ᠠᠯᠠᠱᠠ ᠠᠶᠢᠮᠠᠭ ᠰᠢᠨ᠎ᠠ ᠴᠠᠭ ᠦᠶ᠎ᠠ ᠶᠢᠨ ᠮᠠᠯᠴᠢᠨ ᠲᠠᠷᠢᠶᠠᠴᠢᠨ ᠤ ᠬᠡᠪ ᠪᠤᠯᠪᠠᠰᠤᠷᠠᠯ‌ᠢ ᠲᠡᠭᠡᠭᠰᠢᠯᠡᠬᠦᠯᠦᠭᠰᠡᠨ ᠦᠷ᠎ᠠ ᠪᠦᠳᠦᠬᠡᠯ ᠢ ᠲᠤᠭᠤᠷᠢᠨ ᠦᠵᠡᠬᠦ ᠠᠵᠢᠯᠯᠠᠭ᠎ᠠ ᠥᠷᠨᠢᠬᠦᠯᠪᠡ
ᠨᠡᠶᠢᠲᠡᠯᠡᠭᠰᠡᠨ ᠴᠠᠭ᠄
2019/6/19
      6 ᠰᠠᠷ᠎ᠠ ᠶᠢᠨ 14 ᠤ ᠡᠳᠦᠷ᠂ ᠪᠦᠬᠦ ᠠᠶᠢᠮᠠᠭ ᠤᠨ ᠰᠢᠨ᠎ᠠ ᠴᠠᠭ ᠦᠶ᠎ᠠ ᠶᠢᠨ ᠮᠠᠯᠴᠢᠨ ᠲᠠᠷᠢᠶᠠᠴᠢᠨ ᠤ ᠬᠡᠪ ᠪᠤᠯᠪᠠᠰᠤᠷᠠᠯ ᠢ ᠲᠡᠭᠡᠭᠰᠢᠯᠡᠬᠦᠯᠦᠭᠰᠡᠨ ᠦᠷ᠎ᠠ ᠪᠦᠳᠦᠬᠡᠯ ᠢ ᠲᠤᠭᠤᠷᠢᠨ ᠦᠵᠡᠬᠦ ᠠᠵᠢᠯᠯᠠᠭ᠎ᠠ ᠠᠯᠠᠱᠠ ᠵᠡᠬᠦᠨ ᠬᠤᠰᠢᠭᠤᠨ ᠤ ᠪᠠᠶᠠᠨᠬᠤᠳᠠ ᠪᠠᠯᠭᠠᠰᠤ ᠶᠢᠨ ᠪᠠᠶᠠᠨᠬᠦ᠋ᠳᠡᠭᠡ ᠭᠠᠴᠠᠭᠠᠨ ᠳᠤ ᠶᠠᠪᠤᠬᠳᠠᠵᠤ᠂ ᠠᠶᠢᠮᠠᠭ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ᠲᠤᠰᠬᠤᠨ ᠤ 150 ᠭᠠᠷᠤᠢ ᠬᠠᠮᠢᠶ᠎ᠠ ᠪᠦᠬᠦᠢ ᠠᠵᠢᠯᠳᠠᠨ ᠲᠤᠭᠤᠷᠢᠨ ᠦᠵᠡᠬᠦ ᠠᠵᠢᠯᠯᠠᠭ᠎ᠠ ᠳᠤ ᠤᠷᠤᠯᠴᠠᠪᠠ᠃ ᠡᠨᠡ ᠨᠢ ᠦᠪᠡᠷᠳᠡᠬᠡᠨ ᠵᠠᠰᠠᠬᠤ ᠤᠷᠤᠨ ᠤ ︽ᠮᠢᠩᠭᠠᠨ ᠲᠤᠰᠬᠤᠨ ᠲᠠᠭᠤᠷᠢᠶᠠᠯ ᠦᠵᠡᠬᠦᠯᠵᠤ ᠲᠦᠮᠠᠨ ᠲᠤᠰᠬᠤᠨ ᠬᠦᠳᠡᠯᠦᠯᠴᠡᠬᠦ︾ ᠪᠠ ︽ᠨᠢᠬᠡ ᠶᠢ ᠰᠤᠷᠴᠤ ᠬᠤᠶᠠᠷ ᠢ ᠪᠦᠳᠦᠬᠡᠨ ᠪᠠᠶᠢᠭᠤᠯᠤᠨ ᠭᠤᠷᠪᠠ ᠶᠢ ᠲᠠᠭᠠᠭᠤᠯᠵᠤ ᠲᠠᠪᠤ ᠶᠢ ᠬᠠᠯᠠᠨ ᠲᠠᠪᠤ ᠶᠢ ᠲᠡᠬᠡᠭᠰᠢᠯᠡᠬᠦᠯᠬᠦ︾ ᠱᠠᠭᠠᠷᠳᠠᠯᠭ᠎ᠠ ᠶᠢ ᠲᠤᠤᠱᠯᠠᠭᠤᠯᠤᠨ᠂ ᠪᠦᠬᠦ ᠠᠶᠢᠮᠠᠭ ᠤᠨ ᠰᠢᠨ᠎ᠠ ᠴᠠᠭ ᠦᠶ᠎ᠠ ᠶᠢᠨ ᠮᠠᠯᠴᠢᠨ ᠲᠠᠷᠢᠶᠠᠴᠢᠨ ᠤ ᠬᠡᠪ ᠪᠤᠯᠪᠠᠰᠤᠷᠠᠯ ᠢ ᠲᠡᠬᠡᠭᠰᠢᠯᠡᠬᠦᠯᠬᠦ ᠠᠵᠢᠯᠯᠠᠭ᠎ᠠ ᠶᠢ ᠨᠠᠷᠢᠯᠢᠭᠵᠢᠭᠤᠯᠤᠨ ᠠᠬᠢᠭᠤᠯᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠪᠠ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠠᠵᠢᠯ ᠳᠤ ᠬᠦᠴᠦᠨ ᠨᠠᠮᠠᠷᠢᠯᠠᠬᠦ ᠶᠢ ᠵᠤᠷᠢᠵᠠᠢ᠃ ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ᠂ ᠤᠬᠠᠭᠤᠯᠬᠤ ᠬᠡᠯᠳᠡᠰ ᠤᠨ ᠲᠠᠷᠤᠭ᠎ᠠ ᠸᠠᠩ ᠯᠢᠶᠠᠩ ᠲᠤᠭᠤᠷᠢᠨ ᠦᠵᠡᠬᠦ ᠠᠵᠢᠯᠯᠠᠭ᠎ᠠ ᠳᠤ ᠤᠷᠤᠯᠴᠠᠪᠠ᠃             ᠪᠠᠶᠠᠨᠬᠦ᠋ᠳᠡᠭᠡ ᠭᠠᠴᠠᠭᠠᠨ ᠤ ᠰᠢᠨ᠎ᠠ ᠴᠠᠭ ᠦᠶ᠎ᠠ ᠶᠢᠨ ᠪᠤᠯᠪᠠᠰᠤᠨ ᠢ ᠦᠢᠯᠡᠳᠦᠯᠬᠡᠵᠢᠬᠦᠯᠬᠦ ᠰᠠᠯᠪᠤᠷᠢ ᠶᠢᠨ ᠲᠤᠮᠤ ᠲᠡᠯᠬᠡᠴᠡ ᠲᠡᠬᠡᠷ᠎ᠠ ᠬᠡᠷ ᠤᠨ ᠰᠤᠷᠳᠠᠯ ᠰᠤᠷᠭᠠᠯ ᠤᠨ ᠬᠠᠮᠢᠶᠠᠲᠠᠢ ᠸᠢᠳᠢᠤ᠋ ᠲᠠᠯᠪᠢᠵᠤ᠂ ᠡᠬᠡᠯ ᠪᠤᠷᠤᠬᠵᠢᠭᠤᠨ ᠬᠡᠯᠡᠯᠬᠡ ᠪᠠᠷ ᠲᠤᠭᠤᠷᠢᠨ ᠦᠵᠡᠭᠰᠡᠳ ᠲᠤ ᠪᠢᠳᠠᠨ ᠤ ᠲᠡᠷᠬᠡᠳᠡᠬᠢ ᠬᠠᠮᠤᠭ ᠭᠤᠶᠤ ᠬᠡᠷ ᠪᠦᠯᠢ ᠶᠢᠨ ᠦᠯᠢᠬᠡᠷ ᠢ ᠬᠠᠷᠠᠭᠤᠯᠪᠠ᠃ ᠠᠶᠢᠮᠠᠭ ᠤᠨ ᠡᠮᠡᠭᠳᠡᠢ ᠤᠷᠠᠨ ᠪᠢᠴᠢᠯᠬᠡᠳᠠᠨ ᠤ ᠨᠡᠶᠢᠬᠡᠮᠯᠢᠭ ᠤᠨ ᠬᠡᠰᠢᠬᠦᠳ ᠠᠬᠤᠢ ᠲᠠᠯᠠᠪᠠᠢ ᠳᠤ ᠭᠠᠴᠠᠭᠠᠨ ᠤ ᠠᠷᠠᠳ ᠲᠤ ᠬᠡᠷ ᠤᠨ ᠰᠤᠷᠳᠠᠯ ᠤᠨ ᠪᠢᠴᠢᠬᠡᠰᠦ ᠪᠢᠴᠢᠵᠤ ᠦᠭᠪᠡ᠃ ᠰᠢᠨ᠎ᠠ ᠴᠠᠭ ᠦᠶ᠎ᠠ ᠶᠢᠨ ᠪᠤᠯᠪᠠᠰᠤᠨ ᠢ ᠦᠢᠯᠡᠳᠦᠯᠬᠡᠵᠢᠬᠦᠯᠤᠨ ᠦᠵᠡᠬᠦᠯᠬᠦ ᠲᠢᠩᠬᠢᠮ᠂ ︽ᠰᠤᠷᠤᠯᠴᠠᠯᠭ᠎ᠠ ᠶᠢᠨ ᠲᠠᠩᠬᠢᠮ︾᠂ ︽ᠨᠢᠬᠡ ᠤᠳᠠᠭ᠎ᠠ ᠪᠤᠯᠵᠤᠵᠤ ᠲᠦᠷᠪᠡᠨ ᠬᠤᠷᠠᠯ ᠬᠤᠷᠠᠯᠳᠤᠭᠤᠯᠬᠤ︾ ᠶᠢ ᠵᠠᠰᠠᠨ ᠲᠡᠬᠦᠯᠳᠡᠷᠵᠢᠬᠦᠯᠦᠭᠰᠡᠨ ᠠᠬᠤᠢ ᠲᠠᠯᠠᠪᠠᠢ ᠳᠤ᠂ ᠦᠵᠡᠯ ᠰᠠᠨᠠᠭ᠎ᠠ᠂ ᠲᠦᠷᠦ ᠶᠢᠨ ᠪᠤᠳᠤᠯᠭ᠎ᠠ᠂ ᠶᠤᠰᠤ ᠰᠤᠷᠳᠠᠬᠤᠨ᠂ ᠰᠤᠶᠤᠯ᠂ ᠰᠢᠨ᠎ᠠ ᠰᠤᠷᠳᠠᠯ ᠢ ᠤᠯᠠᠮᠵᠢᠯᠬᠠᠤ ᠨᠠᠷᠢᠯᠢᠭ ᠲᠠᠶᠢᠯᠦᠮᠵᠢ ᠲᠠᠢ ᠪᠠᠶᠢᠵᠤ᠂ ︽ᠬᠦᠯᠢᠶᠠᠬᠦ ᠲᠦᠰᠢᠬᠦ ᠠᠪᠬᠤ︾ ᠦᠵᠡᠯ ᠪᠤᠳᠤᠯ ᠢ ᠬᠤᠪᠢᠷᠠᠭᠤᠯᠬᠤ᠂      ︽ᠪᠤᠵᠠᠷ ᠰᠠᠮᠠᠭᠤᠨ ᠠᠨᠠᠢ︾ ᠤᠷᠴᠢᠨ ᠢ ᠬᠤᠪᠢᠷᠠᠭᠤᠯᠬᠤ᠂ ᠡᠷᠡᠬᠦᠯ ᠪᠤᠰᠤ ᠲᠠᠳᠬᠠᠯ ᠢ ᠬᠤᠪᠢᠷᠠᠭᠤᠯᠬᠤ ᠵᠡᠷᠭᠡ ᠰᠠᠨᠠᠭᠤᠯᠤᠮᠵᠢ ᠨᠢ ᠬᠦᠮᠦᠰ ᠢ ᠬᠡᠪ ᠪᠤᠯᠪᠠᠰᠤᠷᠠᠯ ᠢᠶᠠᠨ ᠲᠡᠬᠡᠭᠰᠢᠯᠡᠬᠦᠯᠬᠦ ᠶᠢ ᠴᠠᠭ ᠢᠮᠠᠬᠳᠠ ᠰᠠᠨᠠᠭᠤᠯᠤᠨ᠎ᠠ᠃ ᠤᠨᠴᠠᠭᠠᠢᠢᠯᠠᠨ ᠠᠷᠠᠳ ᠠᠴᠠ ᠵᠠᠬᠢᠶᠠᠯᠠᠵᠤ — ᠲᠤᠰᠬᠠᠢ ᠮᠡᠷᠭᠡᠵᠢᠯᠳᠡᠨ ᠵᠠᠬᠢᠶᠠᠯᠠᠭ᠎ᠠ ᠲᠤᠰᠴᠤ — ᠰᠠᠶᠢᠨ ᠲᠤᠷᠠᠴᠤᠳ ᠠᠴᠠ ᠦᠢᠯᠡᠴᠢᠯᠡᠭᠡ ᠬᠦᠷᠬᠡᠨ — ᠤᠯᠠᠨ ᠲᠦᠮᠠᠨ ᠦᠨᠡᠯᠡᠬᠦ ᠲᠤᠤᠷᠵᠢᠬᠰᠠᠨ ᠪᠤᠯᠪᠠᠰᠤᠨ ᠢ ᠦᠢᠯᠡᠳᠦᠯᠬᠡᠵᠢᠬᠦᠯᠬᠦ ᠰᠦᠪᠡᠭᠴᠢᠯᠡᠯᠳᠡ ᠬᠢᠵᠤ᠂ ᠨᠠᠮ ᠤᠨ ᠤᠨᠤᠯ ᠤᠨ ᠰᠢᠨ᠎ᠠ ᠶᠢ ᠡᠬᠦᠳᠬᠦ ᠪᠠ ᠡᠯ᠎ᠠ ᠲᠦᠷᠦᠯ ᠤᠨ ᠰᠠᠶᠢᠨ ᠲᠤᠷ᠎ᠠ ᠶᠢᠨ ᠦᠢᠯᠡᠴᠢᠯᠡᠭᠡ ᠶᠢ ᠠᠷᠠᠳ ᠤᠨ ᠬᠡᠷ ᠲᠤ ᠬᠦᠷᠬᠡᠭᠰᠡᠨ ᠨᠢ ᠲᠤᠭᠤᠷᠢᠨ ᠦᠵᠡᠭᠰᠡᠳ ᠲᠤ ᠬᠦᠨ ᠰᠠᠭᠤᠬᠳᠠᠯ ᠦᠯᠡᠳᠡᠭᠡᠵᠡᠢ᠃ ᠲᠤᠭᠤᠷᠢᠨ ᠦᠵᠡᠭᠰᠡᠳ ᠠᠴᠠ ᠭᠠᠴᠠᠭᠠᠨ ᠤ ᠰᠢᠨ᠎ᠠ ᠴᠠᠭ ᠦᠶ᠎ᠠ ᠶᠢᠨ ᠮᠠᠯᠴᠢᠨ ᠲᠠᠷᠢᠶᠠᠴᠢᠨ ᠤ ᠬᠡᠪ ᠪᠤᠯᠪᠠᠰᠤᠷᠠᠯ ᠢ ᠲᠡᠬᠡᠭᠰᠢᠯᠡᠬᠦᠯᠬᠦ ᠠᠵᠢᠯᠯᠠᠭ᠎ᠠ ᠪᠠ ᠰᠢᠨ᠎ᠠ ᠴᠠᠭ ᠦᠶ᠎ᠠ ᠶᠢᠨ ᠪᠤᠯᠪᠠᠰᠤᠨ ᠢ ᠦᠢᠯᠡᠳᠦᠯᠬᠡᠵᠢᠬᠦᠯᠬᠦ ᠲᠤᠷᠰᠢᠯᠳᠠ ᠶᠢᠨ ᠴᠡᠭ ᠤᠨ ᠠᠵᠢᠯ ᠢ ᠮᠠᠯᠴᠢᠨ ᠲᠠᠷᠢᠶᠠᠴᠢᠨ ᠤ ᠠᠮᠢᠳᠤᠷᠠᠯ ᠳᠤ ᠠᠭᠤᠰᠤᠯᠴᠠᠭᠤᠯᠤᠨ ᠤᠷᠤᠭᠤᠯᠤᠬᠰᠠᠨ ᠬᠢᠳᠡᠯ ᠨᠢ ᠬᠦᠮᠦᠰ ᠲᠤ ᠲᠠᠭᠠᠯᠠᠬᠳᠠᠪᠠ᠃       ᠠᠯᠠᠱᠠ ᠵᠡᠬᠦᠨ ᠬᠤᠰᠢᠭᠤᠨ ᠤ ᠰᠢᠨ᠎ᠠ ᠴᠠᠭ ᠦᠶ᠎ᠠ ᠶᠢᠨ ᠪᠤᠯᠪᠠᠰᠤᠨ ᠢ ᠦᠢᠯᠡᠳᠦᠯᠬᠡᠵᠢᠬᠦᠯᠬᠦ ᠰᠠᠭᠤᠷᠢᠨ ᠭᠠᠵᠠᠷ ᠪᠤᠯᠬᠤ ᠤᠳᠤᠬᠢᠴᠢᠯᠠᠬᠰᠠᠨ ᠲᠠᠷᠢᠶᠠᠯᠠᠩ ᠤᠨ ᠵᠢᠱᠢᠶ᠎ᠠ ᠦᠵᠡᠬᠦᠯᠬᠦ ᠬᠦᠷᠢᠶᠠᠯᠠᠩ ᠳᠤ ᠤᠷᠤᠬᠤ ᠳᠤ᠂ ᠡᠯᠳᠡᠪ ᠵᠦᠢᠯ ᠤᠨ ᠵᠢᠮᠢᠰ ᠤᠨ ᠮᠤᠳᠤ ᠪᠠ ᠬᠤᠸᠠᠷ ᠴᠡᠴᠡᠭ ᠨᠢ ᠬᠦᠮᠦᠰ ᠢ ᠰᠤᠬᠳᠤᠭᠤᠷᠠᠭᠤᠯᠤᠨ᠎ᠠ᠃ ᠠᠯᠠᠱᠠ ᠵᠡᠬᠦᠨ ᠬᠤᠰᠢᠭᠤᠨ ᠤ ᠴᠤᠬᠳᠤᠬᠦ᠋ᠷᠢᠶ᠎ᠠ ᠰᠤᠮᠤᠨ ᠤ ᠤᠬᠠᠭᠤᠯᠬᠤ ᠬᠡᠰᠢᠬᠦᠨ ᠨᠠᠷᠠᠨᠬᠤᠸᠠᠷ᠄ ︽ᠦᠨᠳᠦᠰᠦᠨ ᠱᠠᠳᠤᠨ ᠤ ᠺᠠᠳ᠋ᠷᠴᠤᠳ ᠡᠶᠢᠮᠦᠷᠬᠦ ᠠᠵᠢᠯᠯᠠᠭ᠎ᠠ ᠳᠤ ᠢᠯᠡᠬᠦᠬᠡᠨ ᠤᠷᠤᠯᠴᠠᠵᠤ᠂ ᠢᠯᠡᠬᠦᠦ ᠦᠵᠡᠨ᠂ ᠢᠯᠡᠬᠦᠦ ᠰᠤᠷᠤᠯᠴᠠᠵᠤ᠂ ᠦᠨᠳᠦᠰᠦᠨ ᠱᠠᠳᠤᠨ ᠤ ᠠᠵᠢᠯ ᠢᠶᠠᠨ ᠨᠡᠩ ᠰᠠᠶᠢᠨ ᠬᠢᠬᠦ ᠳᠡᠭᠡᠨ ᠮᠡᠳᠡᠯᠭᠡ ᠬᠦᠷᠦᠩᠬᠡ ᠬᠤᠷᠠᠮᠳᠤᠭᠤᠯᠪᠠᠯ ᠰᠠᠶᠢᠨ︾ ᠬᠡᠵᠤ ᠶᠠᠷᠢᠨ᠎ᠠ᠃             ᠪᠠᠶᠠᠨᠬᠦ᠋ᠳᠡᠭᠡ ᠭᠠᠴᠠᠭ᠎ᠠ ᠪᠤᠯ ᠠᠯᠠᠱᠠ ᠵᠡᠬᠦᠨ ᠬᠤᠰᠢᠭᠤᠨ ᠤ ᠰᠢᠨ᠎ᠠ ᠴᠠᠭ ᠦᠶ᠎ᠠ ᠶᠢᠨ ᠪᠤᠯᠪᠠᠰᠤᠨ ᠢ ᠦᠢᠯᠡᠳᠦᠯᠬᠡᠵᠢᠬᠦᠯᠬᠦ 6 ᠲᠤᠷᠰᠢᠯᠳᠠ ᠶᠢᠨ ᠴᠡᠭ ᠤᠨ ᠨᠢᠬᠡ ᠪᠠᠶᠢᠵᠤ᠂ ᠦᠨᠦ ᠵᠢᠯ ᠤᠨ 3 ᠰᠠᠷ᠎ᠠ ᠳᠤ ᠫᠠᠶᠢᠰᠠ ᠡᠯᠬᠦᠨ ᠪᠠᠶᠢᠭᠤᠯᠤᠬᠳᠠᠪᠠ᠃ ᠲᠤᠷᠰᠢᠯᠳᠠ ᠶᠢᠨ ᠴᠢᠭ ᠤᠨ ᠠᠵᠢᠯ ᠦᠷᠨᠢᠬᠦᠯᠦᠭᠰᠡᠨ ᠠᠴᠠ ᠨᠠᠰᠢ᠂ ᠲᠤᠰ ᠭᠠᠴᠠᠭ᠎ᠠ ᠲᠤᠷᠰᠢᠯᠳᠠ ᠶᠢᠨ ᠴᠡᠭ ᠤᠨ ᠠᠵᠢᠯ ᠢ ᠲᠤᠪᠤᠶᠢᠮ᠎ᠠ ᠪᠠᠶᠢᠷᠢᠨ ᠳᠤ ᠲᠠᠯᠪᠢᠵᠤ᠂ ᠡᠬᠢ ᠪᠠᠶᠠᠯᠢᠭ ᠢᠶᠠᠨ ᠢᠳᠡᠪᠬᠢᠳᠡᠢ ᠨᠡᠶᠢᠳᠬᠡᠨ᠂ ᠤᠯᠠᠨ ᠨᠠᠶᠢᠳᠠ ᠶᠢᠨ ᠦᠢᠯᠡᠴᠢᠯᠡᠬᠡᠨ ᠤ ᠬᠢᠷᠢ ᠲᠦᠪᠰᠢᠨ ᠢᠶᠠᠨ ᠲᠡᠬᠡᠭᠰᠢᠯᠡᠬᠦᠯᠵᠤ᠂ ᠪᠤᠯᠪᠠᠰᠤᠨ ᠢ ᠦᠢᠯᠡᠳᠦᠯᠬᠡᠵᠢᠬᠦᠯᠬᠦ ᠪᠠᠷ ᠳᠠᠮᠵᠢᠭᠤᠯᠣᠨ ᠮᠠᠯᠴᠢᠨ ᠲᠠᠷᠢᠶᠠᠴᠢᠨ ᠤ ᠦᠢᠯᠡᠳᠪᠤᠷᠢᠯᠡᠯ ᠠᠮᠢᠳᠤᠷᠠᠯ ᠢ ᠴᠢᠨᠠᠷ ᠰᠠᠶᠢᠳᠠᠢ ᠵᠠᠮ ᠢᠶᠠᠷ ᠬᠥᠳᠤᠯᠤᠨ᠂ ︽ᠵᠢᠷᠭᠤᠭ᠎ᠠ ᠶᠢ ᠤᠯᠠᠮᠵᠢᠯᠠᠬᠤ︾ ᠱᠠᠭᠠᠷᠳᠠᠯᠭ᠎ᠠ ᠪᠠᠷ᠂ ᠰᠤᠷᠭᠠᠨ ᠬᠦᠮᠦᠵᠢᠯ᠂ ᠰᠤᠶᠤᠯ᠂ ᠰᠢᠨᠵᠢᠯᠡᠭᠡ ᠮᠡᠷᠬᠡᠵᠢᠯ᠂ ᠡᠷᠡᠬᠦᠯ ᠬᠠᠮᠠᠭᠠᠯᠠᠯ᠂ ᠬᠠᠤᠯᠢ ᠲᠦᠷᠢᠮ ᠵᠡᠷᠭᠡ ᠡᠯ᠎ᠠ ᠲᠦᠷᠦᠯ ᠤᠨ ᠰᠠᠶᠢᠨ ᠲᠤᠷ᠎ᠠ ᠶᠢᠨ ᠦᠢᠯᠡᠴᠢᠯᠡᠬᠡᠨ ᠤ ᠡᠩᠨᠡᠭᠡ ᠶᠢ ᠪᠠᠶᠢᠭᠤᠯᠵᠤ᠂ ᠮᠠᠯᠴᠢᠨ ᠲᠠᠷᠢᠶᠠᠴᠢᠨ ᠤ ᠬᠡᠷᠡᠭᠴᠡᠭᠡ ᠱᠠᠭᠠᠷᠳᠠᠯᠭ᠎ᠠ ᠶᠢ ᠬᠠᠨᠭ᠍ᠭᠠᠨ᠂ ᠨᠠᠮ ᠤᠨ ᠤᠨᠤᠯ ᠤᠨ ᠰᠢᠨ᠎ᠠ ᠶᠢ ᠡᠬᠦᠳᠬᠦ ᠪᠠ ᠪᠤᠯᠪᠠᠰᠤᠨ ᠢ ᠦᠢᠯᠡᠳᠦᠯᠬᠡᠵᠢᠬᠦᠯᠬᠦ ᠪᠠᠷ ᠳᠠᠮᠵᠢᠭᠤᠯᠣᠨ ᠬᠦᠳᠡᠭᠡ ᠲᠤᠰᠬᠤᠨ ᠳᠤ ᠨᠤᠳᠤᠬᠰᠢᠬᠤ ᠶᠢ ᠠᠬᠢᠭᠤᠯᠵᠤ᠂ ᠰᠢᠨ᠎ᠠ ᠴᠠᠭ ᠦᠶ᠎ᠠ ᠶᠢᠨ ᠪᠤᠯᠪᠠᠰᠤᠨ ᠢ ᠦᠢᠯᠡᠳᠦᠯᠬᠡᠵᠢᠬᠦᠯᠬᠦ ᠴᠠᠭ ᠦᠶ᠎ᠠ ᠶᠢᠨ ᠦᠷᠳᠡᠭ ᠪᠠ ᠦᠢᠯᠡᠳᠦᠯᠬᠡ ᠶᠢᠨ ᠦᠷᠳᠡᠭ ᠢ ᠬᠦᠢᠴᠡᠳ ᠪᠠᠳᠠᠷᠠᠭᠤᠯᠵᠤ ᠪᠠᠶᠢᠨ᠎ᠠ᠃             ᠲᠤᠭᠤᠷᠢᠨ ᠦᠵᠡᠬᠦ ᠠᠬᠤᠢ ᠲᠠᠯᠠᠪᠠᠢ ᠳᠤ᠂ ︽ᠭᠤᠤᠯᠯᠠᠬᠴᠢ ᠦᠷᠳᠡᠭ ᠤᠨ ᠦᠵᠡᠯᠳᠡ︾ ᠬᠡᠬᠦ ᠠᠶ᠎ᠠ ᠲᠡᠬᠡᠷ᠎ᠠ ᠠᠭᠤᠳᠠᠮ ᠲᠠᠯᠠᠪᠠᠢ ᠶᠢᠨ ᠪᠦᠵᠢᠭ ᠪᠦᠵᠢᠭᠯᠡᠵᠤ ᠬᠦᠮᠦᠰ ᠤᠨ ᠠᠩᠬᠠᠷᠤᠯ ᠢ ᠳᠠᠳᠠᠪᠠ᠃ ᠡᠨᠡ ᠪᠤᠯ ᠪᠦᠷ ᠮᠠᠯᠴᠢᠨ ᠲᠠᠷᠢᠶᠠᠴᠢᠨ ᠦᠪᠡᠷ ᠢᠶᠠᠨ ᠵᠤᠬᠢᠶᠠᠵᠤ ᠪᠦᠵᠢᠭᠯᠡᠵᠤ ᠪᠠᠶᠢᠭ᠎ᠠ ᠲᠤᠬᠯᠠᠯᠳᠠ ᠪᠤᠯᠤᠨ᠎ᠠ᠃ ᠤᠳᠤᠬᠠᠨ ᠤ ᠠᠭᠤᠳᠠᠮ ᠲᠠᠯᠠᠪᠠᠢ ᠶᠢᠨ ᠪᠦᠵᠢᠭ ᠨᠢ ᠵᠦᠪᠬᠡᠨ ᠢᠳᠡᠷ ᠨᠠᠰᠤᠳᠠᠶᠢᠴᠤᠳ ᠤᠨ ᠪᠦᠵᠢᠭᠯᠡᠳᠡᠭ ᠪᠦᠵᠢᠭ ᠪᠢᠰᠢ ᠪᠤᠯᠵᠤ᠂ ᠵᠠᠯᠠᠭᠤᠴᠤᠳ ᠴᠤ ᠤᠷᠤᠯᠴᠠᠬᠤ ᠪᠤᠯᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠠᠭᠤᠳᠠᠮ ᠲᠠᠯᠠᠪᠠᠢ ᠶᠢᠨ ᠪᠦᠵᠢᠭ ᠤᠨ ᠠᠩᠬᠢ ᠳᠤ ᠰᠢᠨ᠎ᠠ ᠠᠮᠢᠵᠢᠷᠠᠯ ᠤᠨ ᠬᠦᠴᠦᠨ ᠨᠠᠮᠠᠷᠢᠯᠠᠪᠠ᠃ ᠠᠵᠢᠯᠯᠠᠭ᠎ᠠ ᠨᠢ ᠪᠠᠰᠠ ᠪᠠᠶᠠᠨᠬᠤᠳᠠ ᠪᠠᠯᠭᠠᠰᠤᠨ ᠤ ᠰᠢᠨ᠎ᠠ ᠪᠠᠷ ᠰᠤᠩᠭᠤᠨ ᠦᠨᠡᠯᠡᠭᠰᠡᠨ ︽ᠠᠷᠪᠠᠨ ᠤᠳᠤᠨ ᠲᠠᠰ ᠤᠨ ᠪᠤᠯᠪᠠᠰᠤᠨ ᠡᠷᠦᠬᠡ︾ ᠳᠤ ᠫᠠᠶᠢᠰᠠ ᠤᠯᠭᠤᠨ ᠱᠠᠩᠨᠠᠵᠤ᠂ ᠨᠤᠳᠤᠭ ᠤᠨ ᠪᠤᠯᠪᠠᠰᠤᠨ ᠵᠠᠩᠰᠢᠯ᠂ ᠬᠡᠷ ᠤᠨ ᠪᠤᠯᠪᠠᠰᠤᠨ ᠰᠤᠷᠳᠠᠯ᠂ ᠠᠷᠠᠳ ᠤᠨ ᠪᠤᠷᠤᠬᠵᠢᠭᠤᠨ ᠠᠭᠠᠯᠢ ᠶᠢ ᠲᠠᠰᠤᠷᠠᠯᠳᠠ ᠦᠬᠡᠢ ᠬᠦᠭᠵᠢᠬᠡᠵᠤ ᠪᠠᠶᠢᠨ᠎ᠠ᠃             ︽ᠰᠢᠨ᠎ᠠ ᠴᠠᠭ ᠦᠶ᠎ᠠ ᠶᠢᠨ ᠮᠠᠯᠴᠢᠨ ᠲᠠᠷᠢᠶᠠᠴᠢᠨ ᠤ ᠬᠡᠪ ᠪᠤᠯᠪᠠᠰᠤᠷᠠᠯ ᠢ ᠲᠡᠬᠡᠭᠰᠢᠯᠡᠬᠦᠯᠬᠦ ᠪᠠ ᠰᠢᠨ᠎ᠠ ᠴᠠᠭ ᠦᠶ᠎ᠠ ᠶᠢᠨ ᠪᠤᠯᠪᠠᠰᠤᠨ ᠢ ᠦᠢᠯᠡᠳᠦᠯᠬᠡᠵᠢᠬᠦᠯᠬᠦ ᠲᠤᠷᠰᠢᠯᠳᠠ ᠶᠢᠨ ᠴᠡᠭ ᠤᠨ ᠠᠵᠢᠯ ᠪᠤᠯ ᠦᠨᠦ ᠵᠢᠯ ᠤᠨ ᠬᠦᠳᠡᠭᠡ ᠲᠤᠰᠬᠤᠨ ᠮᠠᠯᠵᠢᠬᠤ ᠤᠷᠤᠨ ᠤ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠬᠤᠶᠠᠷ ᠴᠢᠬᠤᠯᠠ ᠡᠬᠦᠷᠬᠡ ᠪᠤᠯᠤᠨ᠎ᠠ᠃ ᠪᠢᠳᠠ ᠲᠤᠰ ᠤᠳᠠᠭᠠᠨ ᠤ ᠲᠤᠭᠤᠷᠢᠨ ᠦᠵᠡᠬᠦ ᠠᠵᠢᠯᠯᠠᠭ᠎ᠠ ᠶᠢ ᠶᠠᠪᠤᠬᠳᠠᠭᠤᠯᠤᠬᠰᠠᠨ ᠨᠢ ᠲᠠᠷᠤᠢ ᠡᠯ᠎ᠠ ᠬᠤᠰᠢᠭᠤ ᠤᠷᠤᠨ ᠤ ᠬᠠᠮᠢᠶ᠎ᠠ ᠪᠦᠬᠦᠢ ᠠᠵᠢᠯᠳᠠᠨ ᠢ ᠲᠤᠬᠠᠢ ᠶᠢᠨ ᠭᠠᠵᠠᠷ ᠲᠤ ᠲᠤᠭᠤᠷᠢᠨ ᠥᠵᠡᠬᠦᠯᠬᠦ ᠪᠠᠷ ᠲᠠᠮᠵᠢᠨ᠂ ᠡᠨᠡᠬᠦ ᠬᠤᠶᠠᠷ ᠠᠵᠢᠯ ᠤᠨ ᠴᠢᠬᠤᠯᠠ ᠴᠢᠨᠠᠷ ᠢ ᠬᠦᠢᠴᠡᠳ ᠲᠠᠨᠢᠭᠤᠯᠵᠤ᠂ ᠮᠠᠯᠴᠢᠨ ᠲᠠᠷᠢᠶᠠᠴᠢᠨ ᠤ ᠬᠡᠪ ᠪᠤᠯᠪᠠᠰᠤᠷᠠᠯ ᠢ ᠲᠡᠬᠡᠭᠰᠢᠯᠡᠬᠦᠯᠬᠦ ᠪᠠ ︿ᠵᠢᠷᠭᠤᠭ᠎ᠠ ᠶᠢ ᠤᠯᠠᠮᠵᠢᠯᠠᠬᠤ﹀ ᠠᠵᠢᠯ ᠢ ᠤᠯᠠᠮ ᠪᠤᠳᠠᠳᠡᠶᠢᠵᠢᠭᠤᠯᠬᠤ ᠶᠢᠨ ᠲᠦᠯᠦᠬᠡ ᠶᠤᠮ︾ ᠬᠡᠵᠤ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠰᠤᠷᠪᠤᠯᠵᠢᠯᠠᠬᠴᠢ ᠳᠤ ᠶᠠᠷᠢᠨ᠎ᠠ᠃             ᠤᠢᠢᠯᠠᠭᠠᠬᠰᠠᠨ ᠢᠶᠠᠷ᠂ ᠲᠤᠰ ᠤᠳᠠᠭᠠᠨ ᠤ ᠲᠤᠭᠤᠷᠢᠨ ᠦᠵᠡᠬᠦ ᠠᠵᠢᠯᠯᠠᠭ᠎ᠠ ᠪᠤᠯ ᠮᠠᠯᠴᠢᠨ ᠲᠠᠷᠢᠶᠠᠴᠢᠨ ᠤ ᠬᠡᠪ ᠪᠤᠯᠪᠠᠰᠤᠷᠠᠯ ᠲᠡᠬᠡᠭᠰᠢᠯᠡᠭᠰᠡᠨ ᠢ ᠲᠤᠬᠠᠢ ᠶᠢᠨ ᠲᠠᠯᠠᠪᠠᠢ ᠳᠤ ᠬᠠᠷᠠᠭᠤᠯᠤᠬᠰᠠᠨ ᠠᠶᠢᠮᠠᠭ ᠤᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠨᠠᠮ ᠤᠨ ᠬᠡᠰᠢᠬᠦᠨ ᠤ ᠰᠠᠶᠢᠨ ᠲᠤᠷ᠎ᠠ ᠶᠢᠨ ᠦᠢᠯᠡᠴᠢᠯᠡᠭᠡ ᠪᠤᠯᠬᠤ ᠮᠦᠷᠳᠡᠬᠡᠨ ᠨᠢᠬᠡ ᠤᠳᠠᠭᠠᠨ ᠤ ᠠᠬᠤᠢ ᠲᠠᠯᠠᠪᠠᠢ ᠶᠢᠨ ᠰᠤᠷᠤᠯᠴᠠᠯᠭ᠎ᠠ ᠶᠢᠨ ᠠᠵᠢᠯᠯᠠᠭ᠎ᠠ ᠪᠤᠯᠤᠨ᠎ᠠ᠂ ᠪᠦᠬᠦ ᠠᠶᠢᠮᠠᠭ ᠤᠨ ᠰᠢᠨ᠎ᠠ ᠴᠠᠭ ᠦᠶ᠎ᠠ ᠶᠢᠨ ᠮᠠᠯᠴᠢᠨ ᠲᠠᠷᠢᠶᠠᠴᠢᠨ ᠤ ᠬᠡᠪ ᠪᠤᠯᠪᠠᠰᠤᠷᠠᠯ ᠢ ᠲᠡᠬᠡᠭᠰᠢᠯᠡᠬᠦᠯᠬᠦ ︽ᠮᠢᠩᠭᠠᠨ ᠲᠤᠰᠬᠤᠨ ᠲᠠᠭᠤᠷᠢᠶᠠᠯ ᠦᠵᠡᠬᠦᠯᠵᠤ ᠲᠦᠮᠠᠨ ᠲᠤᠰᠬᠤᠨ ᠬᠦᠳᠡᠯᠦᠯᠴᠡᠬᠦ︾ ᠶᠢᠨ ᠴᠢᠬᠤᠯᠠ ᠠᠷᠭ᠎ᠠ ᠪᠤᠯᠤᠨ᠎ᠠ᠃ ᠠᠵᠢᠯᠯᠠᠭᠠᠨ ᠤ ᠠᠬᠤᠢ ᠲᠠᠯᠠᠪᠠᠢ ᠳᠤ ᠪᠠᠰᠠ ︽ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ︾ ᠲᠤᠰᠬᠠᠢ ᠲᠠᠮᠠᠴᠠᠯ ᠤᠨ ᠲᠤᠬᠠᠢ ᠤᠬᠠᠭᠤᠯᠭ᠎ᠠ᠂ ᠰᠤᠶᠤᠯ ᠤᠷᠠᠯᠢᠭ ᠢ ᠬᠦᠳᠡᠭᠡ ᠬᠦᠷᠬᠡᠬᠦ᠂ ᠡᠮᠴᠢᠯᠡᠬᠡᠨ ᠤ ᠰᠠᠶᠢᠨ ᠲᠤᠷ᠎ᠠ ᠶᠢᠨ ᠦᠢᠯᠡᠴᠢᠯᠡᠬᠡᠨ ᠤ ᠠᠩᠬᠢ ᠠᠬᠤᠢ ᠲᠠᠯᠠᠪᠠᠢ ᠳᠤ ᠠᠯᠪᠠᠨ ᠵᠢᠷᠤᠮ ᠤᠨ ᠡᠮᠴᠢᠯᠡᠭᠡ ᠬᠢᠬᠦ᠂ ᠰᠢᠨᠵᠢᠯᠡᠭᠡ ᠮᠡᠷᠭᠡᠵᠢᠯ ᠤᠨ ᠲᠦᠬᠡᠮᠡᠯᠵᠢᠬᠦᠯᠦᠯᠳᠡ ᠶᠢᠨ ᠰᠠᠶᠢᠨ ᠲᠤᠷᠠᠴᠤᠳ ᠤᠨ ᠠᠩᠬᠢ ᠭᠠᠴᠠᠭᠠᠨ ᠳᠤ ᠤᠷᠤᠬᠤ ᠵᠡᠷᠭᠡ ᠠᠵᠢᠯᠯᠠᠭ᠎ᠠ ᠦᠷᠨᠢᠬᠦᠯᠪᠠ᠃  
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号