ᠮᠡᠷᠬᠡᠨ ᠴᠤᠬᠤᠷ ᠢ ᠰᠢᠷᠪᠢᠠ ᠡᠪᠡᠳᠴᠢᠠ ᠦᠵᠡᠬᠦᠯᠬᠦ ᠰᠠᠶᠢᠠ ᠨᠦᠬᠦᠴᠠᠯ ᠪᠦᠷᠢᠳᠴᠤ ᠪᠠᠶᠢᠨ᠎ᠠ
ᠨᠡᠶᠢᠲᠡᠯᠡᠭᠰᠡᠨ ᠴᠠᠭ᠄
2019/7/15
        ᠥᠢᠷ᠎ᠠ ᠳᠤ᠂ ᠠᠶᠢᠮᠠᠭ ᠤᠨ ᠮᠤᠩᠭᠤᠯ ᠡᠮᠨᠡᠯᠬᠡ ᠶᠢᠨ ᠬᠤᠷᠢᠶ᠎ᠠ ᠡᠷᠡᠭᠦᠯ ᠮᠡᠨᠳᠤ ᠶᠢᠨ ᠮᠡᠷᠬᠡᠨ ᠴᠤᠬᠤᠷ ᠢ ᠠᠰᠢᠭᠯᠠᠨ ᠡᠪᠡᠳᠴᠢᠳᠡᠨ ᠳᠤ ᠲᠥᠭᠦᠮ ᠥᠵᠡᠭᠦᠯᠭᠦ ᠪᠡᠯᠡᠳᠬᠡᠯ ᠠᠵᠢᠯ ᠢ ᠭᠠᠷᠳᠠᠵᠤ᠂ 7 ᠰᠠᠷ᠎ᠠ ᠶᠢᠨ 29 ᠤ ᠡᠳᠤᠷ ᠠᠴᠠ ᠡᠬᠢᠯᠡᠨ ᠡᠷᠡᠭᠦᠯ ᠮᠡᠨᠳᠤ ᠶᠢᠨ ᠮᠡᠷᠬᠡᠨ ᠴᠤᠬᠤᠷ ᠢ ᠪᠥᠭᠦ ᠲᠠᠯ᠎ᠠ ᠪᠠᠷ ᠠᠰᠢᠭᠯᠠᠨ ᠡᠪᠡᠳᠴᠢᠳᠡᠨ ᠳᠤ ᠲᠥᠭᠦᠮ ᠥᠵᠡᠭᠦᠯᠭᠦ ᠪᠠᠷ ᠪᠠᠶᠢᠨ᠎ᠠ᠃         ᠡᠷᠡᠭᠦᠯ ᠮᠡᠨᠳᠤ ᠶᠢᠨ ᠮᠡᠷᠬᠡᠨ ᠴᠤᠬᠤᠷ ᠬᠡᠳᠡᠭ ᠪᠤᠯ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠵᠥᠪᠯᠡᠯ ᠠᠴᠠ ᠪᠥᠭᠦ ᠤᠯᠤᠰ ᠤᠨ ᠬᠡᠪᠴᠢᠶᠡᠨ ᠳᠤ ᠨᠢᠬᠡᠳᠤᠯᠳᠠᠢ ᠪᠠᠷᠢᠮᠵᠢᠶ᠎ᠠ ᠪᠠᠷ ᠲᠠᠷᠬᠠᠭᠠᠭᠰᠠᠨ ᠬᠤᠳᠠ ᠬᠥᠳᠡᠭᠡ ᠶᠢᠨ ᠰᠠᠭᠤᠭᠠᠯᠢ ᠠᠷᠠᠳ ᠲᠤ ᠡᠮᠴᠢᠯᠡᠬᠡᠨ ᠤ ᠥᠢᠯᠡᠴᠢᠯᠡᠭᠡ ᠬᠠᠩᠭᠠᠬᠤ ᠺᠠᠷᠲ ᠪᠤᠯᠤᠨ᠎ᠡ᠃ ᠲᠤᠰ ᠺᠠᠷᠲ ᠢ ᠡᠷᠡᠭᠦᠯ ᠮᠡᠨᠳᠤ ᠶᠢᠨ ᠮᠡᠷᠬᠡᠨ ᠴᠤᠬᠤᠷ ᠤᠨ ᠬᠡᠯᠪᠡᠷᠢ ᠪᠠᠷ ᠢᠯᠡᠷᠡᠭᠦᠯᠵᠤ᠂ ︽ᠲᠤᠤᠷ ᠰᠥᠯᠵᠢᠶ᠎ᠡ + ᠡᠷᠡᠭᠦᠯ ᠮᠡᠨᠳᠤ︾ ᠶᠢᠨ ᠬᠡᠯᠪᠡᠷᠢ ᠪᠠᠷ ᠠᠷᠠᠳ ᠲᠤ ᠲᠥᠭᠦᠮ ᠥᠵᠡᠭᠦᠯᠵᠤ ᠪᠠᠶᠢᠭ᠎ᠠ ᠶᠠᠪᠤᠳᠠᠯ ᠪᠤᠯᠬᠤ ᠶᠤᠮ᠃ ᠡᠷᠡᠭᠦᠯ ᠮᠡᠨᠳᠤ ᠶᠢᠨ ᠮᠡᠷᠬᠡᠨ ᠴᠤᠬᠤᠷ ᠲᠤ ᠨᠢᠬᠡ ᠬᠥᠮᠤᠨ ᠤ ᠨᠢᠬᠡ ᠨᠠᠰᠤᠨ ᠤ ᠡᠮᠴᠢᠯᠡᠬᠡᠨ ᠤ ᠮᠡᠳᠡᠭᠡ ᠵᠠᠩᠬᠢ ᠪᠠ ᠡᠷᠡᠭᠦᠯ ᠬᠠᠮᠠᠭᠠᠯᠠᠯ ᠤᠨ ᠲᠠᠩᠰᠠ ᠡᠪᠬᠡᠮᠡᠯ ᠢ ᠲᠡᠮᠳᠡᠭᠯᠡᠵᠤ ᠪᠠᠶᠢᠭ᠎ᠠ ᠮᠥᠷᠳᠡᠬᠡᠨ ᠪᠥᠭᠦ ᠤᠯᠤᠰ ᠤᠨ ᠬᠡᠪᠴᠢᠶᠡᠨ ᠤ ᠲᠤᠤᠷ ᠰᠥᠯᠵᠢᠶᠡᠨ ᠳᠤ ᠭᠠᠷᠤᠭᠰᠠᠨ ᠮᠡᠳᠡᠭᠡ ᠵᠠᠩᠬᠢ ᠶᠢᠨ ᠺᠠᠷᠲ ᠪᠤᠯᠬᠤ ᠠᠵᠢ᠃         ᠠᠶᠢᠮᠠᠭ ᠤᠨ ᠮᠤᠩᠭᠤᠯ ᠡᠮᠨᠡᠯᠬᠡ ᠶᠢᠨ ᠬᠤᠷᠢᠶ᠎ᠠ 7 ᠰᠠᠷ᠎ᠠ ᠶᠢᠨ 29 ᠤ ᠡᠳᠤᠷ ᠠᠴᠠ ᠡᠬᠢᠯᠡᠨ ᠡᠷᠡᠭᠦᠯ ᠮᠡᠨᠳᠤ ᠶᠢᠨ ᠮᠡᠷᠬᠡᠨ ᠴᠤᠬᠤᠷ ᠢ ᠪᠥᠭᠦ ᠲᠠᠯ᠎ᠠ ᠪᠠᠷ ᠠᠰᠢᠭᠯᠠᠬᠤ ᠶᠢᠨ ᠬᠠᠮᠳᠤ ᠮᠤᠩᠭᠤᠯ ᠡᠮᠨᠡᠯᠬᠡ ᠶᠢᠨ ᠬᠤᠷᠢᠶᠠᠨ ᠤ ᠤᠤᠯ ᠤᠨ ᠡᠪᠡᠳᠴᠢᠨ ᠥᠵᠡᠭᠦᠯᠭᠦ ᠺᠠᠷᠲ ᠢ ᠬᠥᠴᠤᠨ ᠥᠬᠡᠢ ᠪᠤᠯᠭᠠᠨ᠎ᠠ᠃ ᠤᠯᠠᠨ ᠳᠦᠮᠠᠠ ︽ᠡᠷᠡᠭᠦᠯ ᠡᠩᠬᠡ ᠠᠯᠠᠱᠠ︾ ᠸᠢᠴᠠᠲ ᠲᠠᠪᠴᠠᠩ ᠳᠤ ᠭᠠᠷᠴᠤ ᠰᠥᠯᠵᠢᠶᠡᠨ ᠲᠡᠬᠡᠷ᠎ᠡ ᠡᠷᠡᠭᠦᠯ ᠮᠡᠨᠳᠤ ᠶᠢᠨ ᠮᠡᠷᠬᠡᠨ ᠴᠤᠬᠤᠷ ᠢ ᠭᠤᠶᠤᠴᠢᠯᠠᠨ ᠲᠠᠩᠰᠠᠯᠠᠭᠤᠯᠵᠤ ᠪᠤᠯᠤᠨ᠎ᠡ᠃ ᠡᠰᠡᠬᠦᠯ᠎ᠠ ᠠᠶᠢᠮᠠᠭ ᠤᠨ ᠮᠤᠩᠭᠤᠯ ᠡᠮᠨᠡᠯᠬᠡ ᠶᠢᠨ ᠬᠤᠷᠢᠶᠠᠨ ᠤ ᠥᠢᠯᠡᠴᠢᠯᠡᠬᠡᠨ ᠤ ᠴᠣᠩᠬᠤᠪᠴᠢ ᠳᠤ ᠬᠥᠷᠴᠤ ᠬᠠᠮᠢᠶ᠎ᠠ ᠪᠥᠭᠦᠢ ᠭᠠᠷ ᠬᠥᠢᠴᠡᠳᠬᠡᠯ ᠢ ᠪᠡᠶᠡᠯᠡᠭᠦᠯᠤᠬᠡᠳ ᠡᠷᠡᠭᠦᠯ ᠮᠡᠨᠳᠤ ᠶᠢᠨ ᠮᠡᠷᠬᠡᠨ ᠴᠤᠬᠤᠷ ᠢ ᠭᠤᠶᠤᠴᠢᠯᠠᠨ ᠲᠠᠩᠰᠠᠯᠠᠭᠤᠯᠵᠤ ᠪᠤᠯᠤᠨ᠎ᠡ᠃         ᠡᠷᠡᠭᠦᠯ ᠮᠡᠨᠳᠤ ᠶᠢᠨ ᠮᠡᠷᠬᠡᠨ ᠴᠤᠬᠤᠷ ᠢ ᠭᠤᠶᠤᠴᠢᠯᠠᠨ ᠲᠠᠩᠰᠠᠯᠠᠭᠤᠯᠤᠭᠰᠠᠨ ᠤ ᠲᠠᠷᠠᠭ᠎ᠠ᠂ ᠤᠯᠠᠠ ᠳᠦᠮᠠᠠ ᠠᠶᠢᠮᠠᠭ ᠤᠨ ᠮᠤᠩᠭᠤᠯ ᠡᠮᠨᠡᠯᠬᠡ ᠶᠢᠨ ᠬᠤᠷᠢᠶ᠎ᠠ ᠴᠢᠨᠠᠭᠰᠢᠯᠠᠨ ᠪᠥᠭᠦ ᠤᠯᠤᠰ᠂ ᠪᠥᠭᠦ ᠤᠷᠤᠨ ᠤ ᠡᠯ᠎ᠡ ᠡᠮᠨᠡᠯᠬᠡ ᠶᠢᠨ ᠬᠤᠷᠢᠶᠠᠨ ᠳᠤ ᠤᠴᠢᠵᠤ ᠡᠮᠴᠢᠯᠡᠭᠦᠯᠭᠦ ᠳᠤ ᠵᠥᠪᠬᠡᠨ ᠡᠷᠡᠭᠦᠯ ᠮᠡᠨᠳᠤ ᠶᠢᠨ ᠮᠡᠷᠬᠡᠨ ᠴᠤᠬᠤᠷ ᠢᠶᠠᠨ ᠭᠠᠷᠭᠠᠵᠤ ᠰᠢᠷᠪᠢᠪᠡᠯ ᠳ᠋ᠤᠭᠠᠷᠯᠠᠬᠤ᠂ ᠪᠠᠶᠢᠴᠠᠭᠠᠯᠭᠠᠬᠤ᠂ ᠡᠮᠴᠢᠯᠡᠭᠦᠯᠭᠦ᠂ ᠰᠥᠢᠳᠬᠡᠯ ᠲᠤᠰᠢᠶᠠᠬᠤ᠂ ᠡᠮᠨᠡᠯᠬᠡ ᠶᠢᠨ ᠬᠤᠷᠢᠶᠠᠨ ᠳᠤ ᠰᠠᠭᠤᠬᠤ ᠵᠡᠷᠬᠡ ᠪᠥᠭᠦ ᠶᠠᠪᠤᠴᠠ ᠶᠢ ᠪᠡᠶᠡᠯᠡᠭᠦᠯᠵᠤ ᠪᠤᠯᠤᠨ᠎ᠡ᠃ ᠡᠶᠢᠨᠬᠦ ᠰᠠᠭᠤᠭᠠᠯᠢ ᠠᠷᠠᠳ ᠤᠨ ᠭᠠᠵᠠᠷ ᠤᠷᠤᠨ ᠠᠯᠤᠰᠯᠠᠵᠤ ᠡᠪᠡᠳᠴᠢᠨ ᠥᠵᠡᠭᠦᠯᠭᠦ ᠳᠤ ᠨᠠᠩ ᠲᠥᠭᠦᠮ ᠪᠤᠯᠵᠤ᠂ ᠨᠡᠩ ᠤᠨᠤᠪᠴᠢᠳᠠᠢ ᠡᠮᠴᠢᠯᠡᠬᠡᠨ ᠤ ᠥᠢᠯᠡᠴᠢᠯᠡᠭᠡ ᠬᠦᠷᠳᠡᠵᠤ ᠴᠢᠳᠠᠬᠤ ᠪᠤᠯᠤᠨ᠎ᠡ᠃                                         (ᠵᠣᠬᠢᠶᠠᠭᠴᠢ᠄ ᠲᠠᠪᠰᠢᠯᠳᠤ ᠴᠢᠩᠬᠢᠰ)
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号