| | | | | | | | | ᠮᠠᠨ ᠤ ᠠᠶᠢᠮᠠᠭ ᠤᠨ ᠠᠮᠢᠳᠤᠷᠠᠯ ᠤᠨ ᠬᠤᠭ ᠨᠤᠪᠰᠢ ᠶᠢ ᠲᠦᠷᠦᠯ ᠬᠤᠪᠢᠶᠠᠬᠤ ᠤᠬᠠᠭᠤᠯᠭ᠎ᠠ ᠶᠢ | ᠲᠦᠭᠡᠮᠡᠯᠵᠢᠬᠦᠯᠵᠦ᠂ ᠠᠮᠢᠳᠤᠷᠠᠯ ᠤᠨ ᠬᠤᠭ ᠨᠤᠪᠰᠢ ᠶᠢ ᠰᠢᠢᠳᠪᠤᠷᠢᠯᠡᠬᠦ ᠬᠢᠷᠢ ᠲᠦᠪᠰᠢᠨ ᠢ ᠲᠠᠭᠡᠭᠰᠢᠯᠡᠬᠦᠯᠬᠦ ᠶᠢᠨ | ᠲᠤᠯᠠᠲᠠ᠂ 7 ᠰᠠᠷ᠎ᠠ ᠶᠢᠨ 14 ᠤ ᠡᠳᠤᠷ᠂ ᠪᠦᠬᠦ ᠠᠶᠢᠮᠠᠭ ᠤᠨ ᠬᠤᠳᠠ ᠪᠠᠯᠭᠠᠰᠤᠨ ᠤ ᠠᠮᠢᠳᠤᠷᠠᠯ ᠤᠨ ᠬᠤᠭ | ᠨᠤᠪᠰᠢ ᠶᠢ ᠲᠦᠷᠦᠯ ᠬᠤᠪᠢᠶᠠᠬᠤ ᠠᠵᠢᠯᠯᠠᠭ᠎ᠠ ᠶᠢᠨ ᠡᠬᠢᠯᠡᠯᠳᠡ ᠶᠢᠨ ᠶᠤᠰᠤᠯᠠᠯ ᠪᠠᠶᠠᠨᠬᠤᠳᠠᠨᠠ ᠪᠤᠯᠤᠯ᠎ᠠ᠃ | ᠶᠤᠰᠣᠯᠠᠯ ᠳᠤ ᠠᠶᠢᠮᠠᠭ ᠤᠨ ᠨᠠᠮ ᠤᠨ ᠬᠤᠷᠢᠶᠠᠨ ᠤ ᠲᠡᠳ᠋ ᠱᠦᠵᠢ᠂ ᠠᠶᠢᠮᠠᠭ ᠤᠨ ᠲᠠᠷᠤᠭ᠎ᠠ ᠲᠠᠶᠢᠴᠢᠨ᠂ | ᠠᠶᠢᠮᠠᠭ ᠤᠨ ᠨᠠᠮ ᠤᠨ ᠬᠤᠷᠢᠶᠠᠨ ᠤ ᠲᠡᠳ᠋ ᠱᠦᠵᠢ᠂ ᠤᠯᠤᠰ ᠲᠦᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ | ᠠᠯᠠᠱᠠ ᠵᠡᠬᠦᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠠᠳᠠᠷᠠᠩᠭᠤᠶᠢᠴᠣᠭᠳᠣ᠂ ᠠᠶᠢᠮᠠᠭ ᠤᠨ ᠲᠡᠳ᠋ ᠲᠠᠷᠤᠭ᠎ᠠ | ᠰᠢᠤᠢ ᠵᠢᠩ ᠴᠦᠨ᠂ ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ᠂ ᠤᠬᠠᠭᠤᠯᠬᠤ ᠬᠡᠯᠲᠡᠰ ᠤᠨ ᠲᠠᠷᠤᠭ᠎ᠠ ᠸᠠᠩ | ᠯᠢᠶᠠᠩ᠂ ᠠᠶᠢᠮᠠᠭ ᠤᠨ ᠤᠯᠤᠰ ᠲᠦᠷᠥ ᠶᠢᠨ ᠵᠦᠪᠯᠡᠯᠭᠡᠨ ᠤ ᠲᠡᠳ᠋ ᠲᠡᠷᠢᠬᠦᠯᠡᠭᠴᠢ ᠴᠧᠨ ᠰᠢᠦ ᠹᠠᠩ᠂ ᠠᠶᠢᠮᠠᠭ ᠤᠨ | ᠤᠯᠤᠰ ᠲᠦᠷᠥ ᠶᠢᠨ ᠵᠦᠪᠯᠡᠯᠭᠡᠨ ᠤ ᠲᠡᠳ᠋ ᠲᠡᠷᠢᠬᠦᠯᠡᠭᠴᠢ᠂ ᠠᠯᠠᠱᠠ ᠵᠡᠬᠦᠨ ᠬᠤᠰᠢᠭᠤᠨ ᠤ ᠨᠠᠮ ᠤᠨ ᠬᠤᠷᠢᠶᠠᠨ ᠤ | ᠲᠡᠳ᠋ ᠱᠦᠵᠢ ᠭᠧ ᠮᠢᠩ ᠵᠡᠷᠭᠡ ᠤᠳᠤᠷᠢᠳᠤᠯᠭ᠎ᠠ ᠨᠠᠷ ᠤᠷᠤᠯᠴᠠᠵᠦ᠂ ᠠᠶᠢᠮᠠᠭ ᠪᠠ ᠠᠯᠠᠱᠠ ᠵᠡᠬᠦᠨ ᠬᠤᠰᠢᠭᠤᠨ ᠤ | ᠰᠢᠭᠤᠳ ᠬᠠᠷᠢᠶ᠎ᠠ ᠪᠠᠶᠢᠭᠤᠯᠤᠯᠭ᠎ᠠ ᠨᠢᠭᠡᠴᠡ ᠶᠢᠨ ᠺᠠᠳ᠋ᠷ ᠠᠵᠢᠯᠲᠠᠳ ᠵᠢᠴᠢ ᠠᠳᠠᠯ ᠠᠬᠤᠢ ᠶᠢᠨ ᠬᠠᠮᠢᠶᠠᠷᠤᠯᠳᠠ ᠶᠢᠨ | ᠺᠤᠮᠫᠠᠨᠢ ᠶᠢᠨ ᠵᠠᠭᠤ ᠭᠠᠷᠤᠢ ᠬᠦᠮᠦᠨ ᠤᠷᠤᠯᠴᠠᠭᠰᠠᠨ ᠪᠠᠶᠢᠨ᠎ᠠ᠃ | ᠰᠢᠤᠢ ᠵᠢᠩ ᠴᠦᠨ ᠶᠠᠷᠢᠶᠠᠨ ᠳᠠᠭᠠᠨ᠂ ᠬᠤᠭ ᠨᠤᠪᠰᠢ ᠶᠢ ᠲᠦᠷᠦᠯ ᠬᠤᠪᠢᠶᠠᠬᠤ ᠨᠢ ᠨᠠᠮ ᠤᠨ ᠲᠥᠪ | ᠬᠤᠷᠢᠶ᠎ᠡ᠂ ᠲᠦᠷᠥ ᠶᠢᠨ ᠶᠠᠪᠤᠳᠠᠯ ᠤᠨ ᠬᠤᠷᠢᠶ᠎ᠡ ᠶᠢᠨ ᠴᠢᠬᠤᠯᠠ ᠰᠢᠢᠳᠪᠤᠷᠢ ᠪᠠᠶᠢᠵᠦ᠂ ᠡᠯ᠎ᠡ ᠬᠤᠰᠢᠭᠤ᠂ ᠡᠯ᠎ᠡ | ᠪᠠᠶᠢᠭᠤᠯᠤᠯᠭ᠎ᠠ ᠨᠢᠭᠡᠴᠡ ᠪᠠ ᠦᠷᠭᠡᠨ ᠤᠯᠠᠨ ᠺᠠᠳ᠋ᠷ ᠠᠵᠢᠯᠲᠠᠳ ᠬᠤᠭ ᠨᠤᠪᠰᠢ ᠶᠢ ᠲᠦᠷᠥᠯ ᠬᠤᠪᠢᠶᠠᠬᠤ ᠶᠢᠨ | ᠴᠢᠬᠤᠯᠠ ᠴᠢᠨᠠᠷ ᠢ ᠲᠠᠨᠢᠵᠦ᠂ ᠺᠠᠳ᠋ᠷ ᠠᠵᠢᠯᠲᠠᠳ ᠠᠮᠢᠳᠤᠷᠠᠯ ᠤᠨ ᠬᠤᠭ ᠨᠤᠪᠰᠢ ᠶᠢ ᠲᠦᠷᠦᠯ ᠬᠤᠪᠢᠶᠠᠬᠤ | ᠠᠵᠢᠯ ᠤᠨ ᠠᠬᠢᠴᠡ ᠶᠢ ᠲᠡᠮᠵᠢᠬᠦ ᠬᠡᠷᠡᠭᠲᠡᠢ᠂ ᠬᠤᠳᠠ ᠪᠠᠯᠭᠠᠰᠤᠨ ᠤ ᠠᠮᠢ ᠠᠬᠤᠢ᠂ ᠤᠷᠴᠢᠨ ᠲᠤᠭᠤᠷᠢᠨ ᠢ | ᠰᠠᠶᠢᠵᠢᠷᠠᠭᠤᠯᠬᠤ ᠳᠤ ᠰᠤᠷᠭᠠᠭᠤᠯᠢ᠂ ᠡᠮᠨᠡᠯᠭᠡ ᠵᠡᠷᠭᠡ ᠪᠠᠶᠢᠭᠤᠯᠤᠯᠭ᠎ᠠ ᠨᠢᠭᠡᠴᠡ ᠠᠴᠠ ᠡᠬᠢᠯᠡᠨ ᠲᠠᠶᠢᠴᠢᠯᠠᠬᠤ | ᠤᠶᠢᠯᠡᠳᠤᠯ ᠦᠵᠡᠭᠦᠯᠦᠨ ᠠᠮᠢᠳᠤᠷᠠᠯ ᠤᠨ ᠬᠤᠭ ᠨᠤᠪᠰᠢ ᠶᠢ ᠲᠦᠷᠦᠯ ᠬᠤᠪᠢᠶᠠᠬᠤ ᠶᠢ ᠡᠷᠴᠢᠮᠲᠠᠢ ᠦᠷᠨᠢᠬᠦᠯᠬᠦ | ᠬᠡᠷᠡᠭᠲᠡᠢ ᠬᠡᠵᠦ ᠵᠢᠭᠠᠵᠦ ᠭᠠᠷᠭᠠᠭᠰᠠᠨ ᠪᠠᠶᠢᠨ᠎ᠠ᠃ | ᠶᠤᠰᠤᠯᠠᠯ ᠳᠤ᠂ ᠠᠶᠢᠮᠠᠭ ᠤᠨ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ | ᠪᠠᠶᠢᠭᠤᠯᠤᠯᠳᠠ ᠶᠢᠨ ᠲᠤᠪᠴᠢᠶ᠎ᠠ ᠠᠴᠠ ᠠᠮᠢᠳᠤᠷᠠᠯ ᠤᠨ ᠬᠤᠭ ᠨᠤᠪᠰᠢ ᠶᠢ ᠲᠦᠷᠦᠯ ᠬᠤᠪᠢᠶᠠᠬᠤ ᠤᠷᠢᠶᠠᠯᠠᠭ᠎ᠠ ᠶᠢᠨ | ᠪᠢᠴᠢᠭ ᠢ ᠨᠡᠶᠢᠳᠡᠯᠡᠨ᠂ ᠠᠶᠢᠮᠠᠭ ᠤᠨ ᠪᠠᠶᠢᠭᠤᠯᠤᠯᠭ᠎ᠠ ᠶᠢᠨ ᠬᠡᠷᠡᠭ ᠶᠠᠪᠣᠳᠠᠯ ᠤᠨ ᠲᠤᠪᠴᠢᠶ᠎ᠠ᠂ ᠠᠯᠠᠱᠠ ᠵᠡᠬᠦᠨ | ᠬᠤᠰᠢᠭᠤᠨ ᠤ ᠨᠠᠢᠮᠠᠳᠤᠭᠠᠷ ᠲᠤᠮᠳᠠᠲᠤ ᠰᠤᠷᠭᠠᠭᠤᠯᠢ᠂ ᠠᠶᠢᠮᠠᠭ ᠤᠨ ᠲᠥᠪ ᠡᠮᠨᠡᠯᠭᠡ ᠶᠢᠨ ᠬᠤᠷᠢᠶ᠎ᠡ ᠶᠢᠨ | ᠲᠦᠯᠦᠭᠡᠯᠡᠭᠴᠢᠳ ᠠᠴᠠ ᠶᠠᠷᠢᠶ᠎ᠠ ᠲᠠᠯᠪᠢᠵᠦ᠂ ᠬᠤᠭ ᠨᠤᠪᠰᠢ ᠶᠢ ᠲᠦᠷᠦᠯ ᠬᠤᠪᠢᠶᠠᠬᠤ ᠠᠵᠢᠯ ᠢ ᠪᠦᠬᠦ ᠲᠠᠯ᠎ᠠ ᠪᠠᠷ | ᠲᠦᠯᠬᠢᠨ ᠠᠬᠢᠭᠤᠯᠤᠨ᠎ᠠ ᠭᠡᠵᠤ ᠢᠯᠡᠷᠭᠡᠶᠢᠯᠠᠪᠠ᠃ ᠶᠤᠰᠤᠯᠠᠯ ᠤᠨ ᠳᠠᠷᠠᠭ᠎ᠠ᠂ ᠠᠶᠢᠮᠠᠭ ᠤᠨ ᠤᠳᠤᠷᠢᠳᠤᠯᠭ᠎ᠠ ᠵᠢᠴᠢ | ᠰᠢᠭᠤᠳ ᠬᠠᠷᠢᠶ᠎ᠠ ᠪᠠᠶᠢᠭᠤᠯᠤᠯᠭ᠎ᠠ ᠨᠢᠭᠡᠴᠡ ᠶᠢᠨ ᠺᠠᠳ᠋ᠷ ᠠᠵᠢᠯᠳᠠᠳ ᠲᠤᠬᠠᠢ ᠶᠢᠨ ᠲᠠᠯᠠᠪᠤᠷ ᠲᠤ ᠲᠡᠯᠭᠡᠭᠰᠡᠨ ᠬᠤᠭ | ᠨᠤᠪᠰᠢ ᠶᠢ ᠲᠦᠷᠦᠯ ᠬᠤᠪᠢᠶᠠᠬᠤ ᠤᠬᠠᠭᠤᠯᠭ᠎ᠠ ᠶᠢᠨ ᠰᠠᠮᠪᠠᠷ᠎ᠠ᠂ ᠲᠦᠭᠦᠭᠡᠷᠦᠮᠵᠢ ᠶᠢ ᠲᠤᠭᠤᠷᠢᠨ ᠦᠵᠡᠵᠦ᠂ ᠬᠤᠭ | ᠨᠤᠪᠰᠢ ᠶᠢ ᠲᠦᠷᠦᠯ ᠬᠤᠪᠢᠶᠠᠬᠤ ᠪᠤᠲᠠᠲᠠᠢ ᠪᠠᠶᠢᠳᠠᠯ ᠢ ᠤᠶᠢᠯᠠᠭᠠᠭᠰᠠᠨ ᠪᠠᠶᠢᠨ᠎ᠠ᠃ | ᠠᠶᠢᠮᠠᠭ ᠤᠨ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ | ᠲᠤᠪᠴᠢᠶ᠎ᠠ ᠠᠴᠠ ᠤᠶᠢᠯᠠᠭᠠᠭᠰᠠᠨ ᠢᠶᠠᠷ᠂ ᠦᠪᠡᠷᠳᠡᠭᠡᠨ ᠵᠠᠰᠠᠬᠤ ᠤᠷᠤᠨ ᠤ ᠵᠢᠭᠠᠪᠤᠷᠢ ᠪᠠᠷ᠂ ᠪᠦᠬᠦ ᠤᠷᠤᠨ ᠤ 12 | ᠠᠶᠢᠮᠠᠭ ᠬᠤᠳᠠ ᠠᠮᠢᠳᠤᠷᠠᠯ ᠤᠨ ᠬᠤᠭ ᠨᠤᠪᠰᠢ ᠶᠢ ᠲᠦᠷᠦᠯ ᠬᠤᠪᠢᠶᠠᠬᠤ ᠠᠵᠢᠯ ᠢ ᠪᠦᠬᠦ ᠲᠠᠯ᠎ᠠ ᠪᠠᠷ | ᠶᠠᠪᠤᠭᠳᠠᠭᠤᠯᠵᠤ᠂ 2020 ᠣᠨ ᠪᠤᠯᠬᠤ ᠳᠤ ᠬᠤᠭ ᠨᠤᠪᠰᠢ ᠶᠢ ᠲᠦᠷᠦᠯ ᠬᠤᠪᠢᠶᠠᠬᠤ ᠠᠵᠢᠯ ᠢ ᠪᠦᠬᠦ ᠳᠠᠯ᠎ᠠ ᠪᠠᠷ | ᠬᠠᠮᠣᠷᠣᠭᠤᠯᠵᠦ᠂ 2025 ᠣᠨ ᠪᠣᠯᠬᠤ ᠳᠤ ᠬᠤᠭ ᠨᠤᠪᠰᠢ ᠶᠢ ᠲᠦᠷᠦᠯ ᠬᠤᠪᠢᠶᠠᠬᠤ ᠠᠵᠢᠯ ᠤᠨ ᠰᠢᠰᠲ᠋ᠧᠮ ᠢ | ᠲᠡᠭᠦᠯᠳᠡᠷᠵᠢᠭᠦᠯᠦᠨ᠎ᠡ᠃ ᠲᠠᠷᠠᠭᠠᠴᠢ ᠪᠠᠷ᠂ ᠮᠠᠨ ᠤ ᠠᠶᠢᠮᠠᠭ ᠤᠬᠠᠭᠤᠯᠭ᠎ᠠ ᠶᠢᠨ ᠬᠦᠴᠦᠯᠡᠴᠡ ᠪᠠᠨ ᠨᠡᠮᠡᠭᠳᠡᠬᠦᠯᠵᠦ᠂ | ᠬᠤᠭ ᠨᠤᠪᠰᠢ ᠶᠢ ᠲᠦᠷᠦᠯ ᠬᠤᠪᠢᠶᠠᠬᠤ ᠠᠵᠢᠯ ᠢ ᠠᠶᠢᠯ ᠪᠤᠯᠭᠠᠨ᠂ ᠬᠦᠮᠦᠨ ᠪᠤᠯᠭᠠᠨ ᠤᠶᠢᠯᠠᠭᠠᠬᠤ ᠪᠤᠯᠭᠠᠵᠦ᠂ | ᠬᠤᠭ ᠨᠤᠪᠰᠢ ᠶᠢ ᠲᠦᠷᠦᠯ ᠬᠤᠪᠢᠶᠠᠬᠤ ᠤᠬᠠᠮᠰᠠᠷ ᠢ ᠲᠠᠭᠡᠭᠰᠢᠯᠡᠭᠦᠯᠦᠨᠡ᠂ ᠪᠠᠰᠠ ᠬᠠᠮᠢᠶ᠎ᠠ ᠪᠦᠬᠦᠢ ᠪᠠᠶᠢᠭᠤᠯᠤᠯᠭ᠎ᠠ | ᠨᠢᠭᠡᠴᠡ ᠬᠤᠭ ᠨᠤᠪᠰᠢ ᠶᠢ ᠲᠦᠷᠦᠯ ᠬᠤᠪᠢᠶᠠᠬᠤ ᠠᠵᠢᠯ ᠢ ᠰᠢᠮᠳᠠᠭᠤᠯᠵᠦ᠂ ᠬᠠᠮᠢᠶ᠎ᠠ ᠪᠦᠬᠦᠢ ᠰᠢᠢᠳᠪᠦᠷᠢᠳᠣ | ᠪᠤᠳᠣᠯᠭ᠎ᠠ ᠶᠢ ᠲᠤᠭᠳᠠᠭᠠᠨ ᠬᠡᠷᠡᠭᠵᠢᠬᠦᠯᠵᠦ᠂ ᠬᠤᠭ ᠨᠤᠪᠰᠢ ᠶᠢ ᠬᠤᠷᠢᠶᠠᠬᠤ᠂ ᠵᠦᠭᠡᠬᠡᠪᠦᠷᠢᠯᠡᠬᠦ᠂ ᠰᠢᠢᠳᠪᠤᠷᠢᠯᠡᠬᠦ | ᠵᠡᠷᠭᠡ ᠰᠠᠭᠤᠷᠢ ᠲᠦᠭᠦᠭᠡᠷᠦᠮᠵᠢ ᠶᠢ ᠪᠦᠳᠦᠬᠡᠠ ᠪᠠᠶᠢᠭᠤᠯᠵᠦ᠂ ᠪᠦᠬᠦ ᠨᠡᠶᠢᠭᠡᠮ ᠢ ᠲᠠᠶᠢᠴᠢᠯᠠᠨ ᠰᠢᠯᠢᠳᠡᠭ ᠬᠡᠪ | ᠰᠤᠷᠲᠠᠯ ᠲᠠᠢ ᠪᠤᠯᠭᠠᠨ᠂ ᠬᠤᠭ ᠨᠤᠪᠰᠢ ᠶᠢ ᠲᠦᠷᠦᠯ ᠬᠤᠪᠢᠶᠠᠬᠤ ᠠᠵᠢᠯ ᠢ ᠪᠦᠬᠦ ᠳᠠᠯ᠎ᠠ ᠪᠠᠷ ᠲᠦᠯᠬᠢᠨ | ᠠᠬᠢᠭᠤᠯᠬᠤ ᠪᠠᠷ ᠪᠠᠶᠢᠨ᠎ᠠ᠃ | ︵ᠵᠣᠬᠢᠶᠠᠭᠴᠢ᠄ ᠪᠤᠯᠤᠷᠰᠤᠪᠤᠳ︶ | | | | | | | |