ᠨᠠᠮ ᠤᠨ ᠪᠠᠶᠢᠭᠤᠯᠤᠯᠳᠠ ᠪᠠᠷ ᠤᠳᠤᠷᠢᠳᠤᠮᠵᠢ ᠪᠤᠯᠭᠠᠨ ᠭᠠᠴᠠᠭ᠎ᠠ ᠪᠠᠨ ᠬᠦᠴᠦᠷᠭᠡᠭᠵᠢᠬᠦᠯᠵᠤ ᠠᠷᠠᠳ ᠢᠶᠠᠨ ᠴᠢᠨᠡᠭᠡᠯᠢᠭᠵᠢᠬᠦᠯᠦᠨ᠎ᠡ
ᠨᠡᠶᠢᠲᠡᠯᠡᠭᠰᠡᠨ ᠴᠠᠭ᠄
2019/7/15
         — ᠪᠦᠬᠦ ᠤᠷᠤᠨ ᠤ ᠦᠨᠳᠦᠰᠦᠨ ᠱᠠᠳᠤᠨ ᠤ ᠰᠢᠯᠢᠳᠡᠭ ᠨᠠᠮ ᠤᠨ ᠵᠤᠬᠢᠶᠠᠨ ᠪᠠᠶᠢᠭᠤᠯᠤᠯᠳᠠ᠂ ᠲᠡᠭᠷᠢ ᠠᠵᠤ ᠠᠬᠤᠢ ᠶᠢᠨ ᠮᠡᠷᠭᠡᠵᠢᠯ ᠤᠨ ᠨᠡᠬᠡᠬᠡᠯᠳᠡ ᠶᠢᠨ ᠤᠷᠤᠨ ᠤ ᠤᠯᠠᠭᠠᠨᠬᠠᠳᠠ ᠭᠠᠴᠠᠭᠠᠨ ᠤ ᠨᠠᠮ ᠤᠨ ᠡᠬᠦᠷ ᠢ ᠲᠡᠮᠳᠡᠭᠯᠡᠪᠡ         ᠬᠦᠳᠡᠭᠡ ᠲᠤᠰᠬᠤᠨ ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠭᠤᠶᠤ ᠰᠠᠶᠢᠬᠠᠨ᠂ ᠠᠵᠤ ᠦᠢᠯᠡᠰ ᠤᠨ ᠬᠦᠭᠵᠢᠯᠳᠡ ᠶᠢᠨ ᠪᠠᠶᠢᠳᠠᠯ ᠰᠠᠶᠢᠨ᠂ ᠦᠨᠳᠦᠰᠦᠨ ᠱᠠᠳᠤᠨ ᠤ ᠦᠢᠯᠡᠴᠢᠯᠡᠭᠡ ᠪᠦᠷᠢᠨ ᠬᠦᠢᠴᠡᠳ᠂ ᠠᠷᠠᠳ ᠤᠨ ᠠᠮᠢᠳᠤᠷᠠᠯ ᠤᠯᠠᠮ ᠠᠴᠠ ᠤᠯᠠᠮ  ᠦᠭᠡᠳᠡᠷᠡᠭ ᠁ ᠡᠨᠡ ᠪᠤᠯ ᠲᠡᠭᠷᠢ ᠠᠵᠤ ᠠᠬᠤᠢ ᠶᠢᠨ ᠮᠡᠷᠭᠡᠵᠢᠯ ᠤᠨ ᠨᠡᠬᠡᠬᠡᠯᠳᠡ ᠶᠢᠨ ᠤᠷᠤᠨ ᠤ ᠤᠯᠠᠭᠠᠨᠬᠠᠳᠠ ᠭᠠᠴᠠᠭᠠᠨ ᠤ ᠬᠦᠭᠵᠢᠯᠳᠡ ᠶᠢᠨ ᠪᠠᠶᠢᠳᠠᠯ ᠪᠤᠯᠤᠨ᠎ᠠ᠃         ᠰᠢᠨᠵᠢᠯᠡᠬᠦ ᠤᠬᠠᠭᠠᠨᠴᠢ ᠬᠦᠭᠵᠢᠯᠳᠡ ᠶᠢᠨ ᠵᠠᠮ ᠢᠶᠠᠷ ᠵᠠᠮᠨᠠᠵᠤ᠂ ᠮᠠᠯᠴᠢᠨ ᠲᠠᠷᠢᠶᠠᠴᠢᠨ ᠤ ᠠᠮᠢᠳᠤᠷᠠᠯ ᠴᠢᠨᠡᠭᠡᠯᠢᠭᠵᠢᠭᠰᠡᠨ ᠨᠢ ᠨᠠᠮ ᠤᠨ ᠵᠤᠬᠢᠶᠠᠨ ᠪᠠᠶᠢᠭᠤᠯᠤᠯᠳᠠ ᠪᠦᠯᠬᠦᠮᠳᠠᠯ ᠨᠢᠬᠳᠠᠷᠠᠯ ᠤᠨ ᠬᠦᠴᠦᠨ ᠲᠠᠢ᠂ ᠨᠠᠮ ᠤᠨ ᠬᠡᠰᠢᠬᠦᠨ ᠺᠠᠳ᠋ᠷ ᠨᠢ ᠡᠬᠦᠳᠦᠨ ᠪᠦᠳᠦᠭᠡᠬᠦ ᠴᠢᠳᠠᠪᠤᠷᠢ ᠪᠠ ᠬᠡᠷᠡᠭᠵᠢᠬᠦᠯᠬᠦ ᠴᠢᠳᠠᠪᠤᠷᠢ ᠲᠠᠢ ᠪᠠᠶᠢᠬᠤ ᠠᠴᠠ ᠰᠠᠯᠵᠤ ᠴᠢᠳᠠᠬᠤ ᠦᠬᠡᠢ ᠶᠤᠮ᠃         ᠲᠡᠭᠷᠢ ᠡᠯᠡᠰᠦ ᠪᠠᠯᠭᠠᠰᠤᠨ ᠤ ᠤᠯᠠᠭᠠᠨᠬᠠᠳᠠ ᠭᠠᠴᠠᠭ᠎ᠠ ᠪᠤᠯ ᠴᠤᠯᠤ ᠮᠠᠯᠵᠢᠬᠤ ᠭᠠᠴᠠᠭ᠎ᠠ ᠪᠠᠶᠢᠵᠤ᠂ 628 ᠲᠡᠭᠰᠢ ᠲᠦᠷᠪᠡᠯᠵᠢᠨ ᠺᠢᠯᠣᠮᠧᠲᠷ ᠲᠠᠯᠠᠪᠠᠢ ᠲᠠᠢ᠂ 212 ᠡᠷᠦᠬᠡ ᠶᠢᠨ 471 ᠬᠦᠮᠦᠨ ᠲᠠᠢ᠂ ᠡᠬᠦᠨ ᠳᠤ 24 ᠨᠠᠮ ᠤᠨ ᠬᠡᠰᠢᠬᠦᠨ ᠲᠠᠢ᠃ ᠤᠢᠢᠷ᠎ᠠ ᠶᠢᠨ ᠵᠢᠯ ᠳᠤ᠂ ᠭᠠᠴᠠᠭᠠᠨ ᠤ ᠨᠠᠮ ᠤᠨ ᠡᠬᠦᠷ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠳᠤ ᠲᠦᠰᠢᠭᠯᠡᠨ᠂ ᠨᠠᠮ ᠤᠨ ᠬᠡᠰᠢᠬᠦᠨ ᠢᠶᠠᠨ ᠵᠤᠬᠢᠶᠠᠨ ᠪᠠᠶᠢᠭᠤᠯᠵᠤ᠂ ᠰᠢ ᠶᠢᠨ ᠫᠢᠡᠭ ᠶᠠᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠠ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠤ᠂ ᠪᠦᠬᠦ ᠨᠠᠮ ᠤᠨ ᠬᠡᠰᠢᠬᠦᠨ ᠤ ᠦᠵᠡᠯ ᠰᠠᠨᠠᠭ᠎ᠠ ᠪᠠ ᠦᠢᠯᠠ ᠠᠵᠢᠯᠯᠠᠭ᠎ᠠ ᠶᠢ ᠨᠠᠮ ᠤᠨ ᠲᠦᠪ ᠬᠤᠷᠢᠶᠠᠨ ᠤ  ᠰᠢᠢᠳᠪᠦᠷᠢᠳᠣ ᠪᠣᠳᠣᠯᠭ᠎ᠠ ᠪᠠᠶᠢᠷᠢᠯᠠᠭᠤᠯᠤᠯᠳᠠ ᠲᠠᠢ ᠨᠢᠬᠡᠳᠭᠡᠵᠤ᠂ ᠬᠦᠴᠦᠨ ᠢᠶᠠᠨ ᠪᠤᠳᠠᠳᠠᠢ ᠠᠵᠢᠯ ᠢ ᠨᠠᠶᠢᠳᠠᠪᠤᠷᠢᠵᠢᠭᠤᠯᠬᠤ ᠲᠡᠬᠡᠷ᠎ᠠ ᠲᠦᠪᠯᠡᠷᠡᠬᠦᠯᠵᠤ ᠠᠪᠴᠢᠷᠠᠵᠠᠢ᠃ ᠭᠠᠴᠠᠭᠠᠨ ᠤ ᠬᠤᠶᠠᠷ ᠵᠦᠪᠯᠡᠯ ᠠᠴᠠ ᠮᠠᠯᠴᠢᠨ ᠲᠦᠮᠠᠨ ᠤ ᠲᠤᠮᠳᠠ ᠬᠦᠨᠵᠡᠬᠡᠶᠢᠷᠡᠨ᠂ ᠬᠠᠨᠳᠤᠯᠭᠠᠳᠤ ᠴᠢᠨᠠᠷᠳᠠᠢ ᠪᠠᠷ ᠨᠠᠮ ᠤᠨ ᠤᠯᠤᠰ ᠲᠦᠷᠦ ᠶᠢᠨ ᠤᠨᠤᠯ ᠪᠠ ᠦᠨᠳᠦᠰᠦᠳᠡᠨ ᠤ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠶᠢᠨ ᠬᠠᠮᠳᠤ᠂ ︽ᠡᠮᠡᠭᠳᠡᠶᠢᠴᠤᠳ ᠤᠨ ᠬᠡᠷ ᠪᠦᠯᠢ︾᠂ ᠭᠠᠴᠠᠭᠠᠨ ᠤ ᠰᠤᠶᠤᠯ ᠤᠨ ᠠᠵᠢᠯᠯᠠᠭ᠎ᠠ ᠶᠢᠨ ᠦᠷᠦᠬᠡ ᠵᠡᠷᠭᠡ ᠶᠢ ᠬᠦᠢᠴᠡᠳ ᠠᠰᠢᠬᠯᠠᠵᠤ ᠤᠬᠠᠭᠤᠯᠵᠤ ᠬᠦᠮᠦᠵᠢᠬᠦᠯᠬᠦ ᠬᠡᠪᠴᠢᠶ᠎ᠠ ᠪᠠᠨ ᠦᠷᠬᠡᠳᠭᠡᠵᠤ ᠪᠠᠶᠢᠨ᠎ᠠ︔ ︽ᠲᠦᠷᠪᠡ ᠶᠢ ᠵᠦᠪᠯᠡᠵᠤ ᠬᠤᠶᠠᠷ ᠢ ᠢᠯᠠ ᠪᠠᠶᠢᠯᠭᠠᠬᠤ︾ ᠲᠦᠷᠢᠮ ᠢ ᠪᠠᠷᠢᠮᠳᠠᠯᠠᠵᠤ᠂ ᠭᠠᠴᠠᠭᠠᠨ ᠤ ᠠᠷᠠᠳ ᠤᠨ ᠪᠠᠶᠢᠳᠠᠯ ᠢ ᠤᠢᠢᠯᠠᠭᠠᠬᠤ ᠡᠷᠭᠡ ᠶᠢ ᠪᠠᠳᠤᠯᠠᠵᠤ ᠪᠠᠶᠢᠨ᠎ᠠ︔ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠲᠤᠬᠳᠠᠬᠰᠠᠨ ᠬᠤᠭᠤᠴᠠᠭ᠎ᠠ ᠲᠠᠢ ᠪᠠᠷ ᠨᠠᠮ ᠤᠨ ᠬᠡᠰᠢᠬᠦᠨ ᠲᠠᠢ ᠶᠠᠷᠢᠯᠴᠠᠬᠤ᠂ ᠨᠡᠶᠢᠬᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠤᠢᠢᠯᠠᠭᠠᠨ ᠵᠠᠳᠠᠯᠤᠯᠳᠠ ᠬᠢᠬᠦ᠂ ᠨᠠᠮ ᠤᠨ ᠬᠡᠰᠢᠬᠦᠨ ᠮᠠᠯᠴᠢᠨ ᠲᠠᠷᠢᠶᠠᠴᠢᠨ ᠡᠷᠦᠬᠡ ᠲᠠᠢ ᠬᠠᠷᠢᠯᠴᠠᠬᠤ ᠵᠡᠷᠭᠡ ᠲᠦᠷᠢᠮ ᠢ ᠪᠠᠶᠢᠭᠤᠯᠤᠨ ᠲᠡᠬᠦᠯᠳᠡᠷᠵᠢᠬᠦᠯᠵᠤ᠂ ᠮᠠᠯᠴᠢᠨ ᠲᠦᠮᠠᠨ ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠵᠤ ᠪᠠᠶᠢᠨ᠎ᠠ︔ ᠤᠯᠠᠷᠢᠯ ᠪᠦᠷᠢ ᠳᠤ ᠨᠡᠶᠢᠬᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠵᠠᠳᠠᠯᠤᠨ ᠶᠠᠷᠢᠯᠴᠠᠬᠤ ᠬᠤᠷᠠᠯ ᠢ 1 ᠤᠳᠠᠭ᠎ᠠ ᠬᠤᠷᠠᠯᠳᠤᠭᠤᠯᠵᠤ᠂ ᠠᠷᠠᠳ ᠤᠨ ᠬᠦᠰᠡᠯ ᠱᠠᠭᠠᠷᠳᠠᠯᠭ᠎ᠠ ᠶᠢ ᠤᠢᠢᠯᠠᠭᠠᠨ᠂ ᠠᠷᠠᠳ ᠤᠯᠠᠨ ᠤ ᠦᠢᠯᠡᠳᠪᠤᠷᠢᠯᠡᠯ ᠠᠮᠢᠳᠤᠷᠠᠯ ᠲᠤᠮᠳᠡᠬᠢ ᠬᠦᠴᠢᠷᠳᠡᠯ ᠢ ᠴᠠᠭ ᠲᠤᠬᠠᠢ ᠳᠤᠨᠢ ᠰᠢᠢᠳᠪᠤᠷᠢᠯᠡᠨ ᠦᠭᠴᠤ ᠪᠠᠶᠢᠨ᠎ᠠ᠃         ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠶᠢᠨ ᠠᠵᠢᠯ ᠤᠨ ᠦᠷ᠎ᠠ ᠪᠦᠳᠦᠮᠵᠢ ᠶᠢ ᠠᠷᠠᠳ ᠤᠯᠠᠨ ᠤ ᠬᠠᠨᠤᠮᠵᠢ ᠶᠢᠨ ᠪᠠᠶᠢᠳᠠᠯ ᠠᠴᠠ ᠦᠵᠡᠵᠤ ᠭᠠᠷᠴᠤ ᠪᠤᠯᠤᠨ᠎ᠠ᠃ ᠤᠢᠢᠷ᠎ᠠ ᠶᠢᠨ ᠵᠢᠯ ᠳᠤ᠂ ᠤᠯᠠᠭᠠᠨᠬᠠᠳᠠ ᠭᠠᠴᠠᠭᠠᠨ ᠤ ᠨᠠᠮ ᠤᠨ ᠡᠬᠦᠷ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠ ︽ᠮᠢᠩᠭᠠᠨ ᠲᠤᠰᠬᠤᠨ ᠵᠢᠱᠢᠶ᠎ᠠ ᠦᠵᠡᠬᠦᠯᠵᠤ ᠲᠦᠮᠠᠨ ᠲᠤᠰᠬᠤᠨ ᠬᠦᠳᠡᠯᠦᠯᠴᠡᠬᠦ︾ ᠰᠢᠨ᠎ᠠ ᠴᠠᠭ ᠦᠶ᠎ᠠ ᠶᠢᠨ ᠮᠠᠯᠴᠢᠨ ᠲᠠᠷᠢᠶᠠᠴᠢᠨ ᠤ ᠬᠡᠪ ᠪᠤᠯᠪᠠᠰᠤᠷᠠᠯ ᠢ ᠲᠡᠬᠡᠭᠰᠢᠯᠡᠬᠦᠯᠬᠦ ᠢᠨᠵᠧᠨᠧᠷᠢᠩ ᠢ ᠬᠡᠷᠡᠭᠵᠢᠬᠦᠯᠬᠦ ᠪᠠᠷ ᠭᠠᠷᠳᠠᠴᠠ ᠪᠤᠯᠭᠠᠨ᠂ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠬᠦᠴᠦᠳᠡᠢ ᠠᠬᠢᠭᠤᠯᠵᠤ᠂ ᠠᠵᠤ ᠦᠢᠯᠡᠰ ᠤᠨ ᠬᠦᠭᠵᠢᠯᠳᠡ ᠶᠢᠨ ᠰᠢᠨ᠎ᠠ ᠬᠦᠳᠡᠯᠭᠡᠬᠦ ᠬᠦᠴᠦᠨ ᠢ ᠬᠦᠮᠦᠵᠢᠬᠦᠯᠦᠭᠰᠡᠨ ᠠᠴᠠ ᠭᠠᠴᠠᠭ᠎ᠠ ᠨᠢ ᠠᠵᠤ ᠦᠢᠯᠡᠰ ᠬᠦᠭᠵᠢᠭᠰᠡᠨ᠂ ᠤᠷᠤᠰᠢᠨ ᠰᠠᠭᠤᠷᠢᠰᠢᠬᠤ ᠳᠤ ᠲᠤᠬᠢᠷᠠᠮᠵᠢᠳᠡᠢ᠂ ᠨᠤᠳᠤᠭ ᠤᠨ ᠰᠤᠷᠳᠠᠯ ᠪᠤᠯᠪᠠᠰᠤᠨ᠂ ᠵᠠᠰᠠᠯᠳᠠ ᠨᠢ ᠪᠦᠳᠦᠮᠵᠢᠳᠡᠢ᠂ ᠠᠮᠢᠳᠤᠷᠠᠯ ᠴᠢᠨᠡᠬᠡᠯᠢᠭ ᠪᠠᠶᠢᠳᠠᠯ ᠢᠯᠡᠷᠡᠪᠠ᠃          ᠤᠯᠠᠭᠠᠨᠬᠠᠳᠠ ᠭᠠᠴᠠᠭ᠎ᠠ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ︽ᠲᠡᠯᠡᠬᠡᠢ ᠶᠢᠨ ᠵᠢᠭᠤᠯᠴᠢᠯᠠᠯ ᠤᠨ ᠬᠠᠷᠠᠯᠳᠠᠳᠤ ᠤᠷᠤᠨ︾ ᠢ ᠪᠠᠶᠢᠭᠤᠯᠬᠤ ᠪᠠ ᠨᠡᠬᠡᠬᠡᠯᠳᠡ ᠶᠢᠨ ᠤᠷᠤᠨ ᠤ ︽ᠵᠢᠭᠤᠯᠴᠢᠯᠠᠯ ᠤᠨ ᠵᠢᠵᠢᠭ ᠪᠠᠯᠭᠠᠰᠤ︾ ᠶᠢ ᠪᠠᠶᠢᠭᠤᠯᠬᠤ ᠬᠠᠷᠠᠯᠳᠠ ᠶᠢᠨ ᠲᠤᠭᠤᠷᠢᠨ ᠳᠤ᠂ ᠨᠤᠷᠠᠬᠤ ᠠᠶᠤᠯᠳᠠᠢ ᠪᠠᠶᠢᠰᠢᠩ ᠢ ᠰᠢᠨᠡᠳᠬᠡᠨ ᠵᠠᠰᠠᠬᠤ᠂ ᠵᠡᠬᠡᠯᠢ ᠭᠤᠳᠤᠮᠵᠢ ᠶᠢᠨ ᠵᠠᠮ ᠢ ᠬᠠᠳᠠᠭᠤᠷᠠᠭᠤᠯᠬᠤ᠂ ᠤᠤᠭᠤᠬᠤ ᠣᠰᠣᠨ ᠤ ᠠᠮᠤᠷ ᠲᠦᠪᠰᠢᠨ᠂ ᠬᠦᠳᠡᠭᠡ ᠲᠤᠰᠬᠤᠨ ᠤ ᠴᠠᠬᠢᠯᠭᠠᠨ ᠲᠤᠤᠷ ᠢ ᠦᠬᠡᠷᠡᠴᠢᠯᠡᠬᠦ ᠪᠠ ᠤᠷᠴᠢᠨ ᠲᠤᠭᠤᠷᠢᠨ ᠢ ᠶᠠᠷᠦᠩᠬᠡᠶᠢᠯᠡᠨ ᠵᠠᠰᠠᠬᠤ ᠵᠡᠷᠭᠡ ᠢᠨᠵᠧᠨᠧᠷᠢᠩ ᠢ ᠬᠡᠷᠡᠭᠵᠢᠬᠦᠯᠵᠤ᠂ ᠭᠠᠴᠠᠭᠠᠨ ᠤ ᠤᠷᠴᠢᠨ ᠲᠤᠭᠤᠷᠢᠨ ᠳᠤ ᠶᠡᠬᠡᠬᠡᠨ ᠬᠤᠪᠢᠷᠠᠯᠳᠠ ᠭᠠᠷᠭᠠᠵᠠᠢ᠃          ᠭᠠᠴᠠᠭᠠᠨ ᠤ ᠨᠠᠮ ᠤᠨ ᠡᠬᠦᠷ ᠠᠴᠠ ᠲᠤᠯᠤᠭᠠᠢᠢᠯᠠᠨ ᠪᠠᠶᠢᠭᠤᠯᠤᠬᠰᠠᠨ ᠤᠯᠠᠭᠠᠨᠬᠠᠳᠠ ᠭᠠᠴᠠᠭᠠᠨ ᠤ ᠰᠢᠨ᠎ᠠ ᠲᠤᠰᠬᠤᠨ ᠨᠢ ᠦᠵᠡᠮᠵᠢ ᠶᠢᠨ ᠤᠷᠤᠨ ᠳᠤ ᠲᠦᠰᠢᠭᠯᠡᠨ ᠮᠠᠯᠴᠢᠨ ᠠᠶᠢᠯ ᠤᠨ ᠵᠢᠭᠤᠯᠴᠢᠯᠠᠯ ᠡᠷᠬᠢᠯᠡᠵᠤ ᠪᠠᠶᠢᠭ᠎ᠠ ᠮᠠᠯᠴᠢᠨ ᠡᠷᠦᠬᠡ ᠶᠢᠨ ᠨᠠᠰᠢ ᠴᠠᠰᠢ ᠵᠠᠮ ᠬᠦᠬᠡᠬᠡᠬᠦ ᠠᠰᠠᠭᠤᠳᠠᠯ ᠢ ᠰᠢᠢᠳᠪᠤᠷᠢᠯᠡᠵᠤ᠂ ᠮᠠᠯᠴᠢᠳ ᠤᠨ ᠡᠵᠡᠩᠨᠡᠯᠳᠡ ᠶᠢᠨ ᠦᠪᠡᠷ ᠤᠨ ᠦᠷᠳᠡᠭ ᠢ ᠨᠢ ᠪᠠᠭᠤᠷᠠᠭᠤᠯᠵᠤ᠂ ᠮᠠᠯᠴᠢᠳ ᠤᠨ ᠵᠢᠭᠤᠯᠴᠢᠯᠠᠯ ᠤᠨ ᠦᠢᠯᠡᠰ ᠡᠷᠬᠢᠯᠡᠬᠦ ᠪᠠᠷ ᠲᠠᠮᠵᠢᠨ ᠤᠷᠤᠯᠭ᠎ᠠ ᠪᠠᠨ ᠨᠡᠮᠡᠭᠳᠡᠬᠦᠯᠬᠦ ᠳᠤᠨᠢ ᠪᠠᠳᠤ ᠰᠠᠭᠤᠷᠢ ᠲᠠᠯᠪᠢᠨ ᠦᠭᠴᠠᠢ᠃          ᠤᠯᠠᠭᠠᠨᠬᠠᠳᠠ ᠭᠠᠴᠠᠭᠠᠨ ᠤ ᠨᠠᠮ ᠤᠨ ᠡᠬᠦᠷ ︽ᠨᠠᠮ ᠤᠨ ᠪᠠᠶᠢᠭᠤᠯᠤᠯᠳᠠ ᠶᠢ ᠠᠳᠬᠤᠨ᠂ ᠠᠵᠤ ᠦᠢᠯᠡᠰ ᠢ ᠬᠦᠭᠵᠢᠬᠦᠯᠵᠤ᠂ ᠶᠠᠳᠠᠭᠤ ᠶᠢ ᠲᠡᠳᠬᠦᠬᠦ ᠶᠢ ᠠᠬᠢᠭᠤᠯᠬᠤ︾ ᠠᠵᠢᠯ ᠤᠨ ᠰᠡᠳᠬᠢᠴᠡ ᠪᠠᠷ᠂ ᠨᠠᠮ ᠤᠨ ᠵᠤᠬᠢᠶᠠᠨ ᠪᠠᠶᠢᠭᠤᠯᠤᠯᠳᠠ ᠶᠢᠨ ᠲᠠᠶᠢᠴᠢᠯᠠᠨ ᠲᠠᠭᠠᠭᠤᠯᠵᠤ ᠵᠢᠱᠢᠶ᠎ᠠ ᠦᠵᠡᠬᠦᠯᠬᠦ ᠦᠢᠯᠡᠳᠦᠯ ᠢ ᠬᠦᠢᠴᠡᠳ ᠪᠠᠳᠠᠷᠠᠭᠤᠯᠵᠤ᠂ ︽ᠨᠠᠮ ᠤᠨ ᠵᠤᠬᠢᠶᠠᠨ ᠪᠠᠶᠢᠭᠤᠯᠤᠯᠳᠠ ᠶᠢ ᠠᠵᠤ ᠦᠢᠯᠡᠰ ᠤᠨ ᠬᠡᠯᠬᠢᠶᠠᠨ ᠳᠤ ᠪᠠᠶᠢᠭᠤᠯᠵᠤ᠂ ᠨᠠᠮ ᠤᠨ ᠬᠡᠰᠢᠬᠦᠨ ᠢ ᠠᠵᠤ ᠦᠢᠯᠡᠰ ᠤᠨ ᠬᠡᠯᠬᠢᠶᠠᠨ ᠳᠤ ᠨᠢᠬᠳᠠᠷᠠᠭᠤᠯᠤᠨ᠂ ᠤᠯᠠᠨ ᠲᠦᠮᠠᠨ ᠢ ᠠᠵᠤ ᠦᠢᠯᠡᠰ ᠤᠨ ᠬᠡᠯᠬᠢᠶᠠᠨ ᠳᠤ ᠴᠢᠨᠡᠬᠡᠯᠢᠭᠵᠢᠬᠦᠯᠬᠦ︾ ᠶᠠᠳᠠᠭᠤ ᠶᠢ ᠲᠡᠳᠬᠦᠬᠦ ᠬᠡᠯᠪᠡᠷᠢ ᠶᠢ ᠰᠦᠪᠡᠭᠴᠢᠯᠠᠵᠤ᠂ ᠤᠯᠠᠨ ᠲᠦᠮᠠᠨ ᠤ ᠶᠠᠳᠠᠭᠤ ᠠᠴᠠ ᠠᠩᠬᠢᠵᠢᠷᠠᠨ ᠴᠢᠨᠡᠬᠡᠯᠢᠭᠵᠢᠬᠦ ᠠᠯᠬᠤᠮ ᠢ ᠲᠦᠷᠬᠡᠳᠭᠡᠵᠡᠢ᠃          ᠭᠠᠴᠠᠭ᠎ᠠ ᠨᠢ ᠲᠡᠭᠷᠢ ᠡᠯᠡᠰᠦ ᠵᠡᠷᠭᠡ ᠪᠠᠶᠢᠭᠠᠯᠢ ᠶᠢᠨ ᠡᠬᠢ ᠪᠠᠶᠠᠯᠢᠭ ᠲᠠᠭᠠᠨ ᠲᠦᠰᠢᠭᠯᠡᠨ ᠵᠢᠭᠤᠯᠴᠢᠯᠠᠯ ᠤᠨ ᠦᠢᠯᠡᠰ ᠢ ᠬᠦᠭᠵᠢᠬᠦᠯᠵᠤ᠂ ︽ᠨᠠᠮ ᠤᠨ ᠡᠬᠦᠷ + ᠬᠤᠷᠰᠢᠶᠠᠵᠢᠯ︾ ᠤᠨ ᠵᠢᠭᠤᠯᠴᠢᠯᠠᠯ ᠤᠨ ᠬᠦᠭᠵᠢᠯᠳᠡ ᠶᠢᠨ ᠬᠡᠯᠪᠠᠷᠢ ᠶᠢ ᠡᠬᠦᠳᠦᠨ᠂ ᠦᠵᠡᠮᠵᠢ ᠶᠢᠨ ᠤᠷᠤᠨ ᠤ ᠡᠵᠡᠩᠨᠡᠯᠳᠡ ᠶᠢᠨ ᠲᠦᠷᠦᠯ ᠵᠦᠢᠯ ᠢ ᠬᠤᠷᠰᠢᠶᠠᠵᠢᠯ ᠤᠨ ᠵᠢᠭᠤᠯᠴᠢᠯᠠᠯ ᠤᠨ ᠲᠦᠷᠦᠯ ᠵᠦᠢᠯ ᠲᠠᠢ ᠠᠳᠠᠯᠢᠬᠠᠨ ᠢᠶᠠᠷ ᠡᠵᠡᠩᠨᠡᠬᠦ ᠶᠢ ᠪᠥᠬᠦᠨ ᠢ ᠬᠠᠮᠣᠷᠬᠤ ᠵᠠᠬᠪᠤᠷ ᠢ ᠡᠬᠦᠳᠤᠨ᠂ ᠭᠠᠴᠠᠭᠠᠨ ᠤ ᠠᠷᠠᠳ ᠪᠦᠬᠦᠨ ᠢᠶᠠᠷ ᠢᠶᠠᠷ ᠬᠤᠪᠢ ᠤᠷᠤᠵᠠᠢ᠃ ᠭᠠᠴᠠᠭᠠᠨ ᠠᠴᠠ ᠪᠠᠰᠠ ︽ᠨᠠᠮ ᠤᠨ ᠬᠡᠰᠢᠬᠦᠨ ᠢ ᠪᠡᠶᠡᠵᠢᠯ ᠤᠨ ᠰᠠᠶᠢᠨ ᠭᠠᠷ ᠪᠤᠯᠭᠠᠨ ᠬᠦᠮᠦᠵᠢᠬᠦᠯᠬᠦ᠂ ᠪᠠᠶᠠᠵᠢᠯ ᠤᠨ ᠰᠠᠶᠢᠨ ᠭᠠᠷ ᠢ ᠨᠠᠮ ᠤᠨ ᠬᠡᠰᠢᠬᠦᠨ ᠪᠤᠯᠭᠠᠨ ᠬᠦᠮᠦᠵᠢᠬᠦᠯᠬᠦ᠂ ᠪᠠᠶᠠᠵᠢᠯ ᠤᠨ ᠰᠠᠶᠢᠨ ᠭᠠᠷ ᠢ ᠭᠠᠴᠠᠭᠠᠨ ᠤ ᠺᠠᠳ᠋ᠷ ᠪᠤᠯᠭᠠᠨ ᠬᠦᠮᠦᠵᠢᠬᠦᠯᠬᠦ︾ ᠠᠵᠢᠯᠯᠠᠭ᠎ᠠ ᠦᠷᠨᠢᠬᠦᠯᠵᠤ᠂ ᠨᠢᠬᠡ ᠪᠦᠯᠦᠭ ᠡᠵᠡᠩᠨᠡᠯᠳᠡ ᠬᠢᠵᠤ ᠴᠢᠳᠠᠬᠤ᠂ ᠬᠠᠮᠢᠶᠠᠷᠤᠯᠳᠠ ᠳᠠᠭᠠᠨ ᠴᠢᠳᠠᠮᠠᠭᠠᠢ᠂ ᠲᠤᠰᠬᠠᠢ ᠮᠡᠷᠭᠡᠵᠢᠯ ᠤᠨ ᠴᠢᠳᠠᠪᠤᠷᠢ ᠲᠠᠢ ᠨᠠᠮ ᠤᠨ ᠬᠡᠰᠢᠬᠦᠨ ᠢ ᠬᠦᠮᠦᠵᠢᠬᠦᠯᠪᠠ᠃ ᠤᠢᠢᠷ᠎ᠠ ᠶᠢᠨ ᠵᠢᠯ ᠳᠤ᠂ ᠭᠠᠴᠠᠭᠠᠨ ᠠᠴᠠ 9 ᠪᠠᠶᠠᠵᠢᠯ ᠤᠨ ᠰᠠᠶᠢᠨ ᠭᠠᠷ ᠢ ᠬᠦᠮᠦᠵᠢᠬᠦᠯᠵᠤ᠂ ᠠᠵᠤ ᠦᠢᠯᠡᠰ ᠤᠨ ᠬᠡᠯᠬᠢᠶᠠᠨ ᠳᠤ 2 ᠨᠠᠮ ᠤᠨ ᠬᠡᠰᠢᠬᠦᠨ ᠢ ᠬᠦᠮᠦᠵᠢᠬᠦᠯᠦᠨ᠂ 3 ᠨᠠᠮ ᠤᠨ ᠬᠡᠰᠢᠬᠦᠨ ᠪᠠᠶᠠᠵᠢᠯ ᠤᠨ ᠰᠠᠶᠢᠨ ᠭᠠᠷ ᠭᠠᠴᠠᠭᠠᠨ ᠤ ᠺᠠᠳ᠋ᠷ ᠪᠤᠯᠵᠤ᠂ 14 ᠨᠠᠮ ᠤᠨ ᠬᠡᠰᠢᠬᠦᠨ ᠤᠨᠴᠠᠯᠢᠬᠳᠤ ᠵᠢᠭᠤᠯᠴᠢᠯᠠᠯ ᠤᠨ ᠦᠢᠯᠡᠰ ᠤᠨ ᠡᠯ᠎ᠠ ᠭᠤᠬᠴᠤᠭᠠᠨ ᠳᠤ ᠭᠠᠪᠰᠢᠭᠠᠢᠢᠯᠠᠨ ᠠᠵᠢᠯᠯᠠᠵᠤ᠂ ᠤᠯᠠᠨ ᠲᠦᠮᠠᠨ ᠢ ᠲᠠᠭᠠᠭᠤᠯᠤᠨ ᠴᠢᠨᠡᠬᠡᠯᠢᠭᠵᠢᠯ ᠤᠨ ᠵᠠᠮ ᠢᠶᠠᠷ ᠵᠠᠮᠨᠠᠬᠤ ᠭᠤᠤᠯᠯᠠᠬᠤ ᠬᠦᠴᠦᠨ ᠪᠤᠯᠵᠠᠢ᠃ ᠨᠠᠮ ᠤᠨ ᠬᠡᠰᠢᠬᠦᠨ ᠤ ᠲᠠᠶᠢᠴᠢᠯᠠᠯ ᠲᠠᠭᠠᠭᠤᠯᠭ᠎ᠠ ᠲᠤᠤᠷ᠎ᠠ᠂ ᠭᠠᠴᠠᠭᠠᠨ ᠤ ᠠᠵᠤ ᠠᠬᠤᠢ ᠶᠢᠨ ᠤᠷᠤᠯᠭ᠎ᠠ ᠲᠦᠷᠬᠡᠨ ᠢᠶᠠᠷ ᠨᠡᠮᠡᠭᠳᠡᠵᠤ᠂ ᠠᠰᠢᠭ ᠬᠤᠪᠢᠶᠠᠷᠢᠯᠠᠬᠤ ᠤᠷᠤᠯᠭ᠎ᠠ ᠨᠢ 66 ᠲᠦᠮᠠᠨ ᠲᠦᠬᠦᠷᠢᠭ ᠪᠠᠶᠢᠬᠰᠠᠨ ᠠᠴᠠ ᠪᠠᠨ 320 ᠲᠦᠮᠡᠨ ᠲᠦᠬᠦᠷᠢᠭ ᠪᠤᠯᠵᠤ᠂ ᠡᠯ᠎ᠠ ᠦᠵᠡᠮᠵᠢ ᠶᠢᠨ ᠤᠷᠤᠨ ᠳᠤ ᠵᠢᠭᠤᠯᠴᠢᠯᠠᠯ ᠤᠨ ᠡᠵᠡᠩᠨᠡᠯᠳᠡ ᠳᠤ ᠤᠷᠤᠯᠴᠠᠵᠤ ᠪᠠᠶᠢᠭ᠎ᠠ ᠮᠠᠯᠴᠢᠨ ᠡᠷᠦᠬᠡ ᠦᠡᠭᠬᠡᠷᠡᠭᠰᠡᠨ ᠤ 30 ᠭᠠᠷᠤᠢ ᠡᠷᠦᠬᠡ ᠪᠠᠶᠢᠬᠰᠠᠨ ᠠᠴᠠ ᠪᠠᠨ 135 ᠡᠷᠦᠬᠡ ᠪᠤᠯᠵᠤ᠂ ᠮᠠᠯᠴᠢᠨ ᠡᠷᠦᠬᠡ ᠶᠢᠨ ᠤᠷᠤᠯᠭ᠎ᠠ 100 ᠭᠠᠷᠤᠢ ᠲᠦᠮᠡᠨ ᠲᠦᠬᠦᠷᠢᠭ ᠪᠠᠶᠢᠬᠰᠠᠨ ᠠᠴᠠ ᠪᠠᠨ 1150 ᠲᠦᠮᠠᠨ ᠲᠦᠬᠦᠷᠢᠭ ᠪᠤᠯᠵᠠᠢ᠃ 2018 ᠤᠨ ᠳᠤ᠂ ᠭᠠᠴᠠᠭᠠᠨ ᠤ ᠮᠠᠯᠴᠢᠨ ᠲᠠᠷᠢᠶᠠᠴᠢᠨ ᠤ ᠬᠦᠮᠦᠨ ᠪᠦᠷᠢ ᠶᠢᠨ ᠲᠡᠭᠰᠢᠳᠬᠡᠭᠰᠡᠨ ᠴᠠᠪᠠᠷ ᠤᠷᠤᠯᠭ᠎ᠠ ᠨᠢ 21732 ᠲᠦᠬᠦᠷᠢᠭ ᠲᠤ ᠬᠦᠷᠴᠠᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号