ᠠᠯᠠᠱᠠ ᠬᠤᠱᠤᠳ ᠠᠷᠠᠳ ᠤᠨ ᠦᠯᠢᠭᠡᠷᠲᠦ ᠤᠷᠲᠤ ᠶᠢᠨ ᠳᠠᠭᠤᠤ ᠪᠣᠯᠤᠨ ᠤᠯᠠᠮᠵᠢᠯᠠᠯᠲᠤ ᠠᠯᠠᠱᠠ ᠦᠰᠦ ᠭᠦᠷᠦᠬᠦ ᠤᠷ᠎ᠠ ᠮᠡᠷᠭᠡᠵᠢᠯ ᠤᠨ ᠪᠣᠯᠪᠠᠰᠤᠷᠠᠯ ᠤᠨ ᠠᠩᠭᠢ ᠡᠬᠢᠯᠡᠯ᠎ᠡ
ᠨᠡᠶᠢᠲᠡᠯᠡᠭᠰᠡᠨ ᠴᠠᠭ᠄
2019/6/3
           ᠵᠢᠷᠤᠭ ᠪᠤᠯ᠂ ᠯᠦᠸᠧ ᠶᠢᠨ ᠬᠤᠸᠠ ᠪᠠᠭᠰᠢ ᠠᠴᠠ ᠦᠰᠦ ᠬᠦᠷᠦᠬᠦ ᠤᠷ᠎ᠠ ᠮᠡᠷᠭᠡᠵᠢᠯ ᠢ ᠤᠯᠠᠨ᠎ᠠ ᠦᠵᠡᠬᠦᠯᠵᠤ  ᠪᠠᠶᠢᠨ᠎ᠠ᠃  ︵ᠡᠷᠳᠡᠨᠢᠴᠡᠴᠡᠭ ᠰᠡᠬᠦᠳᠡᠷᠯᠡᠪᠡ︶      6 ᠰᠠᠷ᠎ᠠ ᠶᠢᠨ1 ᠤ ᠡᠳᠦᠷ᠂ ᠠᠯᠠᠱᠠ ᠵᠡᠭᠦᠨ ᠬᠤᠰᠢᠭᠤᠨ ᠤ ᠰᠣᠶᠣᠯ ᠤᠨ ᠣᠷᠳᠣᠨ ᠠᠴᠠ ᠭᠤᠣᠯᠯᠠᠨ ᠡᠷᠬᠢᠯᠡᠵᠦ᠂ ᠠᠯᠠᠱᠠ ᠵᠡᠭᠦᠨ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠬᠠᠮᠠᠭᠠᠯᠠᠬᠤ ᠨᠡᠶᠢᠭᠡᠮᠯᠢᠭ ᠠᠴᠠ ᠳᠠᠭᠠᠭᠠᠴᠢᠯᠠᠨ ᠡᠷᠬᠢᠯᠡᠭᠰᠡᠨ ᠠᠯᠠᠱᠠ ᠬᠤᠱᠤᠳ ᠠᠷᠠᠳ ᠤᠨ ᠦᠯᠢᠭᠡᠷᠲᠦ ᠤᠷᠲᠤ ᠶᠢᠨ ᠳᠠᠭᠤᠤ ᠪᠣᠯᠤᠨ ᠤᠯᠠᠮᠵᠢᠯᠠᠯᠲᠤ ᠠᠯᠠᠱᠠ ᠦᠰᠦ ᠭᠦᠷᠦᠬᠦ ᠤᠷ᠎ᠠ ᠮᠡᠷᠭᠡᠵᠢᠯ ᠤᠨ ᠪᠣᠯᠪᠠᠰᠤᠷᠠᠯ ᠤᠨ ᠠᠩᠭᠢ ᠬᠢᠴᠢᠶᠠᠯ ᠡᠬᠢᠯᠡᠵᠡᠢ ᠃            ᠲᠤᠰ ᠤᠳᠠᠭᠠᠨ ᠤ ᠪᠣᠯᠪᠠᠰᠤᠷᠠᠯ ᠤᠨ ᠠᠩᠭᠢ ᠶᠢ ᠠᠯᠠᠱᠠ ᠬᠤᠱᠤᠳ ᠠᠷᠠᠳ ᠤᠨ ᠦᠯᠢᠭᠡᠷᠲᠦ ᠤᠷᠲᠤ ᠶᠢᠨ ᠳᠠᠭᠤᠤ ᠪᠣᠯᠤᠨ ᠤᠯᠠᠮᠵᠢᠯᠠᠯᠲᠤ ᠠᠯᠠᠱᠠ ᠦᠰᠦ ᠭᠦᠷᠦᠬᠦ ᠤᠷ᠎ᠠ ᠮᠡᠷᠭᠡᠵᠢᠯ᠂ ᠵᠠᠩ ᠵᠠᠩᠰᠢᠯ ᠢ ᠤᠯᠠᠨ ᠳᠠᠶᠠᠭᠠᠷ ᠲᠤ ᠲᠠᠨᠢᠭᠤᠯᠵᠤ ᠥᠪᠯᠡᠨ ᠤᠯᠠᠮᠵᠢᠯᠠᠭᠤᠯᠬᠤ ᠵᠣᠷᠢᠯᠭ᠎ᠠ ᠪᠠᠷ ᠡᠷᠬᠢᠯᠡᠵᠤ᠂ ᠠᠯᠠᠱᠠ ᠬᠤᠱᠤᠳ ᠠᠷᠠᠳ ᠤᠨ ᠦᠯᠢᠭᠡᠷᠲᠦ ᠤᠷᠲᠤ ᠶᠢᠨ ᠳᠠᠭᠤᠤ ᠶᠢᠨ ᠪᠣᠯᠪᠠᠰᠤᠷᠠᠯ ᠢ ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪᠯᠡᠭᠴᠢ᠂ ᠵᠠᠩ ᠦᠢᠯᠡ᠂ ᠤᠷᠲᠤ ᠶᠢᠨ ᠲᠠᠭᠤᠤ ᠶᠢᠨ ᠰᠤᠳᠤᠯᠤᠭᠴᠢ ᠴᠠᠭᠠᠨᠴᠢᠯᠠᠭᠤ ᠪᠠᠭᠰᠢᠯᠠᠵᠤ᠂ ᠤᠯᠠᠮᠵᠢᠯᠠᠯᠲᠤ ᠠᠯᠠᠱᠠ ᠦᠰᠦ  ᠭᠦᠷᠦᠬᠦ ᠤᠷ᠎ᠠ ᠮᠡᠷᠭᠡᠵᠢᠯ ᠤᠨ ᠪᠣᠯᠪᠠᠰᠤᠷᠠᠯ ᠢ ᠠᠶᠢᠮᠠᠭ ᠤᠨ ᠳᠡᠰ ᠤᠨ ᠤᠯᠠᠮᠵᠢᠯᠠᠯᠲᠤ ᠠᠯᠠᠱᠠ ᠦᠰᠦ ᠭᠦᠷᠦᠬᠦ ᠥᠪᠯᠡᠨ ᠤᠯᠠᠮᠵᠢᠯᠠᠭᠴᠢ ᠯᠦᠸᠧ ᠶᠢᠨ ᠬᠤᠸᠠ ᠪᠠᠭᠰᠢᠯᠠᠬᠤ ᠪᠠᠷ ᠪᠣᠯᠵᠠᠢ᠃            ᠲᠤᠰ ᠪᠣᠯᠪᠠᠰᠤᠷᠠᠯ ᠤᠨ ᠠᠩᠭᠢ ᠨᠢ ᠦᠨᠳᠦᠰᠦᠲᠡᠨ ᠤ ᠰᠣᠶᠣᠯ ᠢᠶᠠᠨ ᠡᠷᠭᠦᠨ ᠬᠦᠨᠳᠦᠳᠬᠡᠵᠦ ᠶᠠᠪᠤᠳᠠᠭ ᠥᠷᠭᠡᠨ ᠣᠯᠠᠨ ᠲᠦᠮᠡᠨ ᠳᠡᠭᠡᠨ ᠶᠠᠮᠠᠷ ᠴᠤ ᠦᠨ᠎ᠡ ᠲᠥᠯᠥᠪᠦᠷᠢ ᠦᠭᠡᠢ ᠪᠠᠷ ᠦᠢᠯᠡᠴᠢᠯᠡᠵᠦ ᠪᠠᠶᠢᠭ᠎ᠠ ᠶᠤᠮ᠃ ᠲᠡᠷᠡᠴᠢᠯᠡᠨ ᠠᠯᠠᠱᠠ ᠬᠤᠱᠤᠳ ᠠᠷᠠᠳ ᠤᠨ ᠦᠯᠢᠭᠡᠷᠲᠦ ᠤᠷᠲᠤ ᠶᠢᠨ ᠳᠠᠭᠤᠤ ᠶᠢᠨ ᠪᠣᠯᠪᠠᠰᠤᠷᠠᠯ ᠢ ᠭᠠᠷᠠᠭ  ᠪᠦᠷᠢ ᠶᠢᠨ ᠭᠠᠷᠠᠭ ᠤᠨ ᠡᠳᠦᠷ ᠤᠨ ᠦᠳᠡ ᠶᠢᠨ ᠬᠤᠶᠢᠨ᠎ᠠ ᠶᠢᠨ ᠭᠤᠷᠪᠠᠨ ᠴᠠᠭ ᠲᠤ ᠡᠬᠢᠯᠡᠭᠦᠯᠵᠦ᠂ ᠤᠯᠠᠮᠵᠢᠯᠠᠯᠲᠤ ᠠᠯᠠᠱᠠ ᠦᠰᠦ ᠭᠦᠷᠦᠬᠦ ᠤᠷ᠎ᠠ ᠮᠡᠷᠭᠡᠵᠢᠯ ᠤᠨ ᠪᠣᠯᠪᠠᠰᠤᠷᠠᠯ ᠢ ᠭᠠᠷᠠᠭ ᠪᠦᠷᠢ ᠶᠢᠨ ᠭᠠᠷᠠᠭ ᠤᠨ ᠵᠢᠷᠭᠤᠭᠠᠨ ᠤ ᠦᠳᠡ ᠶᠢᠨ ᠬᠤᠶᠢᠨ᠎ᠠ ᠶᠢᠨ ᠭᠤᠷᠪᠠᠨ ᠴᠠᠭ ᠲᠤ ᠡᠬᠢᠯᠡᠭᠦᠯᠵᠦ᠂ ᠤᠷᠲᠤ ᠬᠤᠭᠤᠴᠠᠭ᠎ᠠ ᠪᠠᠷ ᠪᠠᠷᠢᠮᠲᠠᠯᠠᠨ  ᠶᠠᠪᠤᠭᠳᠠᠭᠤᠯᠬᠤ ᠪᠠᠷ ᠪᠠᠶᠢᠨ᠎ᠠ᠃                                                                 ᠪᠠᠭᠠᠨ᠎ᠠ ᠡᠷᠳᠡᠨᠢᠴᠡᠴᠡᠭ
 
ᠢᠷᠡᠯᠲᠡ᠄ ᠠᠯᠠᠱᠠ ᠶᠢᠨ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号