2019 ᠣᠨ ᠳᠤ᠂ ᠡᠵᠡᠨ᠎ᠡ ᠬᠤᠰᠢᠭᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠠᠢ ᠨᠢᠭᠲᠠ ᠤᠶᠠᠯᠳᠤᠭᠤᠯᠤᠨ᠂ ᠲᠠᠷᠢᠶᠠᠯᠠᠩ ᠤᠨ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ ᠪᠠ ᠠᠮᠢᠲᠠᠨ ᠤ ᠬᠢᠵᠢᠭ ᠢ | ᠰᠡᠷᠭᠡᠶᠢᠯᠡᠬᠦ ᠬᠠᠤᠯᠢ ᠶᠢ ᠳᠣᠣᠱᠯᠠᠭᠤᠯᠣᠨ ᠬᠡᠷᠡᠭᠵᠢᠭᠦᠯᠵᠦ᠂ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ | ᠰᠡᠷᠭᠡᠶᠢᠯᠡᠨ ᠡᠵᠡᠮᠳᠡᠬᠦ ᠪᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ | ᠲᠦᠪᠰᠢᠨ ᠤ ᠬᠢᠨᠠᠨ ᠬᠠᠮᠢᠶᠠᠷᠤᠯᠲᠠ ᠶᠢᠨ ᠠᠵᠢᠯ ᠢ ᠦᠨᠡᠨᠬᠦ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠬᠦᠴᠦᠲᠡᠶ | ᠠᠬᠢᠭᠤᠯᠪᠠ᠃ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ | ᠬᠤᠷᠢᠭ᠎ᠠ ᠱᠤᠭᠤᠮ ᠢ ᠪᠠᠲᠤ ᠰᠠᠬᠢᠪᠠ᠃ ᠨᠢᠭᠡ ᠳᠤ᠂ ᠬᠤᠳᠠᠯ ᠬᠠᠭᠤᠷᠮᠠᠭ ᠲᠠᠷᠢᠶᠠᠯᠠᠩ ᠤᠨ ᠬᠡᠷᠡᠭᠰᠡᠯ ᠳᠤ ᠴᠣᠬᠢᠯᠲᠠ | ᠥᠭᠴᠦ ᠲᠠᠷᠢᠶᠠᠯᠠᠩ ᠢ ᠬᠠᠮᠠᠭᠠᠯᠠᠬᠤ ᠲᠤᠰᠬᠠᠶ ᠵᠠᠰᠠᠨ ᠴᠡᠭᠴᠡᠯᠡᠯᠳᠡ ᠶᠢ ᠦᠷᠨᠢᠬᠦᠯᠪᠡ᠃ ᠳᠡᠭᠡᠷ᠎ᠡ ᠬᠠᠭᠠᠰ ᠵᠢᠯ ᠳᠤ | ᠬᠠᠤᠯᠢ ᠬᠡᠷᠡᠭᠵᠢᠭᠦᠯᠦᠯᠲᠡ ᠪᠠᠶᠢᠴᠠᠭᠠᠯᠲᠠ ᠶᠢ 10 ᠤᠳᠠᠭ᠎ᠠ ᠥᠷᠨᠢᠭᠦᠯᠵᠦ᠂ ᠳᠠᠷᠢᠶᠠᠯᠠᠩ ᠤᠨ ᠬᠡᠷᠡᠭᠰᠡᠯ᠂ ᠮᠠᠯ ᠤᠨ | ᠡᠮ ᠤᠨ ᠳᠡᠯᠭᠡᠭᠦᠷ ᠤᠨ 15 ᠡᠷᠦᠬᠡ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠡᠵᠡᠩᠨᠡᠯᠲᠡ ᠶᠢᠨ ᠴᠡᠭ 20 ᠭᠠᠷᠤᠶ ᠭᠠᠵᠠᠷ ᠢ ᠪᠠᠶᠢᠴᠠᠭᠠᠵᠤ᠂ 3 ᠶᠢ ᠨᠢ ᠬᠡᠷᠡᠭ ᠪᠣᠯᠭᠠᠨ ᠳᠠᠩᠰᠠᠯᠠᠵᠤ᠂ 4 ᠬᠤᠪᠢ | ᠵᠠᠷᠯᠢᠭᠳᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠬᠢᠷᠢ ᠲᠡᠩᠴᠡᠬᠦ ᠥᠬᠡᠶ | ᠲᠠᠷᠢᠶᠠᠯᠠᠩ ᠳᠤ ᠬᠡᠷᠡᠭᠯᠡᠬᠦ 725 ᠰᠦᠯᠢᠶᠣᠣ ᠪᠦᠷᠬᠦᠪᠴᠢ ᠶᠢ ᠰᠢᠢᠳᠪᠦᠷᠢᠯᠡᠵᠦ᠂ 19.35 ᠺᠢᠯᠣᠭ᠍ᠷᠠᠮ | ᠴᠠᠷᠭᠠᠰᠤ ᠶᠢᠨ ᠦᠷ᠎ᠡ ᠶᠢ ᠬᠤᠷᠢᠶᠠᠮᠵᠢᠯᠠᠨ ᠠᠪᠴᠤ᠂ 30 ᠺᠢᠯᠣᠭ᠍ᠷᠠᠮ ᠬᠢᠷᠢ ᠲᠡᠩᠴᠡᠬᠦ ᠥᠬᠡᠶ ᠪᠠᠯᠲᠤ ᠬᠡᠮᠬᠡ ᠶᠢᠨ | ᠦᠷ᠎ᠡ ᠶᠢ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠪᠦᠲᠦᠮᠵᠢᠲᠡᠶ ᠬᠠᠮᠠᠭᠠᠯᠠᠪᠠ᠃ ᠬᠤᠶᠠᠷ ᠲᠤ᠂ | ︽ᠬᠠᠷ᠎ᠠ ᠮᠢᠬᠠᠵᠢᠭᠤᠯᠬᠤ ᠬᠠᠨᠳᠠ︾ ᠶᠢᠨ ᠦᠯᠡᠳᠡᠭᠳᠡᠯ ᠢ ᠰᠢᠯᠭᠠᠨ ᠪᠠᠶᠢᠴᠠᠭᠠᠬᠤ ᠠᠵᠢᠯ ᠢ ᠴᠢᠩᠭᠠᠳᠬᠠᠵᠤ᠂ ᠠᠯᠠᠵᠤ | ᠨᠢᠲᠤᠯᠬᠤ ᠭᠤᠭᠴᠤᠭ᠎ᠠ ᠳᠠᠬᠢ ᠠᠯᠠᠰᠢᠨ ᠤ ᠭᠠᠭ᠋ᠠᠶ᠂ ᠠᠯᠠᠰᠢᠨ ᠤ ᠬᠤᠨᠢᠨ ᠤ ︽ᠬᠠᠷ᠎ᠠ ᠮᠢᠬᠠᠵᠢᠭᠤᠯᠬᠤ ᠬᠠᠨᠳᠠ︾ | ᠶᠢᠨ ᠦᠯᠡᠳᠡᠭᠳᠡᠯ ᠢ ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠵᠦ᠂ 31 ᠬᠤᠪᠢ ᠠᠯᠠᠰᠢᠨ ᠤ ᠭᠠᠭ᠋ᠠᠢ᠂ 26 | ᠬᠤᠪᠢ ᠠᠯᠠᠰᠢᠨ ᠤ ᠬᠤᠨᠢᠨ ᠤ ᠰᠢᠭᠡᠰᠦᠨ ᠤ ᠬᠠᠨᠳᠠ ᠶᠢ ᠰᠤᠭᠤᠴᠢᠨ ᠪᠠᠶᠢᠴᠠᠭᠠᠵᠤ᠂ ︽ᠬᠠᠷ᠎ᠠ ᠮᠢᠬᠠᠵᠢᠭᠤᠯᠬᠤ | ᠬᠠᠨᠳᠠ︾ ᠨᠡᠮᠡᠭᠰᠡᠨ ᠦᠵᠡᠭᠳᠡᠯ ᠢ ᠢᠯᠡᠷᠡᠭᠦᠯᠦᠭᠰᠡᠨ ᠦᠬᠡᠢ᠃ ᠭᠤᠷᠪᠠ ᠳᠤ᠂ ᠠᠮᠢᠲᠠᠨ ᠵᠢᠴᠢ ᠲᠡᠭᠦᠨ ᠤ | ᠦᠢᠯᠡᠳᠬᠦᠨ ᠤ ᠬᠦᠢᠯᠭᠡᠭᠡᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠪᠠ᠃ ᠭᠠᠳᠠᠭᠰᠢ ᠰᠢᠯᠵᠢᠭᠦᠯᠬᠦ ᠠᠮᠢᠲᠠᠨ ᠢ | ᠮᠡᠳᠡᠭᠦᠯᠦᠨ ᠵᠦᠪᠰᠢᠶᠡᠷᠡᠬᠦᠯᠬᠦ ᠮᠡᠳᠡᠭᠦᠯᠦᠨ ᠪᠠᠶᠢᠴᠠᠭᠠᠯᠭᠠᠬᠤ ᠪᠠ ᠵᠢᠭᠠᠨ ᠲᠣᠭᠲᠠᠭᠠᠭᠰᠠᠨ ᠨᠡᠪᠲᠡᠷᠡᠬᠦ ᠵᠠᠮ ᠢᠶᠠᠷ | ᠵᠥᠪᠰᠢᠶᠡᠷᠡᠨ ᠣᠷᠣᠭᠤᠯᠬᠤ ᠲᠣᠭᠲᠠᠭᠠᠯ ᠢ ᠬᠠᠤᠯᠢ ᠶᠣᠰᠣᠭᠠᠷ ᠡᠷᠡᠰ ᠬᠡᠷᠡᠭᠵᠢᠭᠦᠯᠵᠦ᠂ ᠳᠡᠭᠡᠷ᠎ᠡ ᠬᠠᠭᠠᠰ ᠵᠢᠯ ᠳᠤ | ᠬᠤᠶᠠᠳᠤᠭᠠᠷ ᠨᠣᠮᠧᠷᠲᠤ ᠵᠣᠬᠢᠶᠠᠮᠠᠯ ᠠᠭᠤᠯᠠ ᠶᠢᠨ ᠵᠠᠰᠠᠮᠠᠯ ᠵᠠᠮ ᠤᠨ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠨ | ᠪᠠᠶᠢᠴᠠᠭᠠᠬᠤ ᠥᠷᠲᠡᠭᠡ ᠠᠴᠠ 1395 ᠠᠮᠢᠳᠦ ᠮᠠᠯ ᠵᠢᠭᠦᠷᠲᠡᠨ᠂ ᠠᠮᠢᠲᠠᠨ ᠤ ᠠᠰᠢᠭ ᠰᠢᠮ᠎ᠡ ᠶᠢ 425.778 | ᠲᠣᠨ ᠪᠠᠶᠢᠴᠠᠭᠠᠨ ᠰᠢᠯᠭᠠᠵᠤ᠂ ᠠᠮᠢᠲᠠᠨ ᠵᠢᠴᠢ ᠲᠡᠭᠦᠨ ᠤ ᠠᠰᠢᠭ ᠰᠢᠮ᠎ᠡ ᠶᠢ ᠵᠦᠭᠡᠭᠡᠪᠦᠷᠢᠯᠡᠭᠰᠡᠨ ᠲᠡᠷᠭᠡ ᠬᠥᠰᠬᠡ ᠶᠢ | ᠠᠷᠢᠭᠤᠳᠬᠠᠵᠦ᠂ ᠬᠠᠤᠯᠢ ᠪᠤᠰᠤ ᠪᠠᠷ ᠠᠮᠢᠳᠤ ᠵᠢᠭᠦᠷᠲᠡᠨ ᠢ ᠲᠡᠭᠡᠭᠡᠪᠦᠷᠢᠯᠡᠭᠰᠡᠨ 3 ᠦᠢᠯᠡ ᠠᠵᠢᠯᠯᠠᠭ᠎ᠠ ᠶᠢ | ᠪᠠᠶᠢᠴᠠᠭᠠᠨ ᠢᠯᠡᠴᠢᠯᠡᠵᠦ᠂ 8 ᠠᠮᠢᠳᠤ ᠵᠢᠭᠦᠷᠲᠡᠨ ᠢ ᠬᠤᠣᠷ ᠦᠭᠡᠶᠢᠳᠡᠭᠦᠯᠦᠨ ᠰᠢᠢᠳᠪᠦᠷᠢᠯᠡᠪᠡ︔ ᠬᠠᠤᠯᠢ ᠶᠢ | ᠵᠥᠷᠢᠴᠡᠨ ᠠᠮᠢᠲᠠᠨ ᠤ ᠠᠰᠢᠭ ᠰᠢᠮ᠎ᠡ ᠶᠢ 48 ᠶᠢ ᠪᠠᠶᠢᠴᠠᠭᠠᠨ ᠭᠠᠷᠭᠠᠵᠤ᠂ ᠠᠮᠢᠲᠠᠨ ᠤ ᠠᠰᠢᠭ ᠰᠢᠮ᠎ᠡ ᠶᠢ 0. | 545 ᠲᠣᠨ ᠳᠠᠷᠤᠵᠤ ᠠᠪᠤᠭᠰᠠᠨ ᠪᠥᠭᠡᠳ ᠬᠤᠤᠷ ᠦᠭᠡᠶᠢᠵᠢᠬᠦᠯᠦᠨ ᠰᠢᠢᠳᠪᠦᠷᠢᠯᠡᠪᠡ᠃ | ᠠᠮᠢᠲᠠᠨ ᠤ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠶ ᠲᠦᠯᠬᠢᠨ | ᠠᠬᠢᠭᠤᠯᠪᠠ᠃ ᠨᠢᠭᠡ ᠳᠤ᠂ ᠬᠠᠪᠤᠷ ᠤᠨ ᠤᠯᠠᠷᠢᠯ ᠤᠨ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ | ᠲᠥᠪᠯᠡᠷᠡᠭᠦᠯᠦᠨ ᠦᠯᠦ ᠬᠠᠯᠳᠠᠭᠠᠬᠤ ᠠᠵᠢᠯᠯᠠᠭ᠎ᠠ ᠶᠢ ᠬᠢᠨᠠᠮᠠᠭᠠᠶ ᠵᠣᠬᠢᠶᠠᠨ ᠪᠠᠶᠢᠭᠤᠯᠤᠨ ᠦᠷᠨᠢᠬᠦᠯᠪᠡ᠃ ᠬᠤᠶᠠᠷ ᠲᠤ | ᠭᠠᠷᠤᠯᠲᠠ ᠶᠢᠨ ᠣᠷᠣᠨ᠂ ᠨᠢᠲᠤᠯᠬᠤ ᠶᠠᠪᠣᠴᠠ ᠶᠢᠨ ᠬᠢᠵᠢᠭ ᠢ ᠪᠠᠶᠢᠴᠠᠭᠠᠬᠤ ᠠᠵᠢᠯ ᠢ ᠴᠢᠩᠭᠠᠷᠠᠭᠤᠯᠪᠠ᠃ | ᠭᠤᠷᠪᠠ ᠳᠤ ᠠᠮᠢᠲᠠᠨ ᠤ ᠬᠢᠵᠢᠭ ᠤᠨ ᠪᠠᠶᠢᠳᠠᠯ ᠢ ᠪᠦᠲᠦᠮᠵᠢᠲᠡᠶ ᠪᠠᠷ ᠰᠡᠷᠭᠡᠶᠢᠯᠡᠨ ᠡᠵᠡᠮᠳᠡᠬᠦ ᠪᠠ ᠰᠢᠢᠳᠪᠦᠷᠢᠯᠡᠪᠡ᠃ | ᠬᠦᠨᠳᠦ ᠬᠡᠴᠡᠭᠦᠤ ᠬᠢᠵᠢᠭ ᠤᠨ ᠪᠠᠶᠢᠳᠠᠯ ᠳᠤ ᠴᠢᠭᠯᠡᠭᠦᠯᠦᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠴᠢᠩᠭᠠᠳᠬᠠᠵᠤ᠂ ᠭᠤᠤᠯᠳᠠᠯᠭ᠎ᠠ ᠲᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠵᠦᠢᠯ ᠤᠨ | ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠵᠦ᠂ ᠬᠢᠵᠢᠭ ᠤᠨ | ᠪᠠᠶᠢᠳᠠᠯ ᠢ ᠪᠦᠲᠦᠮᠵᠢᠲᠡᠶ ᠠᠷᠢᠯᠭᠠᠵᠤ᠂ ᠬᠠᠮᠢᠶ᠎ᠠ ᠪᠦᠬᠦᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠰᠠᠨ | ᠬᠠᠮᠢᠶᠠᠷᠤᠯᠲᠠ ᠳᠤ ᠣᠷᠣᠭᠤᠯᠪᠠ᠃ ᠳᠥᠷᠪᠡ ᠳᠤ ᠠᠮᠢᠲᠠᠨ ᠤ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ ︵ | ᠡᠷᠦᠬᠡ︶᠂ ᠠᠯᠠᠰᠢᠨ ᠭᠠᠭ᠋ᠠᠶ ᠨᠢᠲᠤᠯᠬᠤ ᠲᠣᠭᠲᠠᠭᠰᠠᠨ ᠴᠡᠭ ᠤᠨ ᠬᠢᠨᠠᠨ ᠬᠠᠮᠢᠶᠠᠷᠤᠯᠲᠠ ᠶᠢ ᠴᠢᠩᠭᠠᠳᠬᠠᠪᠠ᠃ | ᠬᠢᠵᠢᠭ ᠤᠨ ᠰᠡᠷᠭᠡᠶᠢᠯᠡᠯᠲᠡ ᠶᠢᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭᠠᠲᠠᠨ ᠵᠢᠴᠢ ᠮᠠᠯ ᠵᠢᠭᠦᠷᠲᠡᠨ ᠲᠡᠵᠢᠭᠡᠨ | ᠦᠷᠡᠵᠢᠭᠦᠯᠬᠦ ᠲᠠᠯᠠᠪᠠᠢ ᠶᠢᠨ ᠬᠢᠵᠢᠭ ᠢ ᠰᠡᠷᠭᠡᠶᠢᠯᠡᠬᠦ ᠬᠠᠮᠢᠶᠠᠷᠤᠯᠲᠠ ᠶᠢᠨ ᠳᠦᠷᠢᠮ ᠤᠨ ᠢᠯᠡ ᠨᠡᠶᠢᠲᠡᠯᠡᠬᠦ ᠫᠠᠶᠢᠰᠠ ᠶᠢ | ᠨᠢᠭᠡᠳᠦᠯᠲᠡᠶ ᠵᠣᠬᠢᠶᠠᠬᠤ ᠶᠢᠨ ᠬᠠᠮᠲᠤ ᠬᠡᠷᠡᠮ ᠳᠡᠭᠡᠷ᠎ᠡ ᠡᠯᠬᠦᠪᠡ᠃ ᠳᠡᠭᠡᠷ᠎ᠡ ᠬᠠᠭᠠᠰ ᠵᠢᠯ ᠳᠤ ᠬᠠᠤᠯᠢ ᠬᠡᠷᠡᠭᠵᠢᠭᠦᠯᠬᠦ | ᠠᠵᠢᠯᠲᠠᠨ ᠨᠢᠲᠤᠯᠬᠤ ᠲᠠᠯᠠᠪᠠᠢ᠂ ᠲᠡᠵᠢᠭᠡᠨ ᠦᠷᠡᠵᠢᠭᠦᠯᠬᠦ ᠡᠷᠦᠬᠡ ︵ᠲᠠᠯᠠᠪᠠᠢ︶ ᠳᠤ ᠡᠳᠦᠷ ᠲᠤᠲᠤᠮ ᠤᠨ | ᠪᠠᠶᠢᠴᠠᠭᠠᠯᠲᠠ ᠶᠢ 33 ᠤᠳᠠᠭ᠎ᠠ ᠥᠷᠨᠢᠭᠦᠯᠵᠦ᠂ ᠬᠠᠤᠯᠢ ᠬᠡᠷᠡᠭᠵᠢᠭᠦᠯᠬᠦ ᠠᠵᠢᠯᠲᠠᠨ ᠢ 59 ᠬᠥᠮᠦᠨ ᠤᠳᠠᠭ᠎ᠠ | ᠬᠥᠳᠡᠯᠭᠡᠵᠦ᠂ ᠵᠠᠷᠯᠢᠭᠳᠠᠨ ᠵᠠᠯᠠᠷᠠᠭᠤᠯᠤᠭᠤᠯᠬᠤ ᠮᠡᠳᠡᠭᠳᠡᠯ ᠤᠨ ᠪᠢᠴᠢᠭ ᠢ 6 ᠬᠤᠪᠢ ᠪᠠᠭᠤᠯᠭᠠᠵᠤ᠂ ᠬᠠᠮᠢᠶ᠎ᠠ ᠪᠦᠬᠦᠢ | ᠬᠠᠷᠢᠭᠤᠴᠠᠯᠭᠠᠲᠠᠨ ᠲᠠᠢ 3 ᠤᠳᠠᠭ᠎ᠠ ᠪᠣᠯᠵᠣᠨ ᠶᠠᠷᠢᠯᠴᠠᠪᠠ᠃ |