ᠮᠠᠯ ᠤᠨ ᠬᠢᠵᠢᠭ ᠬᠡᠮ ᠰᠡᠷᠭᠡᠶᠢᠯᠡᠬᠦ ᠲᠠᠷᠢᠯᠭ᠎ᠠ ᠶᠢ ᠴᠠᠭ ᠲᠤᠬᠠᠢ ᠳᠤᠨᠢ ᠬᠥᠢᠴᠡᠳᠭᠡᠪᠡᠯ ᠵᠤᠬᠢᠨ᠎ᠠ
ᠨᠡᠶᠢᠲᠡᠯᠡᠭᠰᠡᠨ ᠴᠠᠭ᠄
2019/5/24
    ᠮᠠᠯ ᠰᠦᠷᠣᠭ᠌ ᠢᠶᠠᠨ ᠦᠨᠢᠷ ᠦᠰᠭᠡᠨ᠂ ᠮᠠᠯ ᠠᠵᠤ ᠠᠬᠤᠢ ᠶᠢᠨ ᠤᠶᠢᠯᠡᠳᠪᠤᠷᠢᠯᠡᠯ ᠤᠨ ᠲᠤᠭᠲᠠᠭᠤᠨ ᠬᠦᠭᠵᠢᠯᠲᠠ ᠶᠢ ᠪᠠᠲᠤᠯᠠᠬᠤ ᠳᠤ᠂ ᠮᠠᠯ ᠤᠨ ᠬᠢᠵᠢᠭ ᠭᠡᠮ ᠤᠨ ᠰᠡᠷᠭᠡᠶᠢᠯᠡᠯᠲᠠ ᠶᠢᠨ ᠲᠠᠷᠢᠯᠭ᠎ᠠ ᠶᠢ ᠲᠤᠭᠲᠠᠭᠰᠠᠨ ᠬᠤᠭᠤᠴᠠᠭᠠᠨ ᠳᠤ ᠴᠢᠨᠡᠷ ᠰᠠᠶᠢᠲᠠᠢ ᠬᠢᠯᠭᠡᠬᠦ ᠨᠢ ᠲᠤᠩ ᠵᠥᠪ ᠪᠠᠶᠢᠵᠦ᠂ ᠮᠠᠯ ᠰᠥᠷᠥᠭ ᠲᠤ ᠭᠡᠨᠡᠳᠲᠠ ᠶᠢᠨ ᠴᠢᠨᠠᠷᠲᠠᠢ ᠡᠪᠡᠳᠴᠢᠨ ᠬᠢᠵᠢᠭ ᠲᠤᠰᠴᠤ ᠬᠤᠬᠢᠷᠠᠬᠤ ᠠᠴᠠ ᠪᠦᠲᠤᠮᠵᠢ ᠲᠠᠢ ᠰᠡᠷᠭᠡᠶᠢᠯᠡᠵᠤ ᠴᠢᠲᠠᠨ᠎ᠠ᠃ ᠤᠳᠤ ᠪᠤᠯ ᠮᠠᠯ ᠲᠡᠵᠢᠭᠡᠪᠤᠷᠢ ᠶᠢᠨ ᠡᠯ᠎ᠡ ᠵᠦᠢᠯ ᠤᠨ ᠬᠠᠯᠲᠠᠪᠤᠷᠢᠲᠤ ᠡᠪᠡᠳᠴᠢᠨ ᠢ ᠬᠠᠤᠯᠢ ᠶᠤᠰᠤᠭᠠᠷ ᠲᠦᠷᠤᠯ ᠬᠤᠪᠢᠶᠠᠨ ᠴᠢᠩᠭ᠎ᠠ ᠬᠠᠮᠢᠶᠠᠷᠴᠤ᠂ ᠬᠠᠯᠲᠠᠪᠤᠷᠢᠲᠤ ᠡᠪᠡᠳᠴᠢᠨ ᠤ ᠲᠠᠷᠢᠯᠭ᠎ᠠ ᠶᠢᠨ ᠰᠦᠢᠳᠬᠡᠯ ᠢ ᠤᠯᠤᠰ ᠠᠴᠠ ᠬᠠᠷᠢᠭᠤᠴᠠᠵᠤ᠂ ᠶᠡᠷᠤᠩᠬᠡᠢ ᠳᠡᠭᠡᠨ ᠬᠤᠰᠢᠭᠤ ᠰᠤᠮᠤᠨ ᠤ ᠮᠠᠯ ᠡᠮᠨᠡᠯᠭᠡ ᠶᠢᠨ ᠰᠠᠯᠠᠭ᠎ᠠ ᠮᠦᠴᠢᠷ ᠨᠢ ᠲᠠᠷᠢᠯᠭ᠎ᠠ ᠶᠢᠨ ᠡᠮ ᠢ ᠦᠨ᠎ᠡ ᠲᠦᠯᠤᠪᠤᠷᠢ ᠦᠭᠡᠢ ᠬᠠᠨᠭ᠍ᠭᠠᠬᠤ ᠪᠤᠯᠪᠠ᠃ ᠬᠢᠨᠠᠯᠲᠠ ᠬᠠᠮᠢᠶᠠᠷᠤᠯᠲᠠ ᠬᠢᠬᠦ ᠳᠡᠭᠡᠨ ᠲᠦᠷᠢᠮ ᠲᠤᠭᠲᠠᠭᠠᠯ ᠵᠦᠷᠢᠴᠡᠭᠰᠡᠳ ᠢ ᠬᠡᠯᠡᠵᠤ ᠰᠤᠷᠭᠠᠨ᠂ ᠮᠠᠯ ᠤᠨ ᠡᠯ᠎ᠡ ᠵᠦᠢᠯ ᠤᠨ ᠬᠠᠯᠲᠠᠪᠤᠷᠢᠲᠤ ᠡᠪᠡᠳᠴᠢᠨ ᠢ ᠰᠡᠷᠭᠡᠶᠢᠯᠡᠬᠦ ᠴᠢᠬᠤᠯᠠ ᠴᠢᠨᠠᠷ ᠬᠢᠭᠡᠳ ᠬᠢᠵᠢᠭ ᠭᠡᠮ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯ ᠢᠶᠠᠷ ᠭᠤᠤᠯᠲᠠᠵᠤ᠂ ᠭᠠᠴᠠᠭᠠᠨ ᠤ ᠬᠢᠵᠢᠭ ᠰᠡᠷᠭᠡᠶᠢᠯᠡᠭᠴᠢ ᠳᠤ ᠲᠤᠬᠠᠢᠢᠯᠠᠭᠰᠠᠨ ᠠᠵᠢᠯ ᠤᠨ ᠪᠤᠯᠪᠠᠰᠤᠷᠠᠯ ᠬᠥᠷᠲᠡᠭᠡᠵᠥ᠂ ᠬᠢᠵᠢᠭ ᠬᠡᠮ ᠤᠨ ᠲᠠᠷᠢᠯᠭ᠎ᠠ ᠶᠢ ᠬᠥᠢᠴᠡᠳᠭᠡᠯᠭᠡᠲᠡᠭ᠃ ᠭᠡᠪᠡᠴᠤ ᠵᠠᠷᠢᠮ ᠮᠠᠯᠴᠢᠳ ᠬᠢᠵᠢᠭ ᠬᠡᠮ ᠰᠡᠷᠭᠡᠶᠢᠯᠡᠬᠦ ᠲᠠᠷᠢᠯᠭ᠎ᠠ ᠶᠢᠨ ᠤᠬᠠᠮᠰᠠᠷ ᠲᠤᠩ ᠪᠠᠷᠤᠭᠲᠠᠢ ᠪᠠᠶᠢᠵᠥ᠂ ᠬᠢᠵᠢᠭ ᠰᠡᠷᠭᠡᠶᠢᠯᠡᠭᠴᠢ ᠶᠢᠨ ᠠᠵᠢᠯ ᠳᠤ ᠬᠦᠴᠢᠷᠲᠡᠯ ᠤᠴᠡᠷᠠᠭᠤᠯᠵᠤ᠂ ᠵᠠᠷᠢᠮ ᠠᠶᠢᠯ ᠳᠤ ᠲᠥᠷᠪᠡ ᠲᠠᠪᠤ ᠤᠲᠠᠭ᠎ᠠ ᠬᠥᠷᠴᠥ ᠪᠠᠶᠢᠭᠠᠳ ᠰᠠᠶ᠋ᠢ ᠬᠡᠲᠥᠨ ᠮᠠᠯ ᠳᠤᠨᠢ ᠲᠠᠷᠢᠯᠭ᠎ᠠ ᠬᠢᠵᠥ ᠲᠡᠶᠢᠯᠲᠡᠭ᠃ ᠲᠡᠲᠡᠭᠡᠷ ᠮᠠᠯᠴᠢᠳ ᠤᠨ ᠨᠡᠶᠢᠲᠡᠯᠢᠭ ᠤᠨᠴᠠᠯᠢᠭ ᠭᠡᠪᠡᠯ ︽ᠮᠠᠨ ᠤ ᠮᠠᠯ ᠨᠢᠭᠡᠨᠲᠡ ᠪᠡᠯᠴᠢᠭᠡᠷ ᠲᠡᠭᠡᠨ ᠭᠠᠷᠤᠭᠰᠠᠨ᠂ ᠤᠲᠤ ᠪᠢ ᠵᠠᠪ ᠦᠭᠡᠢ᠃ ᠴᠢ ᠲᠠᠬᠢᠵᠤ ᠢᠷᠡᠵᠤ ᠬᠢᠬᠦ ᠪᠤᠯᠪᠠᠤ᠂ ᠬᠡᠷᠪᠡ ᠬᠢᠬᠦ ᠴᠢᠬᠤᠯᠠᠲᠠᠢ ᠪᠤᠯ ᠦᠪᠡᠷ ᠲᠡᠭᠡᠨ ᠪᠡᠯᠴᠢᠭᠡᠷ ᠲᠤᠨᠢ ᠤᠴᠢᠨ᠎ᠠ ᠰᠢᠤ ᠳ᠋ᠠ︕︾ ᠭᠡᠬᠦ ᠮᠡᠲᠤ ᠪᠠᠷ ᠦᠴᠤᠬᠡᠨ ᠴᠤ ᠬᠠᠷᠢᠭᠤᠴᠠᠯᠭ᠎ᠠ ᠦᠭᠡᠢ ᠦᠭᠡ ᠶᠠᠷᠢᠵᠥ ᠶᠠᠪᠤᠭᠠᠳ ᠥᠭᠴᠢᠭᠡᠲᠡᠭ᠃ ᠶᠠᠷᠢᠶᠠᠨ ᠦᠭᠡᠢ ᠢᠢᠮᠤᠷᠬᠦ ᠮᠠᠯᠴᠢᠳ ᠴᠦᠬᠡᠨ᠃ ᠭᠡᠪᠡᠴᠤ ᠴᠦᠬᠡᠨ ᠭᠡᠳ ᠬᠠᠮᠢᠶᠠᠷᠬᠤ ᠦᠭᠡᠢ ᠪᠠᠶᠢᠵᠤ ᠪᠤᠯᠬᠤ ᠦᠭᠡᠢ᠃ ᠬᠠᠯᠲᠠᠪᠤᠷᠢᠲᠤ ᠡᠪᠡᠳᠴᠢᠨ ᠤ ᠰᠡᠷᠭᠡᠶᠢᠯᠡᠯᠲᠠ ᠶᠢᠨ ᠲᠠᠷᠢᠯᠭ᠎ᠠ ᠪᠤᠯ ᠬᠤᠭᠤᠴᠠᠭᠠᠲᠤ ᠴᠢᠨᠠᠷ ᠢᠶᠠᠷ ᠲᠤᠩ ᠴᠢᠩᠭ᠎ᠠ ᠮᠦᠷᠲᠡᠭᠡᠨ ᠮᠡᠷᠭᠡᠵᠢᠯ ᠤᠨ ᠱᠠᠭᠠᠷᠲᠠᠯᠭ᠎ᠠ ᠦᠨᠲᠤᠷ ᠲᠤᠯᠡ ᠮᠠᠯᠴᠢᠳ ᠢᠢᠮᠤ ᠲᠡᠶᠢᠮᠣ ᠰᠢᠯᠲᠠᠭ ᠲᠤᠷᠠᠲᠤᠨ᠂ ᠲᠤᠭᠲᠠᠭᠰᠠᠨ ᠬᠤᠭᠤᠴᠠᠭᠠᠨ ᠳᠤ ᠬᠢᠯᠭᠡᠬᠦ ᠥᠭᠡᠢ ᠪᠤᠯ ᠲᠠᠷᠢᠯᠭ᠎ᠠ ᠶᠢᠨ ᠦᠷ᠎ᠡ ᠠᠰᠢᠭ ᠢ ᠰᠢᠭᠤᠳ ᠨᠦᠯᠤᠭᠡᠯᠡᠨ᠎ᠠ᠃ ᠬᠡᠷᠪᠡ ᠬᠠᠯᠲᠠᠪᠤᠷᠢᠲᠤ ᠡᠪᠡᠳᠴᠢᠨ ᠢ ᠰᠡᠷᠭᠡᠶᠢᠯᠡᠬᠦ ᠲᠠᠷᠢᠯᠭ᠎ᠠ ᠬᠢᠯᠭᠡᠭᠰᠡᠨ ᠦᠭᠡᠢ ᠠᠴᠠ ᠪᠤᠯᠵᠤ᠂ ᠠᠯᠢ ᠨᠢᠭᠡ ᠡᠳᠦᠷ ᠮᠠᠯ ᠳᠤᠨᠢ ᠬᠠᠯᠲᠠᠪᠤᠷᠢᠲᠤ ᠴᠢᠨᠠᠷᠲᠠᠢ ᠬᠢᠵᠢᠭ ᠭᠡᠮ ᠲᠤᠰᠪᠡᠯ᠂ ᠲᠡᠷᠡ ᠨᠢ ᠵᠥᠪᠭᠡᠨ ᠨᠢᠭᠡ ᠠᠶᠢᠯ ᠤᠨ ᠤᠴᠢᠷ ᠪᠢᠰᠢ ᠪᠤᠯᠵᠤ᠂ ᠨᠢᠭᠡ ᠬᠤᠲᠠ ᠤᠰᠤ᠂ ᠴᠢᠨᠠᠭᠰᠢᠯᠠᠪᠠᠯ ᠦᠷᠪᠢᠰᠴᠤ ᠲᠡᠯᠭᠡᠷᠡᠭᠡᠳ ᠨᠢᠭᠡ ᠭᠠᠵᠠᠷ ᠤᠷᠤᠨ ᠢ ᠨᠦᠯᠤᠭᠡᠯᠡᠵᠤ ᠰᠦᠷᠲᠡᠬᠦᠯᠥᠨ᠎ᠠ ᠬᠡᠲᠡᠭ ᠢ ᠪᠤᠲᠤᠯᠬᠢᠯᠠᠭᠤᠰᠢᠲᠠᠢ᠃ ᠡᠶᠢᠨᠬᠦ ᠮᠠᠯᠴᠢᠳ ᠮᠠᠯ ᠰᠦᠷᠤᠭ᠌ ᠤᠨ ᠬᠢᠵᠢᠭ ᠬᠡᠮ ᠢ ᠰᠡᠷᠭᠡᠶᠢᠯᠡᠬᠦ ᠦᠵᠡᠯᠲᠠ ᠲᠠᠨᠢᠯᠲᠠ ᠪᠠᠨ ᠶᠡᠬᠡᠪᠡᠷ ᠲᠡᠭᠡᠭᠰᠢᠯᠡᠬᠦᠯᠵᠤ᠂ ᠡᠬᠦᠷᠭᠡ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠬᠦᠢᠴᠡᠳᠭᠡᠪᠠᠯ ᠵᠤᠬᠢᠯᠲᠠᠢ᠃ ᠨᠦᠬᠦᠭᠡ ᠲᠠᠯ᠎ᠠ ᠪᠠᠷ ᠭᠠᠴᠠᠭ᠎ᠠ ᠲᠤᠰᠬᠤᠨ ᠤ ᠬᠢᠵᠢᠭ ᠰᠡᠷᠭᠡᠶᠢᠯᠡᠭᠴᠢ ᠶᠢ ᠪᠠᠭᠲᠠᠭᠠᠭᠰᠠᠨ ᠮᠠᠯ ᠡᠮᠨᠡᠯᠭᠡ ᠶᠢᠨ ᠰᠠᠯᠠᠭ᠎ᠠ ᠮᠦᠴᠢᠷ ᠤᠨ ᠠᠵᠢᠯᠲᠠᠨ ᠡᠬᠦᠷᠭᠡ ᠬᠠᠷᠢᠭᠤᠴᠠᠯᠭ᠎ᠠ ᠪᠠᠨ ᠪᠡᠲᠤ ᠴᠡᠭᠡᠵᠢᠯᠡᠨ᠂ ᠬᠠᠯᠲᠠᠪᠤᠷᠢᠲᠤ ᠡᠪᠡᠳᠴᠢᠨ ᠢ ᠰᠡᠷᠭᠡᠶᠢᠯᠡᠬᠦ ᠲᠠᠷᠢᠯᠭ᠎ᠠ ᠶᠢ ᠱᠠᠭᠠᠷᠲᠠᠯᠭ᠎ᠠ ᠶᠤᠰᠤᠭᠠᠷ ᠬᠢᠬᠦ ᠶᠢᠨ ᠲᠠᠭᠠᠤ ᠤᠬᠠᠭᠤᠯᠭ᠎ᠠ ᠶᠢᠨ ᠠᠵᠢᠯ ᠢ ᠪᠠᠶᠢᠩᠭᠤ ᠬᠢᠬᠦ ᠴᠢᠬᠤᠯᠠᠲᠠᠢ᠃ ᠬᠢᠵᠢᠭ ᠰᠡᠷᠭᠡᠶᠢᠯᠡᠬᠦ ᠲᠠᠷᠢᠯᠭ᠎ᠠ ᠲᠤᠮᠲᠠ ᠬᠡᠲᠤᠨ ᠡᠷᠤᠬᠡ ᠶᠢᠨ ᠤᠴᠢᠷ ᠭᠡᠳ ᠲᠤᠷ᠎ᠠ ᠪᠠᠷ ᠨᠢ ᠲᠠᠯᠪᠢᠵᠤ ᠢᠯᠲᠠᠷ ᠬᠠᠶᠠᠵᠤ ᠶᠠᠭᠠᠬᠢᠭᠰᠠᠨ ᠴᠤ ᠪᠤᠯᠬᠤ ᠦᠭᠡᠢ᠃ ᠡᠬᠦᠨ ᠤ ᠬᠠᠮᠲᠤ ᠡᠯ᠎ᠡ ᠰᠤᠮᠤ ᠪᠠᠯᠭᠠᠰᠤᠨ ᠤ ᠵᠠᠰᠠᠭ ᠤᠨ ᠤᠷᠲᠤᠨ ᠬᠢᠭᠡᠳ ᠭᠠᠴᠠᠭ᠎ᠠ ᠲᠤᠰᠬᠤᠨ ᠤ ᠠᠷᠠᠳ ᠤᠨ ᠵᠦᠪᠯᠡᠯ ᠨᠢ ᠮᠠᠯᠴᠢᠳ ᠲᠠᠭᠠᠨ ᠤᠬᠠᠭᠤᠯᠭ᠎ᠠ ᠬᠦᠮᠤᠵᠢᠯ ᠢ ᠥᠷᠬᠦᠯᠵᠢ ᠬᠢᠵᠤ᠂ ᠬᠢᠵᠢᠭ ᠰᠡᠷᠭᠡᠶᠢᠯᠡᠬᠦ ᠲᠠᠷᠢᠯᠭ᠎ᠠ ᠶᠢ ᠮᠠᠯᠴᠢᠳ ᠤᠨ ᠨᠢᠭᠡᠨ ᠤᠬᠠᠮᠰᠠᠷᠲᠤ ᠠᠵᠢᠯ ᠪᠤᠯᠭᠠᠪᠠᠯ ᠵᠤᠬᠢᠨ᠎ᠠ᠃ ᠬᠠᠷᠢᠨ ᠮᠠᠯ ᠡᠮᠨᠡᠯᠭᠡ ᠶᠢᠨ ᠰᠠᠯᠠᠭ᠎ᠠ ᠮᠦᠴᠢᠷ ᠲᠤ ᠨᠠᠶᠢᠲᠠᠭᠰᠠᠨ ᠨᠠᠵᠠᠭᠠᠢ ᠰᠤᠷᠲᠠᠯ ᠢᠶᠠᠷ ᠬᠠᠨᠲᠤᠵᠤ ᠪᠤᠯᠬᠤ ᠦᠭᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号