ᠵᠢᠷᠭᠠᠯᠠᠩᠲᠦ ᠭᠠᠴᠠᠭ᠎ᠠ ᠪᠦᠬᠦ ᠤᠯᠤᠰ ᠤᠨ ᠬᠦᠳᠡᠭᠡ ᠲᠤᠰᠬᠤᠨ ᠤ ᠭᠤᠤᠯᠳᠠᠯᠭᠠᠲᠦ ᠵᠢᠭᠤᠯᠴᠢᠯᠠᠯ ᠢᠶᠠᠷ ᠲᠠᠨᠢᠯᠴᠠᠭᠤᠯᠬᠤ ᠲᠤᠰᠬᠤᠨ ᠤ ᠨᠡᠷᠠᠰ ᠲᠤ ᠵᠢᠭᠰᠠᠭᠠᠭᠳᠠᠯ᠎ᠠ
ᠨᠡᠶᠢᠲᠡᠯᠡᠭᠰᠡᠨ ᠴᠠᠭ᠄
2019/7/12
       ᠤᠢᠢᠷ᠎ᠠ ᠶᠢᠨ ᠡᠳᠦᠷ᠂ ᠡᠵᠡᠨ᠎ᠠ ᠬᠤᠰᠢᠭᠤᠨ ᠤ ᠪᠠᠶᠠᠨᠲᠤᠤᠷᠡᠢ ᠰᠤᠮᠤᠨ ᠤ ᠵᠢᠷᠭᠠᠯᠠᠩᠲᠦ ᠭᠠᠴᠠᠭ᠎ᠠ ᠪᠦᠬᠦ ᠤᠯᠤᠰ ᠤᠨ ᠬᠦᠳᠡᠭᠡ ᠲᠤᠰᠬᠤᠨ ᠤ ᠭᠤᠤᠯᠳᠠᠯᠭᠠᠲᠦ ᠵᠢᠭᠤᠯᠴᠢᠯᠠᠯ ᠢᠶᠠᠷ ᠲᠠᠨᠢᠯᠴᠠᠭᠤᠯᠬᠤ ᠲᠤᠰᠬᠤᠨ ᠤ ᠨᠡᠷᠡᠰ ᠲᠤ ᠵᠢᠭᠰᠠᠭᠠᠭᠳᠠᠭᠰᠠᠨ ᠪᠠᠶᠢᠨ᠎ᠠ᠃        ᠵᠢᠷᠭᠠᠯᠠᠩᠲᠦ ᠭᠠᠴᠠᠭ᠎ᠠ ᠡᠵᠡᠨ᠎ᠠ ᠬᠤᠰᠢᠭᠤᠨ ᠤ ᠲᠤᠤᠷᠡᠢ ᠶᠢᠨ ᠤᠢ ᠲᠤᠳᠤᠷ᠎ᠠ ᠪᠠᠶᠢᠷᠢᠯᠠᠵᠦ ᠪᠤᠢ᠃ ᠤᠷᠴᠢᠮ ᠤᠨ ᠵᠢᠯ ᠠᠴᠠ ᠲᠤᠰ ᠭᠠᠴᠠᠭ᠎ᠠ ︽ᠬᠦᠬᠡᠮᠳᠦᠭ ᠨᠤᠭᠤᠭᠠᠨ ᠠᠭᠤᠯᠠ ᠤᠰᠤ ᠪᠤᠯ ᠦᠨᠢᠳᠡ ᠶᠢᠨ ᠦᠪ ᠬᠦᠷᠦᠩᠭᠡ ᠮᠦᠨ︾ ᠬᠡᠳᠡᠭ ᠬᠦᠭᠵᠢᠯᠳᠠ ᠶᠢᠨ  ᠣᠨᠣᠯᠵᠢᠬᠤᠨ ᠢ ᠪᠠᠷᠢᠮᠳᠠᠯᠠᠵᠦ᠂ ᠠᠳᠠᠷ ᠬᠠᠭᠠᠯᠪᠤᠷᠢᠯᠠᠬᠤ ᠶᠢ ᠵᠤᠭᠰᠤᠭᠠᠬᠤ ᠪᠠ ᠪᠡᠯᠴᠢᠬᠡᠷᠯᠡᠬᠦᠯᠬᠦ ᠶᠢ ᠵᠤᠭᠰᠤᠭᠠᠬᠤ ᠲᠦᠷᠦ ᠶᠢᠨ ᠪᠤᠳᠤᠯᠭ᠎ᠠ ᠶᠢᠨ ᠤᠷᠢᠶᠠᠯᠠᠭ᠎ᠠ ᠪᠠᠷ᠂ ᠲᠤᠤᠷᠡᠢ ᠶᠢᠨ ᠤᠢ ᠶᠢᠨ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠶᠢᠨ ᠬᠠᠮᠲᠦ᠂ ︽ᠠᠮᠢ ᠠᠬᠤᠢ + ᠰᠤᠶᠤᠯ + ᠵᠢᠭᠤᠯᠴᠢᠯᠠᠯ︾ ᠤᠨ ᠬᠦᠭᠵᠢᠯᠳᠠ ᠶᠢᠨ ᠬᠡᠯᠪᠡᠷᠢ ᠶᠢ ᠢᠳᠡᠪᠬᠢᠳᠡᠢ ᠰᠦᠪᠡᠭᠴᠢᠯᠡᠵᠦ᠂ ᠬᠡᠷᠲᠦ ᠲᠡᠷᠬᠡᠨ ᠤ ᠰᠠᠭᠤᠷᠢᠨ᠂ ᠤᠨᠴᠠᠯᠢᠠᠠᠲᠦ ᠭᠡᠷ ᠪᠠᠶᠢᠰᠢᠩ᠂ ᠬᠤᠪᠢ ᠶᠢᠨ ᠲᠠᠶᠢᠯᠠᠯᠭ᠎ᠠ᠂ ᠰᠤᠶᠤᠯ ᠢᠷᠬᠡᠨᠰᠢᠯ ᠤᠨ ᠵᠢᠭᠤᠯᠴᠢᠯᠠᠯ᠂ ᠰᠡᠯᠡᠬᠦᠴᠠᠯ ᠲᠠᠷᠢᠶᠡᠯᠡᠩ ᠮᠠᠯ ᠠᠵᠦ ᠠᠬᠤᠢ ᠵᠡᠷᠬᠡ ᠤᠨᠴᠠᠯᠢᠠᠠᠲᠦ ᠵᠢᠭᠤᠯᠴᠢᠯᠠᠯ ᠤᠨ ᠦᠢᠯᠡᠰ ᠢ ᠬᠦᠭᠵᠢᠬᠦᠯᠤᠨ᠂ ᠭᠠᠴᠠᠭᠠᠨ ᠤ ᠮᠠᠯᠴᠢᠳ ᠠᠰᠢᠭ ᠬᠦᠷᠳᠡᠵᠦ ᠡᠬᠢᠯᠡᠵᠠᠢ᠃ ᠪᠦᠷᠢᠳᠬᠡᠯ ᠢ ᠦᠨᠳᠦᠰᠦᠯᠠᠪᠠᠯ᠂ ᠦᠡᠭᠬᠡᠷᠡᠬᠦ ᠵᠢᠯ ᠳᠤ᠂ ᠲᠤᠰ ᠭᠠᠴᠠᠭ᠎ᠠ ᠨᠠᠶᠢᠳᠠ 6000 ᠭᠠᠷᠤᠢ ᠲᠤᠭᠤᠷᠢᠨ ᠵᠤᠭᠠᠴᠠᠭᠰᠠᠳ ︵ᠤᠳᠠᠭ᠎ᠠ︶ ᠢ ᠬᠦᠯᠢᠶᠠᠨ ᠵᠤᠴᠢᠯᠠᠵᠦ᠂ ᠵᠢᠭᠤᠯᠴᠢᠯᠠᠯ ᠤᠨ ᠤᠷᠤᠯᠭ᠎ᠠ 146 ᠲᠦᠮᠡᠨ ᠲᠦᠬᠦᠷᠢᠭ ᠲᠤ ᠬᠦᠷᠦᠭᠰᠡᠨ ᠪᠠᠶᠢᠨ᠎ᠠ᠃        ᠲᠠᠷᠠᠭᠠᠴᠢ ᠶᠢᠨ ᠠᠯᠬᠤᠮ ᠳᠤ᠂ ᠲᠤᠰ ᠭᠠᠴᠠᠭ᠎ᠠ ᠭᠠᠵᠡᠷ ᠤᠷᠤᠨ ᠤ ᠲᠠᠪᠠᠭᠤᠯᠢᠭ ᠢᠶᠠᠨ ᠦᠷᠬᠦᠯᠵᠢᠯᠡᠨ ᠪᠠᠳᠠᠷᠠᠭᠤᠯᠵᠦ᠂ ︽ᠵᠢᠭᠤᠯᠴᠢᠯᠠᠯ + ᠲᠠᠷᠢᠶᠠᠯᠠᠩ ᠮᠠᠯ ᠠᠵᠦ ᠠᠬᠤᠢ︾ ᠶᠢᠨ ᠬᠦᠭᠵᠢᠯᠳᠠ ᠶᠢ ᠠᠬᠢᠭᠤᠯᠤᠨ᠂       ︽ᠮᠠᠯᠴᠢᠨ ᠲᠠᠷᠢᠶᠠᠴᠢᠳ ᠵᠢᠯᠤᠭᠤᠳᠤᠭᠰᠠᠨ᠂ ᠮᠠᠯᠴᠢᠨ ᠲᠠᠷᠢᠶᠠᠴᠢᠳ ᠤᠷᠤᠯᠴᠠᠭᠰᠠᠨ᠂ ᠮᠠᠯᠴᠢᠨ ᠲᠠᠷᠢᠶᠠᠴᠢᠳ ᠠᠰᠢᠭ ᠬᠦᠷᠳᠡᠭᠰᠡᠨ︾ ᠵᠢᠭᠤᠯᠴᠢᠯᠡᠯ ᠤᠨ ᠬᠡᠯᠪᠡᠷᠢ ᠶᠢ ᠪᠦᠷᠢᠯᠳᠦᠬᠦᠯᠵᠦ᠂ ᠮᠠᠨ ᠤ ᠤᠯᠤᠰ ᠤᠨ ᠪᠠᠷᠠᠭᠤᠨ ᠤᠷᠤᠨ ᠤ ᠤᠨᠴᠠᠯᠢᠠᠠᠲᠦ ᠬᠦᠳᠡᠭᠡ ᠲᠤᠰᠬᠤᠨ ᠤ ᠵᠢᠭᠤᠯᠴᠢᠯᠠᠯ ᠤᠨ ᠨᠡᠷᠡᠳᠦ ᠲᠡᠮᠳᠡᠭ ᠢ ᠡᠬᠦᠳᠬᠦ ᠪᠠᠷ ᠪᠤᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号