ᠸᠢᠴᠠᠲ ᠢᠶᠠᠷ ᠲᠠᠨᠢᠬᠤ ᠦᠭᠡᠢ ᠬᠦᠮᠦᠨ ᠳᠤ ᠵᠤᠭᠤᠰ ᠢᠶᠠᠨ ᠪᠣᠷᠣᠭᠤ ᠶᠠᠪᠤᠭᠤᠯᠪᠠᠯ ᠶᠠᠭᠠᠬᠢᠪᠠᠯ ᠵᠣᠬᠢᠬᠤ ᠪᠤᠢ︖
ᠨᠡᠶᠢᠲᠡᠯᠡᠭᠰᠡᠨ ᠴᠠᠭ᠄
2019/5/23
     ᠸᠢᠴᠠᠲ ᠢᠶᠠᠷ ᠲᠠᠨᠢᠬᠤ ᠦᠭᠡᠢ ᠬᠦᠮᠦᠨ ᠳᠤ ᠵᠤᠭᠤᠰ ᠢᠶᠠᠨ ᠪᠣᠷᠣᠭᠤ ᠶᠠᠪᠤᠭᠤᠯᠪᠠᠯ ᠶᠠᠭᠠᠬᠢᠪᠠᠯ ᠵᠣᠬᠢᠬᠤ ᠪᠤᠢ︖      ᠨᠢᠭᠡ᠂ ᠪᠣᠳᠠᠲᠤ ᠬᠡᠷᠡᠭ ᠤᠨ ᠵᠢᠱᠢᠶ᠎ᠠ      2018 ᠤᠨ ᠤ 3 ᠰᠠᠷ᠎ᠠ ᠳᠤ᠂ ᠿᠨ ᠠᠪᠠᠭ᠋ᠠᠢ ᠶᠢᠨ ᠲᠥᠷᠥᠭᠰᠡᠨ ᠳᠡᠭᠦᠦ ᠨᠢ ᠲᠡᠭᠦᠨ ᠠᠴᠠ ᠵᠤᠭᠤᠰ ᠵᠢᠭᠡᠯᠡᠬᠦ ᠭᠡᠰᠡᠨ ᠳᠤ᠂ ᠿᠨ ᠠᠪᠠᠭ᠋ᠠᠢ ᠪᠠᠷᠢᠨ ᠳᠤᠤᠷ᠎ᠠ ᠨᠢ ᠲᠦᠮᠡ ᠭᠠᠷᠤᠢ ᠲᠦᠭᠦᠷᠢᠭ ᠢᠶᠠᠨ ᠸᠢᠴᠠᠲ ︵ᠵᠢᠷᠭᠢᠶ᠎ᠠ︶ ᠢᠶᠠᠷ ᠢᠶᠠᠨ ᠳᠠᠮᠵᠢᠭᠤᠯᠣᠨ ᠳᠡᠭᠦᠦ ᠳᠡᠭᠡᠨ ᠳᠠᠩᠰᠠ ᠰᠢᠯᠵᠢᠭᠦᠯᠬᠦ ᠠᠷᠭ᠎ᠠ ᠪᠠᠷ ᠶᠠᠪᠤᠭᠤᠯᠵᠠᠢ᠃ ᠭᠡᠲᠡᠯ᠎ᠠ ᠸᠢᠴᠠᠲ ᠳᠡᠭᠡᠷ᠎ᠠ ᠳᠠᠩᠰᠠ ᠰᠢᠯᠵᠢᠭᠦᠯᠬᠦ ᠲᠡᠷᠡ ᠬᠦ ᠭᠱᠠᠨ ︵ᠬᠤᠷᠣᠮᠬᠠᠨ ᠵᠠᠭᠤᠷ᠎ᠠ︶ ᠳᠤ ᠸᠢᠴᠠᠲ ᠤᠨ ᠨᠢᠭᠤᠷ ᠲᠤ ᠪᠤᠰᠤᠳ ᠵᠤᠭᠤᠭᠳᠠᠬᠤ ᠴᠤᠩᠬᠤᠪᠴᠢ ᠢᠯᠡᠷᠡᠭᠰᠡᠨ ᠢ ᠿᠨ ᠠᠪᠠᠭ᠋ᠠᠢ ᠰᠠᠨᠠᠭᠠᠨ ᠳᠠᠭᠠᠨ ᠠᠪᠤᠭᠰᠠᠨ ᠦᠭᠡᠢ ᠪᠠᠷ᠂ ᠰᠠᠨᠠᠮᠰᠠᠷ ᠦᠭᠡᠢ ᠪᠠᠷ ᠦᠯᠦ ᠲᠠᠨᠢᠬᠤ ᠬᠦᠮᠦᠨ ᠤ ᠸᠢᠴᠠᠲ ᠳᠡᠭᠡᠷ᠎ᠠ ᠵᠤᠭᠤᠰ ᠢᠶᠠᠨ ᠰᠢᠯᠵᠢᠭᠦᠯᠦᠨ ᠶᠠᠪᠤᠭᠤᠯᠴᠢᠬᠠᠭᠰᠠᠨ ᠪᠠᠶᠢᠪᠠ ᠃ ᠬᠡᠳᠦᠨ ᠮᠢᠨᠦ᠋ᠲ ᠤᠨ ᠳᠠᠷᠠᠭ᠎ᠠ᠂ ᠿᠨ ᠠᠪᠠᠭ᠋ᠠᠢ ᠭᠡᠨᠡᠳᠲᠡ ᠳᠠᠩᠰᠠ ᠪᠠᠨ ᠪᠤᠷᠤᠭᠤ ᠰᠢᠯᠵᠢᠭᠦᠯᠦᠭᠰᠡᠨ ᠢᠶᠠᠨ ᠰᠡᠭᠡᠰᠬᠢᠵᠦ᠂ ᠮᠦᠩᠬᠦ ᠶᠠᠪᠤᠭᠤᠯᠤᠭᠰᠠᠨ ᠡᠲᠡᠭᠡᠳ ᠲᠤ ᠭᠠᠷ ᠤᠲᠠᠰᠤᠨ ᠤ ᠳᠠᠷᠤᠪᠴᠢ ᠶᠢ ᠪᠤᠷᠤᠭᠤ ᠳᠠᠷᠤᠵᠦ ᠮᠦᠩᠬᠦ ᠪᠠᠨ ᠰᠢᠯᠵᠢᠭᠦᠯᠦᠨ ᠶᠠᠪᠤᠭᠤᠯᠤᠭᠰᠠᠨ ᠤᠴᠢᠷ ᠶᠠᠪᠤᠳᠠᠯ ᠢᠶᠠᠨ ᠲᠠᠶᠢᠯᠪᠤᠷᠢᠯᠠᠵᠦ᠂ ᠮᠦᠩᠬᠦ ᠪᠠᠨ ᠪᠤᠴᠠᠭᠠᠵᠦ ᠠᠪᠬᠤ ᠭᠡᠰᠡᠨ ᠳᠤ᠂ ᠲᠡᠷᠡᠬᠦ ᠸᠢᠴᠠᠲ ᠤᠨ ᠡᠵᠡᠨ ᠨᠢ ᠵᠣᠭᠤᠰ ᠢ ᠪᠤᠴᠠᠭᠠᠬᠤ ᠪᠠᠷ ᠵᠦᠪᠰᠢᠶᠡᠷᠡᠵᠦ᠂ ᠰᠢᠯᠵᠢᠭᠦᠯᠦᠨ ᠶᠠᠪᠤᠭᠤᠯᠤᠭᠰᠠᠨ ᠵᠤᠭᠤᠰ ᠢ ᠨᠢ ᠲᠤᠰᠤᠨ ᠠᠪᠤᠪᠠ᠃ ᠿᠨ ᠠᠪᠠᠭ᠋ᠠᠢ ᠬᠡᠳᠦᠨ ᠮᠢᠨᠦ᠋ᠲ ᠬᠦᠯᠢᠶᠡᠭᠰᠡᠨ ᠳᠤ ᠮᠦᠩᠬᠦᠨ ᠤ ᠬᠢᠨᠢ ᠪᠡᠷ᠎ᠠ ᠰᠤᠷᠠᠭ ᠠᠯᠠᠭ᠎ᠠ᠃ ᠲᠡᠭᠡᠭᠡᠳ ᠿᠨ ᠠᠪᠠᠭ᠋ᠠᠢ ᠤᠯᠠᠨ ᠤᠳᠠᠭ᠎ᠠ ᠸᠢᠴᠠᠲ ᠢᠶᠠᠷ ᠴᠢᠮᠡᠭᠡ ᠶᠠᠪᠤᠭᠤᠯᠵᠦ ︽ᠮᠢᠨᠦ ᠮᠦᠩᠬᠦ ᠶᠢ ᠪᠤᠴᠠᠭᠠᠵᠤ ᠦᠭᠭᠦᠭᠡᠷᠡᠢ︾ ᠭᠡᠵᠦ ᠱᠠᠭᠠᠷᠳᠠᠭᠰᠠᠨ ᠴᠤ ᠬᠠᠷᠢᠭᠤ ᠴᠢᠮᠡᠭᠡ ᠤᠯᠤᠭᠰᠠᠨ ᠦᠭᠡᠢ᠃ ᠬᠠᠮᠤᠭ ᠤᠨ ᠰᠡᠭᠦᠯ ᠳᠤ᠂ ᠿᠨ ᠠᠪᠠᠭ᠋ᠠᠢ ᠶᠢᠨ ᠵᠣᠭᠤᠰ ᠢ ᠲᠣᠰᠴᠣ ᠠᠪᠣᠬᠰᠠᠨ ᠸᠢᠴᠠᠲ ᠤᠨ ᠦᠯᠦ ᠲᠠᠨᠢᠬᠤ ᠬᠦᠮᠦᠨ ᠿᠨ ᠠᠪᠠᠭ᠋ᠠᠢ ᠶᠢ ᠸᠢᠴᠠᠲ ᠤᠨ ᠢᠶᠠᠨ ᠦᠯᠦ ᠲᠠᠨᠢᠭᠴᠢ ᠶᠢᠨ ᠳᠠᠩᠰᠠᠨ ᠳᠤ ᠲᠠᠲᠠᠨ ᠤᠷᠤᠭᠤᠯᠵᠦ ᠨᠢᠭᠤᠷ ᠪᠤᠷᠤᠭᠤᠯᠠᠪᠠ᠃ ᠿᠨ ᠠᠪᠠᠭ᠋ᠠᠢ ᠶᠢᠨ ᠬᠡᠯᠡᠬᠦ ᠪᠠᠷ᠂ ︽ᠮᠢᠨᠤ ᠪᠤᠷᠤᠭᠤ ᠶᠠᠪᠤᠭᠤᠯᠤᠭᠰᠠᠨ ᠵᠤᠭᠤᠰ ᠢ ᠳᠤᠰᠴᠤ ᠠᠪᠤᠭᠰᠠᠨ ᠡᠨᠡ ᠸᠢᠴᠠᠲ ᠤᠨ ᠨᠠᠶᠢᠵᠠ ᠪᠤᠯ᠂ ᠦᠩᠬᠡᠷᠡᠭᠰᠡᠨ ᠳᠤ ᠰᠠᠨᠠᠭᠠᠨ ᠳᠤ ᠦᠭᠡᠢ ᠨᠡᠮᠡᠵᠦ ᠠᠪᠤᠭᠰᠠᠨ ᠵᠢᠷᠭᠢᠶ᠎ᠡ ᠶᠢᠨ ᠨᠠᠶᠢᠵᠠ ᠪᠠᠶᠢᠵᠦ᠂ ᠢᠷᠡᠯ ᠭᠠᠷᠤᠯ ᠢ ᠨᠢ ᠤᠭᠲᠤᠬᠠᠨ ᠴᠤ ᠮᠡᠳᠡᠬᠦ ᠦᠭᠡᠢ ᠲᠤᠯᠠ ᠨᠢᠭᠤᠷ ᠵᠤᠯᠭᠠᠵᠦ ᠲᠠᠨᠢᠬᠤ ᠳᠤ ᠲᠦᠪᠡᠭᠲᠠᠢ︾ ᠭᠡᠨ᠎ᠡ᠃ ᠿᠨ ᠠᠪᠠᠭ᠋ᠠᠢ ᠲᠡᠭᠡᠭᠡᠳ ᠸᠢᠴᠠᠲ ᠤᠨ ᠦᠢᠯᠡᠴᠢᠯᠡᠬᠦ ᠳᠠᠪᠴᠠᠩ ᠳᠤ ᠤᠲᠠᠰᠤᠳᠠᠵᠦ ᠠᠰᠠᠭᠤᠨ ᠯᠠᠪᠯᠠᠭᠰᠠᠨ ᠳᠤ᠂ ᠸᠢᠴᠠᠲ ᠤᠨ ᠦᠢᠯᠡᠴᠢᠯᠡᠬᠦ ᠳᠠᠪᠴᠠᠩ ᠤᠨ ᠬᠢᠨ ᠬᠤᠪᠢ ᠬᠦᠮᠦᠨ ᠤ ᠨᠢᠭᠤᠴᠠ ᠶᠢ ᠬᠠᠮᠠᠭᠠᠯᠠᠬᠤ ᠶᠢᠨ ᠲᠤᠰᠠᠳᠠ ᠲᠡᠭᠦᠨ ᠤ ᠨᠦᠭᠦᠭᠡ ᠡᠲᠡᠭᠡᠳ ᠤᠨ ᠣᠪᠣᠭ ᠨᠡᠷ᠎ᠡ ᠵᠡᠷᠭᠡ ᠦᠨᠳᠦᠰᠦᠨ ᠪᠠᠶᠢᠳᠠᠯ ᠢ ᠮᠡᠳᠡᠵᠦ ᠠᠪᠬᠤ ᠭᠡᠰᠡᠨ ᠱᠠᠭᠠᠷᠳᠠᠯᠭ᠎ᠠ ᠶᠢ ᠨᠢ ᠳᠡᠪᠴᠢᠪᠡ᠃ ᠿᠨ ᠠᠪᠠᠭ᠋ᠠᠢ ᠰᠢᠭᠦᠬᠦ ᠬᠤᠷᠢᠶᠠᠨ ᠳᠤ ᠵᠠᠭᠠᠯᠳᠤᠬᠤ ᠪᠠᠷ ᠭᠤᠶᠤᠴᠢᠯᠬᠠᠰᠠᠨ ᠳᠤ᠂ ︽ᠵᠠᠭᠠᠯᠳᠤᠭᠳᠠᠭᠴᠢ ᠶᠢᠨ ᠤᠪᠤᠭ ᠨᠡᠷ᠎ᠠ ᠪᠤᠯᠤᠨ ᠪᠡᠶ᠎ᠠ ᠶᠢᠨ ᠢᠷᠡᠯ ᠭᠠᠷᠤᠯ ᠵᠡᠷᠭᠡ ᠶᠢ ᠲᠤᠳᠤᠷᠬᠠᠢᠢᠯᠠᠬᠤ ᠴᠢᠬᠤᠯᠠ ᠲᠠᠢ᠂ ᠡᠰᠡᠪᠡᠰᠦ ᠬᠦᠯᠢᠶᠡᠨ ᠠᠪᠴᠤ ᠰᠢᠢᠳᠪᠦᠷᠢᠯᠡᠬᠦ ᠦᠭᠡᠢ︾ ᠭᠡᠵᠦ ᠵᠠᠭᠠᠯᠳᠤᠯᠭ᠎ᠠ ᠶᠢ ᠪᠤᠴᠠᠭᠠᠪᠠ᠃      ᠬᠤᠶᠠᠷ᠂ ᠬᠠᠤᠯᠢ ᠶᠢᠨ ᠵᠥᠪᠯᠡᠯᠭᠡ      ︵ᠨᠢᠬᠡ︶ ᠸᠢᠴᠠᠲ ᠢᠶᠠᠷ ᠲᠠᠨᠢᠬᠤ ᠦᠭᠡᠢ ᠬᠦᠮᠦᠨ ᠳᠤ ᠵᠤᠭᠤᠰ ᠢᠶᠠᠨ ᠪᠣᠷᠣᠭᠤ ᠶᠠᠪᠤᠭᠤᠯᠤᠭᠰᠠᠨ ᠦᠶ᠎ᠡ ᠳᠤ ᠶᠠᠭᠠᠬᠢᠪᠠᠯ ᠵᠣᠬᠢᠬᠤ ᠪᠤᠢ︖      ⒈ ᠬᠡᠷᠪᠡ ᠲᠠᠨ‌‍ᠤ ᠶᠠᠪᠤᠭᠤᠯᠤᠭᠰᠠᠨ ᠵᠣᠭᠤᠰ ᠢ ᠨᠥᠭᠦᠭᠡ ᠲᠠᠨᠢᠬᠤ ᠦᠭᠡᠢ ᠬᠥᠮᠥᠨ ᠨᠢᠭᠡᠨᠲᠡ ᠬᠤᠷᠢᠶᠠᠵᠤ ᠠᠪᠤᠭᠠᠳ‌‍ᠪᠤᠴᠠᠭᠠᠵᠤ ᠥᠭᠬᠦ ᠦᠭᠡᠢ ᠪᠠᠶᠢᠳᠠᠯ ᠳᠤ᠂ ᠲᠠ ᠶᠠᠭᠤᠨ‌‍ᠤ ᠲᠡᠷᠢᠭᠦᠨ ᠳᠤ᠂ ᠨᠥᠭᠦᠭᠡ ᠬᠥᠮᠥᠨ ᠲᠠᠨ‌ᠢ ᠸᠢᠴᠠᠲ ‍ᠤᠨ‌‍ᠢᠶ᠋ᠠᠨ ᠦᠯᠦ ᠲᠠᠨᠢᠭᠴᠢ ᠵᠢᠨ‌‍ᠲ᠋ᠠᠩᠰᠠᠨ ᠳᠤ ᠲᠠᠲᠠᠨ ᠤᠷᠤᠭᠤᠯᠵᠦ ᠨᠢᠭᠤᠷ ᠪᠤᠷᠤᠭᠤᠯᠠᠬᠤ ᠡᠴᠠ‌ᠨᠢ ᠡᠮᠦᠨ᠎ᠡ ᠲᠡᠭᠦᠨ ᠤ ᠸᠢᠴᠠᠲ ‍ᠤᠨ‌‍ᠳᠤᠭᠠᠷ᠂ ᠸᠢᠴᠠᠲ ᠤᠨ ᠲᠣᠭᠤᠷᠢᠭ ᠪᠤᠶᠤ ᠸᠢᠴᠠᠲ ᠤᠨ ᠴᠤᠭᠯᠠᠷᠠᠯ ᠵᠡᠷᠭᠡ ᠡᠴᠠ‌‍ᠲ᠋ᠡᠭᠦᠨ ᠤ ᠤᠲᠠᠰᠤᠨ‌ᠨᠤᠮᠧᠷ᠂ ᠸᠢᠴᠠᠲ ‍ᠤᠨ‌ᠨᠠᠶᠢᠵᠠ ᠵᠡᠷᠭᠡ ᠬᠠᠮᠢᠶ᠎ᠠ ᠲᠠᠢ ᠰᠤᠷᠠᠭ ᠵᠠᠩᠭᠢ ᠴᠤᠭᠯᠠᠭᠤᠯᠬᠤ ᠵᠢᠨ‌ᠬᠠᠮᠲᠤ ᠵᠤᠭᠤᠭᠳᠠᠬᠤ ᠴᠤᠩᠬᠤᠪᠴᠢ ᠳᠠᠬᠢ ᠵᠣᠭᠤᠰ ᠶᠠᠪᠤᠭᠤᠯᠤᠭᠰᠠᠨ ᠴᠤᠩᠬᠤᠪᠴᠢ ᠶᠢ ᠰᠡᠭᠦᠳᠡᠷᠯᠡᠵᠦ ᠬᠠᠳᠠᠭᠠᠯᠠᠨ᠎ᠠ᠃       ⒉ ᠳᠠᠷᠠᠭ᠎ᠠ ᠨᠢ᠂ ᠨᠥᠭᠦᠭᠡ ᠲᠠᠨᠢᠬᠤ ᠦᠭᠡᠢ ᠸᠢᠴᠠᠲ ᠤᠨ ︽ᠨᠠᠶᠢᠵᠠ︾ ᠲᠠᠢ ᠢᠳᠡᠪᠬᠢᠲᠡᠢ ᠪᠠᠷ ᠬᠠᠷᠢᠯᠴᠠᠵᠤ ᠥᠪᠡᠷ ᠤᠨ ᠵᠣᠭᠤᠰ ᠪᠤᠷᠤᠭᠤ ᠶᠠᠪᠤᠭᠤᠯᠤᠭᠰᠠᠨ ᠪᠠᠶᠢᠳᠠᠯ ᠢᠶᠠᠨ ᠲᠣᠳᠣᠷᠬᠠᠶᠢᠯᠠᠵᠤ᠂ ᠪᠤᠴᠠᠭᠠᠵᠤ ᠥᠭᠭᠦᠭᠦᠯᠬᠦ ᠪᠠᠷ ᠱᠠᠭᠠᠷᠳᠠᠨ᠎ᠠ᠃ ᠤᠯᠠᠨ ᠤᠳᠠᠭ᠎ᠠ ᠱᠠᠭᠠᠷᠳᠠᠭᠠᠳ ᠲᠤᠰᠠ ᠦᠭᠡᠢ ᠪᠣᠯ᠂ ᠲᠡᠭᠦᠨ ᠤ ᠡᠭᠦᠷᠭᠡᠯᠡᠬᠦ ᠬᠠᠮᠢᠶ᠎ᠠ ᠪᠦᠬᠦᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠠᠯ᠎ᠠ ᠪᠠᠷ ᠶᠠᠷᠢᠵᠤ ᠢᠳᠬᠠᠵᠤ ᠲᠤᠷᠰᠢᠭᠠᠷᠠᠢ᠃ ᠡᠭᠦᠨ ᠳᠤ ᠬᠠᠲᠠᠭᠤ ᠵᠥᠭᠡᠯᠡᠨ ᠠᠷᠭ᠎ᠠ ᠶᠢ ᠤᠶᠠᠯᠳᠤᠭᠤᠯᠵᠤ ᠲᠤᠷᠰᠢᠵᠤ ᠪᠣᠯᠣᠨ᠎ᠠ᠃      ⒊ ᠬᠡᠷᠪᠡ ᠲᠠᠨ ᠤ ᠸᠢᠴᠠᠲ ᠢᠶᠠᠷ ᠶᠠᠪᠤᠭᠤᠯᠤᠭᠰᠠᠨ ᠮᠥᠩᠭᠦ ᠶᠢ ᠲᠣᠰᠣᠭᠰᠠᠨ ᠨᠥᠭᠦᠭᠡ ᠡᠲᠡᠭᠡᠳ ᠴᠢᠨᠢ ᠲᠠᠨ ᠢ ᠦᠯᠦ ᠲᠠᠨᠢᠭᠴᠢ ᠶᠢᠨ ᠳᠠᠩᠰᠠᠨ ᠳᠤ ᠲᠠᠲᠠᠨ ᠤᠷᠤᠭᠤᠯᠵᠦ ᠨᠢᠭᠤᠷ ᠪᠤᠷᠤᠭᠤᠯᠠᠪᠠᠯ᠂ ᠲᠠ 95017᠂ 0755-83765566 ᠤᠲᠠᠰᠤ ︵ᠡᠰᠡᠬᠦᠯ᠎ᠡ ᠰᠦᠯᠵᠢᠶᠡᠨ ᠲᠡᠭᠡᠷᠡᠬᠢ ᠦᠢᠯᠡᠴᠢᠯᠡᠬᠦ ᠲᠠᠪᠴᠠᠩ︶ ᠪᠠᠷ ᠸᠢᠴᠠᠲ ᠤᠨ ᠦᠢᠯᠡᠴᠢᠯᠡᠬᠦ ᠳᠠᠪᠴᠠᠩ ᠳᠤ ᠤᠲᠠᠰᠤᠳᠠᠵᠦ ᠠᠰᠠᠭᠤᠨ ᠯᠠᠪᠯᠠᠵᠤ ᠲᠤᠰᠠᠯᠠᠮᠵᠢ ᠭᠤᠶᠤᠬᠤ ᠪᠠᠷ ᠲᠤᠷᠰᠢᠵᠤ ᠪᠣᠯᠣᠨ᠎ᠠ᠂ ᠸᠢᠴᠠᠲ ᠤᠨ ᠦᠢᠯᠡᠴᠢᠯᠡᠬᠦ ᠳᠠᠪᠴᠠᠩ ᠤᠨ ᠬᠢᠨ ᠲᠠᠨ ᠤ ᠨᠦᠭᠦᠭᠡ ᠡᠲᠡᠭᠡᠳ ᠤᠨ ᠣᠪᠣᠭ ᠨᠡᠷ᠎ᠡ ᠵᠡᠷᠭᠡ ᠦᠨᠳᠦᠰᠦᠨ ᠪᠠᠶᠢᠳᠠᠯ ᠢ ᠮᠡᠳᠡᠵᠦ ᠠᠪᠬᠤ ᠭᠡᠰᠡᠨ ᠱᠠᠭᠠᠷᠳᠠᠯᠭ᠎ᠠ ᠶᠢ ᠲᠡᠪᠴᠢᠪᠡᠯ᠂ ᠲᠠ ᠰᠢᠭᠦᠬᠦ ᠬᠤᠷᠢᠶ᠎ᠠ ᠪᠠᠷ ᠬᠠᠪᠰᠤᠷᠤᠭᠤᠯᠵᠤ ᠪᠣᠯᠣᠨ᠎ᠠ᠃      ⒋ ᠬᠡᠷᠪᠡ ᠰᠢᠭᠦᠬᠦ ᠬᠤᠷᠢᠶ᠎ᠠ ᠵᠠᠭᠠᠯᠳᠤᠭᠳᠠᠭᠴᠢ ᠶᠢᠨ ᠢᠷᠡᠯ ᠭᠠᠷᠤᠯ ᠵᠡᠷᠭᠡ ᠶᠢ ᠲᠤᠳᠤᠷᠬᠠᠢᠢᠯᠠᠬᠤ ᠴᠢᠬᠤᠯᠠ ᠲᠠᠢ ᠭᠡᠬᠦ ᠰᠢᠯᠲᠠᠭᠠᠨ ᠢᠶᠠᠷ ᠬᠡᠷᠡᠭ ᠢ ᠬᠦᠯᠢᠶᠡᠨ ᠠᠪᠴᠤ ᠰᠢᠢᠳᠪᠦᠷᠢᠯᠡᠬᠦ ᠦᠭᠡᠢ ᠪᠣᠯ᠂ ᠵᠠᠭᠠᠯᠳᠤᠭᠳᠠᠭᠴᠢ ᠶᠢᠨ ᠪᠡᠶ᠎ᠠ ᠶᠢᠨ ᠢᠷᠡᠯ ᠭᠠᠷᠤᠯ ᠤᠨ ᠮᠡᠳᠡᠭᠡ ᠵᠠᠩᠬᠢ ᠶᠢ ᠲᠤᠳᠤᠷᠬᠠᠢ ᠪᠤᠯᠭᠠᠬᠤ ᠠᠷᠭ᠎ᠠ ᠦᠭᠡᠢ ᠪᠠᠶᠢᠳᠠᠯ ᠳᠤ᠂ ᠲᠠ ᠸᠢᠴᠠᠲ ᠳᠡᠭᠡᠷ᠎ᠠ ᠵᠤᠭᠤᠰ ᠰᠢᠯᠵᠢᠭᠦᠯᠦᠨ ᠶᠠᠪᠤᠭᠤᠯᠤᠭᠰᠠᠨ ᠲᠡᠮᠳᠡᠭᠯᠡᠯ ︵ᠠᠯᠪᠠᠨ ᠭᠡᠷᠡᠴᠢᠯᠡᠭᠡ ᠬᠢᠯᠭᠡᠪᠡᠯ ᠨᠡᠩ︶ ᠢᠶᠠᠨ ᠠᠪᠴᠤ ᠲᠤᠬᠠᠢ ᠶᠢᠨ ᠭᠠᠵᠠᠷ ᠤᠨ ᠰᠢᠭᠦᠬᠦ ᠬᠤᠷᠢᠶ᠎ᠠ ᠪᠠᠷ ᠳᠠᠮᠵᠢᠭᠤᠯᠤᠨ᠂ ︽ᠬᠠᠮᠵᠢᠯᠴᠠᠭᠤᠯᠤᠨ ᠪᠠᠶᠢᠴᠠᠭᠠᠬᠤ ᠵᠠᠬᠢᠳᠠᠯ ︵ᠪᠤᠶᠤ ᠪᠢᠴᠢᠭ︶︾ ᠢ ᠲᠧᠩ ᠰᠢᠶᠦ᠋ᠨ ᠺᠣᠮᠫᠠᠨᠢ ᠶᠢᠨ ᠸᠢᠴᠠᠲ ᠤᠨ ᠠᠷᠤ ᠦᠢᠯᠡᠴᠢᠯᠡᠭᠡᠨ ᠤ ᠲᠠᠪᠴᠠᠩ ᠳᠤ ᠶᠠᠪᠤᠭᠤᠯᠵᠤ᠂ ᠵᠠᠭᠠᠯᠳᠤᠭᠳᠠᠭᠴᠢ ᠶᠢᠨ ᠣᠪᠣᠭ ᠨᠡᠷ᠎ᠡ᠂ ᠤᠲᠠᠰᠤᠨ ᠳ᠋ᠤᠭᠠᠷ ᠵᠡᠷᠭᠡ ᠶᠢ ᠬᠠᠩᠭᠠᠯᠭᠠᠵᠤ ᠪᠣᠯᠣᠨ᠎ᠠ᠃ ᠨᠥᠭᠦᠭᠡ ᠡᠲᠡᠭᠡᠳ ᠤᠨ ᠦᠨᠳᠦᠰᠦᠨ ᠪᠠᠶᠢᠳᠠᠯ ᠢ ᠮᠡᠳᠡᠭᠰᠡᠨ ᠰᠠᠭᠤᠷᠢᠨ ᠳᠡᠭᠡᠷ᠎ᠡ ᠂ ᠨᠢᠭᠡ ᠬᠤᠪᠢ ᠵᠠᠭᠠᠯᠳᠤᠯᠭ᠎ᠠ ᠶᠢᠨ ᠪᠢᠴᠢᠭ ᠪᠢᠴᠢᠵᠦ᠂ ᠡᠷᠬᠡ ᠳᠤ ᠬᠠᠯᠳᠠᠭᠰᠠᠨ ᠭᠡᠷᠡᠴᠢ ᠪᠠᠷᠢᠮᠲᠠ ᠶᠢ ᠰᠠᠶᠢᠲᠤᠷ ᠴᠤᠭᠯᠠᠭᠤᠯᠵᠤ ᠬᠠᠮᠲᠤ ᠳᠤᠨᠢ ᠰᠢᠭᠦᠬᠦ ᠬᠤᠷᠢᠶᠠᠨ ᠳᠤ ᠲᠤᠰᠢᠶᠠᠬᠤ ᠬᠡᠷᠡᠭᠲᠡᠢ᠃ ᠬᠡᠳᠦ᠋ᠢᠪᠡᠷ ᠨᠦᠭᠦᠭᠡ ᠡᠲᠡᠭᠡᠳ ᠴᠢᠨᠢ ᠲᠠᠨ ᠢ ᠸᠢᠴᠠᠲ ᠤᠨ ᠨᠠᠶᠢᠵᠠ ᠠᠴᠠ ᠬᠠᠰᠤᠵᠤ ᠦᠯᠦ ᠲᠠᠨᠢᠬᠤ ᠬᠦᠮᠦᠨ ᠢᠶᠠᠷ ᠲᠡᠪᠴᠢᠭᠰᠡᠨ ᠪᠤᠯᠪᠠᠴᠤ᠂ ᠵᠤᠭᠤᠰ ᠰᠢᠯᠵᠢᠭᠦᠯᠦᠨ ᠶᠠᠪᠤᠭᠤᠯᠤᠭᠰᠠᠨ ᠲᠡᠮᠳᠡᠭᠯᠡᠯ ᠴᠢᠨᠢ ᠬᠡᠪ ᠢᠶᠠᠷ ᠢᠶᠠᠨ ᠪᠠᠶᠢᠵᠦ᠂ ᠳᠠᠷᠤᠮᠠᠯᠯᠠᠨ ᠭᠠᠷᠭᠠᠵᠦ ᠪᠤᠯᠬᠤ ᠲᠤᠯᠠ ᠰᠢᠬᠦᠬᠦ ᠬᠤᠷᠢᠶᠠᠨ ᠠᠴᠠ ᠵᠤᠭᠤᠰ ᠰᠢᠯᠵᠢᠭᠦᠯᠦᠭᠰᠡᠨ ᠤᠴᠢᠷ ᠶᠠᠪᠤᠳᠠᠯ ᠤᠨ ᠦᠨᠡᠨ ᠪᠤᠲᠠᠲᠠᠢ ᠤᠷᠤᠰᠢᠬᠤ ᠡᠰᠡᠬᠦ ᠶᠢ ᠲᠤᠳᠤᠯᠠᠵᠦ ᠲᠡᠶᠢᠯᠦᠨ᠎ᠡ᠃ ᠡᠶᠢᠮᠦ ᠠᠴᠠ ᠸᠢᠴᠠᠲ ᠳᠡᠭᠡᠷ᠎ᠠ ᠵᠤᠭᠤᠰ ᠰᠢᠯᠵᠢᠭᠦᠯᠦᠨ ᠶᠠᠪᠤᠭᠤᠯᠤᠭᠰᠠᠨ ᠲᠡᠮᠳᠡᠭᠯᠡᠯ ᠪᠤᠯᠤᠨ ᠪᠠᠩᠬᠢ ᠶᠢᠨ ᠺᠠᠷᠲ ᠤᠨ ᠨᠠᠷᠢᠨ ᠳᠠᠩᠰᠠ ᠵᠡᠷᠭᠡ ᠪᠠᠨ ᠰᠠᠶᠢᠲᠤᠷ ᠬᠢᠮᠡᠭᠠᠳᠠᠵᠦ᠂ ᠭᠡᠷᠡᠴᠢ ᠪᠠᠷᠢᠮᠳᠠ ᠪᠤᠯᠭᠠᠨ ᠰᠢᠭᠦᠬᠦ ᠬᠤᠷᠢᠶᠠᠨ ᠳᠤ ᠲᠤᠰᠢᠶᠠᠪᠠᠯ ᠵᠤᠬᠢᠨ᠎ᠠ᠃ ᠡᠭᠦᠨ ᠳᠤ᠂ ᠲᠠ ᠵᠤᠭᠤᠰ ᠰᠢᠯᠵᠢᠭᠦᠯᠦᠨ ᠶᠠᠪᠤᠭᠤᠯᠤᠭᠰᠠᠨ ᠲᠡᠮᠳᠡᠭᠯᠡᠯ ᠢᠶᠠᠨ ᠠᠯᠪᠠᠨ ᠭᠡᠷᠡᠴᠢᠯᠡᠭᠡ ᠬᠢᠯᠭᠡᠪᠡᠯ ᠨᠡᠩ ᠴᠢᠩᠭ᠎ᠠ ᠬᠠᠤᠯᠢ ᠴᠠᠭᠠᠵᠠ ᠶᠢᠨ ᠭᠡᠷᠡᠴᠢᠯᠡᠬᠦ ᠬᠦᠴᠦᠨ ᠲᠠᠢ ᠪᠣᠯᠣᠨ᠎ᠠ᠃      ︵ᠬᠤᠶᠠᠷ︶ ᠠᠯᠢ ᠰᠢᠬᠦᠬᠦ ᠬᠤᠷᠢᠶᠠᠨ ᠳᠤ ᠵᠠᠭᠠᠯᠳᠤᠪᠠᠯ ᠵᠤᠬᠢᠬᠤ ᠪᠤᠢ︖ ᠰᠢᠬᠦᠬᠦ ᠬᠤᠷᠢᠶᠠᠨ ᠤ ᠬᠠᠷᠢᠶᠠᠯᠠᠯ ᠠᠴᠠ ᠠᠪᠴᠤ ᠬᠡᠯᠡᠪᠡᠯ᠂ ᠣᠯᠠᠩᠬᠢ ᠪᠠᠶᠢᠳᠠᠯ ᠳᠤ᠂ ᠵᠠᠭᠠᠯᠳᠤᠭᠴᠢ ᠶᠢᠨ ᠰᠠᠭᠤᠭ᠎ᠠ ᠭᠠᠵᠠᠷ ᠤᠨ ᠰᠢᠬᠦᠬᠦ ᠬᠤᠷᠢᠶ᠎ᠠ ᠪᠤᠶᠤ ᠵᠠᠭᠠᠯᠳᠤᠭᠳᠠᠭᠴᠢ ᠶᠢᠨ ᠡᠷᠦᠬᠡ ᠠᠮᠠ ᠪᠠᠶᠢᠭ᠎ᠠ ︵ᠪᠤᠶᠤ ᠰᠠᠭᠤᠭ᠎ᠠ︶ ᠭᠠᠵᠠᠷ ᠤᠨ ᠰᠢᠬᠦᠬᠦ ᠬᠤᠷᠢᠶᠠᠨ ᠳᠤ ᠵᠠᠭᠠᠯᠳᠤᠯᠭ᠎ᠠ ᠬᠢᠪᠡᠯ ᠵᠣᠬᠢᠨ᠎ᠠ᠃ ᠸᠢᠴᠠᠲ ᠳᠡᠭᠡᠷ᠎ᠠ ᠮᠦᠩᠬᠦ ᠪᠠᠨ ᠰᠢᠯᠵᠢᠭᠦᠯᠦᠨ ᠶᠠᠪᠤᠭᠤᠯᠤᠭᠰᠠᠨ ᠠᠴᠠ ᠤᠯᠤᠭᠰᠠᠨ ᠠᠰᠢᠭ ᠨᠢ ᠵᠦᠢ ᠶᠤᠰᠤᠨ ᠤ ᠪᠤᠰᠤ ᠤᠷᠤᠯᠭ᠎ᠠ ᠳᠤ ᠲᠤᠭᠠᠴᠠᠭᠳᠠᠵᠦ᠂ ᠵᠦᠢ ᠶᠤᠰᠤᠨ ᠤ ᠪᠤᠰᠤ ᠠᠰᠢᠭ ᠨᠢ ᠨᠢᠭᠡᠨᠲᠡ ᠨᠢᠭᠡ ᠵᠦᠢᠯ ᠤᠨ ᠬᠠᠤᠯᠢ ᠳᠤ ᠲᠤᠭᠲᠠᠭᠰᠠᠨ ᠠᠪᠴᠠᠭ᠎ᠠ ᠦᠭᠴᠡᠭᠡᠨ ᠤ ᠬᠠᠷᠢᠴᠠᠭ᠎ᠠ ᠪᠤᠯᠣᠨ᠎ᠠ᠃ ᠡᠶᠢᠮᠦ ᠠᠴᠠ ᠵᠤᠭᠤᠰ ᠢᠶᠠᠨ ᠪᠣᠷᠣᠭᠤ ᠶᠠᠪᠤᠭᠤᠯᠤᠭᠰᠠᠨ ᠬᠥᠮᠥᠨ᠂ ᠥᠪᠡᠷ ᠲᠤᠨᠢ ᠨᠥᠭᠦᠭᠡ ᠡᠲᠡᠭᠡᠳ ᠬᠤᠬᠢᠷᠠᠯ ᠰᠦᠢᠲᠦᠯ ᠤᠴᠠᠷᠠᠭᠤᠯᠤᠭᠰᠠᠨ ᠰᠢᠯᠲᠠᠭᠠᠨ ᠢᠶᠠᠷ ᠵᠠᠭᠠᠯᠳᠤᠬᠤ ᠬᠡᠷᠡᠭᠲᠡᠢ᠃        ︵ᠭᠤᠷᠪᠠ︶ ᠸᠢᠴᠠᠲ ᠳᠡᠭᠡᠷ᠎ᠠ ᠵᠤᠭᠤᠰ ᠢᠶᠠᠨ ᠳᠠᠩᠰᠠ ᠰᠢᠯᠵᠢᠭᠦᠯᠦᠨ ᠠᠳᠡᠬᠦᠦ ᠶᠠᠪᠤᠭᠤᠯᠪᠠᠯ ᠨᠦᠭᠦᠭᠡ ᠡᠲᠡᠭᠡᠳ ᠨᠢ ᠬᠠᠤᠯᠢ ᠴᠠᠭᠠᠵᠠ ᠶᠢᠨ ᠬᠠᠷᠢᠭᠤᠴᠠᠯᠭ᠎ᠠ ᠡᠬᠦᠷᠭᠡᠯᠡᠨ᠎ᠠ ᠤᠤ︖ ᠵᠤᠭᠤᠰ ᠬᠤᠷᠢᠶᠠᠨ ᠤᠯᠤᠭᠴᠢ ᠶᠢᠨ ᠲᠠᠯ᠎ᠠ ᠠᠴᠠ ᠠᠪᠴᠣ ᠬᠡᠯᠡᠪᠡᠯ᠂ ᠡᠨᠡ ᠬᠦ ︽ᠵᠦᠭᠡᠷ ᠤᠯᠤᠭᠰᠠᠨ ᠡᠳ᠋ ᠠᠰᠢᠭ︾ ᠨᠢ ᠵᠦᠢ ᠪᠤᠰᠤ ᠤᠷᠤᠯᠭ᠎ᠠ ᠳᠤ ᠲᠤᠭᠠᠴᠠᠭᠳᠠᠨ᠎ᠠ᠃ ︽ᠢᠷᠭᠡᠨ ᠤ ᠬᠠᠤᠯᠢ ᠶᠢᠨ ᠶᠡᠷᠦᠩᠬᠡᠢ ᠳᠦᠷᠢᠮ︾ ᠤᠨ ᠶᠡᠷᠡᠨ ᠬᠤᠶᠠᠳᠤᠭᠠᠷ ᠵᠦᠢᠯ ᠳᠤ᠄ ︽ᠬᠠᠤᠯᠢ ᠴᠠᠭᠠᠵᠠ ᠶᠢᠨ ᠦᠨᠳᠦᠰᠦᠯᠡᠯ ᠦᠭᠡᠢ ᠪᠠᠷ ᠤᠯᠤᠭᠰᠠᠨ ᠵᠦᠢ ᠪᠤᠰᠤ ᠡᠳ᠋ ᠠᠰᠢᠭ ᠨᠢ ᠪᠤᠰᠤᠳ ᠲᠤ ᠬᠤᠬᠢᠷᠠᠯ ᠰᠦᠢᠲᠦᠯ ᠤᠴᠠᠷᠠᠭᠤᠯᠤᠭᠰᠠᠨ ᠪᠠᠶᠢᠪᠠᠯ ᠵᠦᠢ ᠪᠤᠰᠤ ᠡᠳ᠋ ᠠᠰᠢᠭ ᠢᠶᠠᠨ ᠬᠤᠬᠢᠷᠠᠯ ᠠᠮᠰᠠᠭᠴᠢᠳ ᠲᠤ ᠪᠤᠴᠠᠭᠠᠨ ᠦᠭᠬᠦ ᠬᠡᠷᠡᠭᠲᠠᠢ︾ ᠭᠡᠵᠦ ᠲᠤᠭᠲᠠᠭᠠᠵᠠᠢ᠃ ᠬᠡᠷᠪᠡ ᠸᠢᠴᠠᠲ ᠳᠡᠭᠡᠷ᠎ᠠ ᠵᠤᠭᠤᠰ ᠮᠦᠩᠬᠦ ᠪᠠᠨ ᠠᠳᠡᠬᠦᠦ ᠪᠠᠷ ᠶᠠᠪᠤᠭᠤᠯᠤᠭᠰᠠᠨ ᠪᠠᠶᠢᠪᠠᠯ᠂ ᠮᠦᠩᠬᠦ ᠶᠢᠨ ᠡᠵᠡᠨ ᠴᠠᠭ ᠳᠠᠷᠤᠢ ᠳᠤᠨᠢ ᠨᠦᠭᠦᠭᠡ ᠡᠲᠡᠭᠡᠳ ᠲᠠᠢ ᠬᠠᠷᠢᠴᠠᠵᠦ᠂ ᠤᠴᠢᠷ ᠪᠠᠶᠢᠳᠠᠯ ᠢᠶᠠᠨ ᠲᠤᠳᠤᠷᠬᠠᠢᠢᠯᠠᠨ᠂ ᠨᠦᠭᠦᠭᠡ ᠡᠲᠡᠭᠡᠳ ᠢᠶᠠᠨ ᠪᠤᠴᠠᠭᠠᠨ ᠦᠭᠭᠦᠭᠦᠯᠬᠦ ᠪᠠᠷ ᠱᠠᠭᠠᠷᠳᠠᠵᠦ ᠪᠤᠯᠤᠨ᠎ᠠ᠂ ᠨᠦᠭᠦᠭᠡ ᠡᠲᠡᠭᠡᠳ ᠨᠢ ᠪᠤᠴᠠᠭᠠᠨ ᠦᠭᠬᠦ ᠡᠭᠦᠷᠭᠡ ᠲᠠᠢ ᠪᠠᠶᠢᠳᠠᠭ᠃      ︵ᠲᠦᠷᠪᠡ︶ ᠢᠨᠲ᠋ᠧᠷ ᠰᠦᠯᠵᠢᠶᠡᠨ ᠤ ᠠᠵᠦ ᠠᠬᠤᠢᠢᠯᠠᠯ ᠢᠶᠠᠷ ᠬᠤᠬᠢᠷᠠᠯ ᠢᠶᠠᠨ ᠲᠦᠯᠦᠭᠦᠯᠵᠦ ᠪᠤᠯᠤᠨ᠎ᠠ ᠤᠤ︖ ᠸᠢᠴᠠᠲ ᠳᠡᠭᠡᠷ᠎ᠠ ᠮᠦᠩᠬᠦ ᠪᠠᠨ ᠳᠠᠩᠰᠠ ᠰᠢᠯᠵᠢᠭᠦᠯᠵᠦ ᠠᠳᠡᠬᠦᠦ ᠶᠠᠪᠤᠭᠤᠯᠤᠭᠰᠠᠨ ᠨᠢ ᠬᠤᠬᠢᠷᠠᠭᠴᠢ ᠶᠢᠨ ᠲᠤᠰ ᠪᠡᠶ᠎ᠠ ᠶᠢᠨ ᠤᠰᠤᠯ ᠠᠯᠳᠠᠭ᠎ᠠ ᠠᠴᠠ ᠪᠣᠯᠣᠭᠰᠠᠨ ᠬᠤᠬᠢᠷᠠᠯ ᠲᠤᠯᠠ ᠢᠨᠲ᠋ᠧᠷ ᠰᠦᠯᠵᠢᠶᠡᠨ ᠤ ᠠᠵᠦ ᠠᠬᠤᠢᠢᠯᠠᠯ ᠳᠤ ᠤᠰᠤᠯ ᠠᠯᠳᠠᠭ᠎ᠠ ᠪᠠᠶᠢᠬᠤ ᠦᠭᠡᠢ᠃ ᠡᠶᠢᠮᠦ ᠠᠴᠠ ᠢᠨᠲ᠋ᠧᠷ ᠰᠦᠯᠵᠢᠶᠡᠨ ᠤ ᠠᠵᠦ ᠠᠬᠤᠢᠢᠯᠠᠯ ᠢᠶᠠᠷ ᠬᠤᠬᠢᠷᠠᠯ ᠢᠶᠠᠨ ᠲᠦᠯᠦᠭᠦᠯᠬᠦ ᠪᠠᠷ ᠱᠠᠭᠠᠷᠳᠠᠬᠤ ᠨᠢ ᠡᠷᠭᠡ ᠠᠰᠢᠭ ᠢᠶᠠᠨ ᠬᠠᠮᠠᠭᠠᠯᠠᠬᠤ ᠳᠤ ᠪᠡᠷᠬᠡ ᠶᠤᠮ᠃      ★ ᠰᠠᠨᠠᠭᠤᠯᠤᠮᠵᠢ᠄ ᠶᠡᠷᠦ ᠶᠢᠨ ᠪᠠᠶᠢᠳᠠᠯ ᠳᠤ᠂ ᠸᠢᠴᠠᠲ ᠢᠶᠠᠷ ᠳᠠᠩᠰᠠ ᠰᠢᠯᠵᠢᠭᠦᠯᠬᠦ ᠠᠷᠭ᠎ᠠ ᠪᠠᠷ ᠵᠣᠭᠤᠰ ᠶᠠᠪᠤᠭᠤᠯᠬᠤ ᠳᠠᠭᠠᠨ᠂ ᠨᠥᠭᠦᠭᠡ ᠡᠲᠡᠭᠡᠳ ᠲᠠᠢ ᠪᠠᠨ ᠤᠲᠠᠰᠤ ᠪᠠᠷ ᠬᠠᠷᠢᠯᠴᠠᠵᠤ᠂ ᠸᠢᠴᠠᠲ ᠤᠨ ᠳ᠋ᠤᠭᠠᠷ ᠢ ᠨᠢ ᠪᠠᠲᠤᠯᠠᠬᠤ ︵ᠨᠤᠲᠠᠯᠠᠬᠤ︶ ᠬᠡᠷᠡᠭᠲᠡᠢ᠃ ᠸᠢᠴᠠᠲ ᠢᠶᠠᠷ ᠳᠠᠩᠰᠠ ᠰᠢᠯᠵᠢᠭᠦᠯᠬᠦ ᠠᠷᠭ᠎ᠠ ᠪᠠᠷ ᠲᠠᠨᠢᠬᠤ ᠦᠭᠡᠢ ᠬᠦᠮᠦᠨ ᠳᠤ ᠵᠤᠭᠤᠰ ᠢᠶᠠᠨ ᠪᠣᠷᠣᠭᠤ ᠶᠠᠪᠤᠭᠤᠯᠬᠤ ᠠᠴᠠ ᠰᠡᠷᠭᠡᠶᠢᠯᠡᠬᠦ ᠪᠠᠰᠠ ᠨᠢᠭᠡᠨ ᠪᠦᠲᠦᠮᠵᠢᠲᠡᠢ ᠠᠷᠭ᠎ᠠ ᠪᠣᠯ᠄ ᠸᠢᠴᠠᠲ ᠢᠶᠠᠷ ᠳᠠᠩᠰᠠ ᠰᠢᠯᠵᠢᠭᠦᠯᠬᠦ ᠠᠷᠭ᠎ᠠ ᠪᠠᠷ ᠰᠢᠯᠵᠢᠭᠦᠯᠦᠭᠰᠡᠨ ᠵᠣᠭᠤᠰ ᠴᠢᠨᠢ ᠨᠥᠭᠦᠭᠡ ᠬᠥᠮᠥᠨ ᠤ ᠳᠠᠩᠰᠠᠨ ᠳᠤ ᠣᠷᠣᠬᠤ ᠴᠠᠭ ︵ᠶᠡᠷᠦ ᠶᠢᠨ ᠪᠠᠶᠢᠳᠠᠯ ᠳᠤ ᠪᠠᠷᠢᠨ ᠣᠷᠣᠨ᠎ᠠ︶ ᠢ 2 ᠴᠠᠭ ᠪᠤᠶᠤ 24 ᠴᠠᠭ ᠤᠨ ᠲᠠᠷᠠᠭ᠎ᠠ ᠣᠷᠣᠬᠤ ᠪᠠᠷ ᠲᠣᠬᠢᠷᠠᠭᠤᠯᠵᠤ ᠪᠣᠯᠣᠨ᠎ᠠ᠃ ᠡᠶᠢᠮᠦ ᠪᠠᠶᠢᠳᠠᠯ ᠳᠤ ᠨᠥᠭᠦᠭᠡ ᠲᠠᠯ᠎ᠠ ᠴᠢᠨᠢ ᠵᠣᠭᠤᠰ ᠢ ᠴᠢᠨᠢ ᠬᠦᠯᠢᠶᠡᠨ ᠠᠪᠤᠭᠰᠠᠨ ᠴᠦ᠂ 2 ᠴᠠᠭ ᠪᠤᠶᠤ 24 ᠴᠠᠭ ᠤᠨ ᠳᠠᠷᠠᠭ᠎ᠠ ᠲᠡᠭᠦᠨ ᠤ ᠮᠥᠩᠭᠦᠨ ᠤ ᠴᠦᠩᠬᠦ ᠳᠤ ᠣᠷᠣᠬᠤ ᠲᠤᠯᠠ᠂ ᠮᠥᠩᠭᠦ ︵ᠵᠣᠭᠤᠰ︶ ᠪᠠᠨ ᠪᠤᠷᠤᠭᠤ ᠬᠥᠮᠥᠨ ᠳᠤ ᠶᠠᠪᠤᠭᠤᠯᠤᠭᠰᠠᠨ ᠢᠶᠠᠨ ᠮᠡᠳᠡᠩᠭᠦᠲᠡ ᠪᠠᠨ ᠸᠢᠴᠠᠲ ᠤᠨ ᠦᠢᠯᠡᠴᠢᠯᠡᠬᠦ ᠳᠠᠪᠴᠠᠩ ᠳᠤ ᠤᠲᠠᠰᠤᠳᠠᠵᠦ᠂ ᠰᠢᠯᠵᠢᠭᠦᠯᠦᠭᠰᠡᠨ ᠮᠥᠩᠭᠦ ᠪᠠᠨ ᠪᠤᠴᠠᠭᠠᠨ ᠠᠪᠴᠤ ᠪᠣᠯᠣᠨ᠎ᠠ᠃ ᠪᠣᠳᠠᠲᠠᠢ ᠲᠣᠬᠢᠷᠠᠭᠤᠯᠬᠤ ᠠᠷᠭ᠎ᠠ᠄ ᠸᠢᠴᠠᠲ ᠤᠨ ᠲᠡᠷᠢᠭᠦᠨ ᠨᠢᠭᠤᠷ — ᠪᠢ — ᠮᠥᠩᠭᠦᠨ ᠤ ᠴᠦᠩᠬᠦ ︵ᠪᠠᠷᠠᠭᠤᠨ ᠳᠡᠭᠡᠷ᠎ᠡ ᠲᠠᠯ᠎ᠠ ᠶᠢᠨ ᠳᠥᠷᠪᠡᠨ ᠳᠦᠷᠪᠡᠯᠵᠡᠨ ᠢ ᠳᠠᠷᠤᠨ᠎ᠠ︶ — ᠮᠥᠩᠭᠦ ᠲᠥᠯᠥᠬᠦ ᠬᠠᠮᠢᠶᠠᠷᠤᠯᠲᠠ — ᠰᠢᠯᠵᠢᠭᠦᠯᠦᠭᠰᠡᠨ ᠮᠥᠩᠭᠦ ︵ᠵᠣᠭᠤᠰ︶ ᠳᠠᠩᠰᠠᠨ ᠳᠤ ᠣᠷᠣᠬᠤ ᠴᠠᠭ — ᠪᠠᠷᠢᠨ ᠣᠷᠣᠬᠤ᠂ 2 ᠴᠠᠭ ᠤᠨ ᠲᠠᠷᠠᠭ᠎ᠠ ᠣᠷᠣᠬᠤ ᠪᠤᠶᠤ 24 ᠴᠠᠭ ᠤᠨ ᠲᠠᠷᠠᠭ᠎ᠠ ᠣᠷᠣᠬᠤ᠂ ᠭᠤᠷᠪᠠᠨ ᠵᠦᠢᠯ ᠠᠴᠠ ᠨᠢᠭᠡ ᠵᠦᠢᠯ ᠢ ᠰᠣᠩᠭᠤᠨ᠎ᠠ᠃                                                        ᠨᠠᠶᠢᠷᠠᠭᠤᠯᠤᠭᠴᠢ᠄ ᠨᠠᠷᠠᠨᠪᠠᠲᠤ
 
ᠢᠷᠡᠯᠲᠡ᠄ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号