/5/20
      5 ᠰᠠᠷ᠎ᠠ ᠶᠢᠨ 17 ᠤ ᠡᠳᠦᠷ᠂ ᠠᠯᠠᠱᠠ ᠵᠡᠬᠦᠨ ᠬᠤᠰᠢᠭᠤᠨ ᠤ ᠰᠤᠶᠤᠯ ᠵᠢᠭᠤᠯᠴᠢᠯᠠᠯ ᠤᠨ ᠲᠤᠪᠴᠢᠶ᠎ᠠ᠂ ᠠᠯᠠᠱᠠ ᠵᠡᠬᠦᠨ ᠬᠤᠰᠢᠭᠤᠨ ᠤ ᠰᠤᠶᠤᠯ ᠵᠢᠭᠤᠯᠴᠢᠯᠠᠯ ᠤᠨ ᠨᠡᠬᠡᠬᠡᠨ ᠬᠦᠭᠵᠢᠬᠦᠯᠦᠯᠳᠡ ᠶᠢᠨ ᠺᠤᠮᠫᠠᠨᠢ ᠠᠴᠠ ᠬᠠᠮᠳᠤᠷᠠᠨ ᠡᠷᠬᠢᠯᠡᠭᠰᠡᠨ 2019 ᠤᠨ ᠤ ︽ᠲᠤᠮᠳᠠᠲᠦ ᠤᠯᠤᠰ ᠤᠨ ᠵᠢᠭᠤᠯᠴᠢᠯᠠᠯ ᠤᠨ ᠡᠳᠦᠷ︾ ᠠᠯᠠᠱᠠ ᠵᠡᠬᠦᠨ ᠬᠤᠰᠢᠭᠤᠨ ᠤ ᠭᠤᠤᠯ ᠰᠠᠳᠤᠪᠲᠦ ᠠᠵᠢᠯᠯᠠᠭ᠎ᠠ ᠵᠢᠴᠢ ᠠᠷᠪᠠᠨ ᠵᠢᠷᠭᠤᠳᠤᠭᠠᠷ ᠬᠤᠭᠤᠴᠠᠭᠠᠨ ᠤ ᠭᠤᠤᠯᠲᠦ ᠪᠤᠷᠤ ᠶᠢᠨ ᠰᠤᠶᠤᠯ ᠵᠢᠭᠤᠯᠴᠢᠯᠠᠯ ᠤᠨ ᠨᠠᠶᠢᠷ ᠱᠠᠰᠢᠨ ᠢ ᠪᠠᠳᠠᠷᠠᠭᠤᠯᠣᠭᠴᠢ ᠰᠦᠮ᠎ᠠ ᠳᠤ ᠡᠬᠢᠯᠡᠭᠰᠡᠨ ᠪᠠᠶᠢᠨ᠎ᠠ᠃             ᠡᠬᠢᠯᠡᠯᠳᠠ ᠶᠢᠨ ᠶᠤᠰᠤᠯᠠᠯ ᠲᠡᠬᠡᠷ᠎ᠠ᠂ ᠮᠠᠨ ᠤ ᠠᠶᠢᠮᠠᠭ ᠤᠨ ᠤᠷᠡᠨ ᠪᠢᠴᠢᠯᠬᠡᠳᠡᠨ ᠠᠴᠠ ᠲᠤᠬᠠᠢ ᠶᠢᠨ ᠲᠠᠯᠠᠪᠤᠷ ᠲᠤ ᠤᠷᠡᠨ ᠪᠢᠴᠢᠯᠬᠡ ᠶᠢᠨ ᠤᠷ᠎ᠠ ᠠᠪᠢᠶᠡᠰ ᠢᠶᠠᠨ ᠪᠠᠳᠠᠷᠠᠭᠤᠯᠵᠦ᠂ ᠨᠡᠩ ᠴᠤ ᠲᠤᠪᠰᠢᠭᠤᠷ᠂ ᠰᠠᠪᠠᠷᠳᠠᠩ ᠵᠡᠷᠬᠡ ᠠᠯᠠᠱᠠ ᠶᠢᠨ ᠤᠯᠠᠮᠵᠢᠯᠠᠯᠲᠦ ᠲᠠᠭᠤᠤ ᠪᠦᠵᠢᠭ ᠢᠶᠠᠷ ᠡᠬᠢᠯᠡᠯᠳᠠ ᠶᠢᠨ ᠶᠤᠰᠤᠯᠠᠯ ᠳᠤ ᠬᠦᠭ ᠨᠡᠮᠡᠷᠢᠯᠠᠵᠠᠢ᠃ ᠵᠢᠭᠤᠯᠴᠢᠯᠠᠯ ᠤᠨ ᠪᠦᠲᠦᠬᠡᠭᠳᠡᠬᠦᠨ ᠢ ᠲᠡᠯᠬᠡᠨ ᠦᠵᠡᠬᠦᠯᠬᠦ ᠲᠠᠯᠠᠪᠤᠷ ᠲᠤ᠂ ᠲᠤᠭᠤᠷᠢᠨ ᠵᠤᠭᠠᠴᠠᠬᠤ ᠪᠠᠷ ᠢᠷᠡᠭᠰᠡᠳ ᠲᠤ ᠠᠯᠠᠱᠠ ᠶᠢᠨ ᠰᠤᠶᠤᠯ ᠵᠢᠭᠤᠯᠴᠢᠯᠠᠯ ᠤᠨ ᠲᠠᠯ᠎ᠠ ᠪᠠᠷ ᠤᠬᠠᠭᠤᠯᠭ᠎ᠠ ᠬᠢᠵᠦ᠂ ᠤᠯᠠᠨ ᠤ ᠠᠩᠬᠠᠷᠤᠯ ᠢ ᠲᠠᠳᠠᠭᠰᠠᠨ ᠪᠠᠶᠢᠨ᠎ᠠ᠃             ᠠᠯᠠᠱᠠ ᠵᠡᠬᠦᠨ ᠬᠤᠰᠢᠭᠤᠨ ᠤ ᠰᠤᠶᠤᠯ ᠵᠢᠭᠤᠯᠴᠢᠯᠠᠯ ᠤᠨ ᠨᠡᠬᠡᠬᠡᠨ ᠬᠦᠭᠵᠢᠬᠦᠯᠦᠯᠳᠡ ᠶᠢᠨ ᠺᠤᠮᠫᠠᠨᠢ ᠶᠢᠨ ᠶᠡᠷᠦᠩᠬᠡᠢ ᠲᠠᠭᠠᠭᠠᠮᠠᠯ ᠮ᠊ · ᠰᠤᠶᠤᠯ ᠬᠡᠯᠡᠬᠦ ᠳᠡᠭᠡᠨ᠂ ᠱᠠᠰᠢᠨ ᠢ ᠪᠠᠳᠠᠷᠠᠭᠤᠯᠤᠭᠴᠢ ᠰᠦᠮ᠎ᠠ ᠳᠤ ᠲᠤᠰ ᠤᠳᠠᠭᠠᠨ ᠤ ᠠᠵᠢᠯᠯᠠᠭ᠎ᠠ ᠶᠢ ᠭᠤᠤᠯᠳᠠᠯᠭ᠎ᠠ ᠲᠠᠢ ᠡᠷᠬᠢᠯᠡᠬᠦ ᠶᠢᠨ ᠲᠠᠭᠠᠤ ᠪᠤᠶᠠᠨ ᠢ ᠦᠨᠳᠦᠰᠦᠯᠡᠭᠴᠢ ᠰᠦᠮ᠎ᠠ᠂ ᠦᠷᠡᠰ ᠨᠠᠭᠠᠳᠤᠮ ᠤᠨ ᠲᠠᠯᠠᠪᠠᠢ᠂ ᠬᠤᠯᠠᠳᠠᠬᠢᠨ ᠢ ᠲᠤᠭᠳᠠᠭᠠᠭᠴᠢ ᠬᠤᠷᠢᠶ᠎ᠠ᠂ ᠤᠯᠠᠨᠪᠤᠯᠠᠭ ᠤᠨ ᠪᠤᠷᠭᠠᠰᠤᠳᠡᠢ ᠶᠢᠨ ᠭᠤᠤᠯ᠂ ᠮᠦᠷᠡᠨᠭᠤᠤᠯ ᠵᠡᠷᠬᠡ ᠭᠠᠵᠡᠷ ᠤᠳ ᠢᠶᠠᠷ ᠴᠦ ᠬᠤᠪᠢᠶᠡᠷᠢ ᠲᠠᠯᠠᠪᠠᠢ ᠭᠠᠷᠭᠠᠵᠤ᠂ ᠤᠳᠬ᠎ᠠ ᠲᠡᠬᠦᠯᠳᠡᠷ ᠠᠵᠢᠯᠯᠠᠭ᠎ᠠ ᠲᠤᠬᠢᠷᠠᠭᠤᠯᠤᠭᠰᠠᠨ ᠬᠡᠵᠦ ᠪᠠᠶᠢᠯ᠎ᠠ᠃             ᠱᠠᠰᠢᠨ ᠢ ᠪᠠᠳᠠᠷᠠᠭᠤᠯᠤᠭᠴᠢ ᠰᠦᠮ᠎ᠠ ᠶᠢᠨ ᠵᠢᠭᠤᠯᠴᠢᠯᠠᠯ ᠤᠨ ᠤᠷᠤᠨ ᠪᠤᠯ ᠤᠯᠤᠰ ᠤᠨ 4A ᠲᠡᠰ ᠤᠨ  ᠵᠢᠭᠤᠯᠴᠢᠯᠠᠯ ᠤᠨ ᠤᠷᠤᠨ ᠤ ᠨᠢᠬᠡ᠂ ᠭᠤᠤᠯᠳᠠᠭᠤ ᠠᠯᠠᠱᠠ ᠠᠭᠤᠯᠠ ᠶᠢᠨ ᠡᠳᠡᠬᠡᠳ ᠦᠵᠡᠮᠵᠢ ᠪᠤᠯᠤᠨ ᠦᠨᠳᠦᠰᠦᠳᠠᠨ ᠱᠠᠰᠢᠨ ᠤ ᠰᠤᠶᠤᠯ ᠢᠶᠠᠷ ᠢᠶᠠᠨ ᠬᠦᠮᠦᠰ ᠤᠨ ᠠᠩᠬᠠᠷᠤᠯ ᠢ ᠲᠠᠳᠠᠭᠰᠠᠭᠠᠷ ᠢᠷᠡᠭᠰᠡᠨ ᠪᠠᠶᠢᠨ᠎ᠠ᠃       ᠤᠷᠴᠢᠮ ᠤᠨ ᠵᠢᠯ ᠠᠴᠠ᠂ ᠠᠯᠠᠱᠠ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠲᠠᠯ᠎ᠠ ᠠᠴᠠ ᠭᠤᠤᠯᠲᠦ ᠪᠤᠷᠤ ᠶᠢᠨ ᠰᠤᠶᠤᠯ ᠵᠢᠭᠤᠯᠴᠢᠯᠠᠯ ᠤᠨ ᠨᠠᠶᠢᠷ ᠢ ᠤᠳᠠᠭ᠎ᠠ ᠲᠠᠷᠠᠭᠠᠯᠠᠨ ᠠᠮᠵᠢᠯᠳᠠ ᠲᠠᠢ ᠡᠷᠬᠢᠯᠡᠵᠦ᠂ ᠱᠠᠰᠢᠨ ᠢ ᠪᠠᠳᠠᠷᠠᠭᠤᠯᠤᠭᠴᠢ ᠰᠦᠮ᠎ᠠ ᠶᠢᠨ ᠨᠡᠷ᠎ᠠ ᠠᠯᠳᠡᠷᠰᠢᠯ ᠢ ᠨᠡᠮᠡᠭᠳᠡᠬᠦᠯᠬᠦ ᠶᠢᠨ ᠬᠠᠮᠲᠦ ᠪᠦᠬᠦ ᠠᠶᠢᠮᠠᠭ ᠤᠨ ᠰᠤᠶᠤᠯ ᠵᠢᠭᠤᠯᠴᠢᠯᠠᠯ ᠤᠨ ᠦᠢᠯᠡᠰ ᠤᠨ ᠴᠢᠨᠡᠷ ᠰᠠᠶᠢᠳᠡᠢ ᠬᠦᠭᠵᠢᠯᠳᠠ ᠶᠢ ᠠᠬᠢᠭᠤᠯᠤᠭᠰᠠᠨ ᠪᠠᠶᠢᠨ᠎ᠠ᠃
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号