ᠵᠢᠵᠢᠭ ᠬᠡᠯᠪᠡᠷᠢ ᠶᠢᠨ ᠮᠠᠰᠢᠨ ᠲᠡᠷᠬᠡ ᠵᠢᠯᠤᠭᠤᠳᠬᠤ ᠦᠨᠠᠮᠯᠠᠯ ᠢ ᠪᠦᠬᠦ ᠤᠯᠤᠰ ᠤᠨ ᠲᠤᠷ᠎ᠠ ᠶᠢᠨ ᠨᠢᠬᠡ  ᠭᠠᠵᠠᠷ ᠲᠤ ᠭᠤᠶᠤᠴᠢᠯᠠᠨ ᠠᠪᠴᠤ ᠪᠤᠯᠬᠤ ᠪᠤᠯᠵᠠᠢ
ᠨᠡᠶᠢᠲᠡᠯᠡᠭᠰᠡᠨ ᠴᠠᠭ᠄
2019/6/3
         ᠵᠢᠷᠤᠭ ᠪᠤᠯ᠂ ᠰᠢᠩ ᠠᠠ ᠵᠢᠯᠤᠭᠤᠴᠢ ᠶᠢᠨ ᠰᠤᠷᠭᠠᠭᠤᠯᠢ ᠳᠤ ᠭᠠᠳᠠᠨ᠎ᠠ ᠤᠷᠤᠨ ᠤ ᠭᠤᠶᠤᠴᠢᠯᠠᠬᠴᠢ ᠨᠠᠷ ᠰᠢᠯᠭᠠᠭᠤᠯᠬᠤ ᠪᠠᠷ ᠨᠡᠷ᠎ᠠ ᠮᠡᠳᠡᠬᠦᠯᠵᠤ ᠪᠠᠶᠢᠨ᠎ᠠ᠃            ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ 10 ᠵᠦᠢᠯ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠰᠢᠨ᠎ᠡ ᠠᠷᠭ᠎ᠠ ᠬᠡᠮᠵᠢᠶ᠎ᠡ ᠳᠣᠲᠣᠷ᠎ᠠ ᠵᠢᠯᠣᠭᠤᠴᠢ ᠶᠢᠨ ᠰᠢᠯᠭᠠᠯᠲᠠ ᠳᠤ ᠬᠤᠯᠪᠣᠭᠳᠠᠭᠰᠠᠨ ᠣᠯᠠᠨ ᠵᠦᠢᠯ ᠤᠨ ᠥᠭᠡᠷᠡᠴᠢᠯᠡᠯᠲᠡ ᠭᠠᠷᠤᠬᠰᠠᠠ ᠪᠠᠶᠢᠨ᠎ᠠ᠃ 6 ᠰᠠᠷ᠎ᠠ ᠶᠢᠨ 1 ᠠᠴᠠ ᠡᠬᠢᠯᠡᠨ᠂ ᠵᠢᠵᠢᠭ ᠬᠡᠯᠪᠡᠷᠢ ᠶᠢᠨ ᠮᠠᠰᠢᠨ ᠲᠡᠷᠬᠡ ᠵᠢᠯᠤᠭᠤᠳᠬᠤ ᠦᠨᠠᠮᠯᠠᠯ ᠢ ᠪᠦᠬᠦ ᠤᠯᠤᠰ ᠤᠨ ᠲᠤᠷ᠎ᠠ ᠶᠢᠨ ᠨᠢᠬᠡ ᠭᠠᠵᠠᠷ ᠲᠤ ᠭᠤᠶᠤᠴᠢᠯᠠᠨ ᠠᠪᠴᠤ ᠪᠤᠯᠬᠤ ᠪᠤᠯᠵᠠᠢ᠃            ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠪᠤᠷᠢ ᠠᠩᠭᠢ ᠶᠢᠨ ᠵᠢᠯᠣᠭᠤᠴᠢ ᠶᠢᠨ ᠰᠢᠯᠭᠠᠯᠲᠠ ᠶᠢᠨ ᠶᠡᠭᠡ ᠠᠩᠭᠢ ᠶᠢᠨ ᠵᠢᠭᠠᠨ ᠵᠢᠯᠣᠭᠤᠳᠤᠭᠴᠢ ᠵᠣᠣ ᠶᠦᠩ ᠡᠴᠠ‌ᠤᠢᠢᠯᠠᠭᠠᠬᠰᠠᠠ ᠢᠶᠠᠷ᠂ ᠰᠢᠨ᠎ᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ᠂ ᠭᠤᠶᠤᠴᠢᠯᠠᠭᠴᠢ ᠵᠢᠵᠢᠭ ᠬᠡᠯᠪᠡᠷᠢ ᠵᠢᠨ‌ᠮᠠᠰᠢᠨ ᠲᠡᠷᠭᠡ ᠵᠢᠯᠣᠭᠤᠳᠬᠤ ᠦᠨᠡᠮᠯᠡᠯ ᠰᠢᠯᠭᠠᠭᠤᠯᠬᠤ ᠪᠠᠷ ᠨᠡᠷ᠎ᠡ ᠮᠡᠳᠡᠭᠦᠯᠦᠭᠰᠡᠨ ᠤ ᠳᠠᠷᠠᠭ᠎ᠠ᠂ ᠰᠠᠭᠤᠭ᠎ᠠ ᠭᠠᠵᠠᠷ ᠨᠢ ᠬᠤᠪᠢᠷᠠᠯᠲᠠ ᠭᠠᠷᠴᠤ᠂ ᠭᠠᠳᠠᠷ ᠣᠷᠣᠨ ᠳᠤ ᠣᠴᠢᠵᠤ ᠠᠵᠢᠯᠯᠠᠵᠤ ᠠᠮᠢᠳᠣᠷᠠᠵᠤ ᠪᠠᠶᠢᠪᠠᠯ᠂ ᠣᠳᠣ ᠶᠢᠨ ᠰᠠᠭᠤᠭ᠎ᠠ ᠭᠠᠵᠠᠷ ᠤᠨ ᠲᠡᠷᠭᠡ ᠮᠠᠰᠢᠨ ᠤ ᠬᠠᠮᠢᠶᠠᠷᠤᠯᠲᠠ ᠶᠢᠨ ᠭᠠᠵᠠᠷ ᠲᠤ ᠰᠢᠭᠤᠳ ᠬᠦᠷᠴᠦ ᠰᠢᠯᠭᠠᠯᠲᠠ ᠬᠢᠬᠦ ᠭᠠᠵᠠᠷ ᠢᠶᠠᠨ ᠬᠤᠪᠢᠷᠠᠭᠤᠯᠵᠤ ᠪᠣᠯᠤᠨ᠎ᠠ᠃ ᠣᠳᠣ ᠶᠢᠨ ᠰᠠᠭᠤᠭ᠎ᠠ ᠭᠠᠵᠠᠷ ᠲᠠᠭᠠᠨ ᠦᠯᠠᠳᠡᠭᠰᠨᠨ ᠬᠢᠴᠢᠶᠡᠯ ᠲᠥᠷᠥᠯ ᠤᠨ ᠰᠢᠯᠭᠠᠯᠲᠠ ᠳᠤ ᠣᠷᠣᠯᠴᠠᠬᠤ ᠪᠠᠷ ᠪᠣᠯᠵᠣᠵᠤ᠂ ᠤᠤᠯ ᠤᠨ ᠨᠢᠭᠡᠨᠲᠡ ᠬᠢᠷᠢ ᠲᠡᠩᠴᠡᠭᠰᠡᠨ ᠬᠢᠴᠢᠶᠡᠯ ᠲᠥᠷᠥᠯ ᠤᠨ ᠰᠢᠯᠭᠠᠯᠲᠠ ᠶᠢᠨ ᠬᠢᠷᠢ ᠪᠦᠲᠦᠮᠵᠢ ᠶᠢ ᠦᠷᠭᠦᠯᠵᠢᠯᠡᠨ ᠬᠦᠴᠦᠨ ᠲᠠᠢ ᠪᠠᠶᠢᠯᠭᠠᠨ᠎ᠠ᠃ ᠡᠬᠦᠨ ᠠᠴᠠ ᠭᠠᠳᠠᠨ᠎ᠠ᠂ ᠣᠨᠳᠣᠤ ᠭᠠᠵᠠᠷ ᠤᠨ ᠰᠢᠯᠭᠠᠯᠲᠠ ᠶᠢᠨ ᠲᠤᠬᠠᠶᠢᠯᠠᠭᠰᠠᠨ ᠠᠵᠢᠯ ᠤᠨ ᠰᠤᠳᠤᠯᠤᠨ ᠮᠠᠭᠠᠳᠯᠠᠬᠤ ᠲᠣᠭᠲᠠᠴᠠ ᠶᠢ ᠪᠠᠶᠢᠭᠤᠯᠵᠤ᠂ ᠣᠨᠳᠣᠤ ᠭᠠᠵᠠᠷ ᠤᠨ ᠰᠢᠯᠭᠠᠯᠲᠠ ᠶᠢᠨ ᠲᠤᠬᠠᠶᠢᠯᠠᠭᠰᠠᠨ ᠠᠵᠢᠯ ᠢ ᠵᠠᠳᠠᠯᠬᠤ᠂ ᠤᠷᠢᠳᠴᠢᠯᠠᠨ ᠰᠡᠷᠡᠮᠵᠢᠯᠡᠭᠦᠯᠬᠦ᠂ ᠮᠡᠳᠡᠭᠡᠯᠡᠬᠦ ᠵᠢᠴᠢ ᠬᠠᠷᠭᠤᠭᠤᠯᠤᠨ ᠪᠠᠶᠢᠴᠠᠭᠠᠬᠤ ᠵᠡᠷᠭᠡ ᠠᠵᠢᠯ ᠢ ᠴᠢᠩᠭᠠᠳᠬᠠᠵᠤ᠂ ᠵᠢᠯᠣᠭᠤᠴᠢ ᠶᠢᠨ ᠰᠢᠯᠭᠠᠯᠲᠠ ᠶᠢᠨ ᠡᠯ᠎ᠡ ᠭᠤᠭᠴᠤᠭ᠎ᠠ ᠶᠢ ᠴᠢᠩᠭ᠎ᠠ ᠬᠠᠮᠢᠶᠠᠷᠬᠤ ᠪᠤᠯᠤᠨ᠎ᠠ᠃            ᠲᠤᠰ ᠰᠢᠨ᠎ᠡ ᠠᠷᠭ᠎ᠠ ᠬᠡᠮᠵᠢᠶ᠎ᠡ ᠨᠢ ᠰᠢᠯᠭᠠᠭᠤᠯᠤᠭᠴᠢ ᠶᠢᠨ ᠣᠨᠳᠣᠤ ᠭᠠᠵᠠᠷ ᠲᠤ ᠰᠢᠯᠭᠠᠭᠤᠯᠤᠨ ᠭᠡᠷᠡᠴᠢᠯᠡᠬᠦ ᠬᠤᠶᠠᠷ ᠭᠠᠵᠠᠷ ‍ᠤᠨ‌ᠬᠤᠭᠤᠷᠣᠨᠳᠣ ᠢᠷᠡᠵᠦ ᠣᠴᠢᠬᠤ ᠠᠰᠠᠭᠤᠳᠠᠯ ᠢ ᠰᠢᠶ᠋ᠳᠪᠦᠷᠢᠯᠡᠨ᠂ ᠣᠯᠠᠨ ᠲᠦᠮᠡᠨ ᠤ ᠳᠠᠷᠤᠭᠠᠰᠤ ᠶᠢ ᠦᠨᠡᠨᠬᠦ ᠬᠥᠩᠭᠡᠷᠡᠭᠦᠯᠦᠨ᠂ ᠰᠢᠨ᠎ᠡ ᠲᠥᠷᠥ ᠶᠢᠨ ᠪᠣᠳᠣᠯᠭ᠎ᠠ ᠨᠢ ᠣᠯᠠᠨ‌‍ᠲ᠋ᠦ᠋ᠮᠡᠨ‌‍ᠳᠤ ᠮᠠᠰᠢ ᠶᠡᠭᠡ ᠲᠦᠬᠦᠮ ᠦᠵᠡᠬᠦᠯᠬᠦ ᠪᠤᠯᠤᠨ᠎ᠠ᠃ ᠭᠡᠬᠦ ᠳᠡᠭᠡᠨ ᠵᠢᠯᠣᠭᠤᠴᠢ ᠶᠢᠨ ᠰᠢᠯᠭᠠᠯᠲᠠ ᠶᠢᠨ ᠰᠠᠯᠠᠭ᠎ᠠ ᠮᠥᠴᠢᠷ ᠰᠢᠯᠭᠠᠯᠲᠠ ᠶᠢᠨ ᠮᠠᠲ᠋ᠧᠷᠢᠶᠠᠯ ᠢ ᠬᠢᠨᠠᠨ ᠬᠠᠷᠭᠤᠭᠤᠯᠬᠤ᠂ ᠬᠦᠢᠴᠡᠳᠬᠡᠬᠦ ᠶᠠᠪᠤᠴᠠ ᠵᠢᠴᠢ ᠲᠤᠬᠠᠶᠢᠯᠠᠭᠰᠠᠨ ᠠᠵᠢᠯ ᠤᠨ ᠬᠢᠨᠠᠯᠲᠠ ᠬᠠᠮᠢᠶᠠᠷᠤᠯᠲᠠ ᠵᠡᠷᠭᠡ ᠭᠤᠭᠴᠤᠭ᠎ᠠ ᠳᠤ ᠮᠥᠨ ᠬᠦ ᠴᠢᠩᠭ᠎ᠠ ᠵᠢᠷᠤᠮᠵᠢᠭᠤᠨ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠨ᠎ᠠ ᠃                                                                 ᠡᠷᠳᠡᠨᠢᠴᠡᠴᠡᠭ      
 
ᠢᠷᠡᠯᠲᠡ᠄ ᠠᠯᠠᠱᠠ ᠶᠢᠨ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号