ᠦᠵᠡᠯ ᠰᠠᠨᠠᠭ᠎ᠠ ᠪᠠᠨ ᠴᠢᠯᠥᠭᠡᠯᠡᠵᠦ ᠴᠢᠨᠠᠷ ᠰᠠᠶᠢᠲᠠᠶ ᠬᠥᠭᠵᠢᠯᠲᠡ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠢ ᠨᠢᠭᠲᠠᠷᠠᠭᠤᠯᠤᠶ᠎ᠠ
ᠨᠡᠶᠢᠲᠡᠯᠡᠭᠰᠡᠨ ᠴᠠᠭ᠄
2019/7/10
       ᠦᠵᠡᠯ ᠰᠠᠨᠠᠭ᠎ᠠ ᠪᠠᠨ ᠴᠢᠯᠥᠭᠡᠯᠡᠵᠦ ᠴᠢᠨᠠᠷ ᠰᠠᠶᠢᠲᠠᠶ ᠬᠥᠭᠵᠢᠯᠲᠡ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠢ ᠨᠢᠭᠲᠠᠷᠠᠭᠤᠯᠤᠶ᠎ᠠ         — ᠡᠵᠡᠨ᠎ᠡ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠰᠢᠶᠦ᠋ᠩ ᠢ ᠰᠤᠷᠪᠤᠯᠵᠢᠯᠠᠭᠰᠠᠨ ᠨᠢ        ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠦᠵᠡᠯ ᠰᠠᠨᠠᠭ᠎ᠠ ᠪᠠᠨ ᠣᠯᠠᠮ ᠨᠢᠬᠡ ᠠᠯᠬᠤᠮ ᠴᠢᠯᠥᠭᠡᠯᠡᠵᠦ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠲᠤᠲᠠᠶ ᠦᠢᠯᠡᠳᠦᠯᠬᠡᠵᠢᠬᠦᠯᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠣᠬᠠᠢ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ︾ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠰᠠᠶᠢᠲᠤᠷ ᠨᠠᠶᠢᠳᠠᠪᠤᠷᠢᠵᠢᠭᠤᠯᠬᠤ ᠲᠤᠬᠠᠶ᠂ ᠲᠦᠷᠦᠭᠦᠬᠡᠨ᠂ ᠰᠤᠷᠪᠤᠯᠵᠢᠯᠠᠭᠴᠢ ᠡᠵᠡᠨ᠎ᠡ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠰᠢᠶᠦ᠋ᠩ ᠢ ᠲᠤᠰᠬᠠᠢᠢᠯᠠᠨ ᠰᠤᠷᠪᠤᠯᠵᠢᠯᠠᠪᠠ᠃        ᠸᠠᠩ ᠰᠢᠶᠦ᠋ᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ︽ᠦᠵᠡᠯ ᠰᠠᠨᠠᠭ᠎ᠠ ᠪᠠᠨ ᠣᠯᠠᠮ ᠨᠢᠬᠡ ᠠᠯᠬᠤᠮ ᠴᠢᠯᠥᠭᠡᠯᠡᠵᠦ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠲᠤᠲᠠᠶ ᠦᠢᠯᠡᠳᠦᠯᠬᠡᠵᠢᠬᠦᠯᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠣᠬᠠᠢ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ︾ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠤᠭᠰᠠᠨ ᠨᠢ ᠪᠦᠬᠦ ᠣᠷᠣᠨ ᠤ ᠬᠥᠭᠵᠢᠯᠲᠡ ᠶᠢᠨ ᠪᠣᠭᠤᠮᠲᠠ ᠳᠠᠪᠠᠭ᠋ᠤ ᠪᠠ ᠲᠣᠬᠢᠷᠠᠭᠤᠯᠤᠯᠲᠠ ᠬᠢᠵᠦ ᠬᠡᠯᠪᠡᠷᠢ ᠪᠠᠨ ᠬᠤᠪᠢᠷᠠᠭᠤᠯᠬᠤ ᠶᠡᠭᠡ ᠠᠬᠤᠶ ᠪᠠᠶᠢᠳᠠᠯ ᠤᠨ ᠳᠣᠤᠷ᠎ᠠ ᠬᠤᠷᠠᠯᠳᠤᠭᠰᠠᠨ ᠪᠣᠯᠬᠤᠷ ᠮᠠᠰᠢ ᠴᠢᠩᠭ᠎ᠠ ᠪᠣᠳᠠᠲᠤ ᠬᠠᠨᠳᠤᠯᠭᠠᠲᠤ ᠴᠢᠨᠠᠷ ᠲᠠᠢ ᠶᠤᠮ᠃ ᠡᠵᠡᠨ᠎ᠡ ᠬᠤᠰᠢᠭᠤ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ ᠡᠵᠡᠨ᠎ᠡ ᠶᠢᠨ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠡᠶᠡᠯᠡᠭᠦᠯᠦᠨ᠎ᠡ ᠬᠡᠪᠡ᠃        ᠴᠢᠨᠠᠷ ᠰᠠᠶᠢᠲᠠᠶ ᠬᠥᠭᠵᠢᠯᠲᠡ ᠶᠢ ᠨᠠᠩ ᠴᠢᠬᠤᠯᠠᠴᠢᠯᠠᠵᠤ᠂ ᠤᠳᠤ ᠦᠶ᠎ᠡ ᠶᠢᠨ ᠠᠵᠤ ᠦᠢᠯᠡᠰ ᠤᠨ ᠰᠢᠨ᠎ᠡ ᠰᠢᠰᠲ᠋ᠧᠮᠵᠢ ᠶᠢ ᠬᠦᠴᠦᠯᠡᠨ ᠪᠠᠶᠢᠭᠤᠯᠤᠨ᠎ᠠ᠃ ᠨᠢᠭᠡ ᠳᠤ᠂ ᠲᠠᠷᠢᠶᠠᠯᠠᠩ ᠮᠠᠯ ᠠᠵᠤ ᠠᠬᠤᠢ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠵᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠨ᠂ ᠪᠦᠲᠦᠴᠡ ᠶᠢᠨ ᠲᠣᠬᠢᠷᠠᠭᠤᠯᠤᠯᠲᠠ ᠪᠠᠷ ᠭᠤᠤᠯᠳᠠᠯᠭ᠎ᠠ ᠪᠣᠯᠭᠠᠵᠤ᠂ ᠣᠷᠭᠠᠨᠢᠭ᠂ ᠣᠨᠴᠠᠯᠢᠭᠲᠣ᠂ ᠤᠰᠤ ᠠᠷᠪᠢᠯᠠᠬᠤ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠦᠨ᠎ᠡ᠃ ᠬᠤᠶᠠᠷ ᠲᠤ᠂ ᠠᠶᠤᠯᠭᠦᠶ ᠦᠢᠯᠡᠳᠪᠦᠷᠢᠯᠡᠯ ᠤᠨ ᠬᠤᠷᠢᠭ᠎ᠠ ᠱᠤᠭᠤᠮ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠳᠠᠪᠠᠭᠤᠯᠢᠭ ᠡᠬᠢ ᠪᠠᠶᠠᠯᠢᠭ ᠢᠶᠠᠨ ᠲᠥᠪ ᠤᠨ ᠠᠵᠤ ᠠᠬᠤᠢᠢᠯᠠᠯ᠂ ᠲᠣᠮᠣ ᠬᠡᠯᠪᠡᠷᠢ ᠶᠢᠨ ᠣᠯᠣᠰ ᠤᠨ ᠦᠮᠴᠢᠯᠡᠯᠳᠦ ᠠᠵᠤ ᠠᠬᠤᠢᠢᠯᠠᠯ ᠪᠠ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠢᠢᠯᠠᠯ ᠲᠡᠰᠢ ᠨᠡᠶᠢᠳᠬᠡᠨ ᠲᠥᠪᠯᠡᠷᠡᠭᠦᠯᠬᠦ ᠪᠠᠷ ᠴᠢᠷᠮᠠᠶᠢᠵᠤ᠂ ᠡᠬᠢ ᠪᠠᠶᠠᠯᠢᠭ ᠤᠨ ᠳᠠᠪᠠᠭᠤᠯᠢᠭ ᠢᠶᠠᠨ ᠬᠦᠢᠴᠡᠳ ᠬᠡᠮᠵᠢᠶ᠎ᠡ ᠪᠠᠷ ᠠᠵᠦ ᠠᠬᠤᠢ ᠶᠢᠨ ᠳᠠᠪᠠᠭᠤᠯᠢᠭ ᠪᠣᠯᠭᠠᠨ ᠬᠤᠪᠢᠷᠠᠭᠤᠯᠵᠦ᠂ ᠠᠵᠤ ᠦᠢᠯᠡᠳᠪᠦᠷᠢ ᠶᠢᠨ ᠠᠵᠤ ᠠᠬᠤᠢ ᠶᠢᠨ ᠬᠡᠪᠴᠢᠶᠡᠵᠢᠯ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠭᠤᠷᠪᠠ ᠳᠤ᠂ ᠣᠯᠠᠨ ᠤᠯᠤᠰ ᠤᠨ ᠵᠢᠭᠤᠯᠴᠢᠯᠠᠯ ᠰᠡᠯᠡᠭᠦᠴᠡᠯ ᠤᠨ ᠬᠠᠷᠠᠯᠳᠠᠳᠣ ᠣᠷᠣᠨ ᠢ ᠴᠣᠭᠴᠠᠯᠠᠬᠤ ᠪᠠᠷ ᠬᠠᠷᠠᠯᠲᠠ ᠪᠣᠯᠭᠠᠬᠤ ᠶᠢ ᠪᠠᠷᠢᠮᠲᠠᠯᠠᠵᠤ᠂ ᠪᠦᠬᠦ ᠬᠢᠵᠠᠭᠠᠷ ᠤᠨ ᠵᠢᠭᠤᠯᠴᠢᠯᠠᠯ  ᠢ ᠪᠣᠢ ᠪᠣᠯᠭᠠᠬᠤ ᠪᠠᠷ ᠭᠠᠷᠳᠠᠴᠠ ᠪᠣᠯᠭᠠᠵᠤ᠂ ᠦᠵᠡᠮᠵᠢ ᠶᠢᠨ ᠣᠷᠣᠨ ᠢ ᠲᠡᠰ ᠳᠡᠪᠰᠢᠭᠦᠯᠬᠦ ᠪᠠᠷ ᠭᠤᠤᠯᠳᠠᠯᠭ᠎ᠠ ᠪᠣᠯᠭᠠᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃        ᠪᠣᠬᠢᠷᠲᠤᠯ ᠦᠭᠡᠢ ᠬᠥᠭᠵᠢᠯᠲᠡ ᠶᠢ ᠨᠠᠩ ᠴᠢᠬᠤᠯᠠᠴᠢᠯᠠᠵᠤ᠂ ᠠᠮᠢ ᠠᠬᠤᠢ ᠶᠢᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠨᠢᠭᠡ ᠳᠤ᠂《ᠬᠦᠬᠡᠮᠳᠦᠭ ᠨᠣᠭᠤᠭᠠᠨ ᠠᠭᠤᠯᠠ ᠣᠰᠣ ᠪᠣᠯ ᠦᠨᠢᠳᠡ ᠶᠢᠨ ᠦᠪ ᠬᠦᠷᠦᠩᠭᠡ ᠮᠦᠨ》ᠬᠡᠬᠦ ᠣᠨᠣᠯᠵᠢᠬᠤᠨ ᠢ ᠦᠢᠯᠡᠳᠦᠯᠭᠡᠵᠢᠬᠦᠯᠵᠦ᠂ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠪᠬᠢ ᠶᠢᠨ ᠣᠷᠣᠨ ᠤ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠦᠬᠦ ᠲᠠᠯ᠎ᠠ ᠪᠠᠷ ᠠᠬᠢᠭᠤᠯᠤᠨ᠎ᠠ᠃ ᠬᠤᠶᠠᠷ ᠲᠤ᠂ ᠠᠮᠢ ᠠᠬᠤᠶ ᠶᠢ ᠡᠩ ᠳᠡᠷᠢᠬᠦᠨ ᠳᠤ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠴᠡᠯᠮᠡᠭ ᠣᠭᠲᠠᠷᠭᠤᠶ᠂ ᠴᠡᠩᠭᠡᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠭᠤᠷᠪᠠᠨ ᠶᠡᠭᠡ ᠠᠵᠢᠯ ᠢ ᠬᠦᠴᠦᠯᠡᠨ ᠰᠠᠶᠢᠲᠤᠷ ᠬᠢᠬᠦ ᠬᠡᠷᠡᠭᠲᠡᠶ᠃        ᠵᠣᠬᠢᠴᠠᠩᠭᠤᠢ ᠬᠥᠭᠵᠢᠯᠲᠡ ᠶᠢ ᠨᠠᠩ ᠴᠢᠬᠤᠯᠠᠴᠢᠯᠠᠵᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠨᠢᠭᠡ ᠳᠤ᠂ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠳᠥᠭᠦᠮ ᠪᠦᠲᠦᠴᠡᠲᠦ ᠣᠷᠣᠨ ᠰᠠᠭᠤᠴᠠ ᠶᠢ ᠲᠣᠭᠤᠷᠢᠭ ᠪᠣᠯᠭᠠᠨ ᠥᠭᠡᠷᠡᠴᠢᠯᠡᠬᠦ ᠬᠤᠲᠠ ᠶᠢᠨ ᠵᠢᠷᠤᠭ ᠲᠥᠯᠥᠪᠯᠡᠭᠡ ᠪᠠ ᠵᠢᠭᠤᠯᠴᠢᠯᠠᠯ ᠤᠨ ᠬᠤᠲᠠ ᠪᠠᠯᠭᠠᠰᠤᠨ ᠤ ᠪᠠᠶᠢᠷᠢ ᠲᠣᠭᠲᠠᠭᠠᠯᠲᠠ ᠲᠠᠢ ᠤᠶᠠᠯᠳᠤᠭᠤᠯᠤᠨ᠂ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠬᠤᠲᠠ ᠪᠠᠯᠭᠠᠰᠤᠨ ᠤ ᠴᠢᠳᠠᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠬᠤᠲᠠ ᠪᠠᠯᠭᠠᠰᠤᠨ ᠤ ᠴᠢᠨᠠᠷ ᠳᠡᠰ ᠢ ᠳᠡᠭᠡᠭᠰᠢᠯᠡᠭᠦᠯᠦᠨ᠎ᠡ᠃ ᠬᠤᠶᠠᠷ ᠲᠤ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠡᠩ ᠲᠡᠷᠢᠬᠦᠨ ᠳᠤ ᠳᠠᠯᠪᠢᠬᠤ ᠶᠢ ᠪᠠᠷᠢᠮᠲᠠᠯᠠᠵᠤ᠂ ᠣᠷᠣᠨ ᠨᠣᠲᠤᠭ ᠤᠨ ᠨᠥᠬᠦᠴᠡᠯ ᠢ ᠦᠨᠳᠦᠰᠦᠯᠡᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠬᠥᠳᠡᠭᠡ ᠲᠣᠰᠬᠤᠨ ᠤ ᠣᠨᠴᠠᠯᠢᠭᠲᠤ ᠵᠢᠭᠤᠯᠴᠢᠯᠠᠯ ᠪᠠ ᠡᠯᠧᠺᠲᠷᠣᠨ ᠬᠤᠳᠠᠯᠳᠤᠭᠠᠨ ᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠨᠴᠠᠯᠢᠭᠲᠤ ᠲᠥᠷᠥᠯ ᠲᠡᠮᠳᠡᠭ ᠢ ᠴᠢᠷᠮᠠᠶᠢᠨ ᠡᠭᠦᠳᠦᠨ᠎ᠡ᠃        ᠸᠠᠩ ᠰᠢᠶᠦ᠋ᠩ᠂ ᠪᠢᠳᠡ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠠᠵᠢᠯᠯᠠᠭ᠎ᠠ ᠳᠤᠮᠳᠠ ᠪᠠᠨ ᠨᠠᠶᠢᠳᠠᠪᠣᠷᠢᠵᠢᠭᠤᠯᠣᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠨᠠᠶᠢᠳᠠᠪᠤᠷᠢᠵᠢᠭᠤᠯᠬᠤ᠂ ᠬᠥᠭᠵᠢᠯᠲᠡ ᠶᠢᠨ ᠰᠡᠳᠬᠢᠴᠡ ᠠᠷᠭ᠎ᠠ ᠬᠡᠮᠵᠢᠶ᠎ᠡ ᠶᠢ ᠰᠢᠨᠡᠴᠢᠯᠡᠬᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠢ ᠨᠢᠭᠲᠠᠷᠠᠭᠤᠯᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠲᠦᠷᠭᠡᠳᠬᠡᠨ ᠪᠦᠲᠦᠭᠡᠨ ᠪᠠᠶᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠦᠵᠡᠮᠵᠢ ᠶᠢᠨ ᠣᠷᠣᠨ ᠢ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠤᠨ᠎ᠠ ᠭᠡᠵᠦ ᠢᠯᠡᠳᠬᠡᠪᠡ᠃      (ᠠᠯᠠᠱᠠ ᠶᠢᠨ ᠡᠳᠦᠷ ᠤᠨ ᠰᠣᠨᠢᠨ ᠤ ᠰᠣᠷᠪᠣᠯᠵᠢᠯᠠᠭᠴᠢ ᠶᠢᠨ ᠰᠣᠷᠪᠣᠯᠵᠢᠯᠠᠭ᠎ᠠ ᠶᠢ ᠠᠯᠠᠱᠠ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠣᠷᠴᠢᠭᠤᠯᠭ᠎ᠠ ᠶᠢᠨ ᠰᠠᠯᠠᠭ᠎ᠠ ᠣᠷᠴᠢᠭᠤᠯᠣᠨ ᠨᠠᠶᠢᠷᠠᠭᠤᠯᠪᠠ)
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号