ᠠᠯᠠᠱᠠ ᠠᠶᠢᠮᠠᠭ 354 ᠡᠷᠦᠬᠡ ᠡᠮ ᠡᠮᠨᠡᠯᠬᠡ ᠶᠢᠨ ᠪᠠᠶᠢᠭᠤᠯᠤᠮᠵᠢ ᠪᠤᠯᠤᠨ ᠡᠮ ᠤᠨ ᠲᠡᠯᠬᠡᠬᠦᠷ ᠲᠠᠢ ᠦᠢᠯᠡᠴᠢᠯᠡᠬᠡᠨ ᠤ ᠬᠡᠯᠡᠯᠴᠡᠬᠡᠷ ᠲᠤᠭᠳᠠᠵᠠᠢ
ᠨᠡᠶᠢᠲᠡᠯᠡᠭᠰᠡᠨ ᠴᠠᠭ᠄
2019/7/11
       ᠰᠤᠷᠪᠤᠯᠵᠢᠯᠠᠭᠴᠢ ᠠᠶᠢᠮᠠᠭ ᠤᠨ ᠡᠮ ᠡᠮᠨᠡᠯᠬᠡ ᠶᠢᠨ ᠪᠠᠳᠣᠯᠠᠭ᠎ᠠ ᠶᠢᠨ ᠲᠤᠪᠴᠢᠶ᠎ᠠ ᠠᠴᠠ ᠤᠢᠢᠯᠠᠭᠠᠭᠰᠠᠨ ᠢᠶᠠᠷ᠂ ᠲᠡᠬᠡᠷ᠎ᠠ ᠬᠠᠭᠠᠰ ᠵᠢᠯ ᠳᠤ᠂ ᠮᠠᠨ ᠤ ᠠᠶᠢᠮᠠᠭ ᠤᠨ ᠡᠮ ᠡᠮᠨᠡᠯᠬᠡ ᠶᠢᠨ ᠲᠠᠭᠠᠳᠬᠠᠯ ᠢ ᠬᠦᠢᠴᠡᠳᠬᠡᠨ ᠪᠡᠶᠡᠯᠡᠬᠦᠯᠬᠦ ᠪᠠᠶᠢᠭᠤᠯᠤᠮᠵᠢ ᠶᠢᠨ ᠬᠢᠨ ᠡᠮ  ᠡᠮᠨᠡᠯᠬᠡ ᠶᠢᠨ ᠪᠠᠶᠢᠭᠤᠯᠤᠮᠵᠢ ᠪᠤᠯᠤᠨ ᠡᠮ ᠤᠨ ᠲᠡᠯᠬᠡᠬᠦᠷ ᠲᠠᠢ ᠦᠢᠯᠡᠴᠢᠯᠡᠬᠡᠨ ᠤ ᠬᠡᠯᠡᠯᠴᠡᠬᠡᠷ ᠲᠤᠭᠳᠠᠵᠠᠢ᠃ ᠡᠬᠦᠨ ᠳᠤ᠂ ᠡᠮ ᠡᠮᠨᠡᠯᠬᠡ ᠶᠢᠨ ᠪᠠᠶᠢᠭᠤᠯᠤᠮᠵᠢ ᠲᠠᠢ 145 ᠬᠤᠪᠢ ᠬᠡᠯᠡᠯᠴᠡᠬᠡᠷ᠂ ᠡᠮ ᠤᠨ ᠲᠡᠯᠬᠡᠬᠦᠷ ᠲᠠᠢ 209 ᠬᠤᠪᠢ ᠬᠡᠯᠡᠯᠴᠡᠬᠡᠷ ᠲᠤᠭᠳᠠᠵᠠᠢ᠃        ᠡᠮ ᠡᠮᠨᠡᠯᠬᠡ ᠶᠢᠨ ᠦᠢᠯᠡᠴᠢᠯᠡᠬᠡᠨ ᠤ ᠬᠡᠯᠡᠯᠴᠡᠬᠡᠷ ᠪᠤᠯ ᠡᠮ ᠡᠮᠨᠡᠯᠬᠡ ᠶᠢᠨ ᠲᠠᠭᠠᠳᠬᠠᠯ ᠢ ᠬᠦᠢᠴᠡᠳᠬᠡᠨ ᠪᠡᠶᠡᠯᠡᠬᠦᠯᠬᠦ ᠪᠠᠶᠢᠭᠤᠯᠤᠮᠵᠢ ᠠᠴᠠ ᠲᠤᠰᠬᠠᠢ ᠲᠤᠭᠳᠠᠭᠠᠭᠰᠠᠨ ᠡᠮ ᠡᠮᠨᠡᠯᠬᠡ ᠶᠢᠨ ᠪᠠᠶᠢᠭᠤᠯᠤᠮᠵᠢ ᠪᠤᠯᠤᠨ ᠡᠮ ᠤᠨ ᠲᠡᠯᠬᠡᠬᠦᠷ ᠢ ᠬᠢᠨᠠᠨ ᠬᠠᠮᠢᠶᠠᠷᠬᠤ ᠦᠨᠳᠦᠰᠦᠨ ᠪᠠᠷᠢᠮᠳᠠ ᠮᠦᠷᠳᠡᠬᠡᠨ ᠡᠮᠨᠡᠯᠬᠡ ᠶᠢᠨ ᠦᠢᠯᠡᠴᠢᠯᠡᠬᠡᠨ ᠤ ᠠᠵᠢᠯᠯᠠᠭ᠎ᠠ ᠶᠢ ᠰᠢᠯᠢᠳᠡᠭᠵᠢᠬᠦᠯᠵᠦ᠂ ᠦᠢᠯᠡᠴᠢᠯᠡᠬᠡᠨ ᠤ ᠶᠠᠰᠤ ᠴᠢᠨᠡᠷ ᠢ ᠲᠡᠬᠡᠭᠰᠢᠯᠡᠬᠦᠯᠤᠨ᠂ ᠲᠠᠭᠠᠳᠬᠠᠯ ᠳᠤ ᠤᠷᠤᠯᠴᠠᠭᠰᠠᠨ ᠬᠦᠮᠦᠨ ᠤ ᠡᠷᠬᠡ ᠠᠰᠢᠭ ᠢ ᠬᠠᠮᠠᠭᠠᠯᠠᠵᠦ᠂ ᠲᠠᠭᠠᠳᠬᠠᠯ ᠤᠨ ᠰᠠᠭᠤᠷᠢ ᠮᠦᠡᠭᠬᠦᠨ ᠤ ᠠᠮᠦᠷ ᠲᠦᠪᠰᠢᠨ ᠢ ᠪᠠᠳᠤᠯᠠᠬᠤ ᠰᠢᠭᠤᠳ ᠠᠷᠭ᠎ᠠ ᠠᠪᠴᠠᠯ ᠪᠤᠯᠤᠨ᠎ᠠ᠃ ᠡᠨᠡ ᠵᠢᠯ᠂ ᠮᠠᠨ ᠤ ᠠᠶᠢᠮᠠᠭ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠦᠨᠳᠦᠰᠦᠨ ᠡᠮ ᠡᠮᠨᠡᠯᠬᠡ ᠶᠢᠨ ᠲᠠᠭᠠᠳᠬᠠᠯ ᠤᠨ ᠲᠤᠰᠬᠠᠢ ᠲᠤᠭᠳᠠᠭᠠᠭᠰᠠᠨ ᠡᠮᠨᠡᠯᠬᠡ ᠶᠢᠨ ᠪᠠᠶᠢᠭᠤᠯᠤᠮᠵᠢ ᠶᠢᠨ ᠦᠢᠯᠡᠴᠢᠯᠡᠬᠡᠨ ᠤ ᠬᠡᠯᠡᠯᠴᠡᠬᠡᠷ︾ ᠶᠤᠰᠤᠭᠠᠷ᠂ ᠪᠦᠬᠦ ᠠᠶᠢᠮᠠᠭ ᠤᠨ ᠡᠯ᠎ᠠ ᠱᠠᠳᠤᠨ ᠤ ᠡᠮ ᠡᠮᠨᠡᠯᠬᠡ ᠶᠢᠨ ᠲᠠᠭᠠᠳᠬᠠᠯ ᠢ ᠬᠦᠢᠴᠡᠳᠬᠡᠨ ᠪᠡᠶᠡᠯᠡᠬᠦᠯᠵᠦ ᠪᠠᠶᠢᠭ᠎ᠠ ᠰᠠᠯᠠᠭ᠎ᠠ ᠮᠦᠴᠢᠷ ᠤᠨ ᠬᠢᠨ ᠬᠤᠯᠪᠤᠭᠳᠠᠯ ᠪᠦᠬᠦᠢ ᠱᠠᠭᠠᠷᠳᠠᠯᠭ᠎ᠠ᠂ ᠲᠦᠷᠢᠮ ᠲᠤᠭᠳᠠᠭᠠᠯ ᠢ ᠦᠨᠳᠦᠰᠦᠯᠠᠨ᠂ ᠬᠤᠶᠡᠷ ᠲᠠᠯ᠎ᠠ ᠪᠠᠷ ᠢᠶᠠᠨ ᠰᠠᠶᠢᠨ ᠲᠤᠷ᠎ᠠ ᠠᠴᠠ ᠪᠠᠨ᠂ ᠡᠷᠬᠡ ᠲᠡᠭᠰᠢ ᠰᠠᠭᠤᠷᠢᠨ ᠲᠡᠬᠡᠷ᠎ᠠ ᠬᠡᠯᠡᠯᠴᠡᠬᠡᠷ ᠲᠤᠭᠳᠠᠵᠠᠢ᠃        ᠲᠤᠰ ᠤᠳᠠᠭᠠᠨ ᠤ ᠬᠡᠯᠡᠯᠴᠡᠬᠡᠷ ᠲᠤ ᠭᠤᠤᠯᠳᠠᠭᠤ᠂ ᠡᠪᠡᠳᠴᠢᠨ ᠦᠵᠡᠬᠦᠯᠬᠦ ᠬᠠᠮᠢᠶᠠᠷᠤᠯᠳᠠ᠂ ᠡᠮ ᠤᠨ ᠵᠦᠢᠯᠡᠰ ᠤᠨ ᠬᠠᠮᠢᠶᠠᠷᠤᠯᠳᠠ᠂ ᠵᠡᠷᠤᠳᠠᠯ ᠮᠦᠡᠭᠬᠦ ᠶᠢ ᠳ᠋ᠦᠡᠭᠨᠡᠨ ᠪᠤᠳᠤᠬᠤ᠂ ᠮᠡᠳᠡᠭᠡ ᠵᠠᠩᠬᠢ ᠶᠢᠨ ᠬᠠᠮᠢᠶᠠᠷᠤᠯᠳᠠ᠂ ᠲᠦᠷᠢᠮ ᠲᠤᠭᠳᠠᠭᠠᠯ ᠢ ᠵᠦᠷᠢᠴᠡᠭᠰᠠᠨ ᠬᠠᠷᠢᠭᠤᠴᠠᠯᠭ᠎ᠠ ᠶᠢ ᠰᠢᠢᠤᠠᠪᠤᠷᠢᠯᠠᠬᠦ ᠵᠡᠷᠬᠡ ᠲᠠᠯ᠎ᠠ ᠪᠠᠷ ᠨᠠᠷᠢᠯᠢᠭ ᠲᠤᠬᠢᠷᠠᠭᠤᠯᠤᠯᠳᠠ ᠬᠢᠵᠦ᠂ ᠡᠬᠦᠨ ᠢᠶᠠᠷ ᠲᠠᠮᠵᠢᠨ ᠲᠠᠭᠠᠳᠬᠠᠯ ᠳᠤ ᠤᠷᠤᠯᠴᠠᠭᠰᠠᠨ ᠬᠦᠮᠦᠨ ᠤ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠂ ᠪᠦᠬᠦ ᠠᠶᠢᠮᠠᠭ ᠤᠨ ᠡᠮ ᠡᠮᠨᠡᠯᠬᠡ ᠶᠢᠨ ᠦᠢᠯᠡᠰ ᠤᠨ ᠵᠤᠬᠢᠴᠠᠩᠭᠤᠢ ᠬᠦᠭᠵᠢᠯᠳᠠ ᠶᠢ ᠠᠬᠢᠭᠤᠯᠬᠤ ᠪᠤᠯᠤᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号