ᠴᠡᠭᠡ ᠪᠣᠭᠤᠮᠲᠡ ᠶᠢᠨ ᠠᠵᠣ ᠠᠬᠤᠢ ᠶᠢᠨ ᠨᠡᠭᠡᠭᠡᠯᠲᠡ ᠶᠢᠨ ᠣᠷᠣᠨ ᠳᠠᠮᠣᠷ ᠵᠠᠮ ᠤᠨ ᠱᠣᠭᠤᠮ ᠬᠤᠯᠪᠣᠬᠤ ᠰᠠᠨᠠᠯ ᠬᠤᠷᠢᠶᠠᠬᠤ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2019/7/16
       ᠡᠮᠣᠨᠡᠬᠡᠨ᠂ ᠴᠡᠭᠡ ᠪᠣᠭᠤᠮᠲᠡ ᠶᠢᠨ ᠠᠵᠣ ᠠᠬᠤᠢ ᠶᠢᠨ ᠨᠡᠭᠡᠭᠡᠯᠲᠡ ᠶᠢᠨ ᠣᠷᠣᠨ ᠴᠡᠭᠡ ᠶᠢᠨ ᠬᠢᠯᠢ ᠪᠠᠷ ᠣᠷᠣᠵᠣ ᠭᠠᠷᠬᠤ ᠬᠢᠯᠢ ᠶᠢᠨ ᠰᠡᠷᠭᠡᠶᠢᠯᠡᠯᠲᠡ ᠶᠢᠨ ᠪᠠᠶᠢᠴᠠᠭᠠᠬᠤ ᠦᠷᠲᠡᠭᠡ᠂ ᠪᠣᠭᠤᠮᠲᠡ ᠶᠢᠨ ᠬᠠᠮᠢᠶᠠᠷᠣᠯᠲᠡ ᠶᠢᠨ ᠵᠦᠪᠯᠨᠯ ᠵᠡᠷᠭᠡ ᠬᠤᠯᠪᠤᠠᠨᠳᠠᠯ ᠪᠦᠬᠦᠢ ᠰᠠᠯᠠᠭ᠎ᠠ ᠮᠦᠴᠢᠷ ᠢ ᠵᠣᠬᠢᠶᠡᠨ ᠪᠠᠶᠢᠭᠤᠯᠵᠣ᠂ ᠳᠠᠮᠣᠷ ᠵᠠᠮ ᠤᠨ ᠱᠣᠭᠤᠮ ᠬᠤᠯᠪᠣᠬᠤ ᠰᠠᠨᠠᠯ ᠬᠤᠷᠢᠶᠠᠬᠤ ᠬᠤᠷᠠᠯ ᠬᠢᠪᠡ᠃        ᠬᠤᠷᠠᠯ ᠨᠢ ᠰᠠᠶᠢᠬᠠᠨ ᠵᠠᠪᠠᠢ ᠪᠣᠭᠤᠮᠳᠠ ᠠᠴᠠ ᠴᠡᠭᠡ ᠬᠦᠷᠬᠦ ᠲᠡᠮᠣᠷ ᠵᠠᠮ ᠪᠣᠯᠣᠨ ᠯᠢᠡᠾᠧ ᠠᠴᠠ ᠴᠡᠭᠡ ᠬᠦᠷᠬᠦ ᠲᠡᠮᠣᠷ ᠵᠠᠮ ᠤᠨ ᠬᠤᠯᠪᠣᠬᠤ ᠱᠣᠭᠤᠮ ᠤᠨ ᠢᠨᠵᠧᠨᠧᠷᠢᠩ ᠤᠨ ᠲᠦᠰᠦᠯ ᠤᠨ ᠲᠣᠭᠤᠷᠢᠨ ᠳᠤ ᠬᠠᠯᠠᠭᠤᠨ ᠶᠠᠷᠢᠯᠴᠠᠭ᠎ᠠ ᠦᠷᠨᠢᠭᠦᠯᠵᠦ᠂ ᠵᠢᠷᠤᠭ ᠲᠦᠯᠦᠪᠯᠡᠭᠡ ᠬᠢᠭᠰᠡᠨ ᠨᠢᠭᠡᠴᠨ ᠶᠢ ᠬᠠᠮᠤᠭ ᠡᠴᠣᠰ ᠤᠨ ᠲᠣᠠᠨᠲᠠᠭᠠᠠᠨᠰᠠᠨ ᠰᠠᠨᠠᠯ ᠢᠶᠠᠷ ᠵᠠᠰᠠᠨ ᠳᠡᠭᠦᠯᠳᠡᠷᠵᠢᠭᠦᠯᠵᠦ᠂ ᠳᠠᠷᠠᠭᠠᠴᠢ ᠶᠢᠨ ᠠᠯᠬᠤᠮ ᠳᠤ ᠶᠠᠪᠤᠠᠨᠳᠠᠭᠤᠯᠬᠤ ᠬᠡᠵᠦ ᠪᠠᠶᠢᠭ᠎ᠠ ᠬᠢᠯᠢ ᠠᠯᠣᠰᠯᠬᠠᠰᠠᠨ ᠲᠡᠮᠣᠷ ᠵᠠᠮ ᠳᠠᠪᠢᠰᠬᠦ ᠠᠵᠢᠯ ᠳᠤ ᠲᠦᠬᠦᠮ ᠦᠵᠡᠭᠦᠯᠬᠦ ᠶᠢ ᠱᠠᠭᠠᠷᠳ᠋ᠬᠠᠰᠠᠨ ᠪᠠᠶᠢᠨ᠎ᠠ᠃        ᠣᠶᠢᠯᠠᠭᠠᠠᠨᠰᠠᠨ ᠢᠶᠠᠷ᠂ ᠲᠣᠮᠳᠠᠲᠦ ᠣᠯᠣᠰ᠂ ᠴᠡᠭᠡ ᠪᠣᠭᠤᠮᠲᠡ ᠶᠢᠨ ᠬᠢᠯᠢ ᠠᠯᠣᠰᠯᠬᠠᠰᠠᠨ ᠲᠡᠮᠣᠷ ᠵᠠᠮ ᠤᠨ ᠭᠤᠳᠣᠮ ᠤᠨ ᠬᠢᠯᠢ ᠦᠩᠬᠡᠷᠡᠬᠦ ᠴᠡᠭ ᠨᠢ ᠲᠣᠮᠳᠠᠲᠦ ᠮᠣᠩᠭᠤᠯ ᠤᠨ ᠬᠢᠯᠢ ᠶᠢᠨ ᠵᠠᠭᠠᠭ ᠤᠨ 573 ᠨᠣᠮᠧᠷᠲᠦ ᠪᠠᠭᠠᠨ᠎ᠠ ᠶᠢᠨ ᠳᠡᠷᠭᠡᠲᠡ ᠪᠠᠶᠢᠵᠣ᠂ ᠲᠣᠮᠳᠠᠲᠦ ᠣᠯᠣᠰ ᠤᠨ ᠪᠠᠷᠢᠮᠵᠢᠶᠡᠲᠦ ᠲᠡᠮᠣᠷ ᠵᠠᠮ ᠤᠨ ᠵᠠᠢ ︵1435mm︶ ᠶᠢ ᠠᠪᠴᠦ ᠬᠡᠷᠡᠭᠯᠩᠰᠡᠨ ᠮᠠᠨ ᠤ ᠣᠯᠣᠰ ᠤᠨ ᠬᠢᠯᠢ ᠶᠢᠨ ᠭᠠᠳᠠᠨ᠎ᠠ ᠨᠡᠪᠲᠡᠷᠡᠬᠦ ᠨᠢᠭᠡᠳᠦᠭᠡᠷ ᠵᠣᠷᠪᠣᠰ ᠵᠢᠮᠲᠦ ᠲᠡᠮᠣᠷ ᠵᠠᠮ ᠪᠣᠯᠵᠣ ᠪᠠᠶᠢᠬᠤ ᠪᠦᠭᠡᠳ ᠮᠦᠨᠴᠦ ᠦᠪᠣᠷ ᠮᠣᠩᠭᠤᠯ ᠤᠨ ᠣᠯᠣᠰ ᠤᠨ ︽ᠨᠢᠭᠡ ᠪᠦᠰᠨ ᠨᠢᠭᠡ ᠵᠠᠮ︾ ᠤᠨ ᠪᠠᠶᠢᠯᠳᠣᠬᠤ ᠪᠣᠳᠣᠯᠭ᠎ᠠ ᠶᠢᠨ ᠣᠮᠠᠷᠠᠰᠢ ᠨᠡᠬᠡᠬᠡᠯᠳᠡ ᠬᠢᠬᠦ ᠶᠢ ᠪᠦᠬᠦ ᠲᠠᠯ᠎ᠠ ᠪᠠᠷ ᠨᠡᠶᠢᠲᠠᠪᠣᠷᠢᠵᠢᠭᠤᠯᠬᠤ ᠪᠠᠷ ᠠᠪᠤᠠᠨᠰᠠᠨ ᠴᠢᠬᠤᠯᠨ ᠠᠷᠭ᠎ᠠ ᠪᠠᠷᠢᠯ ᠪᠣᠯᠬᠤ ᠶᠣᠮ᠃ ᠡᠨᠡᠬᠦ ᠵᠣᠷᠪᠣᠰ ᠲᠡᠮᠤᠷ ᠵᠠᠮ ᠨᠢ ᠳᠡᠪᠢᠰᠦᠭᠳᠡᠵᠦ ᠪᠣᠭᠤᠮᠲᠡ ᠨᠡᠪᠲᠡᠷᠩᠰᠡᠨ ᠤ ᠳᠠᠷᠠᠭ᠎ᠠ᠂ ᠣᠯᠣᠰ ᠤᠨ ᠲᠣᠳᠣᠭᠠᠲᠦ ᠶᠢᠨ ᠪᠡᠭᠡᠵᠢᠩ ᠠᠴᠠ ᠰᠢᠨᠵᠢᠶᠠᠩ ᠬᠦᠷᠬᠦ ᠲᠡᠮᠣᠷ ᠵᠠᠮ᠂ ᠯᠢᠡᠾᠧ ᠠᠴᠠ ᠴᠡᠭᠡ ᠬᠦᠷᠬᠦ ᠲᠡᠮᠣᠷ ᠵᠠᠮ ᠪᠠ ᠰᠠᠶᠢᠬᠠᠨ ᠵᠠᠪᠠᠢ ᠪᠣᠭᠤᠮᠳᠠ ᠠᠴᠠ ᠴᠡᠭᠡ ᠬᠦᠷᠬᠦ ᠲᠡᠮᠣᠷ ᠵᠠᠮ ᠵᠢᠴᠢ ᠪᠠᠶᠢᠭᠤᠯᠬᠤ ᠪᠠᠷ ᠵᠢᠱᠢᠵᠣ ᠪᠠᠶᠢᠭ᠎ᠠ ᠡᠵᠡᠨ᠎ᠡ ᠠᠴᠠ ᠵᠢᠦᠴᠢᠦᠸᠠᠨ ᠬᠦᠷᠬᠦ ᠲᠡᠮᠣᠷ ᠵᠠᠮ ᠲᠠᠢ ᠬᠠᠷᠢᠯᠴᠠᠨ ᠬᠤᠯᠪᠣᠯᠳᠣᠵᠣ᠂ ᠡᠮᠣᠨᠡᠰᠢ ᠬᠤᠯᠪᠣᠭᠠᠯᠠᠨ ᠣᠮᠠᠷᠠᠰᠢ ᠨᠡᠭᠡᠭᠡᠵᠦ ᠵᠡᠭᠦᠨᠰᠢ ᠪᠠᠷᠠᠭᠤᠰᠢ ᠨᠡᠪᠳᠡᠷᠡᠭᠰᠡᠨ ᠡᠨᠧᠷᠬᠢ ᠶᠢᠨ ᠰᠣᠷᠪᠣᠯᠵᠢ ᠲᠡᠮᠵᠢᠭᠤᠯᠵᠣ ᠬᠦᠷᠭᠡᠬᠦ ᠲᠣᠦᠷᠵᠢᠯ ᠢ ᠪᠦᠷᠢᠲᠦᠭᠦᠯᠬᠦ ᠪᠠᠷ ᠪᠠᠶᠢᠬᠤ ᠪᠦᠭᠡᠳ ᠴᠡᠭᠡ ᠪᠣᠭᠤᠮᠲᠡ ᠶᠢᠨ ᠪᠠᠷᠠᠭᠠᠨ ᠤ ᠬᠡᠮᠵᠢᠶ᠎ᠡ ᠶᠢ ᠶᠡᠬᠡᠪᠡᠷ ᠨᠡᠮᠡᠭᠳᠡᠭᠦᠯᠬᠦ ᠳᠤ ᠴᠤ ᠪᠠᠲᠦ ᠪᠠᠬᠢ ᠰᠠᠭᠤᠷᠢ ᠲᠠᠯᠪᠢᠵᠦ ᠦᠭᠬᠦ ᠪᠠᠷ ᠪᠣᠢ᠃                                                      (ᠵᠣᠬᠢᠶᠠᠭᠴᠢ᠄ ᠴᠠᠭᠠᠨᠬᠦᠦ)
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号