ᠣᠨᠴᠠᠯᠢᠭᠲᠤ ᠬᠤᠰᠢᠭᠤᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠰᠢᠨ᠎ᠡ ᠦᠷ᠎ᠡ ᠪᠦᠲᠦᠮᠵᠢ ᠣᠯᠬᠤ ᠬᠡᠷᠡᠭᠲᠡᠶ
ᠨᠡᠶᠢᠲᠡᠯᠡᠭᠰᠡᠨ ᠴᠠᠭ᠄
2019/6/17
       ᠣᠨᠴᠠᠯᠢᠭᠲᠤ ᠬᠤᠰᠢᠭᠤᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠰᠢᠨ᠎ᠡ ᠦᠷ᠎ᠡ ᠪᠦᠲᠦᠮᠵᠢ ᠣᠯᠬᠤ ᠬᠡᠷᠡᠭᠲᠡᠶ         —— ᠠᠯᠠᠱᠨ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠶᠠᠩ ᠬᠠᠢ ᠶᠢ ᠰᠤᠷᠪᠤᠯᠵᠢᠯᠠᠭᠰᠠᠨ ᠨᠢ       ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ︿ᠦᠵᠡᠯ ᠰᠠᠨᠠᠭ᠎ᠠ ᠪᠠᠨ ᠣᠯᠠᠮ ᠨᠢᠬᠡ ᠠᠯᠬᠤᠮ ᠴᠢᠯᠦᠭᠡᠯᠡᠵᠦ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠡᠷᠡᠰ ᠦᠢᠯᠡᠳᠦᠯᠭᠡᠵᠢᠬᠦᠯᠦᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠣᠬᠠᠢ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ﹀ ᠶᠢ ᠥᠷᠨᠢᠭᠦᠯᠬᠦ ᠪᠠᠷ ᠳᠣᠭᠳᠠᠭᠰᠠᠨ  ᠨᠢ ᠠᠯᠠᠱᠨ ᠪᠠᠷᠠᠭᠤᠨ ᠬᠤᠰᠢᠭᠤᠨ ᠤ ᠬᠢᠨ ᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠩ ᠰᠠᠶᠢᠲᠤᠷ ᠲᠤᠤᠱᠯᠠᠭᠤᠯᠤᠨ ᠨᠠᠶᠢᠳᠠᠪᠣᠷᠢᠵᠢᠭᠤᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠲᠤᠯᠭᠠᠷᠠᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠨᠠᠩ ᠰᠠᠶᠢᠲᠤᠷ ᠰᠢᠢᠳᠪᠦᠷᠢᠯᠡᠵᠦ᠂ ᠺᠠᠳ᠋ᠷ ᠤᠨ ᠡᠩᠨᠡᠬᠡᠨ ᠤ ᠦᠵᠡᠯ ᠰᠠᠨᠠᠭ᠎ᠠ ᠪᠣᠯᠤᠨ ᠰᠤᠷᠲᠠᠯ ᠤᠨ ᠪᠠᠶᠢᠭᠤᠯᠤᠯᠲᠠ ᠶᠢ ᠨᠠᠩ ᠰᠠᠶᠢᠲᠤᠷ ᠴᠢᠩᠭᠠᠳᠬᠠᠨ ᠰᠠᠶᠢᠵᠢᠷᠠᠭᠤᠯᠬᠤ ᠳᠤ ᠶᠠᠭ ᠴᠠᠭ ᠲᠠᠭᠠᠨ ᠳᠠᠭᠠᠷᠠᠯ᠎ᠠ》ᠬᠡᠮᠡᠨ ᠠᠯᠠᠱᠨ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠶᠠᠩ ᠬᠠᠢ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ ᠶᠢ ᠭᠦᠨᠵᠡᠭᠡᠢ ᠥᠷᠨᠢᠭᠦᠯᠬᠦ ᠲᠤᠬᠠᠢ  ᠶᠠᠷᠢᠵᠦ ᠪᠠᠶᠢᠯ᠎ᠠ᠃       ᠶᠠᠩ ᠬᠠᠢ᠂ ᠠᠯᠠᠱᠠ ᠪᠠᠷᠠᠭᠤᠨ ᠬᠤᠰᠢᠭᠤ ᠨᠢ ᠬᠢᠯᠢ ᠬᠢᠵᠠᠭᠠᠷ ᠤᠨ ᠴᠦᠭᠡᠨ ᠳᠣᠭᠠᠳᠣ ᠦᠨᠳᠦᠰᠦᠳᠡᠨ ᠤ ᠬᠤᠴᠣᠷᠣᠩᠭᠤᠢ ᠭᠠᠵᠠᠷ ᠣᠷᠣᠨ ᠪᠣᠯᠣᠭᠰᠠᠨ ᠤ ᠬᠤᠪᠢ ᠳᠤ᠂ ᠶᠡᠭᠡ ᠰᠣᠷᠣᠯᠴᠠᠯᠭ᠎ᠠ ᠶᠡᠭᠡ ᠶᠠᠷᠢᠯᠴᠠᠭ᠎ᠠ ᠬᠡᠬᠦ ᠠᠰᠢᠭᠳᠠᠢ ᠠᠵᠠ ᠳᠣᠬᠢᠶᠠᠯ ᠢ ᠪᠠᠳᠣᠳᠠᠢ ᠡᠵᠡᠮᠰᠢᠵᠦ᠂ ᠰᠢ ᠶᠢᠨ ᠫᠢᠩ ᠶᠡᠷᠦᠩᠬᠡᠢ ᠱᠦᠵᠢ ᠶᠢᠨ ᠦᠪᠦᠷ ᠮᠣᠩᠭᠤᠯ  ᠤᠨ ᠳᠣᠬᠠᠢ ᠴᠢᠬᠤᠯᠠ ᠶᠠᠷᠢᠶ᠎ᠠ ᠴᠢᠬᠤᠯᠠ ᠵᠢᠭᠠᠪᠣᠷᠢ ᠶᠢᠨ ᠵᠣᠷᠢᠭ ᠰᠠᠨᠠᠭ᠎ᠠ ᠶᠢ ᠬᠦᠨᠵᠡᠬᠡᠢ ᠰᠣᠷᠣᠯᠴᠠᠨ ᠨᠠᠷᠢᠯᠢᠭ ᠣᠶᠢᠯᠠᠭᠠᠵᠦ ᠦᠢᠯᠡᠳᠦᠯᠭᠡᠵᠢᠬᠦᠯᠦᠨ᠂ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠠᠶᠢᠮᠠᠭ ᠤᠨ ᠨᠠᠮ  ᠤᠨ ᠬᠤᠷᠢᠶ᠎ᠠ ᠶᠢᠨ ᠶᠡᠭᠡ ᠰᠣᠷᠣᠯᠴᠠᠯᠭ᠎ᠠ ᠶᠡᠭᠡ ᠶᠠᠷᠢᠯᠴᠠᠭ᠎ᠠ ᠶᠢᠨ ᠳᠣᠬᠠᠢ ᠪᠠᠶᠢᠷᠢᠯᠠᠭᠤᠯᠣᠯᠳᠠ ᠱᠠᠭᠠᠷᠳᠠᠯᠭ᠎ᠠ ᠪᠠ ᠪᠣᠳᠠᠳᠠᠢ ᠳᠣᠬᠢᠷᠠᠭᠤᠯᠣᠯᠳᠠ ᠶᠣᠰᠣᠭᠠᠷ᠂ ᠣᠯᠠᠨ ᠠᠷᠭ᠎ᠠ ᠠᠪᠴᠠᠯ ᠢ ᠵᠡᠷᠭᠡᠪᠡᠷ ᠬᠡᠷᠡᠭᠵᠢᠬᠦᠯᠦᠨ ᠶᠡᠭᠡ ᠰᠣᠷᠣᠯᠴᠠᠯᠭ᠎ᠠ  ᠶᠢᠨ ᠪᠣᠳᠠᠳᠠᠢ ᠨᠠᠶᠢᠳᠠᠪᠣᠷᠢᠵᠢᠭᠤᠯᠣᠭᠳᠠᠬᠤ᠂ ᠶᠡᠭᠡ ᠶᠠᠷᠢᠯᠴᠠᠭ᠎ᠠ ᠶᠢᠨ ᠪᠣᠳᠠᠳᠣ ᠦᠷ᠎ᠡ ᠪᠦᠳᠦᠮᠵᠢ ᠣᠯᠬᠤ ᠶᠢ ᠠᠬᠢᠭᠤᠯᠬᠤ ᠬᠡᠷᠡᠭᠳᠡᠢ ᠭᠡᠪᠡ᠃        ᠶᠠᠩ ᠬᠠᠢ᠂ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ ᠶᠢ ᠥᠷᠨᠢᠭᠦᠯᠬᠦ ᠳᠣᠬᠠᠢ ᠴᠢᠬᠤᠯᠠ ᠨᠢᠭᠡ ᠠᠭᠤᠯᠭ᠎ᠠ ᠪᠣᠯ ᠳᠠᠷᠤᠢ ᠠᠮᠢ ᠠᠬᠤᠢ ᠶᠢ ᠡᠩ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠬᠡᠷᠬᠢᠨ ᠰᠦᠪᠡᠭᠴᠢᠯᠡᠬᠦ ᠶᠠᠪᠤᠳᠠᠯ ᠪᠣᠯᠤᠨ᠎ᠠ᠃ ᠠᠯᠠᠱᠨ ᠪᠠᠷᠠᠭᠤᠨ ᠬᠤᠰᠢᠭᠤᠨ ᠤ ᠬᠢᠨ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠭᠡ ᠰᠤᠷᠤᠯᠴᠠᠯᠭ᠎ᠠ ᠳᠤᠮᠳᠠ ᠲᠠᠨᠢᠯᠲᠠ ᠪᠠᠨ ᠭᠦᠨᠵᠡᠭᠡᠶᠢᠷᠡᠭᠦᠯᠵᠦ᠂ ᠶᠡᠭᠡ ᠶᠠᠷᠢᠯᠴᠠᠭ᠎ᠠ ᠳᠤᠮᠳᠠ ᠰᠡᠳᠬᠢᠯ ᠢᠶᠠᠨ ᠨᠢᠭᠡᠳᠬᠡᠨ ᠣᠶᠣᠨ ᠤᠬᠠᠭᠠᠨ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ᠰᠤᠷᠤᠯᠴᠠᠯᠭ᠎ᠠ ᠶᠠᠷᠢᠯᠴᠠᠭ᠎ᠠ ᠶᠢᠨ ᠦᠷ᠎ᠡ ᠪᠦᠲᠦᠭᠡᠯ ᠢᠶᠠᠨ ᠦᠨᠡᠨᠬᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠰᠡᠳᠬᠢᠴᠡ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠣᠯᠤᠨ ᠦᠢᠯᠡᠳᠦᠯᠭᠡ ᠶᠢᠨ ᠦᠷ᠎ᠡ ᠪᠦᠲᠦᠭᠡᠯ ᠪᠣᠯᠭᠠᠨ ᠣᠯᠠᠷᠢᠭᠤᠯᠵᠦ᠂ ᠬᠤᠰᠢᠭᠤ ᠭᠠᠵᠠᠷ ᠤᠨ ᠲᠠᠰ ᠤᠨ ᠤᠳᠤᠷᠢᠳᠬᠤ ᠺᠠᠳ᠋ᠷᠴᠤᠳ ᠤᠨ ᠤᠯᠤᠰ ᠲᠥᠷᠥ ᠶᠢᠨ ᠵᠣᠭᠰᠣᠴᠠ ᠪᠠᠨ ᠣᠯᠠᠮ ᠨᠢᠬᠡ ᠠᠯᠬᠤᠮ ᠳᠡᠭᠡᠭᠰᠢᠯᠡᠭᠦᠯᠬᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠬᠤ᠂ ᠢᠳᠡᠪᠬᠢᠲᠡᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠵᠣᠷᠢᠭᠲᠠᠢ ᠪᠠᠷ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠶᠢ ᠬᠥᠲᠥᠯᠥᠨ ᠵᠢᠯᠣᠭᠤᠳᠴᠤ᠂ ᠣᠨᠴᠠᠯᠢᠭᠲᠤ ᠬᠤᠰᠢᠭᠤᠨ ᠤ ᠬᠡᠪᠴᠢᠶᠡᠨ ᠤ ᠠᠵᠤ ᠠᠬᠤᠢ ᠨᠡᠶᠢᠭᠡᠮ ᠤᠨ ᠡᠯ᠎ᠡ ᠲᠥᠷᠥᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ ᠬᠡᠪᠡ᠃        ᠪᠣᠳᠠᠲᠠᠢ ᠪᠠᠷ ᠶᠠᠷᠢᠪᠠᠯ᠂ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠦᠵᠡᠯ ᠰᠠᠨᠠᠭ᠎ᠠ ᠪᠠᠨ ᠴᠢᠯᠥᠭᠡᠯᠡᠬᠦ ᠪᠠᠷ ᠤᠳᠤᠷᠢᠳᠤᠮᠵᠢ ᠪᠣᠯᠭᠠᠵᠤ᠂ ᠪᠠᠷᠢᠮᠵᠢᠶ᠎ᠠ ᠳᠤ ᠳᠡᠩᠴᠡᠬᠦᠯᠬᠦ ᠪᠠ ᠦᠵᠡᠯ ᠰᠠᠨᠠᠭ᠎ᠠ ᠪᠠᠨ ᠣᠯᠠᠮ ᠨᠢᠬᠡ ᠠᠯᠬᠤᠮ ᠴᠢᠯᠥᠭᠡᠯᠡᠬᠦ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠪᠠᠶᠢᠳᠠᠯ ᠳᠤ ᠰᠠᠭᠤᠷᠢᠯᠠᠨ ᠳᠣᠭᠳᠠᠭᠠᠵᠦ ᠦᠭᠭᠦᠭᠰᠡᠨ ᠠᠵᠢᠯᠯᠠᠭᠠᠨ ᠤ ᠬᠥᠲᠥᠯᠪᠦᠷᠢ ᠶᠢ ᠰᠡᠳᠬᠢᠯ ᠲᠠᠯᠪᠢᠨ ᠡᠷᠴᠢᠮᠳᠠᠢ ᠲᠤᠤᠱᠯᠠᠭᠤᠯᠤᠨ  ᠨᠠᠶᠢᠳᠠᠪᠣᠷᠢᠵᠢᠭᠤᠯᠵᠦ᠂ ᠤᠯᠤᠰ ᠲᠥᠷᠥ ᠶᠢᠨ ᠵᠣᠭᠰᠣᠴᠠ᠂ ᠦᠵᠡᠯ ᠰᠠᠨᠠᠭ᠎ᠠ ᠲᠠᠨᠢᠯᠲᠠ᠂ ᠬᠠᠷᠢᠭᠤᠴᠠᠯᠭ᠎ᠠ ᠡᠭᠦᠷᠭᠡᠯᠡᠯ ᠵᠡᠷᠭᠡ ᠲᠠᠯ᠎ᠠ ᠪᠠᠷ ᠣᠷᠣᠰᠢᠵᠤ ᠪᠦᠬᠦᠢ ᠠᠰᠠᠭᠤᠳᠠᠯ ᠢ ᠨᠠᠷᠢᠨ ᠬᠢᠨᠠᠮᠠᠭᠠᠢ ᠪᠠᠶᠢᠴᠠᠭᠠᠨ ᠰᠢᠢᠳᠪᠦᠷᠢᠯᠡᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠪᠠᠷ ︽ᠳᠥᠷᠪᠡᠨ ᠤᠬᠠᠮᠰᠠᠷ︾ ᠢ ᠴᠢᠩᠭᠠᠳᠬᠠᠬᠤ᠂ ︽ᠳᠥᠷᠪᠡᠨ ᠢᠲᠡᠭᠡᠯ︾ ᠢ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠴᠢᠬᠤᠯᠠ ᠰᠢᠯᠭᠠᠯᠲᠠ ᠪᠣᠯᠭᠠᠨ᠎ᠠ᠃ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠠᠯᠢᠪᠠ ᠦᠵᠡᠯ ᠰᠠᠨᠠᠭᠠᠨ ᠤ ᠬᠠᠷᠰᠢ ᠰᠠᠭᠠᠳ᠂ ᠰᠡᠳᠬᠢᠬᠦᠶ ᠶᠢᠨ ᠬᠡᠪᠰᠢᠭᠰᠡᠨ ᠠᠰᠠᠭᠤᠳᠠᠯ ᠢ ᠬᠢᠨᠠᠮᠠᠭᠠᠶ ᠪᠠᠶᠢᠴᠠᠭᠠᠨ ᠰᠢᠢᠳᠪᠦᠷᠢᠯᠡᠵᠦ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠥᠭᠡᠯᠡᠨ᠂ ᠦᠵᠡᠯᠲᠡ ᠪᠠᠨ ᠰᠢᠨᠡᠳᠬᠡᠵᠦ᠂ ᠬᠥᠭᠵᠢᠯᠲᠡ ᠶᠢᠨ ᠳᠤᠮᠳᠠᠬᠢ ᠰᠢᠨ᠎ᠡ ᠪᠠᠶᠢᠳᠠᠯ ᠢ ᠴᠠᠭ  ᠦᠶ᠎ᠡ ᠶᠢ ᠲᠠᠭᠠᠨ ᠠᠷᠭᠠᠴᠠᠭᠠᠵᠦ᠂ ᠬᠥᠭᠵᠢᠯᠲᠡ ᠶᠢᠨ ᠳᠤᠮᠳᠠᠬᠢ ᠰᠢᠨ᠎ᠡ ᠠᠰᠠᠭᠤᠳᠠᠯ ᠢ ᠴᠠᠭ ᠦᠶ᠎ᠡ ᠶᠢ ᠲᠠᠭᠠᠨ ᠰᠢᠢᠳᠪᠦᠷᠢᠯᠡᠬᠦ ᠬᠡᠷᠡᠭᠲᠡᠶ᠃        ᠰᠢᠨ᠎ᠡ ᠬᠥᠭᠵᠢᠯᠲᠡ ᠶᠢᠨ ᠣᠨᠣᠯᠵᠢᠬᠤᠨ ᠢᠶᠠᠷ ᠬᠥᠲᠥᠯᠥᠨ ᠳᠠᠭᠠᠭᠤᠯᠵᠤ᠂ ᠴᠢᠨᠠᠷ ᠰᠠᠶᠢᠲᠠᠢ ᠬᠥᠭᠵᠢᠯᠲᠡ ᠪᠠᠷ ᠬᠠᠷᠠᠯᠲᠠ ᠪᠠᠨ ᠪᠣᠯᠭᠠᠵᠤ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ ᠪᠠ ᠰᠢᠪᠲᠤᠯᠤᠯᠲᠠ ᠭᠠᠷᠭᠠᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠬᠥᠭᠵᠢᠯᠲᠡ ᠶᠢᠨ ᠣᠨᠣᠯᠵᠢᠬᠤᠨ ᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠳᠣᠣᠱᠯᠠᠭᠤᠯᠵᠦ᠂ ᠬᠥᠭᠵᠢᠯᠲᠡ ᠶᠢᠨ ᠣᠨᠣᠯᠵᠢᠬᠤᠨ ᠬᠠᠭᠤᠴᠢᠨ᠂ ᠰᠡᠳᠬᠢᠴᠡ ᠢᠪᠴᠣᠣ᠂ ᠬᠥᠳᠡᠯᠭᠡᠬᠦ ᠬᠦᠴᠦᠨ ᠬᠦᠷᠦᠯᠴᠡᠬᠦ ᠦᠭᠡᠢ᠂ ᠠᠷᠭ᠎ᠠ ᠬᠡᠮᠵᠢᠶ᠎ᠡ ᠴᠦᠭᠡᠨ ᠵᠡᠷᠭᠡ ᠠᠰᠠᠭᠤᠳᠠᠯ ᠢ ᠨᠠᠷᠢᠨ ᠬᠢᠨᠠᠮᠠᠭᠠᠢ ᠡᠷᠢᠨ ᠰᠢᠢᠳᠪᠦᠷᠢᠯᠡᠵᠦ᠂ ᠲᠠᠪᠤᠨ ᠶᠡᠭᠡ ᠬᠥᠭᠵᠢᠯᠲᠡ ᠶᠢᠨ ᠣᠨᠤᠯᠵᠢᠬᠤᠨ ᠢ ᠰᠡᠳᠬᠢᠯ ᠳᠡᠭᠡᠨ ᠰᠢᠩᠭᠡᠭᠡᠵᠦ ᠠᠵᠢᠯᠯᠠᠭ᠎ᠠ ᠳᠠᠭᠠᠨ ᠬᠡᠷᠡᠭᠯᠡᠬᠦ ᠶᠢ ᠦᠷᠭᠦᠯᠵᠢᠯᠡᠨ ᠠᠬᠢᠭᠤᠯᠣᠨ᠎ᠠ᠃ ᠬᠤᠰᠢᠭᠤᠨ ᠤ ᠪᠠᠶᠢᠳᠠᠯ ᠢᠶᠠᠨ ᠣᠯᠠᠮ ᠨᠢᠬᠡ ᠠᠯᠬᠤᠮ ᠲᠠᠨᠢᠨ ᠡᠵᠡᠮᠰᠢᠵᠦ᠂ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠡᠪᠡᠷᠰᠢᠶᠡᠯ᠂ ᠬᠦᠴᠢᠷ ᠠᠰᠠᠭᠤᠳᠠᠯ᠂ ᠲᠦᠭᠵᠢᠷᠡᠯ ᠪᠠ ᠳᠤᠲᠠᠭᠤᠳᠠᠯ᠂ ᠪᠠᠭᠤᠷᠠᠢ ᠲᠠᠯ᠎ᠠ᠂ ᠪᠣᠭᠤᠮᠢ ᠶᠢᠨ ᠠᠰᠠᠭᠤᠳᠠᠯ ᠢ ᠨᠠᠷᠢᠨ ᠬᠢᠨᠠᠮᠠᠭᠠᠢ ᠡᠷᠢᠨ ᠰᠢᠢᠳᠪᠦᠷᠢᠯᠡᠵᠦ᠂ ᠴᠠᠭ ᠠᠴᠠ ᠥᠩᠭᠡᠷᠡᠭᠰᠡᠨ ᠬᠥᠭᠵᠢᠯᠲᠡ ᠶᠢᠨ ᠬᠡᠪ ᠵᠠᠭᠪᠤᠷ  ᠢ ᠦᠨᠡᠨᠬᠦ ᠡᠪᠳᠡᠵᠦ᠂ ᠤᠯᠠᠮᠵᠢᠯᠠᠯᠲᠤ ᠠᠷᠭ᠎ᠠ ᠵᠠᠮ ᠳᠦᠰᠢᠭᠯᠡᠵᠦ ᠪᠠᠶᠢᠭᠰᠠᠨ ᠵᠦᠢᠯᠡᠰ ᠠᠴᠠ ᠦᠨᠡᠨᠬᠦ ᠠᠩᠭᠢᠵᠢᠷᠠᠵᠤ᠂ ᠠᠵᠤ ᠠᠬᠤᠢ ᠶᠢᠨ ᠬᠥᠭᠵᠢᠯᠲᠡ ᠶᠢᠨ ︽ᠪᠠᠶᠢᠬᠤ ᠡᠰᠡᠬᠦ︾ ᠠᠴᠠ ︽ᠰᠠᠶᠢᠨ ᠡᠰᠡᠬᠦ︾ ᠲᠡᠰᠢ ᠰᠢᠯᠵᠢᠬᠦ ᠶᠢ ᠠᠬᠢᠭᠤᠯᠬᠤ ᠬᠡᠷᠡᠭᠳᠡᠢ᠃       ᠭᠤᠣᠯᠳᠠᠯᠭ᠎ᠠ ᠲᠠᠢ ᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ᠶᠠᠷᠢᠯᠴᠠᠭ᠎ᠠ ᠥᠷᠨᠢᠭᠦᠯᠵᠦ᠂ ᠰᠤᠳᠤᠯᠤᠨ ᠶᠠᠷᠢᠯᠴᠠᠬᠤ ᠶᠠᠰᠤ ᠴᠢᠨᠠᠷ ᠪᠠ ᠪᠣᠳᠠᠲᠤ ᠠᠰᠠᠭᠤᠳᠠᠯ ᠢ ᠰᠢᠢᠳᠪᠦᠷᠢᠯᠡᠬᠦ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠲᠤᠰᠬᠠᠢ ᠰᠡᠳᠦᠪᠲᠦ ᠰᠤᠷᠤᠯᠴᠠᠯᠭ᠎ᠠ ᠶᠢ ᠥᠷᠨᠢᠭᠦᠯᠵᠦ᠂ ᠶᠡᠭᠡ ᠰᠤᠷᠤᠯᠴᠠᠯᠭ᠎ᠠ ᠶᠡᠭᠡ ᠶᠠᠷᠢᠯᠴᠠᠭᠠᠨ ᠤ ᠶᠡᠷᠦᠩᠬᠡᠢ ᠱᠠᠭᠠᠷᠳᠠᠯᠭ᠎ᠠ ᠪᠠ ᠭᠤᠣᠯᠳᠠᠯᠭ᠎ᠠ ᠲᠠᠢ ᠠᠭᠤᠯᠭ᠎ᠠ ᠶᠢᠨ ᠲᠣᠭᠤᠷᠢᠨ ᠳᠤ᠂ ᠲᠤᠰᠬᠠᠢ ᠰᠡᠳᠦᠪᠲᠦ ᠰᠤᠷᠤᠯᠴᠠᠯᠭ᠎ᠠ ᠶᠢᠨ ᠮᠠᠲ᠋ᠧᠷᠢᠶᠠᠯ ᠢ ᠨᠠᠶᠢᠷᠠᠭᠤᠯᠤᠨ ᠬᠡᠪᠯᠡᠭᠦᠯᠵᠦ᠂ ᠣᠣᠯ ᠬᠡᠪ ᠢᠶᠠᠷ ᠨᠢ ᠰᠤᠷᠤᠯᠴᠠᠵᠤ᠂ ᠪᠦᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠵᠤ᠂ ᠰᠣᠷᠣᠯᠴᠠᠯᠭ᠎ᠠ ᠶᠢᠨ ᠳᠣᠮᠳᠠ ᠪᠠᠨ ᠭᠦᠨᠵᠡᠭᠡᠢ ᠰᠡᠳᠬᠢᠨ ᠪᠣᠳᠣᠯᠬᠢᠯᠠᠵᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠱᠠᠭᠠᠷᠳᠠᠯᠭ᠎ᠠ ᠳᠡᠭᠡᠷ᠎ᠡ ᠨᠢᠭᠡᠳᠬᠡᠬᠦ ᠬᠡᠷᠡᠭᠲᠡᠢ᠃ ᠬᠤᠣᠰ ᠭᠠᠷᠠᠭ ᠤᠨ ᠬᠢᠴᠢᠶᠡᠯ ᠤᠨ ᠲᠠᠩᠬᠢᠮ ᠪᠠᠶᠢᠭᠤᠯᠵᠤ᠂ ᠠᠶᠢᠮᠠᠭ ᠤᠨ ᠳᠣᠳᠣᠷ᠎ᠠ ᠭᠠᠳᠠᠨᠠᠬᠢ ᠬᠠᠮᠢᠶ᠎ᠠ ᠪᠦᠬᠦᠢ ᠤᠳᠤᠷᠢᠳᠬᠤ ᠺᠠᠳ᠋ᠷ᠂ ᠲᠤᠰᠬᠠᠢ ᠮᠡᠷᠭᠡᠵᠢᠯᠲᠡᠨ ᠫᠷᠣᠹᠧᠰᠰᠣᠷ ᠢ ᠤᠷᠢᠵᠤ ᠬᠤᠶᠠᠷ ᠭᠠᠷᠠᠭ ᠪᠦᠷᠢ ᠨᠢᠭᠡ ᠤᠳᠠᠭ᠎ᠠ ᠲᠤᠰᠬᠠᠢ ᠰᠡᠳᠦᠪᠲᠦ ᠲᠠᠶᠢᠯᠤᠮᠵᠢ ᠪᠤᠶᠤ ᠲᠤᠰᠬᠠᠢ ᠰᠡᠳᠦᠪᠲᠦ ᠮᠡᠳᠡᠭᠦᠯᠦᠯᠲᠡ ᠬᠢᠯᠭᠡᠨ᠎ᠡ᠃ ᠲᠤᠰᠬᠠᠶ ᠰᠡᠳᠦᠪᠲᠦ ᠶᠠᠷᠢᠯᠴᠠᠭ᠎ᠠ ᠶᠢ ᠪᠣᠳᠠᠲᠠᠶ ᠠᠳᠬᠤᠵᠤ᠂  ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ︽ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠂ ᠡᠯᠡᠰᠦ ᠮᠠᠩᠬ᠎ᠠ ᠠᠭᠤᠯᠠ ᠨᠢᠷᠣᠭᠤ ᠨᠢ ᠮᠥᠨ ᠴᠦ ᠦᠨᠢᠳᠡ ᠶᠢᠨ ᠦᠪ ᠬᠦᠷᠦᠩᠬᠡ ᠮᠥᠨ︾᠂ ︽ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ︾ ᠵᠡᠷᠭᠡ 4 ᠲᠤᠰᠬᠠᠶ ᠰᠡᠳᠦᠪ ᠤᠨ ᠲᠣᠭᠤᠷᠢᠨ ᠳᠤ ᠬᠠᠨᠳᠤᠯᠭᠠᠲᠤ ᠴᠢᠨᠠᠷᠲᠠᠶ ᠪᠠᠷ ᠨᠢᠭᠡᠳᠦᠯᠳᠡᠢ ᠰᠤᠳᠤᠯᠤᠨ ᠶᠠᠷᠢᠯᠴᠠᠬᠤ ᠬᠤᠷᠠᠯ ᠢ ᠦᠷᠨᠢᠬᠦᠯᠦᠨ᠎ᠡ᠃ ᠪᠠᠶᠢᠴᠠᠭᠠᠨ ᠰᠤᠳᠤᠯᠤᠯᠲᠠ ᠬᠢᠵᠦ ᠠᠰᠠᠭᠤᠳᠠᠯ ᠢ ᠪᠠᠶᠢᠴᠠᠭᠠᠨ ᠡᠷᠢᠬᠦ ᠳᠤ᠂ ᠬᠤᠰᠢᠭᠤ ᠭᠠᠵᠠᠷ ᠤᠨ ᠳᠡᠰ ᠤᠨ ᠤᠳᠤᠷᠢᠳᠤᠯᠭ᠎ᠠ ᠶᠡᠭᠡ ᠰᠤᠷᠤᠯᠴᠠᠯᠭ᠎ᠠ ᠶᠡᠭᠡ ᠶᠠᠷᠢᠯᠴᠠᠭᠠᠨ ᠤ ︽ᠳᠣᠯᠣᠭᠠᠨ ᠲᠠᠯ᠎ᠠ︾ ᠶᠢᠨ ᠭᠤᠤᠯ ᠠᠭᠤᠯᠭ᠎ᠠ ᠶᠢᠨ ᠲᠣᠭᠤᠷᠢᠨ ᠳᠤ᠂ ᠰᠠᠨᠠᠭᠠᠴᠢᠯᠠᠭ᠎ᠠ ᠠᠴᠠ ᠪᠠᠨ ᠰᠡᠳᠦᠪ ᠢ ᠬᠦᠯᠢᠶᠡᠨ ᠠᠪᠬᠤ ᠪᠤᠶᠤ ᠥᠪᠡᠷ ᠢᠶᠠᠨ ᠰᠡᠳᠦᠪ ᠰᠣᠩᠭᠤᠨ ᠪᠠᠶᠢᠴᠠᠭᠠᠨ ᠰᠤᠳᠤᠯᠤᠯᠲᠠ ᠦᠷᠨᠢᠬᠦᠯᠵᠦ᠂ ᠡᠯ᠎ᠡ ᠲᠤᠰᠬᠠᠶ ᠰᠡᠳᠦᠪ ᠢ ᠰᠢᠢᠳᠪᠦᠷᠢᠯᠡᠬᠦ ᠪᠣᠳᠣᠯᠭ᠎ᠠ ᠶᠢᠨ ᠳᠣᠬᠠᠢ ᠰᠠᠨᠠᠭᠤᠯᠭ᠎ᠠ ᠶᠢᠨ ᠮᠡᠳᠡᠭᠦᠯᠦᠯᠲᠡ ᠶᠢ ᠲᠤᠰ ᠲᠤᠰ ᠪᠦᠷᠢᠯᠳᠦᠬᠦᠯᠦᠨ᠎ᠡ᠃ ᠦᠷ᠎ᠡ ᠪᠦᠲᠦᠭᠡᠯ ᠤᠨ ᠣᠯᠠᠷᠢᠭᠤᠯᠣᠯᠳᠠ ᠶᠢ ᠠᠬᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠨᠢᠭᠡᠳᠬᠡᠬᠦ ᠶᠢ ᠪᠠᠷᠢᠮᠲᠠᠯᠠᠵᠤ᠂ ᠭᠦᠨᠵᠡᠭᠡᠢ ᠰᠤᠷᠤᠯᠴᠠᠵᠤ᠂ ᠨᠡᠪᠲᠡᠷᠡᠲᠡᠯ᠎ᠡ ᠣᠬᠠᠵᠦ᠂ ᠲᠣᠳᠣᠷᠬᠠᠢ ᠣᠶᠢᠯᠠᠭᠠᠵᠤ᠂ ᠪᠣᠳᠠᠲᠠᠢ ᠬᠢᠵᠦ᠂  ᠬᠡᠯᠪᠡᠷᠢ ᠶᠢᠨ ᠦᠵᠡᠯ ᠢ ᠴᠢᠩᠭ᠎ᠠ ᠴᠡᠭᠡᠷᠯᠡᠵᠦ᠂ ᠦᠢᠯᠡᠳᠦᠯᠭᠡ ᠶᠢᠨ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠰᠤᠷᠤᠯᠴᠠᠨ ᠶᠠᠷᠢᠯᠴᠠᠭᠰᠠᠨ ᠦᠷ᠎ᠡ ᠪᠦᠲᠦᠭᠡᠯ᠂ ᠦᠵᠡᠯ ᠰᠠᠨᠠᠭ᠎ᠠ ᠪᠠᠨ ᠴᠢᠯᠥᠭᠡᠯᠡᠭᠰᠡᠨ ᠦᠷ᠎ᠡ ᠪᠦᠲᠦᠭᠡᠯ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢᠶᠠᠨ ᠠᠯᠠᠱᠨ ᠪᠠᠷᠠᠭᠤᠨ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠰᠡᠳᠬᠢᠴᠡ ᠪᠠ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠪᠠᠷ ᠬᠦᠴᠦᠯᠡᠨ ᠴᠢᠷᠮᠠᠶᠢᠬᠤ ᠬᠡᠷᠡᠭᠳᠡᠢ᠃          (ᠠᠯᠠᠱᠠ ᠶᠢᠨ ᠡᠳᠦᠷ ᠤᠨ ᠰᠣᠨᠢᠨ ᠤ ᠰᠣᠷᠪᠣᠯᠵᠢᠯᠠᠭᠴᠢ ᠶᠢᠨ ᠰᠣᠷᠪᠣᠯᠵᠢᠯᠠᠭ᠎ᠠ ᠶᠢ ᠠᠯᠠᠱᠠ ᠠᠶᠢᠮᠠᠭ  ᠤᠨ ᠵᠠᠬᠢᠷᠭ᠎ᠠ ᠶᠢᠨ ᠠᠯᠪᠠᠨ ᠬᠡᠷ ᠤᠨ ᠣᠷᠴᠢᠭᠤᠯᠭ᠎ᠠ ᠶᠢᠨ ᠰᠠᠯᠠᠭ᠎ᠠ ᠣᠷᠴᠢᠭᠤᠯᠣᠨ ᠨᠠᠶᠢᠷᠠᠭᠤᠯᠪᠠ)
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号