ᠬᠠᠨ ᠲᠡᠭᠷᠢ ᠠᠯᠠᠱᠠ ᠲᠡᠯᠡᠬᠡᠢ ᠳ᠋ᠡᠬᠢᠨ ᠳᠤ ᠤᠷᠢᠯᠭ᠎ᠠ ᠠᠶᠢᠯᠠᠳᠬᠠᠨ᠎ᠠ
ᠨᠡᠶᠢᠲᠡᠯᠡᠭᠰᠡᠨ ᠴᠠᠭ᠄
2019/6/20
       — ᠪᠡᠬᠡᠵᠢᠩ ᠤᠨ ᠲᠡᠯᠡᠬᠡᠢ ᠶᠢᠨ ᠴᠡᠴᠡᠷᠯᠢᠭ ᠤᠨ ᠦᠵᠡᠰᠬᠦᠯᠡᠩ ᠤᠨ ᠴᠤᠬᠯᠠᠭᠠᠨ ᠤ ︽ᠠᠯᠠᠱᠠ ᠠᠶᠢᠮᠠᠭ  ᠵᠢᠴᠢ ᠡᠵᠡᠨ᠎ᠠ ᠬᠤᠰᠢᠭᠤᠨ ᠤ ᠭᠤᠤᠯ ᠰᠡᠳᠤᠪᠳᠤ ᠡᠳᠦᠷ︾ ᠤᠨ ᠠᠵᠢᠯᠯᠠᠭᠠᠨ ᠤ ᠲᠠᠳᠠᠯᠠᠭ᠎ᠠ             6 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠠ ᠶᠢᠨ 10 ᠴᠠᠭ ᠲᠤ᠂ ︽ᠠᠯᠠᠱᠠ ᠠᠶᠢᠮᠠᠭ ᠵᠢᠴᠢ ᠡᠵᠡᠨ᠎ᠠ ᠬᠤᠰᠢᠭᠤᠨ ᠤ ᠭᠤᠤᠯ ᠰᠡᠳᠤᠪᠳᠤ ᠡᠳᠦᠷ︾ ᠲᠡᠯᠡᠬᠡᠢ ᠶᠢᠨ ᠴᠡᠴᠡᠷᠯᠢᠭ ᠤᠨ ᠦᠵᠡᠰᠬᠦᠯᠡᠩ ᠤᠨ ︽ᠲᠤᠮᠳᠠᠳᠤ ᠤᠯᠤᠰ ᠤᠨ ᠴᠡᠴᠡᠷᠯᠢᠭ ᠤᠨ ᠦᠵᠡᠬᠦᠯᠦᠯᠬᠡ ᠶᠢᠨ ᠲᠤᠭᠤᠷᠢᠭ︾ ᠤᠨ ᠦᠪᠦᠷ ᠮᠤᠩᠭᠤᠯ ᠤᠨ ᠦᠵᠡᠬᠦᠯᠦᠯᠬᠡ ᠶᠢᠨ ᠬᠡᠰᠡᠭ ᠲᠤ ᠶᠠᠪᠤᠬᠳᠠᠪᠠ᠃ ᠦᠨᠳᠦᠰᠦᠳᠡᠨ ᠤ ᠤᠨᠴᠠᠯᠢᠬ ᠲᠠᠢ ᠲᠤᠷᠭᠤᠳ ᠠᠷᠠᠳ ᠤᠨ ᠲᠠᠭᠤᠤ᠂ ᠮᠤᠩᠭᠤᠯ ᠪᠦᠵᠢᠭ᠂ ᠨᠤᠳᠤᠭ ᠤᠨ ᠤᠨᠴᠠ ᠭᠠᠷᠤᠯᠳᠠ᠂ ᠭᠠᠷ ᠤᠷᠠᠯᠠᠯ ᠤᠨ ᠪᠦᠳᠦᠬᠡᠯ ᠵᠢᠴᠢ ᠠᠯᠠᠱᠠ ᠶᠢᠨ ᠤᠷᠤᠨ ᠨᠤᠳᠤᠭ ᠤᠨ ᠬᠡᠷᠡᠯ ᠵᠢᠷᠤᠭ ᠤᠨ ᠪᠦᠳᠦᠬᠡᠯ ᠢᠶᠠᠷ ᠢᠶᠠᠨ ᠲᠤᠭᠤᠷᠢᠨ ᠦᠵᠡᠭᠰᠡᠳ ᠲᠤ ︽ᠬᠠᠨ ᠲᠡᠭᠷᠢ ᠠᠯᠠᠱᠠ︾ ᠶᠢᠨ ᠷᠢᠳᠢ ᠰᠢᠳᠢ ᠶᠢ ᠬᠠᠷᠠᠭᠤᠯᠤᠯ᠎ᠠ᠃           6 ᠰᠠᠷ᠎ᠠ ᠶᠢᠨ 12 — 13 ᠤ ᠡᠳᠦᠷ ᠶᠠᠪᠤᠬᠳᠠᠬᠰᠠᠨ ︽ᠠᠯᠠᠱᠠ ᠠᠶᠢᠮᠠᠭ ᠵᠢᠴᠢ ᠡᠵᠡᠨ᠎ᠠ ᠬᠤᠰᠢᠭᠤᠨ ᠤ ᠭᠤᠤᠯ ᠰᠡᠳᠤᠪᠳᠤ ᠡᠳᠦᠷ︾ ᠨᠢ ᠨᠡᠩ ᠪᠠᠭᠳᠠᠭᠠᠮᠵᠢᠳᠡᠢ᠂ ᠨᠡᠩ ᠨᠡᠬᠡᠬᠡᠯᠳᠡ ᠲᠠᠢ ᠤᠪᠤᠷ ᠢᠶᠠᠷ ᠬᠦᠮᠦᠰ ᠲᠤ ᠠᠯᠠᠱᠠ ᠬᠡᠷᠬᠢᠨ ᠡᠯᠡᠰᠦ ᠶᠢ ᠲᠠᠨᠢᠵᠤ᠂ ᠡᠯᠡᠰᠦ ᠶᠢ ᠰᠡᠷᠬᠡᠶᠢᠯᠡᠨ᠂ ᠡᠯᠡᠰᠦ ᠶᠢ ᠵᠠᠰᠠᠵᠤ ᠪᠤᠬᠢᠷᠳᠦᠯ ᠦᠬᠡᠢ ᠬᠦᠭᠵᠢᠯᠳᠡ᠂ ᠪᠤᠬᠢᠷᠳᠦᠯ ᠦᠬᠡᠢ ᠠᠮᠢᠳᠤᠷᠠᠯ ᠤᠨ ᠵᠠᠮ ᠢᠶᠠᠷ ᠵᠠᠮᠨᠠᠬᠰᠠᠨ ᠬᠡᠰᠡᠨ ᠢ ᠮᠡᠳᠡᠬᠦᠯᠪᠠ᠃ ︽ᠠᠯᠠᠱᠠ ᠬᠡᠭᠰᠡᠬᠡᠷ ᠡᠵᠡᠬᠦᠢ ᠡᠯᠡᠰᠦ ᠮᠠᠩᠬ᠎ᠠ ᠡᠯᠡᠰᠦᠨ ᠰᠢᠭᠤᠷᠭ᠎ᠠ ᠪᠤᠳᠤᠬᠳᠠᠳᠠᠭ ᠪᠠᠶᠢᠬᠰᠠᠨ᠂ ᠦᠨᠦᠳᠦᠷ ᠠᠯᠠᠱᠠ ᠠᠶᠢᠮᠠᠭ ᠵᠢᠴᠢ ᠡᠵᠡᠨ᠎ᠠ ᠬᠤᠰᠢᠭᠤᠨ ᠤ ᠤᠬᠠᠭᠤᠯᠭ᠎ᠠ ᠶᠢᠨ ᠹᠢᠯᠢᠮ ᠢ ᠦᠵᠡᠬᠡᠳ ᠠᠯᠠᠱᠠ ᠳᠤ ᠰᠢᠨ᠎ᠠ ᠲᠠᠨᠢᠯᠳᠠ ᠲᠠᠢ ᠪᠤᠯᠵᠠᠢ᠂ ᠦᠨᠦ ᠵᠢᠯ ᠤᠨ ᠠᠷᠪᠠᠨ ᠰᠠᠷ᠎ᠠ ᠶᠢᠨ ᠠᠮᠠᠷᠠᠯᠳᠠ ᠪᠠᠷ ᠠᠯᠠᠱᠠ ᠳᠤ ᠵᠤᠭᠠᠴᠠᠨ ᠬᠦᠷᠦᠨ᠎ᠠ︾ ᠬᠡᠵᠤ ᠪᠡᠬᠡᠵᠢᠩ ᠤᠨ ᠵᠢᠭᠤᠯᠴᠢᠯᠠᠬᠴᠢ ᠶᠤᠸᠠᠨ ᠯᠢᠩ ᠰᠤᠷᠪᠤᠯᠵᠢᠯᠠᠬᠴᠢ ᠳᠤ ᠶᠠᠷᠢᠨ᠎ᠠ᠃       ᠬᠠᠨᠭ᠍ᠵᠸᠤ ᠶᠢᠨ ᠵᠢᠭᠤᠯᠴᠢᠯᠠᠬᠴᠢ ᠴᠢ ᠯᠸᠢ᠄ ︽ᠪᠢ ᠠᠩᠬ᠎ᠠ ᠤᠳᠠᠭ᠎ᠠ ᠬᠦᠬᠡᠮᠡᠢ ᠰᠤᠨᠤᠰᠴᠤ ᠪᠠᠶᠢᠨ᠎ᠠ᠂ ᠪᠠᠰᠠ ᠡᠯᠡᠰᠦᠨ ᠤ ᠠᠵᠤ ᠦᠢᠯᠡᠰ ᠤᠨ ᠪᠦᠳᠦᠬᠡᠭᠳᠡᠬᠦᠨ ᠪᠠ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ ᠨᠢ ᠨᠠᠳᠠᠳᠤ ᠰᠤᠨᠢᠨ ᠰᠡᠪᠡᠬᠦᠨ ᠲᠦᠷᠦᠭᠳᠡᠯ ᠦᠭᠬᠦᠭᠰᠡᠨ᠂ ᠡᠬᠦᠨ ᠢ ᠦᠵᠡᠬᠡᠳ ᠪᠢ ᠠᠯᠠᠱᠠ ᠳᠤ ᠬᠦᠷᠴᠤ᠂ ᠡᠯᠡᠰᠦ ᠮᠠᠩᠬ᠎ᠠ᠂ ᠲᠤᠤᠷᠠᠢ ᠶᠢᠨ ᠤᠢ ᠶᠢᠨ ᠭᠤᠶᠤ ᠦᠵᠡᠮᠵᠢ ᠶᠢ ᠰᠤᠨᠢᠷᠬᠠᠨ᠂ ᠮᠠᠩᠬᠠᠨ ᠨᠤᠳᠤᠭ ᠤᠨ ᠵᠠᠩ ᠠᠭᠠᠯᠢ ᠶᠢ ᠪᠠᠶᠠᠳᠠᠨ ᠤᠢᠢᠯᠠᠭᠠᠶ᠎ᠠ ᠬᠡᠵᠤ ᠶᠡᠬᠡᠳᠡ ᠰᠠᠨᠠᠵᠤ ᠪᠠᠶᠢᠨ᠎ᠠ︾ ᠬᠡᠵᠤ ᠬᠡᠯᠡᠨ᠎ᠠ᠃           ︽ᠠᠯᠠᠱᠠ ᠠᠶᠢᠮᠠᠭ ᠵᠢᠴᠢ ᠡᠵᠡᠨ᠎ᠠ ᠬᠤᠰᠢᠭᠤᠨ ᠤ ᠭᠤᠤᠯ ᠰᠡᠳᠤᠪᠳᠤ ᠡᠳᠦᠷ︾ ᠤᠨ ᠬᠤᠭᠤᠴᠠᠭᠠᠨ ᠳᠤ ᠶᠠᠪᠤᠬᠳᠠᠬᠰᠠᠨ ᠤᠯᠠᠭᠠᠨᠮᠦ᠋ᠴᠢᠷ ᠤᠨ ᠲᠤᠬᠯᠠᠯᠳᠠ᠂ ᠰᠤᠶᠤᠯ ᠵᠢᠭᠤᠯᠴᠢᠯᠠᠯ ᠤᠨ ᠲᠠᠨᠢᠯᠴᠠᠭᠤᠯᠭ᠎ᠠ᠂ ᠪᠦᠳᠦᠬᠡᠭᠳᠡᠬᠦᠨ ᠤ ᠲᠠᠯᠬᠡᠨ ᠦᠵᠡᠬᠦᠯᠦᠯᠬᠡ ᠵᠡᠷᠭᠡ ᠨᠢ ᠠᠯᠠᠱᠠ ᠶᠢᠨ ᠨᠡᠶᠢᠬᠡᠮ ᠰᠤᠶᠤᠯ ᠢ ᠬᠦᠢᠴᠡᠳ ᠬᠠᠷᠠᠭᠤᠯᠵᠤ᠂ ᠤᠶᠠᠩᠭᠠᠳᠤ ᠲᠠᠭᠤᠤ᠂ ᠪᠤᠷᠤᠬᠵᠢᠭᠤᠨ ᠠᠭᠠᠯᠢ ᠨᠢ ᠬᠦᠮᠦᠨ ᠪᠠᠶᠢᠭᠠᠯᠢ ᠶᠢᠨ ᠡᠶ᠎ᠡ ᠵᠤᠬᠢᠴᠠᠯ ᠢ ᠢᠯᠡᠷᠡᠬᠦᠯᠦᠨ᠂ ᠤᠯᠤᠰ ᠤᠨ ᠲᠤᠳᠤᠭᠠᠳᠤ ᠭᠠᠳᠠᠭᠠᠳᠤ ᠶᠢᠨ ᠵᠤᠭᠠᠴᠠᠬᠰᠠᠳ ᠤᠨ ᠰᠠᠶᠢᠨ ᠦᠨᠠᠯᠠᠯᠳᠠ ᠶᠢ ᠤᠯᠵᠠᠢ᠃ ︽ᠪᠢᠳᠠ ᠲᠤᠰ ᠤᠳᠠᠭᠠᠨ ᠤ ᠠᠵᠢᠯᠯᠠᠭ᠎ᠠ ᠪᠠᠷ ᠲᠠᠮᠵᠢᠨ᠂ ᠨᠤᠳᠤᠭ ᠤᠨ ᠢᠶᠠᠨ ᠪᠦᠳᠦᠬᠡᠭᠳᠡᠬᠦᠨ ᠢ ᠲᠡᠯᠡᠬᠡᠢ ᠶᠢᠨ ᠡᠯ᠎ᠠ ᠤᠯᠤᠰ ᠤᠨ ᠨᠠᠶᠢᠵᠠ ᠨᠦᠬᠦᠳ ᠲᠤ ᠲᠠᠨᠢᠯᠴᠠᠭᠤᠯᠵᠤ᠂ ᠠᠯᠠᠱᠠ ᠶᠢᠨ ᠰᠤᠶᠤᠯ ᠪᠠ ᠪᠦᠳᠦᠭᠡᠭᠳᠡᠬᠦᠨ ᠤ ︿ᠭᠠᠷᠴᠤ ᠶᠠᠪᠤᠬᠤ﹀ ᠶᠢ ᠪᠡᠶᠡᠯᠡᠬᠦᠯᠵᠠᠢ᠂ ᠨᠡᠩ ᠤᠯᠠᠨ ᠬᠦᠮᠦᠰ ᠠᠯᠠᠱᠠ ᠶᠢ ᠤᠢᠢᠯᠠᠭᠠᠨ᠂ ᠠᠯᠠᠱᠠ ᠶᠢ ᠬᠠᠶᠢᠷᠠᠯᠠᠬᠤ ᠶᠢ ᠬᠦᠰᠡᠵᠤ ᠪᠠᠶᠢᠨ᠎ᠠ︾ ᠬᠡᠵᠤ ᠦᠵᠡᠬᠦᠯᠦᠯᠬᠡ ᠳᠤ ᠤᠷᠤᠯᠴᠠᠬᠰᠠᠨ ᠠᠵᠤ ᠠᠬᠤᠢᠢᠯᠠᠯ ᠤᠨ ᠬᠠᠷᠢᠭᠤᠴᠠᠯᠭᠠᠳᠠᠨ ᠪᠠᠶᠠᠷᠴᠡᠴᠡᠭ ᠬᠡᠯᠡᠨ᠎ᠠ᠃           ︽ᠦᠪᠦᠷ ᠮᠤᠩᠭᠤᠯ ᠤᠨ ᠡᠯ᠎ᠠ ᠭᠠᠵᠠᠷ ᠤᠷᠤᠨ ᠤ ᠲᠠᠨᠢᠯᠴᠠᠭᠤᠯᠭ᠎ᠠ ᠶᠢᠨ ᠠᠵᠢᠯᠯᠠᠭ᠎ᠠ ᠨᠢ ᠪᠢᠳᠠᠨ ᠤ ᠲᠡᠯᠡᠬᠡᠢ ᠶᠢᠨ ᠴᠡᠴᠡᠷᠯᠢᠭ ᠤᠨ ᠦᠵᠡᠰᠬᠦᠯᠡᠩ ᠤᠨ ᠠᠭᠤᠯᠭ᠎ᠠ ᠶᠢ ᠪᠠᠶᠠᠯᠢᠬᠵᠢᠭᠤᠯᠵᠠᠢ᠂ ︿ᠠᠯᠠᠱᠠ ᠠᠶᠢᠮᠠᠭ ᠵᠢᠴᠢ ᠡᠵᠡᠨ᠎ᠠ ᠬᠤᠰᠢᠭᠤᠨ ᠤ ᠭᠤᠤᠯ ᠰᠡᠳᠤᠪᠳᠤ ᠡᠳᠦᠷ﹀ ᠤᠨ ᠠᠵᠢᠯᠯᠠᠭ᠎ᠠ ᠨᠢ ᠵᠢᠭᠤᠯᠴᠢᠯᠠᠬᠴᠢ ᠳᠤ ᠰᠠᠨᠠᠭᠠᠨ ᠠᠴᠠ ᠭᠠᠳᠠᠭᠤᠷᠬᠢ ᠤᠯᠤᠯᠳᠠ ᠤᠯᠭᠤᠬᠤ ᠮᠠᠭᠠᠳ︾ ᠬᠡᠵᠤ ᠪᠡᠬᠡᠵᠢᠩ ᠤᠨ ᠲᠡᠯᠡᠬᠡᠢ ᠶᠢᠨ ᠴᠡᠴᠡᠷᠯᠢᠭ ᠤᠨ ᠦᠵᠡᠰᠬᠦᠯᠡᠩ ᠤᠨ ᠲᠤᠪᠴᠢᠶ᠎ᠠ ᠶᠢᠨ ᠲᠠᠳ᠋ ᠲᠠᠷᠤᠭ᠎ᠠ ᠸᠠᠩ ᠴᠦᠨ ᠴᠸᠡᠭ ᠶᠠᠷᠢᠨ᠎ᠠ᠃           ︽ᠤᠢᠢᠷ᠎ᠠ ᠶᠢᠨ ᠵᠢᠯ᠂ ᠠᠯᠠᠱᠠ ᠶᠢᠨ ᠪᠤᠬᠢᠷᠳᠦᠯ ᠦᠬᠡᠢ ᠬᠦᠭᠵᠢᠯᠳᠡ ᠨᠢ ᠨᠡᠶᠢᠬᠡᠮ ᠤᠨ ᠡᠯ᠎ᠠ ᠡᠳᠡᠬᠡᠳ ᠤᠨ ᠬᠦᠴᠦᠳᠡᠢ ᠲᠠᠮᠵᠢᠯᠬᠡ ᠶᠢ ᠤᠯᠵᠠᠢ᠂ ᠵᠠᠭᠤ ᠰᠢᠬᠠᠮ ᠨᠠᠷᠠᠳᠤ ᠠᠵᠤ ᠠᠬᠤᠢᠢᠯᠠᠯᠳᠠᠨ ᠲᠡᠭᠷᠢ ᠡᠯᠡᠰᠦ ᠶᠢᠨ ᠬᠠᠯᠳᠠᠷ ᠨᠠᠭᠤᠷ ᠤᠨ ᠬᠦᠪᠡᠬᠡᠨ ᠳᠤ ᠠᠯᠠᠱᠠ ᠶᠢᠨ SEE ᠠᠮᠢ ᠠᠬᠤᠢ ᠶᠢᠨ ᠨᠡᠶᠢᠬᠡᠮᠯᠢᠭ ᠢ ᠪᠠᠶᠢᠭᠤᠯᠵᠤ᠂ 15 ᠵᠢᠯ ᠤᠨ ᠲᠤᠷᠰᠢ ᠡᠯ᠎ᠠ ᠭᠠᠵᠠᠷ ᠤᠨ ᠬᠤᠳᠠᠯᠳᠤᠭᠠᠨ ᠤ ᠰᠤᠳᠤᠴᠤᠤᠯ ᠤᠨ ᠬᠦᠴᠦᠨ ᠢ ᠲᠦᠪᠯᠡᠷᠡᠬᠦᠯᠵᠤ᠂ ᠠᠯᠠᠱᠠ ᠶᠢᠨ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠪᠦᠳᠦᠬᠡᠨ ᠪᠠᠶᠢᠭᠤᠯᠤᠯᠳᠠ ᠶᠢᠨ ᠲᠠᠯ᠎ᠠ ᠪᠠᠷ ᠲᠤᠪᠤᠶᠢᠮ᠎ᠠ ᠬᠤᠪᠢ ᠨᠠᠮᠠᠷᠢ ᠦᠵᠡᠬᠦᠯᠪᠠ᠂ ︿ᠠᠯᠢᠪᠠᠪᠠ ᠶᠢᠨ ᠮᠠ ᠢ ᠤᠢ ᠰᠢᠭᠤᠢ﹀ ᠶᠢᠨ ᠲᠦᠷᠦᠯ ᠵᠦᠢᠯ ᠨᠢ 4 ᠳ᠋ᠦᠡᠭᠰᠢᠭᠤᠷ ᠭᠠᠷᠤᠢ ᠬᠦᠮᠦᠨ ᠢ ᠤᠷᠢᠶᠠᠯᠠᠨ ᠡᠯᠡᠰᠦ ᠮᠠᠩᠬᠠᠨ ᠤ ᠤᠷᠭᠤᠮᠠᠯ ᠤᠨ ᠪᠦᠷᠬᠦᠴᠡ ᠶᠢ ᠰᠡᠷᠬᠦᠬᠡᠬᠦ ᠠᠵᠢᠯ ᠳᠤ ᠤᠷᠤᠯᠴᠠᠭᠤᠯᠵᠤ᠂ ᠠᠮᠢ ᠠᠬᠤᠢ ᠢᠯᠡᠳᠳᠡ ᠰᠠᠶᠢᠵᠢᠷᠠᠵᠠᠢ᠃ ᠲᠤᠰ ᠬᠤᠭᠤᠴᠠᠭᠠᠨ ᠤ ᠪᠡᠬᠡᠵᠢᠩ ᠤᠨ ᠲᠡᠯᠡᠬᠡᠢ ᠶᠢᠨ ᠴᠡᠴᠡᠷᠯᠢᠭ ᠤᠨ ᠦᠵᠡᠰᠬᠦᠯᠡᠩ ᠤᠨ ᠴᠤᠬᠯᠠᠭᠠᠨ ᠨᠢ ︿ᠪᠤᠬᠢᠷᠳᠦᠯ ᠦᠬᠡᠢ ᠠᠮᠢᠳᠤᠷᠠᠯ ᠦᠵᠡᠰᠬᠦᠯᠡᠩᠳᠦ ᠰᠠᠶᠢᠬᠠᠨ ᠨᠣᠳᠤᠭ ᠤᠷᠤᠨ﹀ ᠢᠶᠠᠷ ᠭᠤᠤᠯ ᠰᠡᠳᠤᠪ ᠪᠤᠯᠭᠠᠬᠰᠠᠨ ᠨᠢ ᠬᠦᠮᠦᠰ ᠢ ᠡᠬᠡ ᠪᠠᠶᠢᠭᠠᠯᠢ ᠶᠢ ᠬᠦᠨᠳᠦᠳᠬᠡᠨ᠂ ᠪᠠᠶᠢᠭᠠᠯᠢ ᠲᠠᠢ ᠠᠭᠤᠰᠤᠯᠴᠠᠵᠤ᠂ ᠰᠠᠶᠢᠨ ᠰᠠᠶᠢᠬᠠᠨ ᠠᠮᠢᠳᠤᠷᠠᠯ ᠢ ᠡᠷᠢᠯᠬᠢᠯᠡᠬᠦ ᠶᠢ ᠲᠠᠶᠢᠴᠢᠯᠠᠬᠤ ᠵᠤᠷᠢᠯᠭ᠎ᠠ ᠲᠠᠢ ᠶᠤᠮ᠃ ᠠᠯᠠᠱᠠᠴᠤᠳ ᠤᠨ ᠡᠯᠡᠰᠦ ᠮᠠᠩᠬ᠎ᠠ ᠲᠠᠢ ᠬᠠᠮᠳᠤᠪᠠᠷ ᠬᠦᠭᠵᠢᠭᠰᠡᠨ ᠦᠡᠭᠬᠡᠷᠡᠯᠳᠡ ᠬᠢᠬᠡᠳ ᠦᠷ᠎ᠠ ᠪᠦᠳᠦᠮᠵᠢ ︿ᠬᠦᠮᠦᠨ ᠪᠠᠶᠢᠭᠠᠯᠢ ᠶᠢᠨ ᠡᠶ᠎ᠡ ᠵᠤᠬᠢᠴᠠᠩᠭᠤᠢ ᠤᠷᠤᠰᠢᠨ ᠲᠤᠬᠳᠠᠨᠢᠬᠤ﹀ ᠨᠢ ᠰᠠᠶ᠋ᠢ ᠦᠷᠬᠦᠯᠵᠢᠯᠠᠨ ᠡᠷᠡᠬᠦᠯ ᠢᠶᠠᠷ ᠬᠦᠭᠵᠢᠬᠦ ᠵᠠᠮ ᠪᠤᠯᠬᠤ ᠶᠢ ᠬᠠᠷᠠᠭᠤᠯᠵᠤ ᠪᠠᠶᠢᠨ᠎ᠠ᠃ ᠠᠯᠠᠱᠠ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠬᠤ ᠪᠠᠶᠢᠯᠳᠤᠬᠤ ᠪᠤᠳᠤᠯᠭ᠎ᠠ ᠶᠢ ᠦᠷᠬᠦᠯᠵᠢᠯᠠᠨ ᠪᠠᠷᠢᠮᠳᠠᠯᠠᠵᠤ᠂ 27 ᠲᠦᠮᠠᠨ ᠬᠠᠪᠳᠠᠭᠠᠢ ᠲᠦᠷᠪᠡᠯᠵᠢᠨ ᠺᠢᠯᠣᠮᠧᠲᠷ ᠨᠤᠳᠤᠭ ᠲᠠᠪᠢᠰᠬᠡᠷ ᠤᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠤᠯᠤᠰ ᠲᠦᠷᠦ ᠶᠢᠨ ᠡᠬᠦᠷᠬᠡ ᠶᠢ ᠦᠨᠡᠨᠬᠦ ᠡᠬᠦᠷᠬᠡᠯᠡᠵᠤ᠂ ᠡᠬᠡ ᠤᠯᠤᠰ ᠤᠨ ᠤᠮᠠᠷᠠᠳᠤ ᠬᠢᠵᠠᠭᠠᠷ ᠤᠨ ᠦᠵᠡᠮᠵᠢᠳᠦ ᠤᠷᠤᠨ ᠢ ᠰᠠᠶᠢᠳᠤᠷ ᠰᠡᠬᠢᠨ ᠬᠠᠮᠠᠭᠠᠯᠠᠨ᠎ᠠ︾ ᠬᠡᠵᠤ ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ᠂ ᠠᠶᠢᠮᠠᠭ ᠤᠨ ᠲᠠᠳ᠋ ᠲᠠᠷᠤᠭ᠎ᠠ ᠰᠦᠨ ᠮᠢᠩ ᠴᠢᠤᠸᠠᠨ ᠲᠠᠨᠢᠯᠴᠠᠭᠤᠯᠤᠯ᠎ᠠ᠃
        ᠠᠯᠠᠱᠠ ᠶᠢᠨ ᠴᠠᠭᠠᠨ ᠭᠤᠶᠤᠤ ᠶᠢᠨ ᠪᠥᠯᠥᠭᠯᠡᠯ ︽ᠠᠯᠠᠱᠠ ᠶᠢᠨ ᠴᠠᠭᠠᠨ ᠭᠤᠶᠤᠤ ᠤᠯᠠᠭᠠᠨ ᠭᠤᠶᠤᠤ ᠶᠢᠨ ᠮᠤᠳᠤᠯᠢᠬ ᠪᠤᠰᠤ ᠪᠥᠳᠥᠭᠡᠭᠳᠡᠬᠦᠨ︾ ᠭᠡᠬᠦ ᠲᠤᠮᠳᠠᠳᠤ ᠤᠯᠤᠰ ᠤᠨ ᠤᠢ ᠰᠢᠭᠤᠢ ᠶᠢᠨ ᠭᠡᠷᠡᠴᠢᠯᠡᠯ ᠤᠨ ᠥᠨᠡᠮᠯᠡᠯ ᠤᠯᠤᠯ᠎ᠠ
                             ᠠᠯᠠᠱᠠ ᠭᠡᠪᠢᠰ ᠨᠡᠭᠡᠮᠡᠯ ᠤᠢᠢᠯᠡᠳᠬᠦ ᠶᠢ ᠥᠵᠡᠬᠦᠯᠵᠤ ᠪᠠᠶᠢᠨ᠎ᠠ
                  ᠵᠤᠴᠢᠳ ᠠᠯᠠᠱᠠ ᠶᠢᠨ ᠤᠬᠠᠭᠤᠯᠭ᠎ᠠ ᠶᠢᠨ ᠲᠠᠯᠠᠪᠠᠢ ᠪᠠᠷ ᠲᠤᠭᠤᠷᠢᠨ ᠥᠵᠡᠨ᠎ᠠ
                               ᠭᠠᠳᠠᠭᠠᠳᠤ ᠶᠢᠨ ᠵᠤᠭᠠᠴᠠᠬᠰᠠᠳ ᠤᠨ ᠠᠩᠬᠠᠷᠤᠯ ᠢ ᠲᠠᠳᠠᠨ᠎ᠠ
                                                 ᠥᠨᠳᠤᠰᠤᠳᠠᠨ ᠤ ᠪᠥᠵᠢᠭ
                                            ᠮᠤᠩᠭᠤᠯ ᠲᠠᠭᠤᠤ ᠪᠠᠨ ᠤᠶᠠᠩᠭᠠᠯᠠᠨ᠎ᠠ
                         ᠠᠯᠠᠱᠠ ᠶᠢᠨ ᠤᠨᠴᠠᠯᠢᠬᠳᠤ ᠡᠯᠡᠰᠤᠨ ᠤᠷᠠᠯᠠᠯ ᠤᠨ ᠪᠥᠳᠥᠭᠡᠭᠳᠡᠬᠦᠨ
                              ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ ᠪᠠᠶᠢᠨ᠎ᠠ
                                    ᠥᠨᠳᠤᠰᠤᠳᠠᠨ ᠤ ᠤᠨᠴᠠᠯᠢᠬᠳᠤ ᠲᠤᠬᠯᠠᠯᠳᠠ
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号