ᠪᠠᠶᠠᠨᠬᠤᠳᠠ ᠤᠷᠤᠨ ᠤ ᠪᠠᠭᠠᠴᠤᠳ ᠭᠡᠤᠭᠡᠳ ︽6 · 1︾ ᠤ ᠪᠡᠶᠡᠷ ᠢᠶᠠᠨ ᠥᠪᠡᠳᠡᠭᠰᠢ ᠶᠡᠭᠡᠪᠡᠷ ᠪᠡᠯᠭᠡᠯᠡᠯ᠎ᠠ
ᠨᠡᠶᠢᠲᠡᠯᠡᠭᠰᠡᠨ ᠴᠠᠭ᠄
2019/6/3
     6 ᠰᠠᠷ᠎ᠠ ᠶᠢᠨ 1 ᠤ ᠡᠳᠦᠷ᠂ ᠪᠠᠶᠠᠨᠬᠤᠳᠠ ᠶᠢᠨ ᠤᠯᠠᠨ ᠬᠡᠷᠡᠭᠴᠡᠭᠡᠳᠦ ᠪᠡᠶ᠎ᠡ ᠶᠢᠨ ᠲᠠᠮᠢᠷ ᠤᠨ ᠲᠠᠯᠠᠪᠠᠢ ᠳᠤ᠂  ᠪᠠᠶᠠᠨᠬᠤᠳᠠ ᠤᠷᠤᠨ ᠤ ᠲᠠᠯᠠᠬᠡᠢ ᠶᠢᠨ ᠬᠡᠤᠬᠡᠳ ᠤᠨ ᠪᠡᠶᠡᠷ ᠢ ᠪᠡᠯᠭᠡᠯᠡᠬᠦ ᠠᠵᠢᠯᠯᠠᠭ᠎ᠠ ᠶᠠᠪᠤᠬᠳᠠᠨ᠂ ᠡᠷᠴᠢ ᠬᠦᠴᠦ ᠲᠠᠢ ᠬᠦᠭᠵᠢᠮ ᠤᠨ ᠠᠶ᠎ᠠ᠂ ᠴᠤᠭ ᠰᠦᠯᠳᠡ ᠲᠠᠢ ᠬᠡᠤᠬᠡᠳ ᠤᠨ ᠲᠤᠬᠯᠠᠯᠳᠠ ᠠᠶᠢᠵᠡᠮ ᠨᠢᠭᠡᠳᠴᠤ᠂ ᠡᠬᠡ ᠤᠯᠤᠰ ᠤᠨ ᠢᠷᠡᠭᠡᠳᠤᠢ ᠶᠢᠨ ᠴᠤᠭ ᠵᠢᠪᠬᠤᠭ᠎ᠠ ᠶᠢ ᠪᠠᠳᠠᠷᠠᠭᠤᠯᠤᠨ᠂ ᠬᠦᠮᠦᠰ ᠤᠨ ᠰᠡᠳᠬᠢᠯ ᠢ ᠪᠠᠶᠠᠰᠬᠠᠨ᠎ᠠ᠃            ᠠᠶᠢᠮᠠᠭ ᠤᠨ ᠨᠠᠮ ᠤᠨ ᠬᠤᠷᠢᠶᠠᠨ ᠤ ᠲᠠᠳ᠋ ᠱᠦᠵᠢ᠂ ᠠᠶᠢᠮᠠᠭ ᠤᠨ ᠲᠠᠷᠤᠭ᠎ᠠ ᠲᠠᠶᠢᠴᠢᠨ᠂ ᠠᠶᠢᠮᠠᠭ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠲᠠᠳ᠋ ᠡᠷᠬᠢᠯᠡᠭᠴᠢ ᠠᠭᠤᠯᠠ᠂ ᠠᠶᠢᠮᠠᠭ ᠤᠨ ᠤᠯᠤᠰ ᠲᠦᠷᠦ ᠶᠢᠨ ᠵᠦᠪᠯᠡᠯᠬᠡᠨ ᠤ ᠲᠠᠳ᠋ ᠲᠠᠷᠢᠬᠦᠯᠡᠭᠴᠢ ᠵᠠᠩ ᠴᠤᠤ ᠾᠧ᠂ ᠠᠶᠢᠮᠠᠭ ᠤᠨ ᠤᠯᠤᠰ ᠲᠦᠷᠦ ᠶᠢᠨ ᠵᠦᠪᠯᠡᠯᠬᠡᠨ ᠤ ᠲᠠᠳ᠋ ᠲᠠᠷᠢᠬᠦᠯᠡᠭᠴᠢ᠂ ᠠᠯᠠᠱᠠ ᠵᠡᠬᠦᠨ ᠬᠤᠰᠢᠭᠤᠨ ᠤ ᠨᠠᠮ ᠤᠨ ᠬᠤᠷᠢᠶᠠᠨ ᠤ ᠲᠠᠳ᠋ ᠱᠦᠵᠢ᠂ ᠬᠤᠰᠢᠭᠤᠨ ᠲᠠᠷᠤᠭ᠎ᠠ ᠭᠧ ᠮᠢᠩ ᠪᠡᠯᠬᠡᠯᠡᠬᠦ ᠠᠵᠢᠯᠯᠠᠭᠠᠨ ᠳᠤ ᠤᠷᠤᠯᠴᠠᠵᠤ᠂ ᠠᠶᠢᠮᠠᠭ ᠤᠨ ᠨᠠᠮ ᠤᠨ ᠬᠤᠷᠢᠶᠠᠨ ᠤ ᠲᠠᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠠᠯᠠᠱᠠ ᠵᠡᠬᠦᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠸᠠᠩ ᠱᠸᠡᠭ ᠶᠠᠷᠢᠶ᠎ᠠ ᠲᠠᠯᠪᠢᠵᠤ᠂ ᠠᠶᠢᠮᠠᠭ ᠤᠨ ᠲᠠᠳ᠋ ᠲᠠᠷᠤᠭ᠎ᠠ ᠴᠢᠨ ᠶᠠᠨ ᠪᠡᠯᠬᠡᠯᠡᠬᠦ ᠠᠵᠢᠯᠯᠠᠭ᠎ᠠ ᠶᠢ ᠬᠦᠳᠦᠯᠵᠠᠢ᠃            ᠸᠠᠩ ᠸᠠᠩ ᠱᠸᠡᠭ ᠶᠠᠷᠢᠶᠠᠨ ᠳᠠᠭᠠᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠤᠷᠳᠤ ᠬᠤᠭᠤᠴᠠᠭᠠᠨ ᠤ ᠲᠤᠷᠰᠢ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ᠂ ᠦᠨᠳᠦᠰᠦᠳᠡᠨ ᠤ ᠪᠦᠯᠬᠦᠮᠳᠠᠯ ᠲᠠᠪᠰᠢᠯᠳᠠ᠂ ᠪᠠᠭᠠᠴᠤᠳ ᠬᠡᠦᠬᠡᠳ ᠤᠨ ᠠᠵᠢᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠪᠠᠲᠤ ᠴᠡᠭᠡᠵᠢᠯᠡᠨ᠂ ᠰᠤᠷᠭᠠᠨ ᠬᠥᠮᠦᠵᠢᠯ ᠤᠨ ᠰᠢᠨ᠎ᠡ ᠶᠢ ᠡᠭᠦᠳᠬᠦ᠂ ᠣᠨᠴᠠᠯᠢᠭᠲᠤ ᠰᠤᠷᠭᠠᠭᠤᠯᠢ ᠡᠷᠬᠢᠯᠡᠬᠦ ᠶᠢ ᠪᠠᠷᠢᠮᠲᠠᠯᠠᠵᠤ᠂ ᠬᠡᠪ ᠴᠢᠨᠠᠷ ᠤᠨ ᠰᠤᠷᠭᠠᠨ ᠬᠥᠮᠦᠵᠢᠯ ᠢ ᠴᠢᠷᠮᠠᠶᠢᠨ ᠠᠬᠢᠭᠤᠯᠤᠨ᠂ ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ ᠦᠢᠯᠡᠳᠦᠯᠭᠡ ᠶᠢ ᠯᠠᠪᠳᠠᠭᠤᠨ ᠢᠶᠠᠷ ᠠᠬᠢᠭᠤᠯᠵᠤ᠂ ᠪᠠᠭᠠᠴᠤᠳ ᠬᠡᠦᠬᠡᠳ ᠤᠨ ᠰᠤᠷᠭᠠᠨ ᠬᠥᠮᠦᠵᠢᠯ ᠬᠦᠷᠲᠡᠬᠦ ᠲᠦᠪᠰᠢᠨ ᠲᠠᠰᠤᠷᠠᠯᠲᠠ ᠦᠭᠡᠢ ᠲᠡᠭᠡᠭᠰᠢᠯᠡᠨ᠂ ᠦᠰᠦᠨ ᠪᠤᠶᠢᠵᠢᠬᠤ ᠣᠷᠴᠢᠨ ᠲᠣᠭᠤᠷᠢᠨ ᠲᠠᠰᠤᠷᠠᠯᠲᠠ ᠦᠭᠡᠢ ᠰᠢᠯᠢᠳᠡᠭᠵᠢᠵᠦ᠂ ᠮᠣᠷᠠᠯ᠂ ᠣᠶᠣᠨ ᠤᠬᠠᠭᠠᠨ᠂ ᠪᠡᠶ᠎ᠡ  ᠮᠠᠬᠠᠪᠣᠳ᠂ ᠭᠤᠸ᠎ᠠ ᠰᠠᠶᠢᠬᠠᠨ᠂ ᠬᠥᠳᠡᠯᠮᠦᠷᠢ ᠵᠡᠷᠭᠡ ᠪᠦᠬᠦ ᠲᠠᠯ᠎ᠠ ᠶᠢᠨ ᠲᠠᠪᠰᠢᠯᠳᠠ ᠶᠢ ᠪᠦᠷᠢᠯᠳᠦᠬᠦᠯᠪᠠ ᠭᠡᠵᠠᠢ᠃      ᠪᠥᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠬᠳᠠᠬᠰᠠᠨ 70 ᠵᠢᠯ ᠤᠨ ᠣᠢ ᠶᠢ ᠦᠪᠡᠳᠡᠭᠰᠢ ᠶᠡᠭᠡᠪᠠᠷ ᠪᠡᠯᠭᠡᠯᠡᠵᠦ᠂ ᠨᠡᠶᠢᠬᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ᠪᠠᠭᠠᠴᠤᠳ ᠬᠡᠦᠬᠡᠳ ᠤᠨ ᠰᠠᠶᠢᠨ ᠰᠠᠶᠢᠬᠠᠨ ᠳᠤᠷ᠎ᠠ ᠰᠣᠨᠢᠷᠬᠠᠯ ᠢ ᠬᠥᠮᠦᠵᠢᠭᠦᠯᠵᠦ᠂ ᠰᠤᠷᠭᠠᠭᠤᠯᠢ ᠶᠢᠨ ᠬᠦᠷᠢᠶᠡᠨ ᠤ ᠶᠡᠷᠦᠩᠬᠡᠶᠢᠯᠡᠭᠰᠡᠨ ᠤᠷᠠᠯᠢᠭ ᠤᠨ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠥᠭᠡᠳᠡᠯᠡᠨ ᠳᠠᠪᠰᠢᠭᠰᠠᠨ ᠰᠤᠷᠭᠠᠭᠤᠯᠢ ᠶᠢᠨ ᠬᠦᠷᠢᠶᠡᠨ ᠤ ᠰᠣᠶᠣᠯ ᠢ ᠪᠠᠳᠠᠷᠠᠭᠤᠯᠬᠤ ᠵᠤᠷᠢᠯᠭ᠎ᠠ ᠪᠠᠷ ᠲᠤᠰ ᠤᠳᠠᠭᠠᠨ ᠤ ᠲᠤᠬᠯᠠᠯᠳᠠ ᠶᠢ  ᠶᠠᠪᠤᠭᠤᠯᠤᠨ᠂ ᠲᠣᠭᠯᠠᠯᠲᠠ ᠨᠢ ︽ᠨᠡᠷᠡᠨ ᠤ ᠭᠡᠷᠡᠯ ᠳᠣᠣᠷ᠎ᠠ ᠦᠰᠦᠨ ᠪᠤᠶᠢᠵᠢᠨ᠎ᠠ︾ ︽ᠪᠠᠭᠠᠴᠤᠳ ᠳᠤᠮᠳᠠᠳᠤ ᠤᠯᠤᠰ ᠤᠨ ᠲᠤᠬᠠᠢ ᠦᠬᠦᠯᠡᠬᠦ ᠨᠢ︾ ︽ᠰᠢᠨ᠎ᠡ ᠴᠠᠭ ᠦᠶ᠎ᠡ ᠶᠢᠨ ᠰᠢᠯᠢᠳᠡᠭ ᠪᠠᠭᠠᠴᠤᠳ︾ ︽ᠪᠢ ᠡᠬᠡ ᠤᠯᠤᠰ ᠲᠠᠢ ᠪᠠᠨ︾ ︽ᠪᠠᠶᠠᠷᠲᠤ ᠰᠠᠶᠢᠬᠠᠨ ᠵᠢᠯ︾ ᠵᠡᠷᠭᠡ 5 ᠪᠦᠯᠦᠭ ᠢᠶᠠᠷ ᠶᠠᠪᠤᠬᠳᠠᠨ᠂ ᠨᠡᠶᠢᠲᠡ 7500 ᠭᠠᠷᠤᠶ ᠰᠤᠷᠤᠭᠴᠢ ᠲᠣᠭᠯᠠᠯᠲᠠ ᠳᠤ ᠣᠷᠣᠯᠴᠠᠵᠠᠶ᠃      ᠡᠬᠦᠨ ᠳᠤ᠂ ︽ᠰᠢᠨ᠎ᠡ ᠴᠠᠭ ᠦᠶ᠎ᠡ ᠶᠢᠨ ᠰᠢᠯᠢᠳᠡᠭ ᠪᠠᠭᠠᠴᠤᠳ︾ ᠪᠦᠯᠥᠭ ᠨᠢ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠬᠦᠴᠦᠨ ᠨᠡᠮᠡᠷᠢᠯᠡᠬᠦ᠂ ᠠᠭᠤᠤ ᠶᠡᠭᠡ ᠡᠬᠡ ᠤᠯᠤᠰ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ ᠪᠠᠨ ᠢᠯᠡᠷᠡᠭᠦᠯᠤᠨ᠂ ᠰᠢᠨ᠎ᠡ ᠴᠠᠭ ᠦᠶ᠎ᠡ ᠶᠢᠨ ᠰᠢᠯᠢᠳᠡᠭ ᠪᠠᠭᠠᠴᠤᠳ ᠪᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ︽ᠳᠤᠮᠳᠠᠳᠤ ᠶᠢᠨ ᠬᠦᠰᠡᠯ︾ ᠢ ᠲᠡᠷᠭᠡᠯᠰᠢᠯᠡᠬᠦᠯᠬᠦ ᠵᠠᠮ ᠳᠡᠭᠡᠷ᠎ᠡ ᠴᠥᠬᠦᠷᠡᠰᠢ ᠦᠭᠡᠢ ᠲᠡᠮᠡᠴᠡᠵᠦ᠂ ᠡᠷᠡᠯᠬᠡᠭᠯᠡᠨ ᠲᠡᠮᠡᠴᠡᠬᠦ ᠴᠤᠭ ᠵᠢᠪᠬᠤᠭ᠎ᠠ ᠪᠠᠨ ᠤᠯᠠᠨ᠎ᠠ ᠦᠵᠡᠭᠦᠯᠦᠭᠰᠡᠨ ᠪᠠᠶᠢᠨ᠎ᠠ᠃              ︽ᠪᠠᠶᠠᠷᠲᠤ ᠰᠠᠶᠢᠬᠠᠨ ᠵᠢᠯ︾ ᠦᠨᠳᠦᠰᠦᠲᠡᠨ ᠤ ᠰᠤᠷᠭᠠᠨ ᠬᠥᠮᠦᠵᠢᠯ ᠤᠨ ᠥᠪᠡᠷᠮᠢᠴᠡ ᠤᠨᠴᠠᠯᠢᠬᠳᠤ ᠦᠵᠡᠭᠦᠯᠦᠯᠭᠡ ᠶᠢᠨ ᠲᠣᠭᠯᠠᠯᠲᠠ ᠨᠢ ᠪᠦᠬᠦ᠋ᠢᠯᠡ ᠲᠤᠬᠯᠠᠯᠳᠠ ᠶᠢ ᠤᠷᠬᠢᠯ ᠳᠤ ᠬᠦᠷᠭᠡᠨ᠂ ᠠᠮᠢᠵᠢᠷᠠᠯ ᠤᠨ ᠬᠦᠴᠦᠨ ᠢᠶᠠᠷ ᠪᠢᠯᠬᠠᠬᠰᠠᠨ ᠮᠤᠷᠢᠨ ᠬᠤᠭᠤᠷ᠂ ᠶᠠᠳᠤᠭ᠎ᠠ ᠶᠢᠨ ᠬᠦᠭᠵᠢᠮ᠂ ᠣᠮᠤᠭ ᠲᠡᠭᠦᠯᠳᠡᠷ ᠰᠠᠪᠠᠷᠳᠠᠩ᠂ ᠪᠠᠶᠠᠷ ᠪᠠᠶᠠᠰᠬᠤᠯᠠᠩ ᠲᠠᠢ ᠤᠷᠳᠤ ᠶᠢᠨ ᠲᠠᠭᠤᠤ ᠨᠢ ᠬᠦᠮᠦᠰ ᠤᠨ ᠬᠠᠯᠠᠭᠤᠨ ᠲᠠᠭᠠᠰᠢᠶᠠᠯ ᠢ ᠤᠯᠵᠤ᠂ ᠮᠠᠨ ᠤ ᠠᠶᠢᠮᠠᠭ ᠤᠨ  ᠦᠨᠳᠦᠰᠦᠳᠡᠨ ᠤ ᠪᠦᠯᠬᠦᠮᠳᠠᠯ ᠲᠠᠪᠰᠢᠯᠳᠠ ᠶᠢᠨ ᠦᠷ᠎ᠠ ᠪᠦᠳᠦᠭᠡᠯ ᠢ ᠲᠠᠭᠤᠤ ᠤᠷᠠᠯᠢᠭ ᠤᠨ ᠬᠡᠯᠪᠡᠷᠢ ᠪᠠᠷ  ᠬᠠᠷᠠᠭᠤᠯᠤᠬᠰᠠᠨ ᠪᠠᠶᠢᠨ᠎ᠠ᠃
 
ᠢᠷᠡᠯᠲᠡ᠄ ᠠᠯᠠᠱᠠ ᠶᠢᠨ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号