︽ᠰᠤᠶᠤᠯ ᠪᠤᠯᠤᠨ ᠪᠠᠶᠢᠭᠠᠯᠢ ᠶᠢᠨ ᠥᠪ ᠤᠨ ᠡᠳᠤᠷ︾ ᠤᠨ ᠪᠤᠳᠠᠰ ᠤᠨ ᠪᠤᠰᠤ ᠰᠤᠶᠤᠯ ᠤᠨ ᠥᠪ ᠢ ᠤᠬᠠᠭᠤᠯᠬᠤ ᠦᠵᠡᠬᠦᠯᠦᠯᠭᠡ ᠪᠤᠯᠤᠯ᠎ᠠ
ᠨᠡᠶᠢᠲᠡᠯᠡᠭᠰᠡᠨ ᠴᠠᠭ᠄
2019/6/12
     ᠥᠵᠡᠬᠦᠯᠥᠯᠭᠡ ᠶᠢᠨ ᠲᠤᠬᠯᠠᠯᠳᠠ᠃            6 ᠰᠠᠷ᠎ᠠ ᠶᠢᠨ 8 ᠤ ᠡᠳᠤᠷ᠂ ᠠᠯᠠᠱᠠ ᠠᠶᠢᠮᠠᠭ ᠤᠨ ᠰᠤᠶᠤᠯ ᠵᠢᠭᠤᠯᠴᠢᠯᠠᠯ ᠷᠠᠳᠢᠤ᠋ ᠲᠧᠯᠸᠢᠰ ᠲᠤᠪᠴᠢᠶ᠎ᠠ ᠠᠴᠠ ᠭᠤᠤᠯᠯᠠᠨ ᠡᠷᠬᠢᠯᠡᠵᠦ᠂ ᠠᠯᠠᠱᠠ ᠠᠶᠢᠮᠠᠭ ᠤᠨ ᠤᠯᠠᠨ ᠲᠦᠮᠡᠨᠴᠢ ᠤᠷᠠᠯᠢᠭ ᠤᠨ ᠤᠷᠳᠤᠨ᠂ ᠠᠯᠠᠱᠠ ᠵᠡᠬᠦᠨ ᠬᠤᠰᠢᠭᠤᠨ ᠤ ᠰᠤᠶᠤᠯ ᠵᠢᠭᠤᠯᠴᠢᠯᠠᠯ ᠤᠨ ᠲᠤᠪᠴᠢᠶ᠎ᠠ᠂ ᠠᠯᠠᠱᠠ ᠵᠡᠬᠦᠨ ᠬᠤᠰᠢᠭᠤᠨ ᠤ ᠰᠤᠶᠤᠯ ᠤᠨ ᠤᠷᠳᠤᠨ ᠠᠴᠠ ᠲᠠᠭᠠᠭᠠᠴᠢᠯᠠᠨ ᠡᠷᠬᠢᠯᠡᠵᠦ᠂ ᠠᠯᠠᠱᠠ ᠵᠡᠬᠦᠨ ᠬᠤᠰᠢᠭᠤᠨ ᠤ ᠪᠤᠳᠠᠰ ᠤᠨ ᠪᠤᠰᠤ ᠰᠤᠶᠤᠯ ᠤᠨ ᠥᠪ ᠢ ᠬᠠᠮᠠᠭᠠᠯᠠᠬᠤ ᠨᠡᠶᠢᠬᠡᠮᠯᠢᠭ ᠵᠢᠴᠢ ᠠᠯᠠᠱᠠ ᠠᠶᠢᠮᠠᠭ ᠤᠨ ᠤᠯᠠᠭᠠᠠᠮᠦ᠋ᠴᠢᠷ ᠤᠨ ᠠᠬᠠᠮᠠᠳ ᠲᠤᠭᠯᠠᠭᠴᠢᠳ ᠤᠨ ᠪᠦᠯᠬᠦᠮ ᠠᠴᠠ ᠬᠠᠮᠳᠤᠷᠠᠨ ᠡᠷᠬᠢᠯᠡᠭᠰᠡᠨ ᠠᠷᠪᠠᠨ ᠲᠦᠷᠪᠡᠳᠡᠬᠢ ︽ᠰᠤᠶᠤᠯ ᠪᠤᠯᠤᠨ ᠪᠠᠶᠢᠭᠠᠯᠢ ᠶᠢᠨ ᠥᠪ ᠤᠨ ᠡᠳᠤᠷ︾  ᠤᠨ ᠪᠤᠳᠠᠰ ᠤᠨ ᠪᠤᠰᠤ ᠰᠤᠶᠤᠯ ᠤᠨ ᠥᠪ ᠢ ᠤᠬᠠᠭᠤᠯᠬᠤ ᠦᠵᠡᠬᠦᠯᠦᠯᠭᠡ ᠵᠢᠴᠢ 2019 ᠣᠨ ᠤ ᠠᠭᠤᠳᠠᠮ ᠲᠠᠯᠠᠪᠡᠢ ᠶᠢᠨ ᠵᠤᠨ ᠤ ᠤᠯᠠᠷᠢᠯ ᠤᠨ ᠰᠤᠶᠤᠯ ᠤᠨ ᠠᠵᠢᠯᠯᠠᠭᠠᠨ ᠤ ᠡᠬᠢᠯᠡᠯᠲᠡ ᠶᠢᠨ ᠶᠤᠰᠤᠯᠠᠯ ᠪᠠᠶᠠᠨᠬᠤᠳᠠᠨ᠎ᠠ  ᠶᠠᠪᠤᠭᠳᠠᠯ᠎ᠠ᠃            ᠶᠤᠰᠤᠯᠠᠯ ᠳᠡᠭᠡᠷ᠎ᠠ ᠲᠠᠪᠤᠳᠤᠭᠠᠷ ᠪᠦᠯᠦᠭ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠥᠪ ᠤᠨ ᠤᠯᠠᠮᠵᠢᠯᠠᠭᠴᠢ ᠪᠣᠯᠬᠤ ︽ᠴᠠᠮ︾ ᠤᠨ ᠲᠦᠷᠦᠯ ᠵᠦᠢᠯ ᠤᠨ ᠲᠦᠯᠦᠭᠡᠯᠡᠬᠦ ᠴᠢᠨᠠᠷᠲᠠᠢ ᠤᠯᠠᠮᠵᠢᠯᠠᠭᠴᠢ ᠵᠢᠶᠡ ᠱᠠᠩ ᠴᠢᠨ᠂ ︽ᠮᠤᠩᠭᠤᠯ ᠰᠢᠲᠠᠷ᠎ᠠ︾ ᠶᠢᠨ ᠲᠦᠷᠦᠯ ᠵᠦᠢᠯ ᠤᠨ ᠲᠦᠯᠦᠭᠡᠯᠡᠬᠦ ᠴᠢᠨᠠᠷᠲᠠᠢ ᠤᠯᠠᠮᠵᠢᠯᠠᠭᠴᠢ ᠨᠠᠷᠠᠯᠠᠢ᠂ ︽ᠮᠤᠩᠭᠤᠯ ᠦᠨᠳᠦᠰᠦᠳᠡᠨ ᠤ ᠲᠡᠮᠡᠭᠡ ᠠᠷᠠᠴᠢᠯᠠᠬᠤ︾ ᠲᠦᠷᠦᠯ ᠵᠦᠢᠯ ᠤᠨ ᠲᠦᠯᠦᠭᠡᠯᠡᠬᠦ ᠴᠢᠨᠠᠷᠲᠠᠢ ᠤᠯᠠᠮᠵᠢᠯᠠᠭᠴᠢ ᠡᠷᠳᠡᠨᠢᠳᠠᠯᠠᠢ ᠵᠡᠷᠭᠡ ᠭᠤᠷᠪᠠᠨ ᠬᠦᠮᠦᠨ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠢᠷᠭᠤᠳᠤᠭᠠᠷ ᠪᠦᠯᠦᠭ ᠪᠤᠳᠠᠰ ᠤᠨ ᠪᠤᠰᠤ ᠰᠤᠶᠤᠯ ᠤᠨ ᠥᠪ ᠢᠶᠠᠷ ᠰᠤᠩᠭᠤᠭᠳᠠᠭᠰᠠᠨ ︽ᠮᠤᠩᠭᠤᠯ ᠦᠨᠳᠦᠰᠦᠳᠡᠨ ᠤ ᠨᠤᠤᠰᠤᠨ ᠨᠡᠬᠡᠮᠡᠯ ᠪᠤᠯᠤᠨ ᠢᠰᠡᠬᠡᠢ ᠬᠢᠬᠦ ᠤᠷ᠎ᠠ ᠮᠡᠷᠭᠡᠵᠢᠯ ︵ᠠᠯᠠᠱᠠ ᠶᠢᠨ ᠢᠰᠡᠭᠡᠢ ᠬᠢᠬᠦ ᠤᠷ᠎ᠠ ᠮᠡᠷᠭᠡᠵᠢᠯ︶︾᠂ ︽ᠮᠤᠩᠭᠤᠯ ᠮᠠᠯ ᠡᠮᠨᠡᠯᠬᠡ ︵ᠲᠡᠮᠡᠭᠡ ᠲᠦᠬᠡᠨᠡᠬᠦ ᠮᠡᠷᠭᠡᠵᠢᠯ︶︾᠂ ︽ᠤᠯᠠᠮᠵᠢᠯᠠᠯᠲᠤ ᠡᠮ ᠡᠮᠨᠡᠯᠭᠡ ︵ᠤᠯᠠᠮᠵᠢᠯᠠᠯᠲᠤ ᠵᠤᠩᠰᠢ ᠨᠤᠮᠤᠳᠬᠠᠬᠤ ᠮᠡᠷᠭᠡᠵᠢᠯ︶︾᠂ ︽ᠴᠤᠭᠤᠷ ︵ᠮᠤᠩᠭᠤᠯ ᠦᠨᠳᠦᠰᠦᠳᠡᠨ ᠤ ᠨᠤᠮᠤᠲᠤ ᠬᠦᠭᠵᠢᠮ︶︾ ᠵᠡᠷᠭᠡ 11  ᠲᠦᠷᠦᠯ ᠵᠦᠢᠯ ᠪᠠ ᠠᠯᠠᠱᠠ ᠠᠶᠢᠮᠠᠭ ᠤᠨ ᠲᠠᠪᠤᠳᠤᠭᠠᠷ ᠪᠦᠯᠦᠭ ᠪᠤᠳᠠᠰ ᠤᠨ ᠪᠤᠰᠤ ᠰᠤᠶᠤᠯ ᠤᠨ ᠥᠪ ᠤᠨ ᠬᠠᠮᠠᠭᠠᠯᠠᠯᠲᠠ ᠶᠢᠨ ᠴᠠᠳᠢᠭ ᠤᠨ ︽ᠮᠤᠩᠭᠤᠯ ᠦᠨᠳᠦᠰᠦᠳᠡᠨ ᠤ ᠤᠷᠲᠤ ᠶᠢᠨ ᠲᠠᠭᠤᠤ︾ ᠶᠢᠨ ᠲᠦᠷᠦᠯ ᠵᠦᠢᠯ ᠤᠨ ᠲᠦᠯᠦᠭᠡᠯᠡᠬᠦ ᠴᠢᠨᠠᠷᠲᠠᠢ ᠤᠯᠠᠮᠵᠢᠯᠠᠭᠴᠢ ᠰᠡᠴᠡᠨᠭᠡᠷᠡᠯ᠂ ︽ᠬᠤᠱᠤᠳ ᠠᠷᠠᠳ ᠤᠨ ᠲᠠᠭᠤᠤ︾ ᠶᠢᠨ ᠲᠦᠷᠦᠯ ᠵᠦᠢᠯ ᠤᠨ ᠲᠦᠯᠦᠭᠡᠯᠡᠬᠦ ᠴᠢᠨᠠᠷᠲᠠᠢ ᠤᠯᠠᠮᠵᠢᠯᠠᠭᠴᠢ ᠲᠠᠨ᠎ᠠ᠂ ︽ᠮᠤᠩᠭᠤᠯ ᠦᠨᠳᠦᠰᠦᠳᠡᠨ ᠤ ᠤᠯᠠᠮᠵᠢᠯᠠᠯᠲᠤ ᠬᠠᠳᠬᠤᠮᠠᠯ︾ ᠤᠨ ᠲᠦᠷᠦᠯ ᠵᠦᠢᠯ ᠤᠨ ᠲᠦᠯᠦᠭᠡᠯᠡᠬᠦ ᠴᠢᠨᠠᠷᠲᠠᠢ ᠤᠯᠠᠮᠵᠢᠯᠠᠭᠴᠢ ᠤᠳᠤᠠᠭᠡᠷᠡᠯ᠂ ᠰᠡᠴᠠᠩᠭᠤᠸ᠎ᠠ ᠵᠡᠷᠭᠡ 29 ᠬᠦᠮᠦᠨ ᠳᠤ ᠦᠨᠡᠮᠯᠠᠯ ᠤᠯᠭᠤᠵᠦ᠂ ᠪᠠᠰᠠ ᠠᠯᠠᠱᠠ ᠵᠡᠬᠦᠨ ᠬᠤᠰᠢᠭᠤᠨ ᠤ ᠲᠡᠮᠡᠭᠡᠨ ᠡᠷᠳᠡᠨᠢ ᠶᠠᠰᠤᠨ ᠰᠡᠶᠢᠯᠤᠮᠠᠯ᠂ ᠠᠵᠠᠲᠠᠢ ᠮᠤᠩᠭᠤᠯ ᠦᠨᠳᠦᠰᠦᠳᠡᠨ ᠤ ᠬᠤᠪᠴᠠᠰᠦ ᠵᠠᠰᠠᠯ ᠵᠡᠷᠭᠡ ᠲᠤᠯᠤᠭᠠᠨ ᠠᠵᠢᠯᠯᠠᠬᠤ ᠦᠷᠦᠭᠡ ᠳᠤ ᠤᠯᠠᠮᠵᠢᠯᠠᠯ ᠤᠨ ᠰᠠᠭᠤᠷᠢᠨ ᠭᠠᠵᠠᠷ ᠤᠨ ᠫᠠᠶᠢᠰᠠ ᠤᠯᠭᠤᠭᠰᠠᠨ ᠪᠠᠶᠢᠨ᠎ᠠ᠃ ︵ᠪᠤᠯᠤᠷᠰᠤᠪᠤᠳ︶  
 
ᠢᠷᠡᠯᠲᠡ᠄ ᠠᠯᠠᠱᠠ ᠶᠢᠨ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号