[ᠲᠦᠪ ᠤᠨ ᠬᠠᠷ᠎ᠠ ᠪᠦᠯᠥᠭᠳᠡᠨ ᠬᠠᠷᠬᠢᠰ ᠬᠦᠴᠤᠨ ᠢ ᠠᠷᠢᠯᠭᠠᠬᠤ ᠱᠠᠯᠠᠪᠳᠠᠭᠤᠯᠤᠨ ᠵᠢᠯᠤᠭᠤᠤᠠᠬᠤ ᠠᠵᠢᠯᠯᠠᠭ᠎ᠠ ᠦᠪᠤᠷ ᠮᠤᠩᠭᠤᠯ ᠳᠤ ] ᡁᠢ ᠱᠦ ᠫᠢᠩ :ᠠᠷᠠᠳ ᠲᠦᠮᠡᠨ ᠢᠶᠠᠷ ᠭᠤᠤᠯ ᠪᠤᠯᠭᠠᠬᠤ  ᠭᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠵᠤ ᠢᠯᠡᠴᠢᠯᠡᠨ ᠮᠡᠳᠡᠭᠦᠯᠦᠭᠰᠡᠨ ᠰᠦᠪᠡᠭᠴᠢ ᠪᠤᠯᠭᠠᠨ ᠳᠤ ᠨᠠᠷᠢᠨ ᠬᠢᠨᠠᠮᠠᠭᠠᠢ ᠬᠠᠨᠳᠤᠬᠤ ᠬᠡᠷᠡᠭᠳᠡᠢ
ᠨᠡᠶᠢᠲᠡᠯᠡᠭᠰᠡᠨ ᠴᠠᠭ᠄
2019/6/3
     ᠦᠪᠦᠷ ᠮᠤᠩᠭᠤᠯ ᠤᠨ ᠡᠳᠦᠷ ᠤᠨ ᠰᠤᠨᠢᠨ ᠤ ᠮᠡᠳᠡᠭᠡ  6 ᠰᠠᠷ᠎ᠠ ᠶᠢᠨ 2 ᠤᠨ ᠡᠳᠦᠷ᠂ ᠲᠦᠪ ᠤᠨ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ 15 ᠳ᠋ᠤᠭᠠᠷ ᠱᠠᠯᠠᠪᠳᠠᠭᠤᠯᠤᠨ ᠵᠢᠯᠤᠭᠤᠳᠬᠤ ᠲᠤᠭᠤᠢᠢᠯᠠᠩ ᠤᠨ ᠲᠠᠷᠤᠭ᠎ᠠ ᡁᠢ ᠱᠦ ᠫᠢᠩ ᠲᠦᠪ ᠤᠨ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠱᠠᠯᠠᠪᠳᠠᠭᠤᠯᠤᠨ ᠵᠢᠯᠤᠭᠤᠳᠬᠤ ᠠᠵᠢᠯ ᠤᠨ ᠢᠯᠡᠴᠢᠯᠡᠨ ᠮᠡᠳᠡᠭᠦᠯᠬᠦ ᠰᠦᠪᠡᠭᠴᠢ ᠶᠢ ᠬᠦᠯᠢᠶᠡᠨ ᠠᠪᠴᠤ ᠰᠢᠢᠳᠪᠤᠷᠢᠯᠡᠬᠦ ᠲᠤᠭᠤᠢᠢᠯᠠᠩ ᠤᠨ ᠨᠦᠬᠦᠳ ᠢ ᠲᠤᠭᠤᠷᠢᠨ ᠰᠤᠷᠪᠤᠯᠵᠢᠯᠠᠵᠤ ᠲᠤᠬᠤᠨᠢᠭᠤᠯᠬᠤ ᠶᠢᠨ ᠬᠠᠮᠳᠤ ᠠᠵᠢᠯ ᠤᠨ ᠪᠤᠳᠠᠳᠠᠢ ᠱᠠᠭᠠᠷᠳᠠᠯᠭ᠎ᠠ ᠲᠤᠷᠠᠳᠴᠠᠢ᠃            ᡁᠢ ᠱᠦ ᠫᠢᠩ ᠢᠯᠡᠴᠢᠯᠡᠨ ᠮᠡᠳᠡᠭᠦᠯᠬᠦ ᠰᠦᠪᠡᠭᠴᠢ ᠬᠦᠯᠢᠶᠡᠨ ᠠᠪᠴᠤ ᠰᠢᠢᠳᠪᠤᠷᠢᠯᠡᠬᠦ ᠲᠤᠭᠤᠢᠢᠯᠠᠩ ᠤᠨ ᠡᠮᠦᠨᠡᠬᠢ ᠬᠤᠭᠤᠴᠠᠭᠠᠨ ᠤ ᠪᠡᠯᠡᠳᠭᠡᠯ ᠠᠵᠢᠯ ᠢ ᠨᠠᠷᠢᠨ ᠤᠢᠢᠯᠠᠭᠠᠬᠰᠠᠨ ᠪᠦᠭᠡᠳ ᠬᠠᠨᠤᠮᠵᠢ ᠲᠠᠢ ᠪᠠᠶᠢᠬᠤ ᠪᠠᠨ ᠢᠯᠡᠳᠭᠡᠪᠡ᠃ ᡁᠢ ᠱᠦ ᠫᠢᠩ᠂ ᠢᠯᠡᠴᠢᠯᠡᠨ ᠮᠡᠳᠡᠭᠦᠯᠬᠦ ᠰᠦᠪᠡᠭᠴᠢ ᠶᠢ ᠬᠦᠯᠢᠶᠡᠨ ᠠᠪᠴᠤ ᠰᠢᠢᠳᠪᠤᠷᠢᠯᠡᠬᠦ ᠲᠤᠭᠤᠢᠢᠯᠠᠩ ᠨᠠᠮ ᠤᠨ ᠲᠦᠪ ᠬᠤᠷᠢᠶᠠᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠲᠤᠬᠠᠢ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠨ᠂ ᠤᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠰᠦᠪᠡᠭᠴᠢ ᠪᠤᠯᠭᠠᠨ ᠳᠤ ᠨᠠᠷᠢᠨ ᠬᠢᠨᠠᠮᠠᠭᠠᠢ ᠬᠠᠨᠳᠤᠵᠤ᠂ ᠢᠯᠡᠴᠢᠯᠡᠨ ᠮᠡᠳᠡᠭᠦᠯᠦᠭᠰᠡᠨ ᠬᠡᠷᠡᠭ ᠪᠤᠯᠭᠠᠨ ᠳᠤ ᠬᠠᠷᠢᠭᠤ ᠲᠤᠰᠬᠠᠬᠤ ᠬᠡᠷᠡᠭᠳᠡᠢ᠃ ᠢᠯᠡᠴᠢᠯᠡᠨ ᠮᠡᠳᠡᠭᠦᠯᠬᠦ ᠰᠦᠪᠡᠭᠴᠢ ᠶᠢ ᠬᠦᠯᠢᠶᠡᠨ ᠠᠪᠴᠤ ᠰᠢᠢᠳᠪᠤᠷᠢᠯᠡᠬᠦ ᠪᠤᠯ ᠲᠦᠪ ᠤᠨ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠶᠢ ᠱᠠᠯᠠᠪᠳᠠᠭᠤᠯᠤᠨ ᠵᠢᠯᠤᠭᠤᠳᠬᠤ ᠠᠵᠢᠯ ᠤᠨ ᠨᠢᠭᠡ ᠬᠡᠰᠡᠭ᠂ ᠮᠦᠨᠴᠤ ᠬᠠᠮᠤᠭ ᠤᠨ ᠦᠨᠳᠦᠰᠦᠨ ᠭᠤᠬᠴᠤᠭ᠎ᠠ ᠪᠠᠶᠢᠵᠤ ᠂ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠬᠦᠨᠵᠡᠭᠡᠢ᠂ ᠨᠠᠷᠢᠯᠢᠭ᠂ ᠦᠨᠳᠤᠷ ᠦᠷ᠎ᠡ ᠠᠰᠢᠭ ᠲᠠᠢ ᠦᠷᠨᠢᠭᠦᠯᠵᠤ  ᠳᠡᠶᠢᠯᠬᠦ ᠡᠰᠡᠬᠦ ᠲᠠᠢ ᠬᠤᠯᠪᠤᠬᠳᠠᠵᠤ ᠪᠠᠶᠢᠳᠠᠭ᠃ ᠤᠯᠠᠨ ᠲᠦᠮᠡᠨ ᠤ ᠳᠠᠭᠤᠨ ᠢ ᠰᠤᠨᠤᠰᠴᠤ᠂ ᠤᠯᠠᠨ ᠲᠦᠮᠡᠨ ᠤ ᠰᠠᠨᠠᠭᠠᠰᠢᠷᠠᠯ ᠳᠤ ᠬᠠᠷᠢᠭᠤ ᠳᠤᠰᠬᠠᠬᠤ ᠶᠢ ᠪᠠᠷᠢᠮᠳᠠᠯᠠᠬᠤ ᠪᠤᠯ ᠱᠠᠯᠠᠪᠳᠠᠭᠤᠯᠤᠨ ᠵᠢᠯᠤᠭᠤᠳᠬᠤ ᠠᠵᠢᠯ ᠤᠨ ᠭᠤᠤᠯᠳᠠᠯᠭ᠎ᠠ ᠶᠢᠨ ᠲᠤᠳᠤᠷᠠᠬᠢ ᠭᠤᠤᠯᠳᠠᠯᠭ᠎ᠠ ᠪᠠᠶᠢᠵᠤ᠂ ᠤᠯᠠᠨ ᠲᠦᠮᠡᠨ ᠤ ᠢᠷᠡᠭᠦᠯᠦᠭᠰᠡᠨ ᠵᠠᠬᠢᠳᠠᠯ ᠴᠢᠮᠡᠭᠡ ᠶᠢ ᠨᠠᠷᠢᠨ ᠬᠢᠨᠠᠮᠠᠭᠠᠢ ᠵᠦᠪ ᠤᠨᠤᠪᠴᠢᠳᠠᠢ ᠰᠢᠢᠳᠪᠦᠷᠢᠯᠡᠨ᠂ ᠨᠢᠭᠡ ᠵᠤᠷᠪᠤᠰ ᠦᠨ᠎ᠡ ᠦᠷᠳᠡᠭ ᠲᠠᠢ ᠰᠦᠪᠡᠭᠴᠢ ᠶᠢ ᠴᠤ ᠤᠷᠬᠢᠬᠳᠠᠭᠤᠯᠤᠯ ᠦᠭᠡᠢ ᠪᠠᠷ ᠳᠤᠰ ᠡᠳᠤᠷ ᠲᠤᠨᠢ ᠬᠦᠯᠢᠶᠡᠨ ᠠᠪᠴᠤ᠂ ᠳᠤᠰ ᠡᠳᠤᠷ ᠲᠤᠨᠢ ᠳᠤᠰᠢᠶᠠᠨ ᠰᠢᠢᠳᠪᠦᠷᠢᠯᠡᠵᠤ᠂ ᠠᠯᠳᠠᠭ᠎ᠠ ᠪᠤᠷᠤᠭᠤ ᠦᠭᠡᠢ ᠪᠠᠷ ᠬᠦᠢᠴᠡᠳᠭᠡᠨ᠂ ᠱᠠᠯᠠᠪᠳᠠᠭᠤᠯᠤᠨ ᠵᠢᠯᠤᠭᠤᠳᠬᠤ ᠠᠵᠢᠯ ᠤᠨ ᠦᠪᠤᠷ ᠮᠤᠩᠭᠤᠯ ᠳᠤ ᠤᠷᠤᠬᠰᠢᠳᠠᠢ ᠶᠠᠪᠤᠬᠳᠠᠬᠤ ᠶᠢ ᠪᠠᠳᠤᠯᠠᠵᠤ᠂ ᠪᠤᠳᠠᠳᠠᠢ ᠠᠵᠢᠯᠯᠠᠭ᠎ᠠ ᠪᠠᠷ ᠢᠶᠠᠨ ᠤᠯᠠᠨ ᠲᠦᠮᠡᠨ ᠤ ᠢᠳᠡᠭᠡᠯ ᠢ ᠤᠯᠵᠤ᠂ ᠤᠯᠠᠨ ᠲᠦᠮᠡᠨ ᠤ ᠠᠮᠤᠷ ᠲᠦᠪᠰᠢᠨ ᠤ ᠲᠦᠷᠦᠭᠳᠡᠯ ᠢ ᠨᠡᠩ ᠬᠦᠢᠴᠡᠳ᠂ ᠨᠡᠩ  ᠪᠠᠳᠤᠯᠠᠭ᠎ᠠ ᠲᠠᠢ᠂ ᠨᠡᠩ ᠦᠷᠭᠦᠯᠵᠢᠯᠡᠬᠦ᠋ᠢᠴᠡ ᠪᠤᠯᠭᠠᠬᠤ ᠬᠡᠷᠡᠭᠳᠡᠢ ᠭᠡᠪᠡ᠃            ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠤᠯᠤᠰ ᠲᠦᠷᠦ ᠬᠠᠤᠯᠢ  ᠴᠠᠭᠠᠵᠠ ᠶᠢᠨ ᠬᠤᠷᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠨᠦᠭᠦᠳ ᠪᠠᠷ᠎ᠠ ᠪᠤᠯᠵᠤ ᠳᠤᠭᠤᠷᠢᠨ  ᠰᠤᠷᠪᠤᠯᠵᠢᠯᠠᠵᠤ ᠳᠤᠬᠤᠨᠢᠭᠤᠯᠪᠠ᠃        
 
ᠢᠷᠡᠯᠲᠡ᠄ ᠠᠯᠠᠱᠠ ᠶᠢᠨ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号