ᠠᠯᠠᠱᠠ ᠵᠡᠭᠦᠨ ᠬᠤᠰᠢᠭᠤᠨ ᠤ ᠬᠡᠷᠡᠯ ᠵᠢᠷᠤᠭᠴᠢᠳ ᠤᠨ ᠨᠡᠶᠢᠬᠡᠮᠯᠢᠭ ᠪᠠᠶᠢᠭᠤᠯᠤᠭᠳᠠᠯ᠎ᠠ
ᠨᠡᠶᠢᠲᠡᠯᠡᠭᠰᠡᠨ ᠴᠠᠭ᠄
2019/7/15
           ᠵᠢᠷᠤᠬ ᠪᠤᠯ᠂ ᠭᠡᠷᠡᠯ ᠵᠢᠷᠤᠬᠴᠢᠳ ᠤᠨ ᠨᠡᠶᠢᠭᠡᠮᠯᠢᠭ ᠤᠨ ᠭᠡᠰᠢᠬᠦᠳ ᠥᠨᠡᠮᠯᠡᠯ ᠢᠶᠠᠨ ᠭᠠᠷᠳᠠᠯ᠎ᠠ᠃        ︵ᠲᠠᠪᠰᠢᠯᠳᠤ ᠰᠡᠬᠦᠳᠡᠷᠯᠡᠪᠡ︶        7 ᠰᠠᠷ᠎ᠠ ᠶᠢᠨ 13 ᠤ ᠡᠳᠤᠷ᠂ ᠠᠯᠠᠱᠠ ᠵᠡᠭᠦᠨ ᠬᠤᠰᠢᠭᠤᠨ ᠤ ᠬᠡᠷᠡᠯ ᠵᠢᠷᠤᠭᠴᠢᠳ ᠤᠨ ᠨᠡᠶᠢᠬᠡᠮᠯᠢᠭ ᠵᠢᠩᠬᠢᠨᠢ ᠪᠠᠷ ᠪᠠᠶᠢᠭᠤᠯᠤᠭᠳᠠᠵᠤ᠂ ᠨᠡᠶᠢᠬᠡᠮᠯᠢᠭ ᠪᠠᠶᠢᠭᠤᠯᠤᠭᠳᠠᠭᠰᠠᠨ ᠤ ᠲᠠᠷᠠᠭᠠᠬᠢ ᠠᠩᠬᠠᠨ ᠤ ᠲᠤᠰᠬᠠᠢ ᠮᠡᠷᠬᠡᠵᠢᠯ ᠤᠨ ᠪᠤᠯᠪᠠᠰᠤᠷᠠᠯ ᠢᠶᠠᠨ ᠠᠯᠠᠱᠠ ᠵᠡᠭᠦᠨ ᠬᠤᠰᠢᠭᠤᠨ ᠤ ᠮᠤᠩᠭᠤᠯ ᠥᠨᠳᠤᠰᠤᠳᠡᠨ ᠤ ᠰᠤᠷᠭᠠᠭᠤᠯᠢ ᠳᠤ ᠶᠠᠪᠤᠭᠳᠠᠭᠤᠯᠪᠠ᠃        ᠠᠯᠠᠱᠠ ᠵᠡᠭᠦᠨ ᠬᠤᠰᠢᠭᠤᠨ ᠤ ᠬᠡᠷᠡᠯ ᠵᠢᠷᠤᠭᠴᠢᠳ ᠤᠨ ᠨᠡᠶᠢᠬᠡᠮᠯᠢᠭ ᠢ ᠭᠤᠤᠯᠳᠠᠭᠤ ᠥᠬᠡᠷᠡᠴᠢᠯᠡᠯᠳᠡ ᠨᠡᠬᠡᠬᠡᠯᠳᠡ ᠶᠢᠨ ᠠᠮᠵᠢᠯᠳᠠ ᠪᠥᠳᠤᠮᠵᠢ ᠶᠢ ᠬᠠᠷᠠᠭᠤᠯᠤᠨ ᠨᠡᠶᠢᠬᠡᠮ ᠵᠢᠷᠤᠮ ᠤᠨ ᠭᠤᠤᠯᠯᠠᠬᠴᠢ ᠥᠷᠳᠡᠭ ᠤᠨ ᠥᠵᠡᠯᠳᠡ ᠶᠢ ᠪᠠᠳᠠᠷᠠᠭᠤᠯᠵᠤ᠂ ᠰᠤᠶᠤᠯ ᠤᠨ ᠬᠥᠭᠵᠢᠯᠳᠡ ᠶᠢ ᠠᠬᠢᠭᠤᠯᠤᠨ ᠠᠯᠠᠱᠠ ᠵᠡᠭᠦᠨ ᠬᠤᠰᠢᠭᠤᠨ ᠤ ᠠᠵᠤ ᠠᠬᠤᠢ ᠨᠡᠶᠢᠬᠡᠮ ᠤᠨ ᠬᠥᠭᠵᠢᠯᠳᠡ ᠳᠤ ᠥᠢᠯᠡᠴᠢᠯᠡᠨ ᠭᠠᠳᠠᠭᠠᠳᠤ ᠤᠬᠠᠭᠤᠯᠭ᠎ᠠ ᠶᠢᠨ ᠠᠵᠢᠯ ᠢ ᠰᠠᠶᠢᠳᠤᠷ ᠬᠢᠵᠤ᠂ ᠥᠷᠬᠡᠨ ᠤᠯᠠᠨ ᠬᠡᠷᠡᠯ ᠵᠢᠷᠤᠭᠴᠢᠳ ᠤᠨ ᠲᠤᠷᠠᠨ ᠬᠠᠷᠠᠭ᠎ᠠ᠂ ᠤᠷᠠᠨ ᠪᠥᠳᠤᠬᠡᠯ ᠢᠶᠠᠷ ᠲᠤᠬᠠᠢ ᠶᠢᠨ ᠭᠠᠵᠠᠷ ᠤᠷᠤᠨ ᠤ ᠰᠤᠶᠤᠯ ᠵᠢᠭᠤᠯᠴᠢᠯᠠᠯ ᠤᠨ ᠬᠥᠭᠵᠢᠯᠳᠡ ᠶᠢ ᠤᠬᠠᠭᠤᠯᠵᠤ᠂ ᠠᠬᠢᠭᠤᠯᠬᠤ ᠵᠤᠷᠢᠯᠭ᠎ᠠ ᠪᠠᠷ ᠪᠠᠶᠢᠭᠤᠯᠪᠠ᠃ ᠲᠤᠰ ᠨᠡᠶᠢᠬᠡᠮᠯᠢᠭ ᠢ ᠪᠠᠶᠢᠭᠤᠯᠬᠤ ᠳᠤ ᠪᠠᠷᠤᠭ ᠨᠢᠬᠡ ᠵᠢᠯ ᠤᠨ ᠬᠤᠭᠤᠴᠠᠭ᠎ᠠ ᠶᠢ ᠵᠠᠷᠤᠴᠠᠭᠤᠯᠵᠤ᠂ 7 ᠰᠠᠷ᠎ᠠ ᠶᠢᠨ 13 ᠤ ᠡᠳᠤᠷ ᠵᠢᠩᠬᠢᠨᠢ ᠪᠠᠷ ᠪᠠᠶᠢᠭᠤᠯᠤᠭᠳᠠᠭᠠᠳ ᠨᠡᠶᠢᠬᠡᠮᠯᠢᠭ ᠤᠨ ᠬᠡᠰᠢᠭᠦᠳ ᠲᠡᠭᠡᠨ ᠲᠤᠰᠬᠠᠢ ᠮᠡᠷᠬᠡᠵᠢᠯ ᠤᠨ ᠪᠤᠯᠪᠠᠰᠤᠷᠠᠯ ᠬᠥᠷᠳᠡᠬᠡᠭᠰᠡᠨ ᠪᠠᠶᠢᠨ᠎ᠠ᠃        ᠲᠤᠰᠬᠠᠢ ᠮᠡᠷᠬᠡᠵᠢᠯ ᠤᠨ ᠪᠤᠯᠪᠠᠰᠤᠷᠠᠯ ᠲᠡᠬᠡᠷ᠎ᠡ ᠮᠠᠨ ᠤ ᠤᠯᠤᠰ ᠤᠨ ᠥᠨᠳᠤᠷ ᠲᠡᠰ ᠤᠨ ᠰᠡᠭᠦᠳᠡᠷᠯᠡᠭᠴᠢ᠂ ᠲᠤᠮᠳᠠᠳᠤ ᠤᠯᠤᠰ ᠤᠨ ᠬᠡᠷᠡᠯ ᠵᠢᠷᠤᠭᠴᠢᠳ ᠤᠨ ᠨᠡᠶᠢᠬᠡᠮᠯᠢᠭ ᠤᠨ ᠬᠡᠰᠢᠭᠦᠨ᠂ ᠥᠪᠤᠷ ᠮᠤᠩᠭᠤᠯ ᠤᠨ ᠬᠡᠷᠡᠯ ᠵᠢᠷᠤᠭᠴᠢᠳ ᠤᠨ ᠨᠡᠶᠢᠬᠡᠮᠯᠢᠭ ᠤᠨ ᠬᠡᠰᠢᠭᠦᠨ ᠵᠢᠷᠭᠠᠯᠳᠠᠯᠠᠢ ᠶᠢ ᠤᠷᠢᠵᠤ᠂ ᠬᠡᠷᠡᠯ ᠵᠢᠷᠤᠭᠴᠢᠳ ᠲᠠᠭᠠᠨ ᠬᠡᠷᠡᠯ ᠵᠢᠷᠤᠭ ᠲᠠᠳᠠᠬᠤ᠂ ᠬᠡᠷᠡᠯ ᠵᠢᠷᠤᠭ ᠢᠶᠠᠨ ᠵᠠᠰᠠᠬᠤ᠂ ᠰᠡᠳᠬᠢᠭᠦᠢ ᠪᠠᠨ ᠲᠡᠬᠡᠭᠰᠢᠯᠡᠭᠦᠯᠭᠦ ᠵᠡᠷᠬᠡ ᠲᠠᠯ᠎ᠠ ᠪᠠᠷ ᠲᠤᠰᠬᠠᠢ ᠮᠡᠷᠬᠡᠵᠢᠯ ᠤᠨ ᠲᠠᠶᠢᠯᠤᠮᠵᠢ ᠪᠠ ᠵᠢᠯᠤᠭᠤᠳᠤᠮᠵᠢ ᠬᠢᠵᠤ ᠬᠡᠷᠡᠯ ᠵᠢᠷᠤᠭᠴᠢᠳ ᠤᠨ ᠮᠡᠷᠬᠡᠵᠢᠯ ᠤᠨ ᠬᠢᠷᠢ ᠲᠥᠪᠰᠢᠨ ᠢ ᠤᠯᠠᠮ ᠨᠢᠬᠡ ᠠᠯᠬᠤᠮ ᠲᠡᠬᠡᠭᠰᠢᠯᠡᠭᠦᠯᠥᠭᠰᠡᠨ ᠪᠠᠶᠢᠨ᠎ᠠ᠃        ᠠᠯᠠᠱᠠ ᠵᠡᠭᠦᠨ ᠬᠤᠰᠢᠭᠤᠨ ᠤ ᠬᠡᠷᠡᠯ ᠵᠢᠷᠤᠭᠴᠢᠳ ᠤᠨ ᠨᠡᠶᠢᠬᠡᠮᠯᠢᠭ ᠨᠢ ᠲᠠᠪᠢᠭᠠᠳ ᠬᠡᠰᠢᠭᠦᠳ ᠢᠶᠠᠷ ᠪᠥᠷᠢᠯᠳᠤᠵᠤ᠂ ᠠᠯᠠᠱᠠ ᠵᠡᠭᠦᠨ ᠬᠤᠰᠢᠭᠤᠨ ᠤ ᠬᠡᠷᠡᠯ ᠵᠢᠷᠤᠭ ᠤᠨ ᠥᠢᠯᠡᠰ ᠤᠨ ᠨᠢᠭᠡᠨ ᠬᠤᠭᠤᠰᠤᠨ ᠢ ᠨᠥᠭᠦᠪᠤᠷᠢᠯᠡᠪᠡ᠃                                       (ᠵᠣᠬᠢᠶᠠᠭᠴᠢ᠄ ᠲᠠᠪᠰᠢᠯᠳᠤ       ᠪᠠᠭᠠᠨ᠎ᠠ)
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号