ᠲᠡᠮᠡᠭᠡᠨ ᠳᠡᠭᠡᠷ᠎ᠡ ᠠᠴᠠ ᠨᠤᠲᠤᠭ ᠤᠨ ᠢᠶᠠᠨ ᠬᠡᠶᠢᠮᠣᠷᠢ ᠶᠢ ᠪᠠᠳᠠᠷᠠᠭᠠᠭᠰᠠᠨ ᠭᠤᠮᠪᠤᠳᠤᠷᠵᠢ
ᠨᠡᠶᠢᠲᠡᠯᠡᠭᠰᠡᠨ ᠴᠠᠭ᠄
2019/6/10
     ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠭᠠᠯ ᠪᠠᠮᠪᠠᠷ ᠳᠠᠮᠵᠢᠭᠤᠯᠤᠭᠴᠢᠳ ᠤᠨ ᠳᠤᠮᠳᠠ ᠠᠴᠠ ᠬᠤᠶᠠᠷ ᠬᠥᠮᠥᠨ ᠲᠡᠮᠡᠭᠡ ᠪᠠᠷ ᠭᠠᠯ ᠪᠠᠮᠪᠠᠷ ᠳᠠᠮᠵᠢᠭᠤᠯᠵᠤ ᠪᠠᠶᠢᠭᠰᠠᠨ ᠢ ᠬᠠᠷᠠᠭᠰᠠᠨ ᠪᠦᠭᠦᠳᠡ ᠠᠩᠬᠠᠷᠤᠭᠰᠠᠨ ᠪᠠᠶᠢᠯᠲᠠᠢ᠃ ᠨᠢᠭᠡ ᠨᠢ ᠭᠠᠷᠴᠠᠭ᠎ᠠ ᠦᠭᠡᠢ ᠤᠶᠤᠨᠰᠤᠶᠤᠯ ᠮᠥᠨ᠃ ᠲᠡᠭᠡᠪᠡᠯ ᠨᠥᠭᠦᠭᠡ ᠨᠢᠭᠡ ᠨᠢ ᠬᠡᠨ ᠪᠣᠯᠴᠢᠬᠠᠪᠠ ᠤᠤ ᠭᠡᠵᠦ ᠪᠣᠳᠣᠭᠰᠠᠨ ᠶᠠᠭᠤ ᠮᠠᠭᠠᠳ᠃      ᠲᠡᠷᠡ ᠬᠥᠮᠥᠨ ᠪᠣᠯ ᠳᠠᠷᠤᠢ ᠡᠵᠡᠨ᠎ᠡ ᠬᠤᠰᠢᠭᠤᠨ ᠤ ᠳ᠋ᠦᠩᠹᠧᠩ ᠪᠠᠯᠭᠠᠰᠤᠨ ᠤ ᠭᠤᠷᠤᠨᠠᠢ ᠭᠠᠴᠠᠭ᠎ᠠ ᠪᠠᠷ ᠨᠤᠲᠤᠭᠲᠠᠢ ᠭᠤᠮᠪᠤᠳᠤᠷᠵᠢ ᠶᠤᠮᠰᠠᠨ᠃ ᠲᠡᠷᠡ ᠪᠠᠷ ᠣᠳᠣ ᠠᠯᠠᠱᠠ ᠮᠣᠩᠭᠤᠯ ᠦᠨᠳᠦᠰᠦᠲᠡᠨ ᠤ ᠪᠦᠷᠢᠨ ᠳᠤᠮᠳᠠᠳᠤ ᠰᠤᠷᠭᠠᠭᠤᠯᠢ ᠳᠤ ᠲᠠᠮᠢᠷ ᠤᠨ ᠪᠠᠭᠰᠢ ᠪᠠᠷ ᠠᠵᠢᠯᠯᠠᠵᠤ ᠪᠠᠶᠢᠭ᠎ᠠ᠃ 2008 ᠣᠨ ᠳᠤ ᠬᠤᠷᠢ ᠶᠢᠰᠦᠳᠡᠬᠢ ᠤᠳᠠᠭᠠᠨ ᠤ ᠪᠡᠭᠡᠵᠢᠩ ᠤᠨ ᠣᠯᠢᠮᠫᠢᠺ ᠤᠨ ᠤᠷᠤᠯᠳᠤᠭᠠᠨ ᠤ ᠭᠠᠯ ᠪᠠᠮᠪᠠᠷ ᠢ ᠳᠠᠮᠵᠢᠭᠤᠯᠬᠤ ᠳᠤ ᠠᠵᠠ ᠪᠠᠷ ᠰᠣᠩᠭᠤᠭᠳᠠᠭᠰᠠᠨ ᠠᠴᠠ ᠨᠠᠰᠢ ᠣᠳᠣ ᠪᠣᠯᠬᠤ ᠳᠤ ᠡᠨᠡ ᠬᠦ ᠢᠷᠠᠭᠤ ᠠᠯᠳᠠᠷ ᠢ ᠭᠤᠷᠪᠠ ᠤᠳᠠᠭ᠎ᠠ ᠡᠷᠭᠦᠵᠦ ᠶᠠᠪᠤᠭ᠎ᠠ ᠪᠢᠯᠡ᠃ ᠣᠯᠢᠮᠫᠢᠺ ᠤᠨ ᠲᠠᠮᠢᠷ ᠤᠨ ᠴᠤᠭᠯᠠᠭᠠᠨ ᠤ ᠠᠷᠢᠭᠤᠨ ᠭᠠᠯ ᠨᠢ ᠡᠷᠲᠡᠨ ᠤ ᠭᠷᠧᠭ ᠠᠴᠠ ᠡᠭᠦᠰᠴᠦ᠂ ᠲᠡᠷᠡ ᠨᠢ ᠪᠦᠯᠬᠦᠮᠳᠡᠯ᠂ ᠨᠥᠬᠦᠷᠯᠡᠯ᠂ ᠲᠥᠪ ᠭᠤᠣᠯᠴᠢ᠂ ᠡᠷᠬᠡ ᠲᠡᠭᠰᠢ᠂ ᠭᠡᠭᠡᠨ ᠰᠠᠷᠠᠭᠤᠯ ᠤᠨ ᠪᠡᠯᠭᠡᠳᠡᠯ ᠪᠣᠯᠵᠤ ᠪᠠᠶᠢᠳᠠᠭ᠃ ᠲᠡᠶᠢᠮᠦ ᠳᠡᠭᠡᠨ ᠭᠠᠯ ᠪᠠᠮᠪᠠᠷ ᠳᠠᠮᠵᠢᠭᠤᠯᠬᠤ ᠨᠢ ᠨᠢᠭᠡ ᠵᠦᠢᠯ ᠤᠨ ᠬᠤᠪᠣᠷᠬᠠᠨ ᠲᠣᠬᠢᠶᠠᠯᠳᠤᠬᠤ ᠢᠷᠠᠭᠤ ᠠᠯᠳᠠᠷ᠃ ᠨᠡᠩ ᠴᠤ ᠨᠢᠭᠡ ᠵᠦᠢᠯ ᠤᠨ ᠠᠵᠠ ᠲᠣᠬᠢᠶᠠᠯ ᠪᠠᠶᠢᠵᠤ ᠲᠠᠭᠠᠷᠠᠨ᠎ᠠ᠃ ᠡᠭᠦᠨ ᠠᠴᠠ ᠭᠠᠳᠠᠨ᠎ᠠ ᠬᠤᠪᠢ ᠶᠢᠨ  ᠴᠢᠷᠮᠠᠶᠢᠯᠭ᠎ᠠ ᠠᠴᠠ ᠰᠠᠯᠵᠤ ᠴᠢᠳᠠᠬᠤ ᠦᠭᠡᠢ ᠨᠢ ᠮᠡᠳᠡᠭᠡᠵᠢ᠃ ᠲᠠᠶᠢᠮᠦ ᠳᠡᠭᠡᠨ ᠭᠤᠮᠪᠤᠳᠤᠷᠵᠢ ᠲᠠᠮᠢᠷ ᠭᠡᠬᠦ ᠬᠢᠴᠢᠶᠠᠯ ᠲᠠᠢ ᠪᠠᠭ᠎ᠠ ᠰᠤᠷᠭᠠᠭᠤᠯᠢ ᠶᠢᠨ ᠳᠥᠷᠪᠡᠳᠦᠭᠡᠷ ᠣᠨ ᠠᠴᠠ ᠡᠬᠢᠯᠡᠨ ᠲᠠᠨᠢᠯᠴᠠᠵᠤ ᠲᠡᠭᠦᠨ ᠢ ᠬᠠᠶᠢᠷᠠᠯᠠᠨ ᠬᠦᠨᠳᠦᠳᠬᠡᠵᠦ ᠪᠡᠶ᠎ᠡ ᠪᠠᠨ ᠳᠠᠪᠲᠠᠨ ᠪᠣᠯᠪᠠᠰᠤᠷᠠᠭᠤᠯᠬᠤ ᠶᠢ ᠨᠢᠭᠡ ᠵᠦᠢᠯ ᠤᠨ ᠪᠠᠷᠢᠮᠲᠠᠯᠠᠯ ᠪᠣᠯᠭᠠᠨ‌ᠥᠨᠥ ᠳᠤ ᠬᠦᠷᠦᠭᠰᠡᠨ ᠪᠠᠶᠢᠨ᠎ᠠ᠃      
         ᠭᠤᠷᠪᠠ ᠤᠳᠠᠭᠠᠨ ᠤ ᠭᠠᠯ ᠪᠠᠮᠪᠠᠷ ᠳᠠᠮᠵᠢᠭᠤᠯᠤᠭᠰᠠᠨ ᠪᠠᠶᠢᠳᠠᠯ ᠢ ᠲᠣᠳᠣᠷᠠᠭᠤᠯᠪᠠᠯ᠄            2008 ᠣᠨ ᠳᠤ ᠶᠠᠪᠤᠭᠳᠠᠭᠰᠠᠨ ᠬᠤᠷᠢ ᠶᠢᠰᠦᠳᠡᠬᠢ ᠤᠳᠠᠭᠠᠨ ᠤ ᠪᠡᠭᠡᠵᠢᠩ ᠤᠨ ᠣᠯᠢᠮᠫᠢᠺ ᠤᠨ ᠤᠷᠤᠯᠳᠤᠭᠠᠨ ᠤ ᠭᠠᠯ ᠪᠠᠮᠪᠠᠷ ᠢ ᠣᠷᠳᠣᠰ ᠬᠤᠲᠠᠨ ᠳᠤ ᠬᠦᠷᠴᠦ ᠳᠠᠮᠵᠢᠭᠤᠯᠵᠠᠢ︔ 2010 ᠣᠨ ᠤ ᠣᠷᠳᠣᠰ ᠤᠨ ᠠᠩᠬᠠᠳᠤᠭᠠᠷ ᠤᠳᠠᠭᠠᠨ ᠤ ᠳᠡᠯᠡᠬᠡᠢ ᠶᠢᠨ ᠨᠠᠭᠠᠳᠤᠮ ᠤᠨ ᠬᠤᠷᠠᠯ ᠵᠢᠴᠢ ᠦᠪᠦᠷ ᠮᠣᠩᠭᠤᠯ ᠤᠨ ᠳᠣᠯᠣᠭᠠᠳᠠᠬᠢ ᠤᠳᠠᠭᠠᠨ ᠤ ᠴᠥᠭᠡᠨ ᠲᠣᠭᠠᠲᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠭᠠᠯ ᠪᠠᠮᠪᠠᠷ ᠤᠨ ᠲᠠᠮᠵᠢᠭᠤᠯᠤᠬᠴᠢ ᠪᠠᠷ ᠰᠤᠩᠭᠤᠬᠳᠠᠵᠤ ᠭᠠᠯ ᠪᠠᠮᠪᠠᠷ ᠲᠠᠮᠵᠢᠭᠤᠯᠵᠠᠢ︔ 2019 ᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠭᠠᠯ ᠪᠠᠮᠪᠠᠷ ᠢ ᠥᠪᠡᠷ ‍ᠤᠨ‌‍ᠲ᠋ᠥ᠋ᠷᠥᠭᠰᠡᠨ ᠨᠤᠲᠤᠭ ᠡᠵᠡᠨ᠎ᠡ ᠬᠤᠰᠢᠭᠤᠨ ᠳᠠᠭᠠᠨ ᠳᠠᠮᠵᠢᠭᠤᠯᠵᠤ ᠲᠡᠮᠡᠭᠡᠨ ᠳᠡᠭᠡᠷ᠎ᠡ ᠠᠴᠠ ᠨᠤᠲᠤᠭ ᠤᠨ ᠢᠶᠠᠨ ᠬᠡᠶᠢᠮᠣᠷᠢ ᠶᠢ ᠪᠠᠳᠠᠷᠠᠭᠠᠭᠰᠠᠨ ᠪᠠᠶᠢᠨ᠎ᠠ᠃ ᠡᠳᠡᠭᠡᠷ ᠢ ᠰᠣᠨᠣᠰᠬᠤ ᠳᠤ ᠬᠥᠮᠥᠰ ᠲᠤ ᠪᠢᠰᠢᠷᠡᠯ ᠲᠥᠷᠥᠭᠳᠡᠬᠦ ᠶᠠᠭᠤ ᠮᠠᠭᠠᠳ᠃ ᠠᠵᠢᠯ ᠤᠨ ᠪᠠᠶᠢᠷᠢᠨ ᠳᠤ ᠭᠠᠷᠤᠭᠠᠳ ᠳᠣᠯᠣᠭᠠᠬᠠᠨ ᠵᠢᠯ ᠤᠨ ᠨᠢᠭᠤᠷ ᠢ ᠦᠵᠡᠵᠦ ᠪᠠᠶᠢᠭ᠎ᠠ ᠵᠠᠯᠠᠭᠤ ᠳᠤ ᠠᠪᠴᠤ ᠬᠡᠯᠡᠬᠦ ᠳᠤ ᠬᠤᠪᠣᠷᠬᠠᠨ ᠲᠣᠬᠢᠶᠠᠯ ᠪᠠᠶᠢᠵᠤ ᠲᠠᠭᠠᠷᠠᠨ᠎ᠠ᠃ ᠲᠡᠷᠡ ᠪᠣᠯ ᠦᠨᠳᠦᠰᠦᠲᠡᠨ ᠤ ᠰᠤᠷᠭᠠᠨ  ᠬᠥᠮᠥᠵᠢᠯ ᠤᠨ ᠲᠥᠯᠥᠭᠡ ᠵᠢᠳᠬᠦᠵᠦ ᠶᠠᠪᠤᠭ᠎ᠠ ᠡᠭᠡᠯ ᠵᠢᠷ ᠤᠨ ᠠᠷᠠᠳ ᠤᠨ ᠪᠠᠭᠰᠢ᠃ ᠭᠡᠬᠦ ᠳᠡᠭᠡᠨ ᠲᠡᠷᠡ ᠮᠠᠨᠢ ᠣᠷᠣᠨ ᠨᠤᠲᠤᠭ ᠤᠨ ᠢᠶᠠᠨ ᠢᠷᠠᠭᠤ ᠠᠯᠳᠠᠷ ᠤᠨ ᠲᠥᠯᠥᠭᠡ ᠲᠡᠮᠡᠴᠡᠵᠦ ᠶᠠᠪᠤᠭᠰᠠᠨ ᠤ ᠨᠢᠬᠡᠨ ᠃ ᠲᠡᠭᠦᠨ ᠤ ᠪᠤᠰᠤᠳ ᠲᠤ ᠮᠡᠳᠡᠷᠡᠭᠳᠡᠭᠰᠡᠨ ᠲᠠᠮᠢᠷᠴᠢᠨ ᠭᠡᠬᠦ ᠨᠡᠷ᠎ᠡ ᠳᠡᠭᠡᠳᠦ ᠳᠤᠮᠳᠠᠳᠤ ᠠᠴᠠ ᠡᠬᠢᠯᠡᠭᠰᠡᠨ ᠪᠠᠶᠢᠨ᠎ᠠ᠃      ᠢᠷᠠᠭᠤ ᠠᠯᠳᠠᠷ ᠢ ᠨᠢ ᠴᠤᠬᠤᠰ ᠳᠤᠷᠠᠳᠪᠠᠯ᠄            2006 ᠣᠨ ᠤ ᠪᠦᠬᠦ ᠣᠷᠣᠨ ᠤ ᠵᠢᠷᠭᠤᠳᠤᠭᠠᠷ ᠤᠳᠠᠭᠠᠨ ᠤ ᠴᠥᠭᠡᠨ ᠲᠣᠭᠠᠲᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠪᠢᠯᠠᠭᠤ ᠰᠢᠲᠠᠯᠲᠠ ᠶᠢᠨ ᠣᠨᠣᠪᠴᠢ ᠶᠢᠨ ᠨᠢᠭᠡᠳᠦᠭᠡᠷ ᠪᠠᠶᠢᠷᠢ︔ 2010 ᠣᠨ ᠤ ᠪᠦᠬᠦ ᠣᠷᠣᠨ ᠤ ᠳᠣᠯᠣᠳᠤᠭᠠᠷ ᠤᠳᠠᠭᠠᠨ ᠤ ᠴᠥᠭᠡᠨ ᠲᠣᠭᠠᠲᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠪᠢᠯᠠᠭᠤ ᠰᠢᠲᠠᠯᠲᠠ ᠶᠢᠨ ᠣᠨᠣᠪᠴᠢ ᠶᠢᠨ ᠳᠥᠷᠪᠡᠳᠦᠭᠡᠷ ᠪᠠᠶᠢᠷᠢ︔ 2013 ᠣᠨ ᠤ ᠪᠦᠬᠦ ᠣᠷᠣᠨ ᠤ ᠨᠠᠢᠮᠠᠳᠤᠭᠠᠷ ᠤᠳᠠᠭᠠᠨ ᠤ ᠴᠥᠭᠡᠨ ᠲᠣᠭᠠᠲᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠪᠢᠯᠠᠭᠤ ᠰᠢᠲᠠᠯᠲᠠ ᠶᠢᠨ ᠣᠨᠣᠪᠴᠢ ᠬᠢᠭᠡᠳ ᠬᠤᠯᠠ ᠰᠢᠲᠠᠯᠲᠠ ᠳᠤ ᠣᠷᠣᠯᠴᠠᠵᠤ ᠲᠤᠰ ᠲᠤᠰ ᠳᠥᠷᠪᠡᠳᠦᠭᠡᠷ ᠪᠠ ᠳᠣᠯᠣᠳᠤᠭᠠᠷ ᠪᠠᠶᠢᠷᠢ ᠶᠢ ᠣᠯᠵᠠᠢ︔ 2015 ᠣᠨ ᠤ ᠪᠦᠬᠦ ᠤᠯᠤᠰ ᠤᠨ ᠠᠷᠪᠠᠳᠤᠭᠠᠷ ᠤᠳᠠᠭᠠᠨ ᠤ ᠴᠥᠭᠡᠨ ᠲᠣᠭᠠᠲᠤ ᠦᠨᠳᠦᠰᠦᠲᠡᠨ ᠤ ᠱᠠᠯᠪᠤᠷ ᠪᠥᠬᠡ ᠶᠢᠨ ᠦᠵᠡᠭᠦᠯᠦᠯᠭᠡ ᠶᠢᠨ ᠲᠡᠮᠡᠴᠡᠭᠡᠨ ᠤ ᠨᠢᠭᠡᠳᠦᠭᠡᠷ ᠪᠠᠶᠢᠷᠢ︔ 2017 ᠣᠨ ᠤ ᠪᠦᠬᠦ ᠣᠷᠣᠨ ᠤ ᠶᠢᠰᠦᠳᠦᠭᠡᠷ ᠤᠳᠠᠭᠠᠨ ᠤ ᠴᠥᠭᠡᠨ ᠲᠣᠭᠠᠲᠤ ᠦᠨᠳᠦᠰᠦᠲᠡᠨ ᠤ ᠪᠡᠶ᠎ᠡ ᠶᠢᠨ ᠲᠠᠮᠢᠷ ᠤᠨ  ᠴᠤᠭᠯᠠᠭᠠᠨ ᠤ ᠪᠢᠯᠠᠭᠤ ᠰᠢᠲᠠᠯᠲᠠ ᠶᠢᠨ ᠣᠨᠣᠪᠴᠢ ᠶᠢᠨ ᠭᠤᠷᠪᠠᠳᠤᠭᠠᠷ ᠪᠠᠶᠢᠷᠢ ᠶᠢ ᠣᠯᠵᠤ ᠲᠠᠮᠢᠷᠴᠢᠨ ᠤ ᠠᠯᠳᠠᠷ ᠵᠶ᠋ᠠᠨ‌‍ᠭᠢᠯᠠᠷᠠᠭᠤᠯᠤᠭᠰᠠᠨ ᠪᠠᠶᠢᠨ᠎ᠠ᠃ ᠶᠡᠭᠡ ᠰᠤᠷᠭᠠᠭᠤᠯᠢ ᠳᠤ ᠪᠠᠶᠢᠬᠤ ᠳᠠᠭᠠᠨ ᠰᠤᠷᠭᠠᠭᠤᠯᠢ ᠪᠠᠨ ᠲᠥᠯᠥᠭᠡᠯᠡᠨ ᠤᠷᠤᠯᠳᠤᠭᠠᠨ ᠳᠤ ᠵᠥᠩᠳᠡᠭᠡᠨ ᠣᠷᠣᠯᠴᠠᠵᠤ ᠶᠠᠪᠤᠭᠰᠠᠨ ᠥᠩᠭᠡᠷᠡᠯᠲᠡ ᠲᠠᠢ᠃ ᠣᠳᠣ ᠲᠡᠷᠡ ᠮᠠᠨᠢ ᠠᠯᠠᠱᠠ ᠠᠶᠢᠮᠠᠭ ᠤᠨ ᠮᠣᠩᠭᠤᠯ ᠪᠥᠭᠡ ᠱᠠᠯᠪᠤᠷ ᠪᠥᠬᠡ ᠶᠢᠨ ᠨᠡᠶᠢᠭᠡᠮᠯᠢᠭ ᠤᠨ ᠭᠡᠰᠢᠭᠦᠨ᠂ ᠠᠯᠠᠱᠠ ᠠᠶᠢᠮᠠᠭ ᠤᠨ ᠠᠯᠠᠭᠠᠳᠠᠬᠤ ᠪᠥᠮᠪᠥᠭᠡᠨ ᠤ ᠨᠡᠶᠢᠭᠡᠮᠯᠢᠭ ᠤᠨ ᠭᠡᠰᠢᠭᠦᠨ᠂ ᠠᠯᠠᠱᠠ‌ᠠᠶᠢᠮᠠᠭ ᠤᠨ ᠲᠤᠤᠷ ᠪᠥᠮᠪᠥᠭᠡᠨ ᠤ ᠨᠡᠶᠢᠭᠡᠮᠯᠢᠭ ᠤᠨ ᠭᠡᠰᠢᠭᠦᠨ ᠢᠶᠠᠷ ᠶᠠᠪᠤᠭ᠎ᠠ᠃ ᠠᠵᠢᠯ ᠤᠨ ᠪᠠᠶᠢᠷᠢᠨ ᠳᠤ ᠭᠠᠷᠤᠭᠰᠠᠨ ᠤ ᠳᠠᠷᠠᠭ᠎ᠠ ᠲᠡᠷᠡ ᠮᠠᠨᠢ ᠠᠯᠠᠱᠠ ᠠᠶᠢᠮᠠᠭ᠂ ᠠᠯᠠᠱᠠ ᠵᠡᠭᠦᠨ ᠬᠤᠰᠢᠭᠤ ᠪᠠᠨ ᠲᠥᠯᠥᠭᠡᠯᠡᠨ ᠪᠠᠷᠠᠭᠤᠨ ᠬᠡᠳᠦᠨ ᠠᠶᠢᠮᠠᠭ ᠬᠤᠲᠠ ᠶᠢᠨ ᠪᠥᠬᠡ ᠶᠢᠨ  ᠤᠷᠤᠯᠳᠤᠭᠠᠨ ᠳᠤ ᠣᠯᠠᠨᠲᠠ ᠣᠷᠣᠯᠴᠠᠵᠤ ᠶᠠᠪᠤᠭᠰᠠᠨ ᠠᠵᠢ᠃ ᠠᠯᠢ ᠠᠷᠪᠢᠨ ᠤᠷᠤᠯᠳᠤᠭᠠᠨ ᠲᠡᠮᠡᠴᠡᠭᠡᠨ ᠢᠶᠠᠷ ᠶᠠᠪᠤᠵᠤ ᠪᠠᠶᠢᠭᠰᠠᠨ ᠴᠤ ᠪᠠᠭᠰᠢ ᠭᠡᠬᠦ ᠡᠭᠦᠷᠭᠡ ᠬᠠᠷᠢᠭᠤᠴᠠᠯᠭ᠎ᠠ ᠪᠠᠨ ᠲᠡᠷᠡ ᠮᠠᠨᠢ ᠶᠡᠷᠦᠨᠢ ᠮᠠᠷᠲᠠᠭ᠎ᠠ ᠦᠭᠡᠢ᠃            ᠠᠵᠢᠯ ᠤᠨ ᠪᠠᠶᠢᠷᠢᠨ ᠳᠠᠭᠠᠨ ᠳᠣᠯᠣᠭᠠᠨ ᠵᠢᠯ ᠤᠨ ᠲᠤᠷᠰᠢᠳᠠ ᠭᠤᠮᠪᠤᠳᠤᠷᠵᠢ ᠶᠢᠨ ᠵᠢᠭᠠᠨ ᠰᠤᠷᠭᠠᠭᠰᠠᠨ ᠳᠥᠴᠢᠭᠡᠳ ᠰᠤᠷᠤᠭᠴᠢ ᠶᠡᠭᠡ ᠰᠤᠷᠭᠠᠭᠤᠯᠢ ᠶᠢᠨ ᠲᠠᠮᠢᠷ ᠤᠨ ᠵᠢᠩᠬᠢᠨᠢ ᠠᠩᠭᠢ ᠳᠤ ᠰᠢᠯᠭᠠᠨ ᠤᠷᠤᠵᠠᠢ᠃ ᠣᠨᠴᠠ ᠳᠤᠷᠠᠳᠤᠭᠤᠰᠢᠲᠠᠢ ᠨᠢ ᠭᠡᠪᠡᠯ᠂ 2012 ᠣᠨ ᠪᠠ 2016 ᠣᠨ ᠳᠤ ᠲᠡᠭᠦᠨ ᠤ ᠵᠢᠭᠠᠭᠰᠠᠨ ᠰᠤᠷᠤᠭᠴᠢ ᠨᠢ ᠪᠦᠬᠦ ᠣᠷᠣᠨ ᠤ ᠮᠣᠩᠭᠤᠯ ᠰᠤᠷᠤᠭᠴᠢᠳ ᠤᠨ ᠲᠠᠮᠢᠷ ᠢᠶᠠᠷ ᠰᠢᠯᠭᠠᠭᠤᠯᠬᠤ ᠰᠤᠷᠤᠭᠴᠢ ᠶᠢᠨ ᠳᠣᠲᠣᠷ᠎ᠠ ᠣᠷᠦ᠋ᠢᠯᠠᠭᠰᠠᠨ ᠪᠠᠶᠢᠨ᠎ᠠ᠃ ᠭᠤᠮᠪᠤᠳᠤᠷᠵᠢ ᠶᠡᠭᠡ ᠰᠤᠷᠭᠠᠭᠤᠯᠢ ᠪᠠᠨ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠲᠠᠮᠢᠷ ᠤᠨ ᠰᠠᠯᠪᠤᠷᠢ ᠶᠢᠨ ᠰᠠᠭᠰᠤᠨ ᠪᠥᠮᠪᠦᠭᠡ ᠶᠢᠨ ᠮᠡᠷᠭᠡᠵᠢᠯ ᠢᠶᠠᠷ ᠲᠡᠭᠦᠰᠦᠭᠰᠡᠨ ᠪᠠᠶᠢᠨ᠎ᠠ᠃ ᠥᠪᠡᠷ ᠢᠶᠠᠨ ᠶᠠᠭ ᠮᠡᠷᠭᠡᠵᠢᠯ ᠤᠨ ᠬᠢ ᠪᠠᠷ ᠲᠡᠭᠦᠰᠦᠭᠰᠡᠨ ᠪᠣᠯᠬᠤᠷ ᠲᠡᠷᠡ ᠮᠠᠨᠢ ᠵᠢᠭᠠᠨ ᠰᠤᠷᠭᠠᠬᠤ ᠳᠠᠭᠠᠨ ᠰᠢᠨᠵᠢᠯᠡᠬᠦ ᠤᠬᠠᠭᠠᠨᠴᠢ ᠥᠨᠳᠥᠷ ᠦᠷ᠎ᠡ ᠠᠰᠢᠭ ᠢ ᠬᠥᠭᠡᠭᠡᠴᠡᠯᠳᠦᠳᠡᠭ ᠪᠠᠶᠢᠨ᠎ᠠ᠃ ᠲᠠᠮᠢᠷ ᠤᠨ ᠮᠡᠷᠭᠡᠵᠢᠯ ᠢ ᠰᠤᠩᠭᠤᠪᠠᠯ ᠶᠠᠭᠤᠨ ᠲᠠᠷᠢᠬᠦᠨ ᠳᠤ ᠬᠠᠳᠠᠭᠤᠵᠢᠯ ᠬᠡᠷᠡᠭᠳᠡᠢ᠃ ᠡᠪᠦᠯ ᠵᠣᠨ ᠭᠡᠰᠡᠨ ᠦᠭᠡᠢ ᠥᠷᠯᠥᠭᠡᠨ ᠤ ᠲᠠᠪᠤ ᠵᠢᠷᠭᠤᠭᠠᠨ ᠴᠠᠭ ᠠᠴᠠ  ᠰᠤᠷᠤᠭᠴᠢᠳ ᠢᠶᠠᠨ ᠳᠠᠭᠠᠭᠤᠯᠤᠨ ᠪᠣᠯᠪᠠᠰᠤᠷᠠᠯ ᠢᠶᠠᠨ ᠡᠬᠢᠯᠡᠭᠦᠯᠳᠡᠭ ᠪᠠᠶᠢᠨ᠎ᠠ᠃ ᠢᠩᠭᠢᠵᠦ ᠠᠵᠢᠯᠯᠠᠭᠰᠠᠨ ᠢᠶᠠᠷ ᠲᠡᠷᠡ  ᠮᠠᠨᠢ ᠠᠵᠢᠯ ᠤᠨ ᠪᠠᠶᠢᠷᠢ ᠲᠡᠭᠡᠷ᠎ᠡ ᠪᠠᠨ ᠠᠮᠵᠢᠯᠲᠠ ᠭᠠᠷᠭᠠᠵᠤ ᠴᠢᠳᠠᠵᠠᠢ᠃ ᠪᠠᠭᠰᠢ ᠶᠢᠨ ᠠᠵᠢᠯ ᠳᠤ ᠠᠪᠴᠤ  ᠬᠡᠯᠡᠬᠦ ᠳᠤ ᠲᠣᠭᠲᠠᠭᠰᠠᠨ ᠠᠮᠠᠷᠠᠯᠲᠠ ᠲᠠᠢ ᠪᠠᠶᠢᠳᠠᠭ ᠨᠢ ᠣᠨᠳᠣᠣ ᠪᠠᠶᠢᠭᠤᠯᠤᠯᠭ᠎ᠠ ᠶᠢ ᠪᠣᠳᠣᠪᠠᠯ ᠰᠠᠶᠢᠬᠠᠨ  ᠰᠠᠨᠠᠭᠳᠠᠭᠤᠯᠬᠤ ᠨᠢ ᠶᠠᠭᠤ ᠮᠠᠭᠠᠳ᠃ ᠭᠡᠬᠦ ᠳᠡᠭᠡᠨ ᠪᠠᠭᠰᠢ ᠭᠡᠬᠦ ᠠᠯᠳᠠᠷ ᠲᠤᠩ ᠶᠡᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ ᠰᠠᠨ᠃ ᠭᠤᠮᠪᠤᠳᠤᠷᠵᠢ ᠶᠢᠨ ᠬᠤᠪᠢ ᠳᠤ ᠠᠪᠴᠤ ᠬᠡᠯᠡᠪᠡᠯ ᠡᠨᠡ ᠨᠢ ᠲᠡᠭᠦᠨ ᠤ ᠳᠤᠷᠠᠲᠠᠢ ᠠᠵᠢᠯ᠃ ᠲᠡᠶᠢᠮᠦ ᠳᠡᠭᠡᠨ ᠲᠡᠷᠡ ᠮᠠᠨᠢ ᠠᠵᠢᠯ ᠳᠠᠭᠠᠨ ᠤᠷᠮ᠎ᠠ ᠵᠣᠷᠢᠭ ᠲᠠᠢ ᠪᠠᠶᠢᠳᠠᠭ᠃ ᠠᠵᠢᠯ ᠤᠨ ᠢᠶᠠᠨ ᠲᠤᠬᠠᠢ ᠲᠡᠷᠡ ᠮᠠᠨᠢ᠄ ︽ᠨᠤᠲᠤᠭ ᠲᠠᠭᠠᠨ ᠬᠠᠷᠢᠭᠠᠤᠨ ᠣᠴᠢᠬᠤ ᠳᠤ ᠬᠥᠮᠥᠰ ᠨᠠᠮᠠᠢᠢ ᠭᠤ ᠪᠠᠭᠰᠢ ᠭᠡᠵᠦ ᠬᠦᠨᠳᠦᠳᠬᠡᠨ ᠲᠠᠭᠤᠳᠠᠳᠠᠭ ᠨᠢ ᠰᠡᠳᠬᠢᠯ ᠳᠤ ᠶᠡᠭᠡ ᠲᠠᠭᠠᠯᠠᠭᠳᠠᠳᠠᠭ︾ ᠭᠡᠵᠦ ᠶᠠᠷᠢᠵᠤ ᠪᠢᠯᠡ᠃            ᠲᠡᠶᠢᠮᠦ ᠭᠡᠮ᠂ ᠪᠠᠭᠰᠢ ᠭᠡᠭᠴᠢ ᠪᠢᠰᠢᠷᠡᠯᠲᠡᠢ ᠠᠭᠠᠳ ᠬᠦᠨᠳᠦᠳᠬᠡᠯᠲᠡᠢ ᠠᠵᠢᠯ ᠪᠠᠶᠢᠭ᠎ᠠ ᠶᠤᠮ᠃                                                            ᠵᠣᠬᠢᠶᠠᠭᠴᠢ᠄ ᠪᠠᠭᠠᠨ᠎ᠠ ᠳᠠᠪᠰᠢᠯᠲᠤ
 
ᠢᠷᠡᠯᠲᠡ᠄ ᠠᠯᠠᠱᠠ ᠶᠢᠨ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号