ᠲᠦᠬᠦᠮ ᠬᠡᠯᠪᠡᠷᠢ ᠶᠢᠨ ᠲᠤᠰᠤ ᠨᠡᠮᠡᠬᠦ ᠦᠷᠳᠡᠭᠡ ᠪᠤᠶᠢᠳᠠ ᠪᠦᠭᠯᠡᠬᠦᠦ ᠤᠷᠤᠨ ᠤ ᠮᠠᠯᠴᠢᠳ ᠤᠨ ᠲᠤᠰᠤ ᠬᠡᠷᠡᠭᠯᠡᠬᠦ ᠳᠤ ᠬᠦᠴᠢᠷ ᠠᠰᠠᠭᠤᠳᠠᠯ ᠢ ᠰᠢᠢᠳᠪᠤᠷᠢᠯᠡᠵᠤ ᠪᠠᠶᠢᠨ᠎ᠠ
ᠨᠡᠶᠢᠲᠡᠯᠡᠭᠰᠡᠨ ᠴᠠᠭ᠄
2019/7/16
         ᠵᠢᠷᠤᠬ ᠪᠤᠯ᠂ ᠮᠠᠯᠴᠢᠳ ᠲᠥᠬᠦᠮ ᠭᠡᠯᠪᠡᠷᠢ ᠶᠢᠨ ᠲᠤᠰᠤ ᠨᠡᠮᠡᠬᠦ ᠥᠷᠳᠡᠭᠡ ᠠᠴᠠ ᠲᠤᠰᠤ ᠨᠡᠮᠡᠵᠤ ᠪᠠᠶᠢᠨ᠎ᠠ᠃ ︵ᠫᠸᠡᠭ ᠶᠠᠨ ᠰᠡᠬᠦᠳᠡᠷᠯᠡᠪᠡ︶        ︽ᠡᠨᠡᠬᠦ ᠲᠦᠬᠦᠮ ᠬᠡᠯᠪᠡᠷᠢ ᠶᠢᠨ ᠲᠤᠰᠤ ᠨᠡᠮᠡᠬᠦ ᠦᠷᠳᠡᠭᠡ ᠪᠠᠶᠢᠭᠤᠯᠤᠬᠰᠠᠨ ᠠᠴᠠ ᠤᠢᠢᠷ᠎ᠠ ᠬᠠᠪᠢ ᠶᠢᠨ ᠮᠠᠯᠴᠢᠨ ᠪᠠ ᠰᠤᠮᠤᠨ ᠤ ᠺᠠᠳ᠋ᠷ ᠠᠵᠢᠯᠳᠠᠨ ᠳᠤ ᠲᠤᠩ ᠲᠦᠬᠦᠮ ᠦᠵᠡᠬᠦᠯᠵᠠᠢ︾ ᠬᠡᠵᠤ ᠦᠡᠭᠳᠦᠭᠤᠤᠯ ᠰᠤᠮᠤᠨ ᠤ ᠠᠵᠢᠯᠳᠠᠨ ᠯᠢᠤ ᠯᠦᠡᠭ ᠭᠤᠸᠠᠩ ᠲᠦᠬᠦᠮ ᠬᠡᠯᠪᠡᠷᠢ ᠶᠢᠨ ᠲᠤᠰᠤ ᠨᠡᠮᠡᠬᠦ ᠦᠷᠳᠡᠭᠡ ᠶᠢ ᠵᠢᠭᠠᠵᠤ ᠰᠤᠷᠪᠤᠯᠵᠢᠯᠠᠬᠴᠢ ᠳᠤ ᠶᠠᠷᠢᠨ᠎ᠠ᠃        ᠡᠨᠡᠬᠦ ᠲᠤᠰᠤ ᠨᠡᠮᠡᠬᠦ ᠦᠷᠳᠡᠭᠡ ᠶᠢᠨ ᠬᠦᠷᠢᠶᠠᠨ ᠳᠤ ᠬᠡᠳᠦᠨ ᠬᠡᠬᠡᠷᠡᠯᠡᠨ ᠠᠶᠠᠯᠠᠬᠤ ᠮᠠᠰᠢᠨ ᠲᠡᠷᠬᠡ ᠲᠤᠰᠤ ᠨᠡᠮᠡᠬᠦ ᠪᠠᠷ ᠮᠦᠷᠯᠠᠵᠤ ᠪᠠᠶᠢᠯ᠎ᠠ᠃ ᠮᠠᠯᠴᠢᠨ ᠪᠤᠶᠠᠨᠵᠢᠷᠭᠠᠯ ᠤᠨ ᠶᠠᠷᠢᠬᠤ ᠪᠠᠷ᠂ ᠥᠡᠭᠭᠡᠷᠡᠭᠰᠡᠨ ᠳᠤ ᠲᠠᠳᠠᠨᠠᠶᠢᠬᠢᠨ ᠦᠢᠯᠡᠳᠪᠤᠷᠢᠯᠡᠯ ᠠᠮᠢᠳᠤᠷᠠᠯ ᠳᠤ ᠬᠡᠷᠡᠭᠯᠡᠬᠦ ᠲᠤᠰᠤ ᠪᠠᠨ 200 ᠺᠢᠯᠣᠮᠧᠲᠷ ᠬᠤᠯᠠ ᠪᠠᠶᠢᠭ᠎ᠠ ᠲᠠᠯᠠᠶᠢᠬᠦ᠋ᠪ ᠪᠠᠯᠭᠠᠰᠤᠨ ᠳᠤ ᠬᠦᠷᠴᠤ ᠲᠠᠳᠠᠵᠤ ᠠᠪᠴᠢᠷᠠᠳᠠᠭ ᠪᠠᠶᠢᠵᠠᠢ᠃ ᠲᠠᠳᠠᠨᠠᠶᠢᠬᠢᠨ ᠨᠢᠬᠡ ᠲᠷᠠᠺᠲ᠋ᠤᠷ᠂ ᠨᠢᠬᠡ ᠮᠤᠲ᠋ᠤᠷ ᠲᠠᠢ᠂ ᠦᠪᠡᠷ ᠢᠶᠠᠨ ᠬᠤᠳᠠ ᠤᠷᠤᠬᠤ ᠦᠬᠡᠢ ᠪᠤᠯ ᠬᠤᠳᠠ ᠤᠷᠤᠳᠠᠭ ᠵᠡᠷᠬᠡᠯᠡᠳᠡᠭᠡ ᠠᠶᠢᠯ ᠰᠠᠭᠠᠬᠠᠯᠳᠠ ᠪᠠᠨ ᠭᠤᠶᠤᠵᠤ ᠲᠤᠰᠤ ᠠᠪᠴᠢᠷᠠᠭᠤᠯᠳᠠᠭ ᠪᠠᠶᠢᠵᠠᠢ᠃ ᠤᠳᠤ ᠰᠤᠮᠤᠨ ᠳᠤ ᠲᠤᠰᠤ ᠨᠡᠮᠡᠬᠦ ᠦᠷᠳᠡᠭᠡ ᠲᠠᠢ ᠪᠤᠯᠤᠬᠰᠠᠨ ᠠᠴᠠ ᠲᠤᠩ ᠲᠥᠬᠦᠮ ᠪᠤᠯᠤᠬᠰᠠᠨ ᠪᠠᠶᠢᠯ᠎ᠠ᠃        ᠦᠡᠭᠳᠦᠭᠤᠤᠯ ᠰᠤᠮᠤᠨ ᠤ ᠺᠠᠳ᠋ᠷ ᠠᠵᠢᠯᠳᠠᠨ ᠪᠠ ᠮᠠᠯᠴᠢᠳ ᠤᠨ ᠲᠤᠰᠤ ᠨᠡᠮᠡᠬᠦ ᠳᠤ ᠬᠦᠴᠢᠷ ᠠᠰᠠᠭᠤᠳᠠᠯ ᠢ ᠰᠢᠢᠳᠪᠤᠷᠢᠯᠡᠬᠦ ᠪᠠᠷ᠂ 2018 ᠤᠨ ᠳᠤ ᠡᠵᠡᠨ᠎ᠠ ᠬᠤᠰᠢᠭᠤᠨ ᠤ ᠵᠠᠰᠠᠭ ᠤᠨ ᠤᠷᠳᠤᠨ ᠤ ᠲᠡᠮᠵᠢᠯᠬᠡ ᠲᠤᠤᠷ᠎ᠠ᠂ ᠦᠡᠭᠳᠦᠭᠤᠤᠯ ᠰᠤᠮᠤ ᠬᠤᠰᠢᠭᠤᠨ ᠤ ᠲᠤᠮᠳᠠᠳᠤ ᠤᠯᠤᠰ ᠤᠨ ᠴᠢᠯᠠᠭᠤᠨ ᠲᠤᠰᠤᠨ ᠤ ᠺᠤᠮᠫᠠᠨᠢ᠂ ᠠᠶᠤᠯᠬᠦᠢ ᠦᠢᠯᠡᠳᠪᠤᠷᠢᠯᠡᠯ ᠳᠤ ᠬᠢᠨᠠᠯᠳᠠ ᠲᠠᠯᠪᠢᠬᠤ ᠰᠠᠯᠠᠭ᠎ᠠ ᠮᠦᠴᠢᠷ ᠲᠠᠢ ᠵᠤᠬᠢᠴᠠᠭᠤᠯᠵᠤ ᠪᠠᠶᠢᠭᠠᠳ᠂ ᠰᠤᠮᠤᠨ ᠤ ᠰᠠᠭᠤᠭ᠎ᠠ ᠭᠠᠵᠠᠷ ᠲᠤ ᠲᠦᠬᠦᠮ ᠬᠡᠯᠪᠡᠷᠢ ᠶᠢᠨ ᠲᠤᠰᠤ ᠨᠡᠮᠡᠬᠦ ᠦᠷᠳᠡᠭᠡ ᠪᠠᠶᠢᠭᠤᠯᠪᠠ᠃        ᠯᠢᠤ ᠯᠦᠡᠭ ᠭᠤᠸᠠᠩ ᠰᠤᠷᠪᠤᠯᠵᠢᠯᠠᠬᠴᠢ  ᠳᠤ᠄ ︽ᠡᠨᠡᠬᠦ ᠲᠤᠰᠤ ᠨᠡᠮᠡᠬᠦ ᠦᠷᠳᠡᠭᠡ  ᠶᠢ ᠪᠠᠶᠢᠭᠤᠯᠬᠤ ᠠᠴᠠ ᠡᠮᠦᠨ᠎ᠠ᠂ ᠮᠠᠯᠴᠢᠳ ᠪᠦᠳᠦᠬᠦᠨ ᠲᠦᠡᠭᠰᠠ  ᠪᠠᠷ ᠲᠤᠰᠤ ᠲᠠᠳᠠᠵᠤ ᠠᠪᠴᠢᠷᠠᠳᠠᠭ᠂ ᠨᠠᠰᠢ ᠴᠠᠰᠢ ᠶᠠᠪᠤᠬᠤ ᠲᠤᠰᠤᠨ ᠵᠠᠷᠤᠳᠠᠯ  ᠲᠡᠬᠡᠷ᠎ᠠ ᠪᠤᠰᠤᠳ ᠵᠠᠷᠤᠳᠠᠯ  ᠢ ᠨᠡᠮᠡᠪᠡᠯ ᠵᠢᠯ  ᠳᠤ ᠪᠠᠷᠤᠭ 2000 ᠭᠠᠷᠤᠢ ᠲᠦᠬᠦᠷᠢᠭ ᠵᠠᠷᠤᠴᠠᠭᠤᠯᠤᠨ᠎ᠠ᠃ ᠪᠢᠳᠠᠨ  ᠤ ᠭᠠᠴᠠᠭ᠎ᠠ 70 ᠭᠠᠷᠤᠢ ᠮᠠᠯᠴᠢᠨ ᠡᠷᠦᠬᠡ  ᠲᠠᠢ᠂ ᠢᠡᠭᠬᠢᠵᠤ ᠪᠤᠳᠤᠪᠠᠯ ᠮᠠᠯᠴᠢᠳ ᠲᠤ ᠵᠢᠯ ᠳᠤ ᠪᠠᠷᠤᠭ 10 ᠭᠠᠷᠤᠢ ᠲᠦᠮᠡᠨ ᠲᠦᠬᠦᠷᠢᠭ ᠠᠷᠪᠢᠯᠠᠵᠤ ᠥᠭᠴᠡᠢ︾ ᠭᠡᠵᠤ ᠲᠠᠨᠢᠯᠴᠠᠭᠤᠯᠤᠯ᠎ᠠ᠃        ᠲᠦᠬᠦᠮ ᠬᠡᠯᠪᠡᠷᠢ  ᠶᠢᠨ ᠲᠤᠰᠤ ᠨᠡᠮᠡᠬᠦ ᠦᠷᠳᠡᠭᠡ  ᠪᠤᠯ ᠲᠤᠰᠤ ᠬᠠᠳᠠᠭᠠᠯᠠᠬᠤ ᠰᠡᠪᠡ᠂ ᠲᠤᠰᠤ ᠨᠡᠮᠡᠬᠦ ᠮᠠᠰᠢᠨ᠂ ᠬᠢᠨᠠᠨ ᠡᠵᠡᠮᠳᠡᠬᠦ ᠰᠢᠰᠲ᠋ᠧᠮ  ᠢ ᠨᠢᠬᠡ ᠴᠤᠬᠴᠠᠵᠢᠭᠤᠯᠤᠬᠰᠠᠨ ᠰᠢᠯᠵᠢᠬᠦᠯᠵᠤ ᠪᠤᠯᠬᠤ ᠲᠤᠰᠤ ᠨᠡᠮᠡᠬᠦ ᠦᠷᠳᠡᠭᠡ ᠪᠤᠯᠤᠨ᠎ᠠ᠂ ᠠᠮᠤᠷ ᠲᠦᠪᠰᠢᠨ᠂ ᠤᠷᠴᠢᠨ ᠠᠬᠤᠢ  ᠶᠢ ᠬᠠᠮᠠᠭᠠᠯᠠᠬᠤ᠂ ᠡᠵᠡᠯᠡᠬᠦ ᠲᠠᠯᠠᠪᠠᠢ ᠪᠠᠭ᠎ᠠ᠂ ᠨᠡᠬᠦᠯᠬᠡᠨ ᠰᠢᠯᠵᠢᠬᠦᠯᠬᠦ  ᠳᠤ ᠲᠦᠬᠦᠮ ᠵᠡᠷᠭᠡ ᠤᠨᠴᠠᠯᠢᠭ ᠲᠠᠢ᠃ ᠦᠨᠦ ᠵᠢᠯ᠂ ᠡᠵᠡᠨ᠎ᠠ ᠬᠤᠰᠢᠭᠤ ᠮᠠᠽᠦ᠋ᠡᠭᠱᠠᠨ ᠰᠤᠮᠤᠨ  ᠳᠤ ᠪᠠᠰᠠ ᠨᠢᠬᠡᠨ ᠲᠦᠬᠦᠮ ᠬᠡᠯᠪᠡᠷᠢ  ᠶᠢᠨ ᠲᠤᠰᠤ ᠨᠡᠮᠡᠬᠦ ᠦᠷᠳᠡᠭᠡ  ᠶᠢ ᠪᠠᠶᠢᠭᠤᠯᠵᠤ ᠠᠰᠢᠬᠯᠠᠯᠳᠠ  ᠳᠤ ᠤᠷᠤᠭᠤᠯᠵᠠᠢ︔ ᠰᠠᠭᠤᠭ᠎ᠠ ᠭᠠᠵᠠᠷ  ᠤᠨ ᠨᠢᠬᠡᠨ ᠴᠡᠷᠢᠭ  ᠤᠨ ᠰᠠᠭᠤᠷᠢᠨ  ᠠᠴᠠ 60 ᠲᠦᠮᠡᠨ ᠲᠦᠬᠦᠷᠢᠭ  ᠤᠨ ᠲᠤᠰᠬᠠᠢ ᠲᠦᠷᠦᠯ   ᠤᠨ ᠪᠠᠯᠠ ᠮᠦᠡᠭᠬᠦ ᠬᠠᠨᠳᠢᠪᠯᠠᠵᠤ᠂ ᠳ᠋ᠦᠡᠭᠹᠸᠡᠭ ᠪᠠᠯᠭᠠᠰᠤᠨ  ᠤ ᠭᠤᠷᠤᠨᠠᠢ ᠭᠠᠴᠠᠭᠠᠨ  ᠳᠤ ᠲᠦᠬᠦᠮ ᠬᠡᠯᠪᠡᠷᠢ  ᠶᠢᠨ ᠲᠤᠰᠤ ᠨᠡᠮᠡᠬᠦ ᠦᠷᠳᠡᠭᠡ ᠪᠠᠶᠢᠭᠤᠯᠬᠤ  ᠶᠢ ᠲᠠᠮᠵᠢᠵᠤ᠂ ᠵᠢᠯ ᠤᠨ ᠲᠤᠳᠤᠷ᠎ᠠ ᠠᠰᠢᠬᠯᠠᠯᠳᠠ ᠳᠤ ᠤᠷᠤᠭᠤᠯᠬᠤ ᠪᠠᠷ ᠲᠦᠯᠦᠪᠯᠠᠵᠤ ᠪᠤᠢ᠃        ᠤᠢᠢᠯᠠᠭᠠᠬᠰᠠᠨ ᠢᠶᠠᠷ᠂ ᠡᠵᠡᠨ᠎ᠠ ᠬᠤᠰᠢᠭᠤ ᠪᠤᠶᠢᠳᠠ ᠪᠦᠭᠯᠡᠬᠦᠤ ᠬᠢᠯᠢ ᠬᠢᠵᠠᠭᠠᠷ ᠤᠨ ᠰᠤᠮᠤᠨ ᠳᠤ ᠲᠦᠬᠦᠮ ᠬᠡᠯᠪᠡᠷᠢ ᠶᠢᠨ ᠲᠤᠰᠤ ᠨᠡᠮᠡᠬᠦ ᠦᠷᠳᠡᠭᠡ ᠪᠠᠶᠢᠭᠤᠯᠤᠬᠰᠠᠨ ᠨᠢ ᠲᠤᠬᠠᠢ ᠶᠢᠨ ᠭᠠᠵᠠᠷ ᠤᠨ ᠮᠠᠯᠴᠢᠳ ᠲᠤ ᠶᠠᠪᠤᠵᠤ ᠰᠠᠭᠤᠬᠤ ᠳᠤ ᠲᠦᠬᠦᠮ ᠦᠵᠡᠬᠦᠯᠦᠭᠰᠡᠨ ᠢᠶᠠᠷ ᠪᠠᠷᠠᠬᠤ ᠦᠬᠡᠢ᠂ ᠮᠠᠯᠴᠢᠨ ᠲᠦᠮᠠᠨ ᠪᠠ ᠬᠠᠷᠢᠶ᠎ᠠ ᠤᠷᠤᠨ ᠤ ᠠᠵᠤ ᠠᠬᠤᠢᠢᠯᠠᠯ ᠤᠨ ᠦᠢᠯᠡᠳᠪᠤᠷᠢᠯᠡᠯ ᠠᠮᠢᠳᠤᠷᠠᠯ ᠤᠨ ᠦᠪᠠᠷ ᠤᠨ ᠦᠷᠳᠡᠭ ᠢ ᠨᠢ ᠪᠠᠭᠤᠷᠠᠭᠤᠯᠵᠤ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ᠂ ᠤᠷᠤᠨ ᠨᠤᠳᠤᠭ ᠤᠨ ᠠᠵᠤ ᠠᠬᠤᠢ ᠶᠢ ᠬᠥᠭᠵᠢᠬᠦᠯᠬᠦ ᠳᠤ ᠠᠬᠢᠭᠤᠯᠬᠤ ᠦᠢᠯᠡᠳᠦᠯ ᠦᠵᠡᠬᠦᠯᠪᠠ᠃ ᠡᠬᠦᠨ ᠤ ᠬᠠᠮᠳᠤ᠂ ᠲᠤᠰ ᠬᠤᠰᠢᠭᠤ ᠪᠠᠰᠠ ᠠᠶᠤᠯᠬᠦᠢ ᠦᠢᠯᠡᠳᠪᠤᠷᠢᠯᠡᠯ ᠢ ᠬᠢᠨᠠᠨ ᠬᠠᠮᠢᠶᠠᠷᠬᠤ ᠬᠦᠴᠦᠯᠠᠴᠠ ᠪᠠᠨ ᠴᠢᠩᠭᠠᠳᠬᠠᠵᠤ᠂ ᠠᠮᠤᠷ ᠲᠦᠪᠰᠢᠨ ᠤ ᠲᠠᠯᠳᠠ ᠳᠦᠭᠰᠢᠬᠦᠷᠢ ᠶᠢ ᠪᠠᠶᠢᠴᠠᠭᠠᠨ ᠠᠷᠢᠯᠭᠠᠵᠤ᠂ ᠲᠤᠰᠤ ᠨᠡᠮᠡᠬᠦ ᠦᠷᠳᠡᠭᠡᠨ ᠤ ᠠᠵᠢᠯᠳᠠᠨ ᠢ ᠠᠵᠢᠯ ᠳᠤ ᠭᠠᠷᠬᠤ ᠠᠴᠠ ᠡᠮᠦᠨᠡᠬᠢ ᠪᠤᠯᠪᠠᠰᠤᠷᠠᠯ ᠬᠦᠷᠳᠡᠭᠡᠵᠤ᠂ ᠲᠦᠬᠦᠮ ᠬᠡᠯᠪᠡᠷᠢ ᠶᠢᠨ ᠲᠤᠰᠤ ᠨᠡᠮᠡᠬᠦ ᠦᠷᠳᠡᠭᠡ ᠶᠢᠨ ᠠᠮᠤᠷ ᠲᠦᠪᠰᠢᠨ ᠤᠷᠤᠬᠰᠢᠳᠠᠢ ᠪᠠᠷ ᠡᠵᠡᠩᠨᠡᠬᠦ ᠶᠢ ᠪᠠᠳᠤᠯᠠᠵᠤ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号