ᠰᠢᠨ᠎ᠠ ᠲᠤᠮᠳᠠᠲᠦ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠤᠭᠳᠤᠬᠤ ᠮᠠᠨ ᠤ ᠠᠶᠢᠮᠠᠭ ᠤᠨ ᠰᠦᠯᠵᠢᠶᠠᠨ ᠤ ᠰᠠᠳᠤᠪᠲᠦ ᠤᠬᠠᠭᠤᠯᠭ᠎ᠠ ᠬᠦᠮᠦᠵᠢᠯ ᠡᠬᠢᠯᠡᠵᠠᠢ
ᠨᠡᠶᠢᠲᠡᠯᠡᠭᠰᠡᠨ ᠴᠠᠭ᠄
2019/7/12
        7 ᠰᠠᠷ᠎ᠠ ᠶᠢᠨ 1 ᠤ ᠡᠳᠦᠷ ᠠᠴᠠ 15 ᠤ ᠡᠳᠦᠷ ᠪᠤᠯᠳᠠᠯ᠎ᠠ᠂ ᠠᠶᠢᠮᠠᠭ ᠤᠨ ᠨᠠᠮ ᠤᠨ ᠬᠤᠷᠢᠶᠠᠨ ᠤ ᠰᠦᠯᠵᠢᠶᠡᠨ ᠤ ᠠᠮᠣᠷ ᠳᠦᠪᠰᠢᠨ ᠪᠠ ᠮᠡᠳᠡᠭᠡ ᠵᠠᠩᠬᠢᠴᠢᠯᠠᠯᠳᠠ ᠶᠢᠨ ᠬᠤᠷᠢᠶ᠎ᠠ ᠶᠢᠨ ᠠᠯᠪᠡᠨ ᠬᠡᠷ ᠪᠤᠯᠤᠨ ᠠᠶᠢᠮᠠᠭ ᠤᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠨᠠᠮ ᠤᠨ ᠠᠵᠢᠯ ᠤᠨ ᠬᠤᠷᠢᠶ᠎ᠠ ᠠᠴᠠ ᠭᠤᠤᠯᠯᠡᠨ ᠡᠷᠬᠢᠯᠡᠭᠰᠡᠨ ︽ᠳᠣᠯᠭᠤᠷ ᠵᠣᠷᠢᠯᠳᠠ ᠪᠠᠨ ᠮᠠᠷᠳᠠᠯ ᠦᠬᠡᠢ᠂ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ︾ ᠮᠡᠳᠡᠯᠬᠡ ᠶᠢᠨ ᠤᠷᠤᠯᠳᠤᠭᠠᠨ ᠢ ᠰᠦᠯᠵᠢᠶᠠᠨ ᠲᠡᠬᠡᠷ᠎ᠠ ᠡᠷᠬᠢᠯᠡᠵᠦ᠂ ᠪᠦᠬᠦ ᠠᠶᠢᠮᠠᠭ ᠤᠨ ᠺᠡᠳ᠋ᠷ ᠠᠵᠢᠯᠳᠠᠳ ᠢᠳᠡᠪᠬᠢᠯᠡᠨ ᠤᠷᠤᠯᠴᠠᠭᠰᠠᠨ ᠪᠠᠶᠢᠨ᠎ᠠ᠃         ᠤᠢᠢᠷ᠎ᠠ ᠶᠢᠨ ᠬᠤᠭᠤᠴᠠᠭᠠᠨ ᠳᠤ᠂ ᠮᠠᠨ ᠤ ᠠᠶᠢᠮᠠᠭ ︽ᠪᠢ ᠡᠬᠡ ᠤᠯᠤᠰ ᠲᠠᠢ ᠪᠠᠨ  ︾ ᠬᠡᠬᠦ ᠭᠤᠤᠯ ᠰᠡᠳᠦᠪ ᠤᠨ ᠲᠤᠭᠤᠷᠢᠨ ᠳᠤ᠂ ᠰᠢᠨ᠎ᠠ ᠲᠤᠮᠳᠠᠲᠦ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠤᠭᠳᠤᠬᠤ ᠰᠦᠯᠵᠢᠶᠠᠨ ᠲᠡᠬᠡᠷᠡᠬᠢ ᠰᠢᠷᠢᠰ ᠠᠵᠢᠯᠯᠠᠭ᠎ᠠ ᠶᠢ ᠵᠤᠬᠢᠶᠠᠨ ᠪᠠᠶᠢᠭᠤᠯᠵᠦ᠂ ᠭᠤᠤᠯᠳᠠᠭᠤ ︽ᠰᠦᠯᠵᠢᠶᠠᠨ ᠲᠡᠬᠡᠷᠡᠬᠢ ᠵᠤᠬᠢᠶᠠᠯ ᠤᠨ ᠤᠷᠤᠯᠳᠤᠭᠠᠨ︾ ︽ᠰᠦᠯᠵᠢᠶ᠎ᠠ ᠪᠠᠷ ᠵᠦᠡᠭᠨᠡᠯ ᠲᠠᠪᠰᠢᠬᠦᠯᠬᠦ︾ ︽ᠡᠬᠡ ᠤᠯᠤᠰ ᠢᠶᠠᠨ ᠮᠠᠭᠳᠠᠨ ᠳᠠᠭᠤᠯᠠᠬᠤ︾ ᠵᠡᠷᠬᠡ 7 ᠲᠦᠷᠦᠯ ᠤᠨ ᠠᠭᠤᠯᠭ᠎ᠠ ᠪᠠᠷ ᠲᠠᠮᠵᠢᠭᠤᠯᠤᠨ᠂ ᠪᠦᠬᠦ ᠠᠶᠢᠮᠠᠭ ᠤᠨ ᠡᠯ᠎ᠠ ᠦᠨᠳᠦᠰᠦᠳᠠᠨ ᠡᠯ᠎ᠠ ᠡᠳᠡᠬᠡᠳ ᠤᠨ ︽ᠳᠣᠯᠭᠤᠷ ᠵᠣᠷᠢᠯᠳᠠ ᠪᠠᠨ ᠮᠠᠷᠳᠠᠯ ᠦᠬᠡᠢ᠂ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ︾ ᠬᠦᠮᠦᠵᠢᠯ ᠢ ᠨᠡᠮᠡᠭᠳᠡᠬᠦᠯᠵᠦ᠂ ᠴᠢᠨᠡᠬᠡᠯᠢᠭ ᠨᠠᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠪᠠ ᠤᠳᠤᠬᠢᠴᠢᠯᠠᠭᠰᠠᠨ ᠠᠯᠠᠱᠠ ᠶᠢᠨ ᠪᠦᠲᠦᠬᠡᠨ ᠪᠠᠶᠢᠭᠤᠯᠤᠯᠳᠠ ᠳᠤ ᠢᠳᠡᠪᠬᠢᠯᠡᠨ ᠤᠷᠤᠯᠴᠠᠬᠤ ᠶᠢ ᠲᠠᠶᠢᠴᠢᠯᠠᠭᠰᠠᠨ ᠪᠠᠶᠢᠨ᠎ᠠ᠃         ᠠᠶᠢᠮᠠᠭ ᠤᠨ ᠨᠠᠮ ᠤᠨ ᠬᠤᠷᠢᠶᠠᠨ ᠤ ᠰᠦᠯᠵᠢᠶᠡᠨ ᠤ ᠠᠮᠣᠷ ᠳᠦᠪᠰᠢᠨ ᠪᠠ ᠮᠡᠳᠡᠭᠡ ᠵᠠᠩᠬᠢᠴᠢᠯᠠᠯᠳᠠ ᠶᠢᠨ ᠬᠤᠷᠢᠶ᠎ᠠ ᠶᠢᠨ ᠠᠯᠪᠡᠨ ᠬᠡᠷ ᠤᠨ ᠬᠠᠷᠢᠭᠤᠴᠠᠯᠭᠠᠳᠠᠨ ᠤ ᠶᠠᠷᠢᠬᠤ ᠪᠠᠷ᠂ ᠪᠦᠬᠦ ᠠᠶᠢᠮᠠᠭ ᠤᠨ ᠰᠢᠨ᠎ᠠ ᠲᠤᠮᠳᠠᠲᠦ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠤᠭᠳᠤᠬᠤ ᠤᠬᠠᠭᠤᠯᠭ᠎ᠠ ᠬᠦᠮᠦᠵᠢᠯ ᠢ ᠰᠦᠯᠵᠢᠶᠠᠨ ᠲᠡᠬᠡᠷ᠎ᠠ ᠡᠷᠬᠢᠯᠡᠬᠦ ᠪᠠᠷ ᠲᠠᠮᠵᠢᠨ᠂ ᠰᠦᠯᠵᠢᠶᠠᠨ ᠤ ᠤᠬᠠᠭᠤᠯᠭ᠎ᠠ ᠶᠢᠨ ᠬᠡᠯᠪᠡᠷᠢ ᠶᠢ ᠰᠢᠨᠡᠳᠬᠡᠵᠦ᠂ ᠤᠯᠠᠨ ᠲᠦᠮᠡᠨ ᠤ ᠬᠦᠷᠳᠡᠮᠵᠢ ᠶᠢᠨ ᠲᠦᠷᠦᠭᠳᠡᠯ᠂ ᠢᠷᠠᠭᠤ ᠠᠯᠳᠡᠷᠲᠦ ᠲᠦᠷᠦᠭᠳᠡᠯ ᠢ ᠨᠡᠮᠡᠭᠳᠡᠬᠦᠯᠬᠦ ᠪᠠᠷ ᠵᠤᠷᠢᠭᠰᠠᠨ ᠬᠡᠵᠦ ᠪᠠᠶᠢᠯ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号