ᠬᠠᠨ ᠳᠡᠭᠷᠢ ᠠᠯᠠᠱᠠ ᠶᠢᠨ ᠭᠠᠶᠢᠬᠠᠮᠰᠢᠭ ᠢ ᠳᠠᠯᠡᠭᠡᠢ ᠳ᠋ᠠᠬᠢᠠ ᠳᠤ ᠳᠠᠭᠤᠷᠢᠰᠤᠭᠤᠯᠤᠨ᠎ᠠ
ᠨᠡᠶᠢᠲᠡᠯᠡᠭᠰᠡᠨ ᠴᠠᠭ᠄
2019/6/14
     ᠵᠢᠷᠤᠬ ᠪᠤᠯ᠂ ᠤᠯᠠᠨ ᠭᠠᠵᠠᠷ ᠤᠨ ᠵᠢᠭᠤᠯᠴᠢᠳ ᠠᠯᠠᠱᠠ ᠶᠢᠨ ᠤᠨᠴᠠᠯᠢᠬᠳᠤ ᠪᠥᠳᠥᠭᠡᠭᠳᠡᠬᠦᠨ ᠢ ᠲᠤᠭᠤᠷᠢᠨ ᠥᠵᠡᠵᠤ ᠪᠠᠶᠢᠨ᠎ᠠ᠃ ︵ᠶᠡᠨ ᠴᠸᠠ ᠴᠸᠠ ᠰᠡᠬᠦᠳᠡᠷᠯᠡᠪᠡ︶            6 ᠰᠠᠷ᠎ᠠ ᠶᠢᠨ 12 ᠤᠨ ᠡᠳᠤᠷ ᠠᠴᠠ 13 ᠤ ᠡᠳᠤᠷ ᠪᠤᠯᠳᠠᠯ᠎ᠠ᠂ 2019 ᠤᠨ ᠤ ᠪᠡᠭᠡᠵᠢᠩ ᠤᠨ ᠲᠡᠯᠡᠬᠡᠢ ᠶᠢᠨ ᠴᠡᠴᠡᠷᠯᠢᠭ ᠤᠨ ᠥᠵᠡᠰᠬᠦᠯᠠᠩ ᠤᠨ ᠴᠤᠭᠯᠠᠭᠠᠠ ᠤ ︽ᠠᠯᠠᠱᠠ ᠠᠶᠢᠮᠠᠭ ᠵᠢᠴᠢ ᠡᠵᠠᠨ᠎ᠠ ᠬᠤᠰᠢᠭᠤᠠ ᠤ ᠭᠤᠤᠯ ᠰᠠᠳᠤᠪᠳᠤ ᠡᠳᠤᠷ ᠤᠨ ᠠᠵᠢᠯᠯᠠᠭ᠎ᠠ︾ ᠪᠡᠭᠡᠵᠢᠩ ‍ᠤᠨ‌‍ᠲ᠋ᠡᠯᠡᠬᠡᠢ ᠶᠢᠨ ᠴᠡᠴᠡᠷᠯᠢᠭ ᠤᠨ ᠬᠦᠷᠢᠶᠠᠯᠠᠩ ᠳᠤ ᠦᠪᠡᠳᠡᠭᠰᠢ ᠶᠠᠪᠤᠭᠳᠠᠪᠠ᠃ ᠮᠠᠨ ᠤ ᠠᠶᠢᠮᠠᠭ ᠠᠴᠠ ᠰᠤᠶᠤᠯ ᠵᠢᠭᠤᠯᠴᠢᠯᠠᠯ᠂ ᠠᠵᠤ ᠠᠬᠤᠢ ᠠᠷᠠᠯᠵᠢᠶᠠᠠ ᠤ ᠭᠡᠯᠡᠯᠴᠡᠬᠡᠷ᠂ ᠪᠤᠬᠢᠷᠳᠤᠯ ᠦᠬᠡᠢ ᠠᠵᠤ ᠦᠢᠯᠠᠰ ᠵᠡᠷᠭᠡ ᠤᠯᠠᠠ ᠳᠠᠯᠠᠪᠤᠷ ᠳᠠᠨᠢᠯᠴᠠᠭᠤᠯᠬᠤ ᠠᠵᠢᠯᠯᠠᠭ᠎ᠠ ᠶᠢ ᠦᠷᠨᠢᠬᠦᠯᠦᠭᠰᠡᠠ ᠪᠠᠶᠢᠨ᠎ᠠ᠃            ᠠᠯᠠᠱᠠ ᠪᠠᠨ ᠪᠦᠬᠦ ᠳᠠᠯ᠎ᠠ ᠪᠠᠷ ᠳᠠᠨᠢᠯᠴᠠᠭᠤᠯᠬᠤ ᠵᠤᠷᠢᠯᠭ᠎ᠠ ᠪᠠᠷ᠂ ᠳᠤᠰᠬᠠᠢ ᠰᠤᠯᠢᠯᠴᠠᠭ᠎ᠠ ᠬᠢᠬᠦ ᠳᠤᠭᠤᠷᠢᠭ ᠳᠤᠬᠢᠷᠠᠭᠤᠯᠤᠠ᠂ ᠠᠶᠢᠮᠠᠭ ᠤᠨ ᠳᠤᠳᠤᠭᠠᠳᠤ ᠶᠢᠨ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠱᠠᠩ ᠷᠦᠡᠭ ᠶᠤᠸᠠᠠ ᠠᠮᠢᠳᠤ ᠪᠤᠳᠠᠰ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠳᠤ ᠺᠤᠮᠫᠠᠨᠢ᠂ ᠱᠠ ᠮᠦᠸᠧ ᠸᠠᠩ ᠨᠤᠤᠰᠤ ᠨᠤᠯᠤᠤᠷ ᠤᠨ ᠬᠢᠵᠠᠭᠠᠷᠳᠤ ᠺᠤᠮᠫᠠᠨᠢ ᠵᠡᠷᠭᠡ 20 ᠭᠠᠷᠤᠢ ᠠᠵᠤ ᠠᠬᠤᠶᠢᠯᠠᠯ ᠲᠠᠢ ᠳᠤᠰ ᠳᠤᠰ ᠤᠨ ᠢᠶᠠᠨ ᠭᠤᠤᠯ ᠪᠤᠯᠬᠤ ᠦᠢᠯᠠᠳᠬᠦᠠ ᠪᠠ ᠠᠵᠤ ᠦᠢᠯᠠᠰ ᠤᠨ ᠳᠦᠯᠦᠪᠵᠢᠬᠦᠯᠬᠡ ᠪᠠᠨ ᠠᠪᠴᠢᠷᠠᠵᠤ᠂ ᠬᠠᠮᠳᠤᠷᠠᠠ ᠠᠵᠢᠯᠯᠠᠬᠤ ᠠᠷᠠᠯᠵᠢᠶᠠᠠ ᠤ ᠳᠤᠬᠢᠶᠠᠯ ᠡᠷᠢᠯᠬᠢᠯᠠᠠ᠂ ᠬᠦᠭᠵᠢᠯᠳᠠ ᠶᠢᠨ ᠠᠵᠠ ᠳᠤᠬᠢᠶᠠᠯ ᠢ ᠬᠠᠮᠳᠤᠪᠠᠷ ᠡᠳ᠋ᠯᠡᠭᠰᠡᠠ ᠪᠠᠶᠢᠨ᠎ᠠ᠃  ᠠᠯᠠᠱᠠ ᠶᠢᠨ ᠭᠡᠪᠢᠰ᠂ ᠬᠠᠴᠢᠠ ᠴᠢᠯᠠᠭᠤ ᠶᠢᠨ ᠰᠠᠶᠢᠯᠤᠮᠠᠯ ᠁ ᠵᠡᠷᠭᠡ ᠨᠢᠬᠡ ᠪᠦᠯᠦᠭ ᠠᠯᠠᠱᠠ ᠶᠢᠨ ᠦᠪᠠᠷᠮᠢᠴᠠ ᠤᠨᠴᠠᠯᠢᠬᠳᠤ ᠦᠨᠳᠤᠰᠤᠳᠠᠠ᠂ ᠵᠠᠩ ᠦᠢᠯᠠ ᠶᠢᠨ ᠰᠤᠶᠤᠯ ᠨᠢ ᠴᠤ ᠤᠯᠠᠠ ᠬᠦᠮᠦᠰ ᠤᠨ ᠠᠩᠬᠠᠷᠤᠯ ᠢ ᠳᠠᠳᠠᠬᠤ ᠭᠤᠤᠯ ᠡᠯᠧᠮᠧᠨ᠋ᠲ ᠪᠤᠯᠵᠤ ᠪᠠᠶᠢᠯ᠎ᠠ᠃            ᠬᠦᠳᠡᠯᠬᠡᠬᠡᠠ ᠤ ᠬᠤᠭᠤᠴᠠᠭᠠᠠ ᠳᠤ᠂ ᠠᠯᠠᠱᠠ ᠤᠯᠠᠭᠠᠨᠮᠦ᠋ᠴᠢᠷ᠂ ᠡᠵᠠᠨ᠎ᠠ ᠬᠤᠰᠢᠭᠤᠠ ᠤ ᠤᠯᠠᠭᠠᠨᠮᠦ᠋ᠴᠢᠷ ᠤᠨ ᠳᠤᠭᠯᠠᠭᠴᠢᠳ ᠠᠴᠠ ᠭᠤᠴᠤ ᠰᠠᠶᠢᠬᠠᠠ ᠳᠤᠭᠯᠠᠯᠳᠠ ᠭᠠᠷᠭᠠᠠ᠂ ᠪᠦᠬᠦ ᠳᠡᠯᠡᠬᠡᠢ ᠶᠢᠨ ᠡᠯ᠎ᠠ ᠭᠠᠵᠠᠷ ᠠᠴᠠ ᠬᠦᠷᠦᠯᠴᠠᠠ ᠢᠷᠡᠭᠰᠡᠠ ᠳᠤᠭᠤᠷᠢᠠ ᠦᠵᠡᠭᠰᠡᠳ ᠲᠤ ᠦᠪᠤᠷ ᠮᠤᠩᠭᠤᠯ ᠤᠨ ᠦᠷᠭᠡᠠ ᠠᠭᠤᠳᠠᠮ ᠳᠠᠯ᠎ᠠ ᠨᠤᠳᠤᠭ᠂ ᠶᠡᠭᠡ ᠭᠤᠪᠢ᠂ ᠤᠨᠴᠠᠯᠢᠬᠳᠤ ᠪᠠᠶᠢᠭᠠᠯᠢ ᠶᠢᠨ ᠦᠩᠭᠡ ᠦᠵᠠᠮᠵᠢ᠂ ᠠᠮᠢ ᠠᠬᠤᠢ ᠶᠢᠨ ᠡᠬᠢ ᠪᠠᠶᠠᠯᠢᠭ ᠪᠠ ᠬᠦᠮᠦᠠ ᠠᠷᠠᠳ ᠤᠨ ᠪᠠᠶᠢᠳᠠᠯ ᠢ ᠴᠤ᠋ ᠰᠢᠨ᠎ᠠ ᠭᠡᠯᠪᠠᠷᠢ ᠪᠠᠶᠢᠳᠠᠯ ᠢᠶᠠᠷ ᠳᠡᠯᠬᠡᠠ ᠦᠵᠡᠬᠦᠯᠦᠭᠰᠡᠠ ᠪᠠᠶᠢᠨ᠎ᠠ᠃        
 
ᠢᠷᠡᠯᠲᠡ᠄ ᠠᠯᠠᠱᠠ ᠠᠶᠢᠮᠠᠭ  ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号