ᠠᠯᠠᠱᠠ ᠠᠶᠢᠮᠠᠭ ᠤᠨ ᠵᠠᠬᠢᠷᠭ᠎ᠠ ᠶᠢᠨ ︽ᠠᠯᠠᠱᠠ ᠠᠶᠢᠮᠠᠭ ᠤᠨ ᠤᠳᠤᠬᠢ ᠪᠠ ᠬᠤᠶᠢᠰᠢᠲᠠ ᠶᠢᠨ ᠨᠢᠬᠡ ᠬᠤᠭᠤᠴᠠᠭᠠᠨ ᠤ ᠠᠵᠢᠯ ᠤᠯᠭᠤᠯᠳᠠ ᠶᠢ ᠠᠬᠢᠭᠤᠯᠬᠤ ᠲᠤᠬᠠᠢ ᠬᠡᠷᠡᠭᠵᠢᠬᠦᠯᠬᠦ ᠰᠠᠨᠠᠯ︾ ᠢ ᠳᠠᠷᠤᠮᠠᠯᠯᠠᠨ ᠲᠠᠷᠬᠠᠭᠠᠬᠤ ᠮᠡᠳᠡᠭᠳᠡᠯ
ᠨᠡᠶᠢᠲᠡᠯᠡᠭᠰᠡᠨ ᠴᠠᠭ᠄
2019/7/16
               ᠠᠯᠠᠱᠠ ᠠᠶᠢᠮᠠᠭ ᠤᠨ ᠤᠳᠤᠬᠢ ᠪᠠ ᠬᠤᠶᠢᠰᠢᠲᠠ ᠶᠢᠨ ᠨᠢᠬᠡ ᠬᠤᠭᠤᠴᠠᠭᠠᠨ                 ᠤ  ᠠᠵᠢᠯ  ᠤᠯᠭᠤᠯᠳᠠ  ᠶᠢ  ᠠᠬᠢᠭᠤᠯᠬᠤ  ᠲᠤᠬᠠᠢ  ᠬᠡᠷᠡᠭᠵᠢᠬᠦᠯᠬᠦ  ᠰᠠᠨᠠᠯ          ︽ᠤᠳᠤᠬᠢ ᠪᠠ ᠬᠤᠶᠢᠰᠢᠲᠠ ᠶᠢᠨ ᠨᠢᠬᠡ ᠬᠤᠭᠤᠴᠠᠭᠠᠨ ᠤ ᠠᠵᠢᠯ ᠤᠯᠭᠤᠯᠲᠠ ᠶᠢ ᠠᠬᠢᠭᠤᠯᠬᠤ ᠠᠵᠢᠯ ᠢ ᠰᠠᠶᠢᠳᠤᠷ ᠬᠢᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ︵ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠲᠠᠷᠬᠠᠭᠠᠭᠰᠠᠨ ﹇2018﹈ 39 ᠲᠤᠭᠠᠲᠤ ᠪᠢᠴᠢᠭ ᠮᠠᠲ᠋ᠧᠷᠢᠶᠠᠯ︶ ᠪᠠ ︽ᠤᠳᠤᠬᠢ ᠪᠠ ᠬᠤᠶᠢᠰᠢᠲᠠ ᠶᠢᠨ ᠨᠢᠬᠡ ᠬᠤᠭᠤᠴᠠᠭᠠᠨ ᠤ ᠠᠵᠢᠯ ᠤᠯᠭᠤᠯᠲᠠ ᠶᠢ ᠠᠬᠢᠭᠤᠯᠬᠤ ᠠᠵᠢᠯ ᠢ ᠰᠠᠶᠢᠳᠤᠷ ᠬᠢᠬᠦ ᠲᠤᠬᠠᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠬᠡᠷᠡᠭᠵᠢᠬᠦᠯᠬᠦ ᠰᠠᠨᠠᠯ  ︾ ︵ᠦᠪᠦᠷ ᠵᠠᠰᠠᠭ ᠲᠠᠷᠬᠠᠭᠠᠭᠰᠠᠨ ﹇2019﹈ 4 ᠲᠤᠭᠠᠲᠤ ᠮᠠᠲ᠋ᠧᠷᠢᠶᠠᠯ︶ ᠤᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠠᠵᠢᠯ ᠤᠯᠭᠤᠬᠤ ᠲᠦᠷᠦ ᠶᠢᠨ ᠪᠤᠳᠤᠯᠭ᠎ᠠ ᠶᠢ ᠤᠯᠠᠮ ᠨᠢᠬᠡ ᠠᠯᠬᠤᠮ ᠲᠡᠭᠦᠯᠳᠡᠷᠵᠢᠭᠦᠯᠵᠦ᠂ ᠠᠵᠦ ᠠᠬᠤᠶᠢᠯᠠᠯ ᠤᠨ ᠠᠵᠢᠯ ᠤᠯᠭᠤᠯᠲᠠ ᠶᠢᠨ ᠪᠠᠶᠢᠷᠢ ᠶᠢ ᠲᠤᠭᠳᠠᠭᠤᠨ ᠪᠠᠶᠢᠯᠭᠠᠬᠤ ᠶᠢ ᠳᠡᠮᠵᠢᠬᠦ ᠶᠢᠨ ᠲᠦᠯᠦᠭᠡ᠂ ᠮᠠᠨ ᠤ ᠠᠶᠢᠮᠠᠭ ᠤᠨ ᠪᠤᠳᠠᠳᠠᠢ ᠲᠠᠢ ᠤᠶᠠᠯᠳᠤᠭᠤᠯᠤᠨ᠂ ᠲᠤᠤᠷᠠᠬᠢ ᠮᠡᠲᠦ ᠬᠡᠷᠡᠭᠵᠢᠬᠦᠯᠬᠦ ᠰᠠᠨᠠᠯ ᠢ ᠲᠤᠷᠠᠳᠪᠠ᠃          ᠨᠢᠬᠡ᠂ ᠠᠵᠦ ᠠᠬᠤᠶᠢᠯᠠᠯ ᠤᠨ ᠠᠵᠢᠯ ᠤᠯᠭᠤᠯᠲᠠ ᠶᠢᠨ ᠪᠠᠶᠢᠷᠢ ᠶᠢ ᠲᠤᠭᠳᠠᠭᠤᠨ ᠪᠠᠶᠢᠯᠭᠠᠬᠤ ᠶᠢ ᠳᠡᠮᠵᠢᠨ᠎ᠡ          ᠠᠵᠦ ᠠᠬᠤᠶᠢᠯᠠᠯ ᠢ ᠳᠤᠰᠠᠯᠠᠵᠦ ᠠᠵᠢᠯ ᠤᠨ ᠪᠠᠶᠢᠷᠢ ᠶᠢ ᠲᠤᠭᠳᠠᠪᠤᠷᠢᠵᠢᠭᠤᠯᠬᠤ ᠬᠦᠴᠦᠯᠡᠴᠡ ᠪᠠᠨ ᠤᠯᠠᠮ ᠨᠢᠬᠡ ᠠᠯᠬᠤᠮ ᠴᠢᠩᠭᠠᠳᠬᠠᠵᠦ᠂ ᠠᠵᠦ ᠠᠬᠤᠶᠢᠯᠠᠯ ᠤᠨ ᠳᠠᠷᠤᠭᠠᠰᠤ ᠶᠢ ᠦᠨᠡᠨᠬᠦ  ᠬᠦᠩᠭᠡᠷᠡᠭᠦᠯᠵᠦ᠂ ᠠᠵᠢᠯ ᠤᠨ ᠪᠠᠶᠢᠷᠢ ᠶᠢ ᠲᠤᠭᠲᠠᠪᠤᠷᠢᠵᠢᠭᠤᠯᠤᠨ᠎ᠠ᠃ ᠠᠵᠢᠯᠲᠠᠨ ᠢᠶᠠᠨ ᠴᠤᠮᠬᠠᠳᠬᠠᠬᠤ ᠦᠭᠡᠢ ᠪᠤᠶᠤ ᠴᠦᠬᠡᠨ ᠴᠤᠮᠬᠠᠳᠬᠠᠬᠤ ᠪᠠᠷ ᠪᠠᠶᠢᠭ᠎ᠠ ᠳᠠᠭᠠᠳᠬᠠᠯ ᠳᠤ ᠤᠷᠤᠯᠴᠠᠭᠰᠠᠨ ᠠᠵᠦ ᠠᠬᠤᠶᠢᠯᠠᠯ ᠳᠤ ᠳᠡᠭᠡᠷ᠎ᠠ ᠤᠨ ᠤ ᠪᠤᠳᠠᠳᠠᠢ ᠲᠤᠰᠢᠶᠠᠭᠰᠠᠨ ᠠᠵᠢᠯ ᠠᠯᠳᠠᠭᠰᠠᠨ ᠳᠠᠭᠠᠭᠳᠬᠠᠯ ᠤᠨ 50% ᠶᠢ ᠪᠤᠴᠠᠭᠠᠨ ᠦᠭᠴᠦ ᠪᠤᠯᠤᠨ᠎ᠠ᠃ 2019 ᠤᠨ ᠤ 1 ᠰᠠᠷ᠎ᠠ ᠶᠢᠨ 1 ᠤ ᠡᠳᠦᠷ ᠠᠴᠠ 12 ᠰᠠᠷ᠎ᠠ ᠶᠢᠨ 31 ᠤ ᠡᠳᠦᠷ ᠪᠤᠯᠳᠠᠯ᠎ᠠ᠂ ᠲᠦᠷ ᠴᠠᠭ ᠤᠨ ᠴᠢᠨᠠᠷᠲᠠᠢ ᠦᠢᠯᠡᠳᠪᠦᠷᠢᠯᠡᠯ ᠡᠵᠡᠩᠨᠡᠯᠲᠡ ᠶᠢᠨ ᠬᠦᠴᠢᠷᠳᠡᠯ ᠳᠤ ᠲᠤᠯᠭᠠᠷᠠᠭᠰᠠᠨ ᠮᠦᠷᠲᠡᠭᠡᠨ ᠰᠡᠷᠬᠦᠨ ᠰᠠᠶᠢᠵᠢᠷᠠᠬᠤ ᠬᠠᠷᠠᠯᠲᠠ  ᠲᠠᠢ᠂  ᠠᠵᠢᠯᠲᠠᠨ ᠢᠶᠠᠨ ᠴᠤᠮᠬᠠᠳᠬᠠᠬᠤ ᠦᠭᠡᠢ ᠪᠤᠶᠤ ᠴᠦᠬᠡᠨ ᠴᠤᠮᠬᠠᠳᠬᠠᠬᠤ ᠪᠠᠷ ᠪᠠᠶᠢᠭ᠎ᠠ ᠳᠠᠭᠠᠳᠬᠠᠯ ᠳᠤ ᠤᠷᠤᠯᠴᠠᠭᠰᠠᠨ ᠠᠵᠦ ᠠᠬᠤᠶᠢᠯᠠᠯ᠂ ᠠᠵᠢᠯ ᠠᠯᠳᠠᠭᠰᠠᠳ ᠤᠨ ᠳᠠᠭᠠᠳᠬᠠᠯ ᠤᠨ ᠰᠠᠭᠤᠷᠢ ᠮᠦᠩᠬᠦ ᠶᠢᠨ ᠦᠯᠡᠳᠡᠪᠦᠷᠢ  ᠨᠢ ᠨᠢᠬᠡ ᠵᠢᠯ ᠠᠴᠠ ᠳᠡᠭᠡᠭᠰᠢᠬᠢ ᠰᠦᠢᠳᠬᠡᠯ ᠲᠤᠰᠢᠶᠠᠬᠤ ᠴᠢᠳᠠᠪᠤᠷᠢ ᠲᠠᠢ ᠪᠠᠶᠢᠬᠤ ᠤᠷᠢᠳᠠᠯ ᠳᠤᠤᠷ᠎ᠠ᠂ ᠪᠤᠴᠠᠭᠠᠬᠤ ᠪᠠᠷᠢᠮᠵᠢᠶ᠎ᠠ ᠶᠢ ᠠᠵᠦ ᠠᠬᠤᠶᠢᠯᠠᠯ ᠵᠢᠴᠢ ᠲᠡᠭᠦᠨ ᠤ ᠠᠵᠢᠯᠳᠠᠳ ᠤᠨ ᠲᠤᠰᠢᠶᠠᠪᠠᠰᠤ ᠵᠤᠬᠢᠬᠤ 6 ᠰᠠᠷ᠎ᠠ ᠶᠢᠨ ᠨᠡᠶᠢᠬᠡᠮ ᠤᠨ ᠳᠠᠭᠠᠳᠬᠠᠯ ᠤᠨ ᠰᠦᠢᠳᠬᠡᠯ ᠤᠨ 50% ᠶᠢᠨ ᠪᠠᠷᠢᠮᠵᠢᠶ᠎ᠠ ᠪᠠᠷ ᠲᠤᠭᠳᠠᠭᠠᠠᠨ᠎ᠠ᠃ ᠲᠡᠭᠡᠷ᠎ᠡ ᠦᠬᠦᠯᠡᠭᠰᠡᠨ ᠪᠡᠯᠡ ᠮᠦᠩᠬᠦ ᠶᠢ ᠠᠵᠢᠯ ᠠᠯᠳᠠᠭᠰᠠᠳ ᠤᠨ ᠳᠠᠭᠠᠳᠬᠠᠯ ᠤᠨ ᠰᠠᠭᠤᠷᠢ ᠮᠦᠩᠬᠦᠨ ᠠᠴᠠ ᠭᠠᠷᠭᠠᠨ᠎ᠠ᠃ ᠠᠶᠢᠮᠠᠭ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠤᠯᠠᠭ᠎ᠠ ᠶᠢᠨ ᠲᠤᠪᠴᠢᠶ᠎ᠠ ᠠᠴᠠ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠠᠵᠦ ᠠᠬᠤᠶᠢᠯᠠᠯ ᠳᠤ ᠲᠤᠰᠠᠯᠠᠨ ᠠᠵᠢᠯ ᠤᠨ ᠪᠠᠶᠢᠷᠢ ᠶᠢ ᠲᠤᠭᠳᠠᠪᠤᠷᠢᠵᠢᠭᠤᠯᠬᠤ ᠪᠤᠳᠠᠳᠠᠢ ᠬᠡᠷᠡᠭᠵᠢᠬᠦᠯᠬᠦ ᠲᠦᠰᠦᠯ ᠢ ᠲᠤᠭᠳᠠᠭᠠᠵᠤ᠂ ᠠᠶᠢᠮᠠᠭ ᠤᠨ ᠵᠠᠬᠢᠷᠭ᠎ᠠ ᠳᠤ ᠮᠡᠳᠡᠬᠦᠯᠦᠨ ᠵᠦᠪᠰᠢᠶᠡᠷᠡᠬᠦᠯᠦᠭᠰᠡᠨ ᠤ ᠳᠠᠷᠠᠭ᠎ᠠ ᠳᠠᠷᠤᠮᠠᠯᠯᠠᠨ ᠲᠠᠷᠬᠠᠭᠠᠵᠦ ᠬᠡᠷᠡᠭᠵᠢᠭᠦᠯᠦᠨ᠎ᠡ᠃ ᠡᠯ᠎ᠡ ᠬᠤᠰᠢᠭᠤᠨ ᠤ ᠠᠷᠠᠳ ᠤᠨ ᠵᠠᠰᠠᠭ ᠤᠨ ᠤᠷᠳᠤᠨ᠂ ᠬᠠᠮᠢᠶᠠᠷᠦᠯᠳᠠ ᠶᠢᠨ ᠵᠦᠪᠯᠡᠯ ᠠᠴᠠ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠤᠯᠠᠭ᠎ᠠ᠂ ᠡᠳ᠋ ᠤᠨ ᠵᠠᠰᠠᠭ᠂ ᠠᠵᠦ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ᠂ ᠬᠦᠭᠵᠢᠬᠦᠯᠦᠯᠲᠡ ᠦᠭᠡᠷᠡᠴᠢᠯᠡᠯᠲᠡ᠂ ᠭᠠᠶᠢᠯᠢ ᠶᠢᠨ ᠶᠠᠪᠤᠳᠠᠯ᠂ ᠠᠵᠢᠯᠴᠢᠨ ᠤ ᠡᠪᠯᠡᠯ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠬᠢᠨᠠᠨ ᠬᠠᠷᠭᠤᠭᠤᠯᠬᠤ ᠤᠳᠤᠷᠢᠳᠬᠤ ᠲᠤᠭᠤᠶᠢᠯᠠᠩ ᠢ ᠪᠠᠶᠢᠭᠤᠯᠵᠦ᠂ ︽ᠲᠦᠷ ᠴᠠᠭ ᠤᠨ ᠴᠢᠨᠠᠷᠲᠠᠢ ᠦᠢᠯᠡᠳᠪᠦᠷᠢᠯᠡᠯ ᠡᠵᠡᠩᠨᠡᠯᠲᠡ ᠶᠢᠨ ᠬᠦᠴᠢᠷᠳᠡᠯ ᠳᠤ ᠲᠤᠯᠭᠠᠷᠠᠭᠰᠠᠨ ᠮᠦᠷᠲᠡᠭᠡᠨ ᠰᠡᠷᠬᠦᠨ ᠰᠠᠶᠢᠵᠢᠷᠠᠬᠤ ᠬᠠᠷᠠᠯᠲᠠ ᠲᠠᠢ᠂ ᠠᠵᠢᠯᠲᠠᠨ ᠢᠶᠠᠨ ᠴᠤᠮᠬᠠᠳᠬᠠᠬᠤ ᠦᠭᠡᠢ ᠪᠤᠶᠤ ᠴᠦᠬᠡᠨ ᠴᠤᠮᠬᠠᠳᠬᠠᠬᠤ ᠪᠠᠷ ᠪᠠᠶᠢᠭ᠎ᠠ ᠳᠠᠭᠠᠳᠬᠠᠯ ᠳᠤ ᠤᠷᠤᠯᠴᠠᠭᠰᠠᠨ ᠠᠵᠦ ᠠᠬᠤᠶᠢᠯᠠᠯ︾ ᠤᠨ ᠬᠦᠷᠢᠶᠡᠨ ᠳᠤ ᠲᠤᠭᠳᠠᠭᠠᠯᠲᠠ ᠬᠢᠬᠦ ᠶᠢ ᠬᠠᠷᠢᠭᠤᠴᠠᠵᠦ᠂ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠤᠷᠳᠤᠨ᠂ ᠬᠠᠮᠢᠶᠠᠷᠦᠯᠳᠠ ᠶᠢᠨ ᠵᠦᠪᠯᠡᠯ ᠳᠤ ᠮᠡᠳᠡᠬᠦᠯᠦᠨ ᠵᠦᠪᠰᠢᠶᠡᠷᠡᠬᠦᠯᠦᠭᠰᠡᠨ ᠤ ᠳᠠᠷᠠᠭ᠎ᠠ᠂ ᠠᠶᠢᠮᠠᠭ ᠤᠨ ᠤᠳᠤᠷᠢᠳᠬᠤ ᠳᠤᠭᠤᠶᠢᠯᠠᠩ ᠳᠤ ᠮᠡᠳᠡᠬᠦᠯᠦᠨ ᠬᠢᠨᠠᠭᠤᠯᠤᠨ᠎ᠠ᠃ ᠠᠶᠢᠮᠠᠭ ᠤᠨ ᠵᠠᠬᠢᠷᠭ᠎ᠠ ᠵᠦᠪᠰᠢᠶᠡᠷᠡᠭᠰᠡᠨ ᠤ ᠳᠠᠷᠠᠭ᠎ᠠ᠂ ᠠᠶᠢᠮᠠᠭ ᠤᠨ ᠡᠳ᠋ ᠤᠨ ᠵᠠᠰᠠᠭ ᠠᠴᠠ ᠴᠠᠭ ᠲᠤᠬᠠᠢ ᠳᠤᠨᠢ ᠪᠡᠯᠡ ᠮᠦᠩᠬᠦ ᠶᠢ ᠪᠠᠭᠤᠯᠭᠠᠨ᠎ᠠ᠃ ︵ᠬᠠᠷᠢᠭᠤᠴᠠᠬᠤ ᠪᠠᠶᠢᠭᠤᠯᠭ᠎ᠠ᠄ ᠠᠶᠢᠮᠠᠭ ᠤᠨ ᠬᠦᠮᠦᠨ ᠤ ᠬᠦᠴᠦᠨ ᠤ ᠡᠬᠢ  ᠪᠠᠶᠠᠯᠢᠭ ᠪᠠ ᠨᠡᠶᠢᠬᠡᠮ ᠤᠨ ᠪᠠᠲᠤᠯᠠᠭ᠎ᠠ ᠶᠢᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ᠂ ᠠᠵᠦ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠤᠪᠴᠢᠶ᠎ᠠ᠂ ᠬᠦᠭᠵᠢᠬᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠭᠠᠶᠢᠯᠢ ᠶᠢᠨ ᠶᠠᠪᠤᠳᠠᠯ ᠤᠨ ᠲᠤᠪᠴᠢᠶ᠎ᠠ᠂ ᠠᠵᠢᠯᠴᠢᠨ ᠤ ᠡᠪᠯᠡᠯ︶ ︵ᠨᠢᠬᠡᠳᠦᠭᠡᠷ ᠲᠤ ᠵᠢᠭᠰᠠᠭᠠᠭᠳᠠᠵᠤ ᠪᠠᠶᠢᠭ᠎ᠠ ᠪᠠᠶᠢᠭᠤᠯᠭ᠎ᠠ ᠨᠢ ᠳᠠᠶᠢᠴᠢᠯᠠᠨ ᠳᠠᠭᠠᠭᠤᠯᠬᠤ ᠪᠠᠶᠢᠭᠤᠯᠭ᠎ᠠ ᠪᠤᠯᠤᠨ᠎ᠠ᠂ ᠳᠤᠷᠤᠭᠰᠢ ᠠᠳᠠᠯᠢ︶          ᠬᠤᠶᠠᠷ᠂ ᠵᠠᠰᠠᠭ ᠤᠨ ᠤᠷᠳᠤᠨ ᠤ ᠴᠢᠨᠠᠷᠲᠠᠢ ᠪᠡᠯᠡ ᠨᠡᠶᠢᠯᠡᠬᠦᠯᠬᠦ ᠪᠠᠷᠢᠴᠠᠭᠠᠲᠤ ᠪᠠᠶᠢᠭᠤᠯᠤᠮᠵᠢ ᠶᠢᠨ ᠵᠢᠵᠢᠭ ᠪᠠᠭ᠎ᠠ ᠠᠵᠦ ᠠᠬᠤᠶᠢᠯᠠᠯ ᠢ ᠳᠡᠮᠵᠢᠬᠦ ᠦᠢᠯᠡᠳᠦᠯ ᠢ ᠪᠠᠳᠠᠷᠠᠭᠤᠯᠤᠨ᠎ᠠ          ᠡᠯ᠎ᠠ ᠱᠠᠲᠤᠨ ᠤ ᠵᠠᠰᠠᠭ ᠤᠨ ᠤᠷᠳᠤᠨ ᠤ ᠴᠢᠨᠠᠷᠲᠠᠢ ᠪᠡᠯᠡ ᠨᠡᠶᠢᠯᠡᠬᠦᠯᠬᠦ ᠪᠠᠷᠢᠴᠠᠭᠠᠲᠦ ᠪᠠᠶᠢᠭᠤᠯᠤᠮᠵᠢ ᠨᠢ ᠨᠦᠬᠦᠴᠡᠯ ᠳᠤ ᠨᠡᠶᠢᠴᠡᠭᠰᠡᠨ ᠵᠢᠵᠢᠭ ᠪᠠᠭ᠎ᠠ ᠠᠵᠦ ᠠᠬᠤᠶᠢᠯᠠᠯ ᠳᠤ ᠲᠤᠤᠷ᠎ᠠ ᠰᠦᠢᠳᠭᠡᠯ ᠤᠨ ᠨᠤᠷᠮ᠎ᠠ ᠲᠠᠢ ᠪᠠᠷᠢᠴᠠᠭ᠎ᠠ ᠬᠠᠩᠭᠠᠬᠤ ᠶᠢ ᠡᠩ ᠲᠠᠷᠢᠬᠦᠨ ᠳᠤ ᠳᠡᠮᠵᠢᠵᠦ᠂ ᠵᠢᠵᠢᠭ ᠪᠠᠭ᠎ᠠ ᠠᠵᠦ ᠠᠬᠤᠶᠢᠯᠠᠯ ᠤᠨ ᠵᠢᠭᠡᠯᠡᠯᠭᠡ ᠶᠢᠨ ᠤᠯᠬᠤᠶᠢᠴᠠ ᠨᠤᠷᠮ᠎ᠠ ᠶᠢ ᠲᠡᠭᠡᠭᠰᠢᠯᠡᠬᠦᠯᠦᠨ᠎ᠡ᠃ ᠮᠦᠩᠬᠦᠨ ᠬᠦᠢᠯᠭᠡᠭᠡᠨ ᠤ ᠪᠠᠶᠢᠭᠤᠯᠤᠮᠵᠢ ᠶᠢᠨ ᠵᠢᠵᠢᠭ ᠪᠠᠭ᠎ᠠ ᠠᠵᠦ ᠠᠬᠤᠶᠢᠯᠠᠯ ᠤᠨ ᠦᠢᠯᠡᠰ ᠪᠤᠰᠬᠠᠬᠤ ᠶᠢ ᠳᠡᠮᠵᠢᠬᠦ ᠮᠦᠩᠬᠦᠨ ᠬᠦᠢᠯᠭᠡᠭᠡᠨ ᠤ ᠦᠢᠯᠡᠴᠢᠯᠡᠭᠡᠨ ᠤ ᠲᠦᠪᠰᠢᠨ ᠢ ᠲᠡᠭᠡᠭᠰᠢᠯᠡᠬᠦᠯᠵᠦ᠂ ᠰᠠᠯᠠᠭ᠎ᠠ ᠮᠦᠴᠢᠷ ᠤᠨ ᠬᠤᠭᠤᠷᠤᠨᠳᠦᠬᠢ ᠬᠠᠷᠢᠯᠴᠠᠭ᠎ᠠ ᠵᠤᠬᠢᠴᠠᠭᠤᠯᠭ᠎ᠠ ᠶᠢ ᠴᠢᠩᠭᠠᠳᠬᠠᠨ᠂ ᠮᠦᠩᠬᠦᠨ ᠬᠦᠢᠯᠭᠡᠭᠡᠨ ᠤ ᠲᠦᠷᠦ ᠶᠢᠨ ᠪᠤᠳᠤᠯᠭ᠎ᠠ᠂ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠲᠦᠷᠦ ᠶᠢᠨ ᠪᠤᠳᠤᠯᠭ᠎ᠠ᠂ ᠠᠵᠦ ᠦᠢᠯᠡᠰ ᠤᠨ ᠲᠦᠷᠦ ᠶᠢᠨ ᠪᠤᠳᠤᠯᠭ᠎ᠠ ᠶᠢ ᠨᠢᠭᠡᠳᠦᠯᠳᠡᠢ ᠵᠤᠬᠢᠴᠠᠭᠤᠯᠵᠦ᠂ ᠦᠢᠯᠡᠴᠢᠯᠡᠭᠡ ᠬᠠᠮᠵᠢᠯᠴᠠᠭ᠎ᠠ ᠶᠢᠨ ᠤᠷᠲᠤ ᠬᠤᠭᠤᠴᠠᠭᠠᠨ ᠤ ᠪᠦᠲᠦᠮᠵᠢᠳᠠᠢ ᠲᠤᠭᠲᠠᠴᠠ ᠶᠢ ᠪᠠᠶᠢᠭᠤᠯᠤᠨ᠎ᠠ᠃ ︵ᠬᠠᠷᠢᠭᠤᠴᠠᠬᠤ ᠪᠠᠶᠢᠭᠤᠯᠭ᠎ᠠ᠄ ᠠᠶᠢᠮᠠᠭ ᠤᠨ ᠮᠦᠩᠬᠦᠨ ᠬᠦᠢᠯᠭᠡᠭᠡᠨ ᠤ ᠠᠵᠢᠯ ᠤᠨ ᠠᠯᠪᠠᠨ ᠭᠡᠷ᠂ ᠠᠯᠠᠱᠠ ᠶᠢᠨ ᠪᠠᠩᠬᠢ ᠳᠠᠭᠠᠳᠬᠠᠯ ᠤᠨ ᠬᠢᠨᠠᠨ ᠬᠠᠮᠢᠶᠠᠷᠦᠯᠳᠠ ᠶᠢᠨ ᠬᠤᠪᠢᠶᠠᠷᠢ ᠲᠤᠪᠴᠢᠶ᠎ᠠ᠂ ᠠᠵᠦ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ᠂ ᠭᠠᠶᠢᠯᠢ ᠶᠢᠨ ᠶᠠᠪᠤᠳᠠᠯ ᠤᠨ ᠲᠤᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠠᠯᠠᠱᠠ ᠠᠶᠢᠮᠠᠭ ᠤᠨ ᠲᠦᠪ ᠬᠤᠪᠢᠶᠠᠷᠢ ᠪᠠᠩᠬᠢ︶          ᠭᠤᠷᠪᠠ᠂ ᠦᠢᠯᠡᠰ ᠪᠤᠰᠬᠠᠬᠤ ᠪᠠᠷᠢᠴᠠᠭᠠᠲᠦ ᠵᠢᠭᠡᠯᠡᠯᠭᠡ ᠶᠢᠨ ᠳᠡᠮ ᠮᠦᠩᠬᠦ ᠵᠢᠴᠢ ᠱᠠᠩᠨᠠᠯ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠳᠡᠮᠵᠢᠬᠦ ᠬᠦᠴᠦᠯᠡᠴᠡ ᠪᠠᠨ ᠴᠢᠩᠭᠠᠳᠬᠠᠨ᠎ᠠ          ︽ᠦᠢᠯᠡᠰᠴᠢ ᠦᠪᠦᠷ ᠮᠤᠩᠭᠤᠯ︾ ᠠᠵᠢᠯᠯᠠᠭ᠎ᠠ ᠶᠢ ᠬᠦᠨᠵᠡᠬᠡᠢ ᠬᠡᠷᠡᠭᠵᠢᠬᠦᠯᠵᠦ᠂ ᠦᠢᠯᠡᠰ ᠪᠤᠰᠬᠠᠬᠤ ᠪᠠᠷᠢᠴᠠᠭᠠᠲᠤ ᠵᠢᠭᠡᠯᠡᠯᠭᠡ ᠶᠢᠨ ᠳᠡᠮᠵᠢᠬᠦ ᠬᠦᠴᠦᠯᠡᠴᠡ ᠪᠠᠨ ᠴᠢᠩᠭᠠᠳᠬᠠᠵᠦ᠂ ᠦᠢᠯᠡᠰ ᠪᠤᠰᠬᠠᠬᠤ ᠪᠠᠷᠢᠴᠠᠭᠠᠲᠤ ᠵᠢᠭᠡᠯᠡᠯᠭᠡ ᠭᠤᠶᠤᠴᠢᠯᠠᠬᠤ ᠨᠦᠬᠦᠴᠡᠯ ᠳᠤ ᠨᠡᠶᠢᠴᠡᠭᠰᠡᠨ ᠦᠪᠡᠷᠲᠡᠭᠡᠨ ᠦᠢᠯᠡᠰ ᠪᠤᠰᠠᠬᠠᠵᠦ ᠪᠠᠶᠢᠭ᠎ᠠ ᠬᠦᠮᠦᠰ ᠬᠠᠮᠤᠭ ᠦᠨᠳᠦᠷ ᠲᠡᠭᠡᠨ15 ᠲᠦᠮᠡᠨ ᠲᠦᠬᠦᠷᠢᠭ ᠤᠨ ᠦᠢᠯᠡᠰ ᠪᠤᠰᠬᠠᠬᠤ ᠪᠠᠷᠢᠴᠠᠭᠠᠲᠤ ᠵᠢᠭᠡᠯᠡᠯᠭᠡ ᠶᠢ ᠭᠤᠶᠤᠴᠢᠯᠠᠵᠦ ᠪᠤᠯᠤᠨ᠎ᠠ᠃ ᠵᠢᠵᠢᠭ ᠪᠠᠭ᠎ᠠ ᠠᠵᠦ ᠠᠬᠤᠶᠢᠯᠠᠯ ᠤᠨ ᠲᠤᠬᠠᠢ ᠶᠢᠨ ᠵᠢᠯ ᠳᠤ ᠰᠢᠨ᠎ᠡ ᠪᠠᠷ ᠡᠯᠰᠡᠨ ᠬᠡᠷᠡᠭᠯᠡᠭᠰᠡᠨ ᠪᠠᠷᠢᠴᠠᠭᠠᠲᠤ ᠵᠢᠭᠡᠯᠡᠯᠭᠡ ᠭᠤᠶᠤᠴᠢᠯᠠᠬᠤ ᠨᠦᠬᠦᠴᠡᠯ ᠳᠤ ᠨᠡᠶᠢᠴᠡᠭᠰᠡᠨ ᠠᠵᠢᠯᠲᠠᠨ ᠤ ᠲᠤᠭ᠎ᠠ ᠨᠢ ᠠᠵᠦ ᠠᠬᠤᠶᠢᠯᠠᠯ ᠤᠨ ᠤᠳᠤ ᠪᠠᠶᠢᠭ᠎ᠠ ᠠᠵᠢᠯᠲᠠᠳ ᠤᠨ ᠲᠤᠭᠠᠨ ᠤ 25% ︵100 ᠠᠴᠠ ᠳᠡᠭᠡᠭᠰᠢᠬᠢ ᠬᠦᠮᠦᠨ ᠲᠠᠢ ᠠᠵᠦ ᠠᠬᠤᠶᠢᠯᠠᠯ15% ᠳᠤ ᠬᠦᠷᠦᠨ᠎ᠡ︶ ᠪᠠᠶᠢᠬᠤ ᠶᠢᠨ ᠵᠡᠷᠭᠡ ᠠᠵᠦ ᠠᠬᠤᠶᠢᠯᠠᠯ ᠲᠠᠢ 1 ᠵᠢᠯ ᠠᠴᠠ ᠳᠡᠭᠡᠭᠰᠢᠬᠢ ᠬᠦᠳᠡᠯᠮᠦᠷᠢ ᠶᠢᠨ ᠭᠡᠷ᠎ᠡ ᠲᠤᠭᠳᠠᠭᠰᠠᠨ ᠪᠤᠯ᠂ ᠬᠠᠮᠤᠭ ᠦᠨᠳᠦᠷ ᠲᠡᠭᠡᠨ 300 ᠲᠦᠮᠡᠨ ᠲᠦᠬᠦᠷᠢᠭ ᠤᠨ ᠦᠢᠯᠡᠰ ᠪᠤᠰᠬᠠᠬᠤ ᠪᠠᠷᠢᠴᠠᠭᠠᠲᠤ ᠵᠢᠭᠡᠯᠡᠯᠭᠡ ᠶᠢ ᠭᠤᠶᠤᠴᠢᠯᠠᠵᠦ ᠪᠤᠯᠤᠨ᠎ᠠ᠃ ᠶᠡᠭᠡ ᠰᠤᠷᠭᠠᠭᠤᠯᠢ ᠠᠴᠠ ᠲᠡᠭᠦᠰᠦᠭᠡᠳ 5 ᠵᠢᠯ ᠪᠤᠯᠤᠭ᠎ᠠ ᠦᠭᠡᠢ᠂ ᠦᠢᠯᠡᠰ ᠪᠦᠲᠦᠭᠡᠵᠦ ᠪᠠᠶᠢᠭ᠎ᠠ ᠡᠩ ᠤᠨ ᠲᠡᠭᠡᠳᠦ ᠵᠡᠷᠭᠡ ᠶᠢᠨ ᠰᠤᠷᠭᠠᠭᠠᠤᠯᠢ ᠠᠴᠠ ᠲᠡᠭᠦᠰᠦᠭᠰᠡᠨ ᠰᠤᠷᠤᠭᠴᠢ᠂ ᠳᠠᠩᠰᠠᠨ ᠳᠤ ᠳᠡᠮᠳᠡᠭᠯᠡᠭᠰᠡᠨ ᠡᠳᠦᠷ ᠠᠴᠠ ᠡᠬᠢᠯᠡᠨ 2 ᠵᠢᠯ ᠠᠴᠠ ᠳᠡᠭᠡᠭᠰᠢ ᠲᠤᠭᠳᠠᠭᠤᠨ ᠡᠵᠡᠩᠨᠡᠭᠰᠡᠨ᠂ ᠦᠢᠯᠡᠰ ᠪᠤᠰᠬᠠᠬᠤ ᠪᠠᠷᠢᠴᠠᠭᠠᠲᠤ ᠵᠢᠭᠡᠯᠡᠯᠭᠡ ᠭᠤᠶᠤᠴᠢᠯᠠᠬᠤ ᠦᠶ᠎ᠠ ᠳᠤ 5 ᠠᠴᠠ ᠳᠡᠭᠡᠭᠰᠢᠬᠢ ᠬᠦᠮᠦᠨ ᠤ ᠠᠵᠢᠯ ᠤᠯᠭᠤᠯᠲᠠ ᠶᠢ ᠬᠠᠩᠭᠠᠵᠦ ᠴᠢᠳᠠᠬᠤ ᠮᠦᠷᠲᠡᠭᠡᠨ ᠨᠡᠶᠢᠬᠡᠮ ᠤᠨ ᠪᠠᠲᠤᠯᠠᠭ᠎ᠠ ᠶᠢᠨ ᠳᠠᠭᠠᠳᠬᠠᠯ ᠢ ᠪᠦᠬᠦᠯᠢ1 ᠵᠢᠯ ᠬᠦᠢᠴᠡᠳ ᠲᠤᠰᠢᠶᠠᠭᠰᠠᠨ ᠪᠤᠯ᠂ ᠬᠠᠮᠤᠭ ᠦᠨᠳᠦᠷ ᠲᠡᠭᠡᠨ 50 ᠲᠦᠮᠡᠨ ᠲᠦᠬᠦᠷᠢᠭ ᠤᠨ ᠳᠡᠮ ᠬᠦᠦ ᠲᠠᠢ ᠦᠢᠯᠡᠰ ᠪᠤᠰᠬᠠᠬᠤ ᠪᠠᠷᠢᠴᠠᠭᠠᠲᠤ ᠵᠢᠭᠡᠯᠡᠯᠭᠡ ᠶᠢ ᠭᠤᠶᠤᠴᠢᠠᠯᠵᠦ ᠪᠤᠯᠤᠨ᠎ᠠ᠂ ᠵᠢᠭᠡᠯᠡᠯᠭᠡ ᠶᠢᠨ ᠬᠤᠭᠤᠴᠠᠭ᠎ᠠ  ᠨᠢ ᠬᠠᠮᠤᠭ ᠤᠷᠳᠤ ᠳᠠᠭᠠᠨ 3 ᠵᠢᠯ᠂ ᠱᠠᠭᠠᠷᠳᠠᠬᠤ ᠳᠡᠮ ᠬᠦᠦ ᠶᠢ ᠠᠶᠢᠮᠠᠭ᠂ ᠬᠤᠰᠢᠭᠤᠨ ᠤ ᠦᠢᠯᠡᠰ ᠪᠤᠰᠬᠠᠬᠤ ᠬᠦᠭᠵᠢᠬᠦᠯᠦᠯᠲᠡ ᠶᠢᠨ ᠪᠡᠯᠡ ᠮᠦᠩᠬᠦ ᠠᠴᠠ 1᠄ 1 ᠶᠢᠨ ᠬᠠᠷᠢᠴᠠᠯ ᠢᠶᠠᠷ ᠭᠠᠷᠭᠠᠨ᠎ᠠ᠃ ᠡᠯ᠎ᠠ ᠬᠤᠰᠢᠭᠤ ᠪᠤᠳᠠᠳᠠᠢ ᠪᠠᠶᠢᠳᠠᠯ ᠢᠶᠠᠨ ᠦᠨᠳᠦᠰᠦᠯᠡᠨ ᠦᠢᠯᠡᠰ ᠪᠤᠰᠬᠠᠬᠤ ᠪᠠᠷᠢᠴᠠᠭᠠᠲᠤ ᠵᠢᠭᠡᠯᠡᠯᠭᠡ ᠭᠤᠶᠤᠴᠢᠯᠠᠬᠤ ᠨᠦᠬᠦᠴᠡᠯ ᠢ ᠵᠤᠬᠢᠰᠲᠠᠢ ᠰᠤᠯᠠᠷᠠᠭᠤᠯᠵᠦ ᠪᠤᠯᠤᠨ᠎ᠠ᠂ ᠪᠤᠢ ᠪᠤᠯᠤᠭᠰᠠᠨ ᠬᠦᠦ ᠶᠢ ᠲᠤᠬᠠᠢ ᠶᠢᠨ ᠭᠠᠵᠠᠷ ᠤᠨ ᠡᠳ᠋ ᠤᠨ ᠵᠠᠰᠠᠭ ᠠᠴᠠ ᠡᠬᠦᠷᠭᠡᠯᠡᠨ᠎ᠡ᠃ ᠱᠠᠩᠨᠠᠯ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠲᠦᠯᠬᠢᠨ ᠠᠬᠢᠭᠤᠯᠵᠦ᠂ ᠡᠯ᠎ᠠ ᠬᠤᠰᠢᠭᠤ ᠤᠷᠤᠨ ᠤ ᠲᠤᠬᠠᠢ ᠶᠢᠨ ᠵᠢᠯ ᠤᠨ ᠰᠢᠨ᠎ᠡ ᠪᠠᠷ ᠲᠠᠯᠪᠢᠭᠰᠠᠨ ᠦᠢᠯᠡᠰ ᠪᠤᠰᠬᠠᠬᠤ ᠪᠠᠷᠢᠴᠠᠭᠠᠲᠦ ᠵᠢᠭᠡᠯᠡᠯᠭᠡ ᠶᠢᠨ ᠶᠡᠷᠦᠩᠬᠡᠢ ᠲᠤᠭᠠᠨ ᠤ 1% ᠶᠢ ᠦᠢᠯᠡᠰ ᠪᠤᠰᠬᠠᠬᠤ ᠪᠠᠷᠢᠴᠠᠭᠠᠲᠤ ᠵᠢᠭᠡᠯᠡᠯᠭᠡ ᠶᠢᠨ ᠰᠠᠭᠤᠷᠢ ᠮᠦᠩᠬᠦ ᠶᠢ ᠡᠵᠡᠩᠨᠡᠨ ᠬᠠᠮᠢᠶᠠᠷᠴᠦ ᠪᠠᠶᠢᠭ᠎ᠠ ᠵᠡᠷᠭᠡ ᠪᠠᠶᠢᠭᠤᠯᠭ᠎ᠠ ᠶᠢ ᠱᠠᠩᠨᠠᠨ ᠬᠦᠬᠢᠬᠦᠯᠵᠦ᠂ ᠲᠡᠳᠡᠨ ᠢ ᠵᠢᠯᠤᠭᠤᠳᠤᠨ ᠦᠢᠯᠡᠰ ᠪᠤᠰᠬᠠᠨ ᠠᠵᠢᠯ ᠤᠯᠭᠤᠬᠤ ᠳᠤ ᠦᠢᠯᠡᠴᠢᠯᠡᠬᠦ ᠢᠲᠡᠪᠬᠢ ᠴᠢᠨᠠᠷ ᠢ ᠨᠢ ᠤᠯᠠᠮ ᠨᠢᠬᠡ ᠠᠯᠬᠤᠮ ᠲᠡᠭᠡᠭᠰᠢᠯᠡᠬᠦᠯᠦᠨ᠎ᠡ᠃ ᠡᠳ᠋ ᠤᠨ ᠵᠠᠰᠠᠭ ᠤᠨ ᠰᠠᠯᠠᠭ᠎ᠠ ᠮᠦᠴᠢᠷ ᠪᠠᠷᠢᠴᠠᠭᠠᠨ ᠤ ᠰᠠᠭᠤᠷᠢ ᠮᠦᠩᠬᠦ ᠵᠢᠨ‌ᠦᠷᠬᠦᠯᠵᠢᠯᠡᠨ ᠨᠦᠬᠦᠪᠦᠷᠢᠯᠡᠬᠦ ᠲᠤᠭᠳᠠᠴᠠ ᠶᠢ ᠪᠠᠶᠢᠭᠤᠯᠤᠨ ᠪᠦᠷᠢᠨᠰᠢᠬᠦᠯᠵᠦ᠂ ᠪᠠᠷᠢᠴᠠᠭᠠᠨ ᠤ ᠰᠠᠭᠤᠷᠢ ᠮᠦᠩᠬᠦ ᠶᠢᠨ ᠬᠦᠷᠢᠶ᠎ᠡ ᠬᠡᠪᠴᠢᠶ᠎ᠠ ᠶᠢ ᠴᠠᠭ ᠲᠤᠬᠠᠢ ᠳᠤᠨᠢ ᠦᠷᠭᠡᠳᠭᠡᠨ᠎ᠡ᠃ ᠮᠦᠩᠬᠦᠨ ᠬᠦᠢᠯᠭᠡᠭᠡᠨ ᠤ ᠪᠠᠶᠢᠭᠤᠯᠤᠮᠵᠢ ᠨᠢ ᠦᠢᠯᠡᠰ ᠪᠤᠰᠬᠠᠬᠤ ᠪᠠᠷᠢᠴᠠᠭᠠᠲᠦ ᠵᠢᠭᠡᠯᠡᠯᠭᠡ ᠶᠢᠨ ᠬᠠᠮᠢᠶᠠᠷᠦᠯᠳᠠ ᠶᠢ ᠰᠠᠶᠢᠳᠤᠷ ᠬᠢᠵᠦ᠂ ᠵᠢᠬᠡᠯᠡᠯᠭᠡ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠪᠠ ᠠᠰᠢᠭᠯᠠᠮᠵᠢ ᠶᠢ ᠲᠡᠭᠡᠭᠰᠢᠯᠡᠬᠦᠯᠦᠨ᠎ᠡ᠃ ᠵᠢᠵᠢᠭ ᠪᠠᠭ᠎ᠠ ᠠᠵᠦ ᠠᠬᠤᠶᠢᠯᠠᠯ  ᠪᠤᠶᠤ ᠬᠤᠪᠢ ᠶᠢᠨ ᠡᠵᠡᠩᠨᠡᠯᠲᠠ ᠶᠢ ᠠᠩᠬ᠎ᠠ ᠡᠷᠬᠢᠯᠡᠵᠦ ᠪᠠᠶᠢᠭ᠎ᠠ ᠮᠦᠷᠲᠡᠭᠡᠨ ᠲᠠᠩᠰᠠᠯᠠᠨ ᠲᠡᠮᠳᠡᠭᠯᠡᠭᠰᠡᠨ ᠡᠳᠦᠷ ᠠᠴᠠ ᠡᠬᠢᠯᠡᠨ 1 ᠵᠢᠯ ᠠᠴᠠ ᠲᠡᠭᠡᠭᠰᠢ ᠲᠤᠭᠳᠠᠭᠤᠨ ᠡᠵᠡᠩᠨᠡᠭᠰᠡᠨ  ᠠᠵᠦ ᠠᠬᠤᠶᠢᠯᠠᠯ ᠪᠤᠶᠤ ᠬᠤᠪᠢ ᠶᠢᠨ ᠡᠵᠡᠩᠨᠡᠯᠲᠡ ᠶᠢᠨ ᠡᠷᠦᠬᠡ᠂ ᠲᠡᠭᠦᠰᠦᠭᠡᠳ ᠬᠤᠶᠠᠷ ᠵᠢᠯ ᠪᠤᠯᠤᠭ᠎ᠠ ᠦᠭᠡᠢ ᠶᠡᠭᠡ ᠲᠡᠭᠡᠳᠦ ᠰᠤᠷᠭᠠᠭᠤᠯᠢ ᠶᠢᠨ ᠤᠶᠤᠳᠠᠨ᠂ ᠠᠵᠢᠯ ᠤᠯᠬᠤ ᠳᠤ ᠬᠦᠴᠢᠷᠳᠡᠯᠳᠡᠢ ᠬᠦᠮᠦᠰ ᠲᠤ  5000 ᠲᠦᠭᠦᠷᠢᠭ ᠤᠨ ᠦᠢᠯᠡᠰ ᠪᠤᠰᠬᠠᠬᠤ ᠨᠦᠬᠦᠪᠦᠷᠢ ᠮᠦᠩᠬᠦ ᠶᠢ ᠨᠢᠬᠡ ᠤᠳᠠᠭ᠎ᠠ ᠳᠤ ᠤᠯᠭᠤᠨ᠎ᠠ᠃  ︵ᠬᠠᠷᠢᠭᠤᠴᠠᠬᠤ ᠪᠠᠶᠢᠭᠤᠯᠭ᠎ᠠ᠄ ᠠᠶᠢᠮᠠᠭ ᠤᠨ ᠡᠳ᠋ ᠤᠨ ᠵᠠᠰᠠᠭ ᠤᠨ ᠲᠤᠪᠴᠢᠶ᠎ᠠ᠂  ᠠᠶᠢᠮᠠᠭ ᠤᠨ ᠬᠦᠮᠦᠨ ᠤ ᠬᠦᠴᠦᠨ ᠤ ᠡᠬᠢ  ᠪᠠᠶᠠᠯᠢᠭ ᠪᠠ ᠨᠡᠶᠢᠬᠡᠮ ᠤᠨ ᠪᠠᠲᠤᠯᠠᠭ᠎ᠠ ᠶᠢᠨ ᠲᠤᠪᠴᠢᠶ᠎ᠠ  ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠠᠯᠠᠱᠠ ᠠᠶᠢᠮᠠᠭ ᠤᠨ ᠲᠦᠪ ᠬᠤᠪᠢᠶᠠᠷᠢ ᠪᠠᠩᠬᠢ᠂ ᠠᠯᠠᠱᠠ ᠶᠢᠨ ᠪᠠᠩᠬᠢ ᠳᠠᠭᠠᠳᠬᠠᠯ ᠤᠨ ᠬᠢᠨᠠᠨ ᠬᠠᠮᠢᠶᠠᠷᠦᠯᠳᠠ ᠶᠢᠨ ᠬᠤᠪᠢᠶᠠᠷᠢ ᠲᠤᠪᠴᠢᠶ᠎ᠠ︶           ᠳᠦᠷᠪᠡ᠂ ᠦᠢᠯᠡᠰ ᠪᠤᠰᠬᠠᠬᠤ ᠠᠴᠢᠶᠠᠯᠠᠭᠴᠢ ᠶᠢᠨ ᠪᠦᠲᠦᠭᠡᠨ ᠪᠠᠶᠢᠭᠤᠯᠤᠯᠳᠠ ᠶᠢ ᠳᠡᠮᠵᠢᠬᠦ ᠬᠦᠴᠦᠯᠡᠴᠡ ᠪᠠᠨ ᠴᠢᠩᠭᠠᠳᠬᠠᠨ᠎ᠠ           ᠦᠢᠯᠡᠰ ᠪᠤᠰᠬᠠᠬᠤ ᠪᠤᠶᠢᠵᠢᠭᠤᠯᠤᠯᠳᠠ ᠶᠢᠨ ᠠᠴᠢᠶᠠᠯᠠᠭᠴᠢ ᠶᠢᠨ ᠪᠦᠲᠦᠭᠡᠨ ᠪᠠᠶᠢᠭᠤᠯᠤᠯᠳᠠ ᠶᠢᠨ ᠬᠦᠴᠦᠯᠡᠴᠡ ᠪᠠᠨ ᠴᠢᠩᠭᠠᠳᠬᠠᠵᠤ᠂ ᠠᠵᠦ ᠠᠬᠤᠶᠢᠯᠠᠯ ᠪᠠ ᠨᠡᠶᠢᠬᠡᠮ ᠤᠨ ᠵᠤᠬᠢᠶᠠᠨ ᠪᠠᠶᠢᠭᠤᠯᠤᠯᠳᠠ᠂ ᠦᠢᠯᠡᠰ ᠪᠤᠰᠬᠠᠬᠤ ᠬᠦᠷᠢᠶᠡᠯᠡᠩ ᠪᠠ ᠦᠢᠯᠡᠰ ᠪᠤᠰᠬᠠᠬᠤ ᠪᠤᠶᠢᠵᠢᠭᠤᠯᠤᠯᠳᠠ ᠶᠢᠨ ᠰᠠᠭᠤᠷᠢᠨ᠂ ᠤᠯᠠᠨ ᠲᠦᠮᠡᠨ ᠢᠶᠠᠷ ᠢᠶᠠᠨ ᠡᠭᠦᠳᠬᠦ᠂ ᠤᠯᠠᠨ ᠲᠦᠮᠡᠨ ᠢᠶᠠᠷ ᠢᠶᠠᠨ ᠳᠠᠭᠠᠭᠠᠴᠢᠯᠠᠬᠤ᠂ ᠤᠯᠠᠨ ᠲᠦᠮᠡᠨ ᠢᠶᠠᠷ ᠢᠶᠠᠨ ᠲᠡᠳᠬᠦᠬᠦ᠂ ᠤᠯᠠᠨ ᠲᠦᠮᠡᠨ ᠢᠶᠠᠷ ᠢᠶᠠᠨ ᠪᠡᠯᠡ ᠴᠤᠭᠯᠠᠭᠤᠯᠬᠤ ᠤᠶᠢᠯᠡᠰ ᠪᠤᠰᠬᠠᠬᠤ ᠲᠤᠯᠭᠠᠭᠤᠷᠢᠯᠠᠬᠤ ᠲᠡᠪᠴᠠᠩ ᠪᠠᠷ ᠳᠠᠮᠵᠢᠭᠤᠯᠤᠨ ᠬᠦᠳᠡᠯᠮᠦᠷᠢᠯᠡᠭᠴᠢᠳ ᠲᠤ ᠦᠢᠯᠡᠰ ᠪᠤᠰᠬᠠᠬᠤ ᠵᠢᠯᠤᠭᠤᠳᠤᠯᠭ᠎ᠠ᠂ ᠲᠦᠷᠦᠯ ᠵᠦᠢᠯ ᠤᠨ ᠨᠡᠬᠡᠬᠡᠨ ᠬᠦᠭᠵᠢᠬᠦᠯᠦᠯᠳᠡ᠂ ᠳᠠᠩᠰᠠᠯᠠᠨ ᠪᠦᠷᠢᠳᠭᠡᠬᠦ᠂ ᠪᠡᠯᠡ ᠤᠷᠤᠭᠤᠯᠤᠨ ᠪᠡᠯᠡ ᠨᠡᠶᠢᠯᠡᠬᠦᠯᠬᠦ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠴᠠᠭᠠᠵᠠ ᠶᠢᠨ ᠠᠰᠠᠭᠤᠨ ᠯᠠᠪᠯᠠᠯᠭ᠎ᠠ᠂ ᠦᠢᠯᠡᠰ ᠪᠤᠰᠬᠠᠬᠤ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ ᠬᠠᠪᠰᠤᠷᠤᠨ ᠨᠠᠶᠢᠳᠠᠪᠤᠷᠢᠵᠢᠭᠤᠯᠬᠤ ᠵᠡᠷᠭᠡ ᠦᠢᠯᠡᠴᠢᠯᠡᠭᠡ ᠶᠢ ᠬᠠᠩᠭᠠᠪᠠᠯ᠂ ᠦᠢᠯᠡᠰ ᠪᠤᠰᠬᠠᠬᠤ ᠦᠢᠯᠡᠴᠢᠯᠡᠭᠡ ᠬᠠᠩᠭᠠᠭᠰᠠᠨ ᠲᠤᠭ᠎ᠠ ᠬᠡᠮᠵᠢᠶ᠎ᠠ ᠪᠠ ᠦᠢᠯᠡᠰ ᠪᠤᠰᠬᠠᠬᠤ ᠦᠢᠯᠡᠴᠢᠯᠡᠭᠡᠨ ᠤ ᠦᠷ᠎ᠠ ᠠᠰᠢᠭ ᠵᠡᠷᠭᠡ ᠶᠢ ᠦᠨᠳᠦᠰᠦᠯᠡᠨ᠂ ᠦᠢᠯᠡᠳᠪᠦᠷᠢ ᠬᠤᠳᠠᠯᠳᠤᠭᠠᠨ ᠤ ᠳᠠᠩᠰᠠᠯᠠᠯ ᠲᠠᠢ ᠮᠦᠷᠲᠡᠭᠡᠨ ᠲᠤᠭᠳᠠᠭᠤᠨ ᠡᠵᠡᠩᠨᠡᠵᠦ ᠪᠠᠶᠢᠭ᠎ᠠ ᠪᠤᠳᠠᠳᠤ ᠡᠵᠡᠩᠨᠡᠯᠲᠡ ᠶᠢᠨ ᠡᠷᠦᠬᠡ ᠳᠤ ᠬᠠᠮᠤᠭ ᠦᠨᠳᠦᠷ ᠲᠡᠭᠡᠨ 2000 ᠲᠦᠬᠦᠷᠢᠭ ᠤᠨ ᠪᠠᠷᠢᠮᠵᠢᠶ᠎ᠠ ᠪᠠᠷ ᠦᠢᠯᠡᠴᠢᠯᠡᠭᠡᠨ ᠤ ᠪᠠᠶᠢᠭᠤᠯᠤᠮᠵᠢ ᠶᠢᠨ ᠦᠢᠯᠡᠰ ᠪᠦᠲᠦᠭᠡᠬᠦ ᠦᠢᠯᠡᠴᠢᠯᠡᠭᠡᠨ ᠤ ᠨᠦᠬᠦᠪᠦᠷᠢ ᠤᠯᠭᠤᠨ᠎ᠠ᠃ ᠤᠶᠢᠯᠡᠰ ᠪᠤᠰᠬᠠᠬᠤ ᠪᠤᠯᠪᠠᠰᠤᠷᠠᠯ ᠤᠨ ᠵᠢᠱᠢᠶ᠎ᠡ ᠦᠵᠡᠬᠦᠯᠬᠦ ᠰᠠᠭᠤᠷᠢᠨ ᠭᠠᠵᠠᠷ ᠢ ᠴᠤᠭᠴᠠᠯᠠᠨ ᠪᠠᠶᠢᠭᠤᠯᠵᠦ᠂ ᠦᠢᠯᠡᠰ ᠪᠤᠰᠬᠠᠬᠤ ᠪᠤᠯᠪᠠᠰᠤᠷᠠᠯ ᠢ ᠦᠷᠨᠢᠬᠦᠯᠦᠭᠰᠡᠨ ᠦᠷ᠎ᠠ ᠪᠦᠲᠦᠮᠵᠢ ᠳᠤᠪᠤᠶᠢᠮ᠎ᠠ᠂ ᠤᠯᠤᠰ ᠤᠨ ᠳᠡᠰ ᠤᠨ ᠵᠢᠱᠢᠶ᠎ᠠ ᠦᠵᠡᠬᠦᠯᠬᠦ ᠴᠢᠨᠠᠷᠲᠠᠢ ᠦᠢᠯᠡᠰ ᠪᠤᠰᠬᠠᠬᠤ ᠪᠤᠶᠢᠵᠢᠭᠤᠯᠤᠯᠳᠠ ᠶᠢᠨ ᠰᠠᠭᠤᠷᠢᠨ᠂ ᠦᠪᠡᠷᠲᠡᠭᠡᠨ ᠵᠠᠰᠠᠬᠤ ᠤᠷᠤᠨ ᠤ ᠲᠡᠰ ᠤᠨ ᠵᠢᠱᠢᠶ᠎ᠡ ᠦᠵᠡᠬᠦᠯᠬᠦ ᠴᠢᠨᠠᠷᠲᠠᠢ ᠦᠢᠯᠡᠰ ᠪᠤᠰᠬᠠᠬᠤ ᠬᠦᠷᠢᠶᠡᠯᠡᠩ ᠪᠠ ᠬᠦᠮᠦᠵᠢᠬᠦᠯᠦᠯᠲᠡ ᠶᠢᠨ ᠰᠠᠭᠤᠷᠢᠨ ᠢᠶᠠᠷ ᠦᠨᠡᠯᠡᠭᠳᠡᠭᠰᠡᠨ ᠪᠤᠯ᠂ ᠲᠤᠭᠳᠠᠭᠠᠯ ᠶᠤᠰᠤᠭᠠᠷ ᠦᠢᠯᠡᠰ ᠪᠤᠰᠠᠬᠠᠵᠦ ᠠᠵᠢᠯ ᠤᠯᠭᠤᠬᠤ ︽ᠱᠠᠩᠨᠠᠯ ᠢᠶᠠᠷ ᠨᠦᠬᠦᠪᠦᠷᠢ ᠶᠢ ᠤᠷᠤᠯᠠᠭᠤᠯᠬᠤ︾ ᠰᠠᠭᠤᠷᠢ ᠮᠦᠩᠬᠦᠨ ᠳᠤ ᠤᠷᠤᠭᠤᠯᠵᠦ᠂ ᠳᠡᠮᠵᠢᠯᠭᠡ ᠦᠵᠡᠬᠦᠯᠦᠨ᠎ᠡ᠃ ᠦᠢᠯᠡᠰ ᠪᠤᠰᠬᠠᠬᠤ ᠲᠦᠷᠦᠯ ᠵᠦᠢᠯ ᠤᠨ ᠬᠦᠮᠦᠷᠭᠡ ᠶᠢ ᠪᠦᠲᠦᠭᠡᠨ ᠪᠠᠶᠢᠭᠤᠯᠬᠤ ᠪᠠᠶᠢᠭᠤᠯᠭ᠎ᠠ ᠠᠴᠠ ᠵᠤᠬᠢᠶᠠᠨ ᠪᠠᠶᠢᠭᠤᠯᠤᠭᠰᠠᠨ ᠦᠢᠯᠡᠰ ᠪᠤᠰᠬᠠᠬᠤ ᠲᠦᠷᠦᠯ ᠵᠦᠢᠯ ᠢ ᠴᠤᠭᠯᠠᠭᠤᠯᠤᠨ ᠡᠯᠰᠡᠬᠦ᠂ ᠦᠨᠡᠯᠡᠨ ᠬᠢᠨᠠᠬᠤ᠂ ᠬᠦᠮᠦᠷᠭᠡ ᠳᠤ ᠤᠷᠤᠭᠤᠯᠬᠤ᠂ ᠦᠵᠡᠬᠦᠯᠭᠡ ᠬᠢᠬᠦ᠂ ᠲᠡᠯᠭᠡᠷᠡᠬᠦᠯᠬᠦ ᠵᠡᠷᠭᠡ ᠪᠤᠢ ᠪᠤᠯᠤᠭᠰᠠᠨ ᠰᠦᠢᠳᠭᠡᠯ ᠢ ᠦᠢᠯᠡᠰ ᠪᠤᠰᠬᠠᠬᠤ ᠲᠦᠷᠦᠯ ᠵᠦᠢᠯ ᠢ ᠡᠯᠰᠡᠨ ᠴᠤᠭᠯᠠᠭᠤᠯᠤᠭᠰᠠᠨ ᠲᠤᠭ᠎ᠠ ᠬᠡᠮᠵᠢᠶ᠎ᠠ ᠪᠠ ᠳᠡᠯᠭᠡᠷᠡᠬᠦᠯᠦᠨ ᠬᠡᠷᠡᠭᠯᠡᠭᠰᠡᠨ ᠦᠷ᠎ᠠ ᠪᠦᠲᠦᠮᠵᠢ ᠶᠢ ᠦᠨᠳᠦᠰᠦᠯᠡᠨ ᠨᠢᠬᠡ ᠤᠳᠠᠭ᠎ᠠ ᠳᠤ ᠨᠦᠬᠦᠪᠦᠷᠢ ᠤᠯᠭᠤᠨ᠎ᠠ᠃ ᠨᠦᠬᠦᠪᠦᠷᠢ ᠶᠢᠨ ᠪᠠᠷᠢᠮᠵᠢᠶ᠎ᠠ ᠭᠡᠪᠡᠯ᠂ ᠲᠡᠭᠡᠷ᠎ᠡ ᠵᠢᠯ ᠤᠨ ᠬᠦᠮᠦᠷᠭᠡᠯᠡᠭᠰᠡᠨ ᠲᠦᠷᠦᠯ ᠵᠦᠢᠯ ᠢ ᠳᠡᠯᠭᠡᠷᠡᠬᠦᠯᠦᠨ ᠲᠠᠨᠢᠯᠴᠠᠭᠤᠯᠤᠭᠰᠠᠨ ᠪᠦᠲᠦᠮᠵᠢ ᠶᠢᠨ ᠨᠤᠷᠮ᠎ᠠ ᠨᠢ 10% ᠠᠴᠠ ᠲᠤᠤᠷ᠎ᠠ ᠦᠭᠡᠢ ᠪᠤᠯ᠂ ᠡᠯᠰᠡᠨ ᠴᠤᠭᠯᠠᠭᠤᠯᠵᠤ ᠬᠦᠮᠦᠷᠭᠡ ᠳᠤ ᠤᠷᠤᠭᠤᠯᠤᠭᠰᠠᠨ ᠲᠦᠷᠦᠯ ᠵᠦᠢᠯ ᠨᠢᠬᠡᠪᠦᠷᠢ ᠳᠤ ᠬᠠᠮᠤᠭ ᠦᠨᠳᠦᠷ ᠲᠡᠭᠡᠨ1000 ᠲᠦᠬᠦᠷᠢᠭ ᠤᠨ ᠬᠦᠮᠦᠷᠭᠡ ᠳᠤ ᠤᠷᠤᠭᠰᠠᠨ ᠨᠦᠬᠦᠪᠦᠷᠢ ᠮᠦᠩᠬᠦ ᠶᠢ ᠤᠯᠭᠤᠨ᠎ᠠ᠃ ᠡᠬᠦᠨ ᠤ ᠳᠤᠳᠤᠷ᠎ᠠ ᠲᠠᠨᠢᠯᠴᠠᠭᠤᠯᠤᠨ ᠲᠡᠯᠭᠡᠷᠡᠬᠦᠯᠦᠭᠡᠳ ᠪᠦᠲᠦᠭᠰᠡᠨ ᠮᠦᠷᠲᠡᠭᠡᠨ ᠦᠢᠯᠡᠰ ᠪᠤᠰᠬᠠᠭᠴᠢᠳ ᠬᠠᠭᠤᠯᠪᠤᠷᠢᠯᠠᠨ ᠬᠡᠷᠡᠭᠯᠡᠭᠰᠡᠨ ᠤ ᠵᠡᠷᠭᠡ ᠬᠠᠭᠠᠰ ᠵᠢᠯ ᠠᠴᠠ ᠳᠡᠭᠡᠭᠰᠢ ᠲᠤᠭᠳᠠᠭᠤᠨ ᠡᠵᠡᠩᠨᠡᠭᠰᠡᠨ ᠦᠢᠯᠡᠰ ᠪᠤᠰᠬᠠᠬᠤ ᠲᠦᠷᠦᠯ ᠵᠦᠢᠯ ᠳᠤ ᠲᠠᠬᠢᠨ ᠲᠦᠷᠦᠯ ᠵᠦᠢᠯ ᠨᠢᠬᠡᠪᠦᠷᠢ ᠳᠤ ᠬᠠᠮᠤᠭ ᠦᠨᠳᠦᠷ ᠲᠡᠭᠡᠨ2000 ᠲᠦᠬᠦᠷᠢᠭ ᠤᠨ ᠲᠡᠨᠢᠯᠴᠠᠭᠤᠯᠤᠨ ᠳᠡᠯᠭᠡᠷᠡᠬᠦᠯᠦᠭᠰᠡᠨ ᠨᠦᠬᠦᠪᠦᠷᠢ ᠶᠢ ᠤᠯᠭᠤᠨ᠎ᠠ᠃ ᠲᠡᠭᠡᠷᠡᠬᠢ ᠬᠡᠷᠡᠭᠰᠡᠬᠦ ᠰᠦᠢᠳᠬᠡᠯ ᠢ ᠠᠵᠢᠯ ᠤᠯᠭᠤᠯᠳᠠ ᠶᠢᠨ ᠨᠦᠬᠦᠪᠦᠷᠢ ᠮᠦᠩᠬᠦᠨ ᠠᠴᠠ ᠭᠠᠷᠭᠠᠨ᠎ᠠ᠃ ᠲᠤᠭᠳᠠᠭᠤᠨ ᠠᠵᠢᠯ ᠤᠯᠭᠤᠯᠲᠠ ᠶᠢᠨ ᠳᠠᠷᠤᠯᠲᠠ ᠶᠡᠭᠡ ᠬᠤᠰᠢᠭᠤ ᠤᠷᠤᠨ ᠤ ᠦᠪᠡᠷᠲᠡᠭᠡᠨ ᠦᠢᠯᠡᠰ ᠪᠤᠰᠠᠬᠠᠵᠦ ᠪᠠᠶᠢᠭ᠎ᠠ ᠠᠵᠢᠯ ᠠᠯᠳᠠᠭᠰᠠᠳ ᠲᠤ ᠦᠨ᠎ᠡ ᠲᠦᠯᠦᠪᠦᠷᠢ ᠦᠭᠡᠢ ᠪᠠᠷ ᠡᠵᠡᠩᠨᠡᠯᠲᠠ ᠶᠢᠨ ᠳᠠᠯᠠᠪᠤᠷ᠂ ᠦᠢᠯᠡᠰ ᠪᠤᠰᠬᠠᠬᠤ ᠲᠦᠷᠦ ᠶᠢᠨ ᠪᠤᠳᠤᠯᠭ᠎ᠠ ᠶᠢᠨ ᠯᠠᠪᠯᠠᠯᠭ᠎ᠠ᠂ ᠦᠢᠯᠡᠰ ᠪᠤᠰᠬᠠᠬᠤ ᠪᠤᠯᠪᠠᠰᠤᠷᠠᠯ ᠵᠡᠷᠭᠡ ᠶᠢ ᠬᠠᠩᠭᠠᠬᠠᠤ ᠶᠢ ᠳᠡᠮᠵᠢᠨ᠎ᠡ᠃ ︵ᠬᠠᠷᠢᠭᠤᠴᠠᠬᠤ ᠪᠠᠶᠢᠭᠤᠯᠭ᠎ᠠ᠄ ᠠᠶᠢᠮᠠᠭ ᠤᠨ ᠬᠦᠮᠦᠨ ᠤ ᠬᠦᠴᠦᠨ ᠤ ᠡᠬᠢ  ᠪᠠᠶᠠᠯᠢᠭ ᠪᠠ ᠨᠡᠶᠢᠬᠡᠮ ᠤᠨ ᠪᠠᠲᠤᠯᠠᠭ᠎ᠠ ᠶᠢᠨ ᠲᠤᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ᠂ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠳᠠ ᠶᠢᠨ ᠲᠤᠪᠴᠢᠶ᠎ᠠ᠂ ᠵᠠᠬ᠎ᠠ ᠳᠡᠯᠭᠡᠬᠦᠷ ᠤᠨ ᠬᠢᠨᠠᠨ ᠬᠠᠮᠢᠶᠠᠷᠦᠯᠳᠠ ᠶᠢᠨ ᠲᠤᠪᠴᠢᠶ᠎ᠠ᠂ ᠡᠯ᠎ᠠ ᠬᠤᠰᠢᠭᠤ ᠤᠷᠤᠨ ᠤ ᠠᠷᠠᠳ ᠤᠨ ᠵᠠᠰᠠᠭ ᠤᠨ ᠤᠷᠳᠤᠨ᠂ ᠬᠠᠮᠢᠶᠠᠷᠦᠯᠳᠠ ᠶᠢᠨ ᠵᠦᠪᠯᠡᠯ  ︶           ᠲᠠᠪᠤ᠂ ᠵᠠᠯᠠᠭᠤᠴᠤᠳ ᠤᠨ ᠠᠵᠢᠯ ᠤᠯᠬᠤ ᠳᠠᠳᠤᠯᠭ᠎ᠠ ᠳᠤ ᠤᠷᠤᠯᠴᠠᠬᠤ ᠶᠢ ᠢᠲᠡᠪᠬᠢᠳᠠᠢ ᠵᠤᠷᠢᠭᠵᠢᠭᠤᠯᠤᠨ᠎ᠠ           2019 ᠤᠨ ᠤ 1 ᠰᠠᠷ᠎ᠠ ᠶᠢᠨ 1 ᠤ ᠡᠳᠦᠷ ᠠᠴᠠ ᠡᠬᠢᠯᠡᠨ᠂ ᠭᠤᠷᠪᠠᠨ ᠵᠢᠯ ᠤᠨ ᠵᠠᠭᠤᠨ ᠨᠡᠷ᠎ᠡ ᠵᠠᠯᠠᠭᠤᠴᠤᠳ ᠤᠨ ᠳᠠᠳᠤᠯᠭ᠎ᠠ ᠳᠤ ᠤᠷᠤᠯᠴᠠᠬᠤ ᠲᠦᠯᠦᠪᠯᠡᠭᠡ ᠶᠢ ᠬᠡᠷᠡᠭᠵᠢᠬᠦᠯᠦᠨ᠎ᠡ᠃ ᠠᠵᠢᠯ ᠤᠯᠭᠤᠬᠤ ᠳᠠᠳᠤᠯᠭ᠎ᠠ ᠶᠢᠨ ᠨᠦᠬᠦᠪᠦᠷᠢ ᠮᠦᠩᠬᠦ ᠶᠢᠨ ᠬᠦᠷᠢᠶ᠎ᠡ ᠬᠡᠪᠴᠢᠶ᠎ᠠ ᠶᠢ ᠶᠡᠭᠡ ᠲᠡᠭᠡᠳᠦ ᠰᠤᠷᠭᠠᠭᠤᠯᠢ ᠠᠴᠠ ᠲᠡᠭᠦᠰᠦᠭᠰᠡᠨ ᠠᠵᠢᠯ ᠤᠯᠤᠭ᠎ᠠ ᠦᠭᠡᠢ ᠤᠶᠤᠳᠠᠨ ᠠᠴᠠ ᠦᠷᠭᠡᠳᠭᠡᠭᠡᠳ16-24 ᠨᠠᠰᠤᠨ ᠤ ᠠᠵᠢᠯ ᠠᠯᠳᠠᠭᠰᠠᠨ ᠵᠠᠯᠠᠭᠤᠴᠤᠳ ᠬᠦᠷᠲᠡᠯ᠎ᠡ ᠦᠷᠭᠡᠳᠭᠡᠨ᠎ᠡ᠃ ᠠᠵᠢᠯ ᠠᠯᠳᠠᠭᠰᠠᠨ ᠵᠠᠯᠠᠭᠤᠴᠤᠳ ᠢ ᠵᠤᠬᠢᠶᠠᠨ ᠪᠠᠶᠢᠭᠤᠯᠵᠦ 3-12 ᠰᠠᠷ᠎ᠠ ᠶᠢᠨ ᠠᠵᠢᠯ ᠤᠯᠭᠤᠬᠤ ᠳᠠᠳᠤᠯᠭ᠎ᠠ ᠳᠤ ᠤᠷᠤᠯᠴᠠᠭᠤᠯᠵᠦ᠂ ᠲᠤᠭᠳᠠᠭᠠᠯ ᠶᠤᠰᠤᠭᠠᠷ ᠠᠵᠢᠯ ᠤᠯᠭᠤᠬᠤ ᠳᠠᠳᠤᠯᠭ᠎ᠠ ᠶᠢᠨ ᠨᠦᠬᠦᠪᠦᠷᠢ ᠶᠢ ᠤᠯᠭᠤᠵᠦ᠂ ᠳᠠᠳᠤᠯᠭ᠎ᠠ ᠶᠢᠨ ᠨᠦᠬᠦᠪᠦᠷᠢ ᠶᠢᠨ ᠪᠠᠷᠢᠮᠵᠢᠶ᠎ᠠ ᠶᠢ ᠦᠪᠡᠷᠲᠡᠭᠡᠨ ᠵᠠᠰᠠᠬᠤ ᠤᠷᠤᠨ ᠤ ᠨᠢᠬᠡᠳᠦᠭᠡᠷ ᠲᠦᠷᠦᠯ ᠤᠨ ᠤᠷᠤᠨ ᠤ ᠬᠠᠮᠤᠭ ᠤᠨ ᠲᠤᠤᠷ᠎ᠠ ᠴᠠᠯᠢᠩ ᠤᠨ ᠪᠠᠷᠢᠮᠵᠢᠶᠠᠨ ᠤ 50% ᠪᠠᠷ ᠤᠯᠭᠤᠵᠦ᠂ ᠳᠠᠳᠤᠯᠭ᠎ᠠ ᠳᠤ ᠤᠷᠤᠯᠴᠠᠭᠰᠠᠨ ᠬᠦᠮᠦᠰ  ᠳᠠᠳᠤᠯᠭ᠎ᠠ ᠶᠢᠨ ᠬᠤᠭᠤᠴᠠᠭ᠎ᠠ ᠳᠠᠭᠤᠰᠴᠦ᠂ ᠲᠤᠬᠠᠢ ᠶᠢᠨ ᠠᠵᠢᠯ ᠤᠨ ᠪᠠᠶᠢᠷᠢ ᠳᠠᠭᠠᠨ ᠦᠯᠡᠳᠡᠵᠦ ᠠᠵᠢᠯ ᠤᠯᠤᠭᠰᠠᠨ ᠨᠤᠷᠮ᠎ᠠ ᠨᠢ 50% ᠠᠴᠠ ᠳᠡᠭᠡᠭᠰᠢ ᠪᠠᠶᠢᠭᠤᠯᠭ᠎ᠠ ᠳᠤ ᠨᠦᠬᠦᠪᠦᠷᠢ ᠶᠢᠨ ᠪᠠᠷᠢᠮᠵᠢᠶ᠎ᠠ ᠶᠢ 60% ᠪᠤᠯᠭᠠᠨ ᠳᠡᠭᠡᠭᠰᠢᠯᠡᠬᠦᠯᠦᠨ᠎ᠡ᠃ ︵ᠬᠠᠷᠢᠭᠤᠴᠠᠬᠤ ᠪᠠᠶᠢᠭᠤᠯᠭ᠎ᠠ᠄ ᠠᠶᠢᠮᠠᠭ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠲᠤᠯᠠᠭ᠎ᠠ ᠶᠢᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠪᠠᠶᠢᠭᠤᠯᠭ᠎ᠠ︶           ᠵᠢᠷᠭᠤᠭ᠎ᠠ᠂ ᠬᠦᠴᠢᠷᠳᠡᠯᠳᠡᠢ ᠠᠵᠦ ᠠᠬᠤᠶᠢᠯᠠᠯ ᠤᠨ ᠠᠵᠢᠯᠴᠢᠨ ᠤ ᠠᠵᠢᠯ ᠤᠨ ᠪᠠᠶᠢᠷᠢ ᠶᠢᠨ ᠪᠤᠯᠪᠠᠰᠤᠷᠠᠯ ᠦᠷᠨᠢᠬᠦᠯᠬᠦ ᠶᠢ ᠳᠡᠮᠵᠢᠨ᠎ᠡ           2019 ᠤᠨ ᠤ 1 ᠰᠠᠷ᠎ᠠ ᠶᠢᠨ 1 ᠤ ᠡᠳᠦᠷ ᠠᠴᠠ 12 ᠰᠠᠷ᠎ᠠ ᠶᠢᠨ 31 ᠤ ᠡᠳᠦᠷ ᠪᠤᠯᠳᠠᠯ᠎ᠠ᠂ ᠬᠦᠴᠢᠷᠳᠡᠯᠳᠡᠢ ᠠᠵᠦ ᠠᠬᠤᠶᠢᠯᠠᠯ ᠠᠴᠠ ᠠᠵᠢᠯᠴᠢᠨ ᠤ ᠠᠵᠢᠯ ᠤᠨ ᠪᠠᠶᠢᠷᠢ ᠶᠢᠨ ᠪᠤᠯᠪᠠᠰᠤᠷᠠᠯ ᠵᠤᠬᠢᠶᠠᠨ ᠪᠠᠶᠢᠭᠤᠯᠤᠨ ᠦᠷᠨᠢᠬᠦᠯᠪᠠᠯ᠂ ᠬᠡᠷᠡᠭᠰᠡᠬᠦ ᠵᠠᠷᠤᠳᠠᠯ ᠢ ᠲᠤᠭᠲᠠᠭᠠᠯ ᠶᠤᠰᠤᠭᠠᠷ ᠠᠵᠦ ᠠᠬᠤᠶᠢᠯᠠᠯ ᠤᠨ ᠠᠵᠢᠯᠳᠠᠨ ᠤ ᠰᠤᠷᠭᠠᠨ ᠬᠦᠮᠦᠵᠢᠯ ᠤᠨ ᠵᠠᠷᠤᠳᠠᠯ ᠠᠴᠠ ᠭᠠᠷᠭᠠᠨ᠎ᠠ᠂ ᠬᠦᠷᠦᠯᠴᠡᠬᠦ ᠦᠭᠡᠢ ᠬᠡᠰᠡᠭ ᠢ ᠠᠵᠦ ᠠᠬᠤᠶᠢᠯᠠᠯ ᠠᠴᠠ ᠭᠤᠶᠤᠴᠢᠯᠠᠯᠲᠠ ᠬᠢᠵᠦ᠂ ᠲᠤᠬᠠᠢ ᠶᠢᠨ ᠭᠠᠵᠠᠷ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠠᠴᠠ  ᠬᠢᠨᠠᠨ ᠬᠠᠷᠭᠤᠭᠤᠯᠵᠦ ᠦᠨᠡᠯᠡᠨ ᠵᠢᠱᠢᠭᠡᠳ ᠬᠢᠷᠢ ᠲᠡᠩᠴᠡᠭᠰᠡᠨ ᠤ ᠳᠠᠷᠠᠭ᠎ᠠ ᠠᠵᠢᠯ ᠤᠯᠭᠤᠬᠤ ᠨᠦᠬᠦᠪᠦᠷᠢ ᠮᠦᠩᠬᠦ ᠠᠴᠠ ᠵᠤᠬᠢᠮᠵᠢᠲᠠᠢ ᠨᠦᠬᠦᠪᠦᠷᠢ ᠤᠯᠭᠤᠨ᠎ᠠ᠃ ᠨᠦᠬᠦᠪᠦᠷᠢ ᠶᠢᠨ ᠪᠠᠷᠢᠮᠵᠢᠶ᠎ᠠ ᠭᠡᠪᠡᠯ᠄ ᠠᠵᠢᠯᠲᠠᠨ ᠢᠶᠠᠨ ᠡᠰᠡ ᠴᠤᠮᠬᠠᠳᠬᠠᠭᠰᠠᠨ ᠬᠦᠴᠢᠷᠳᠡᠯᠳᠡᠢ ᠠᠵᠦ ᠠᠬᠤᠶᠢᠯᠠᠯ ᠤᠨ ᠠᠵᠢᠯᠲᠠᠨ ᠤ ᠪᠤᠯᠪᠠᠰᠤᠷᠠᠯ ᠢᠶᠠᠷ ᠳᠠᠮᠵᠢᠨ ᠬᠢᠷᠢ ᠲᠡᠩᠴᠡᠭᠰᠡᠨ ᠮᠦᠷᠲᠡᠭᠡᠨ ᠦᠷᠬᠦᠯᠵᠢᠯᠡᠨ 1 ᠵᠢᠯ ᠠᠴᠠ ᠳᠡᠭᠡᠭᠰᠢ ᠬᠦᠳᠡᠯᠮᠦᠷᠢ ᠶᠢᠨ ᠭᠡᠷ᠎ᠡ ᠲᠤᠭᠳᠠᠭᠰᠠᠨ ᠪᠤᠯ᠂ ᠬᠠᠮᠤᠭ ᠦᠨᠳᠦᠷ ᠲᠡᠭᠡᠨ ᠠᠵᠢᠯ ᠤᠨ ᠪᠠᠶᠢᠷᠢ ᠰᠢᠯᠵᠢᠬᠦ ᠪᠤᠯᠪᠠᠰᠤᠷᠠᠯ ᠬᠦᠷᠲᠡᠭᠰᠡᠨ ᠬᠦᠮᠦᠨ ᠤ ᠲᠤᠭᠠᠨ ᠤ 70% ᠠᠴᠠ ᠬᠡᠲᠦᠷᠡᠬᠦᠯᠬᠦ ᠦᠭᠡᠢ ᠪᠠᠷ ᠪᠤᠳᠤᠵᠦ᠂ᠬᠦᠮᠦᠨ ᠪᠦᠷᠢ ᠳᠤ ᠬᠠᠮᠤᠭ ᠦᠨᠳᠦᠷ ᠲᠡᠭᠡᠨ 800 ᠲᠦᠬᠦᠷᠢᠭ ᠤᠨ ᠨᠦᠬᠦᠪᠦᠷᠢ ᠤᠯᠭᠤᠨ᠎ᠠ᠃ ᠠᠵᠢᠯᠲᠠᠨ ᠢᠶᠠᠨ ᠴᠦᠬᠡᠨ ᠴᠤᠮᠬᠠᠳᠬᠠᠭᠰᠠᠨ ᠬᠦᠴᠢᠷᠳᠡᠯᠳᠡᠢ ᠠᠵᠦ ᠠᠬᠤᠶᠢᠯᠠᠯ ᠳᠤ᠂ ᠬᠠᠮᠤᠭ ᠦᠨᠳᠦᠷ ᠲᠡᠭᠡᠨ ᠠᠵᠢᠯ ᠤᠨ ᠪᠠᠶᠢᠷᠢ ᠰᠢᠯᠵᠢᠬᠦ ᠪᠤᠯᠪᠠᠰᠤᠷᠠᠯ ᠬᠦᠷᠲᠡᠭᠰᠡᠨ ᠬᠦᠮᠦᠨ ᠤ ᠲᠤᠭᠠᠨ ᠤ 60% ᠪᠠᠷ ᠪᠤᠳᠤᠵᠦ᠂ ᠬᠦᠮᠦᠨ ᠪᠦᠷᠢ ᠳᠤ ᠬᠠᠮᠤᠭ ᠦᠨᠳᠦᠷ ᠲᠡᠭᠡᠨ 800 ᠲᠦᠬᠦᠷᠢᠭ ᠤᠨ ᠨᠦᠬᠦᠪᠦᠷᠢ ᠤᠯᠭᠤᠨ᠎ᠠ᠃ ᠠᠳᠠᠯᠢ ᠨᠢᠬᠡ ᠲᠦᠷᠦᠯ ᠵᠦᠢᠯ ᠤᠨ ᠠᠵᠢᠯ ᠤᠯᠭᠤᠬᠤ ᠨᠦᠬᠦᠪᠦᠷᠢ ᠮᠦᠩᠬᠦ ᠨᠢ ᠠᠵᠢᠯ ᠠᠯᠳᠠᠭᠰᠠᠳ ᠤᠨ ᠳᠠᠭᠠᠳᠬᠠᠯ ᠤᠨ ᠬᠠᠷᠠᠭᠠᠯᠵᠠᠯ ᠲᠠᠢ ᠲᠠᠪᠬᠤᠴᠠᠪᠠᠯ᠂ ᠬᠤᠪᠢ ᠬᠦᠮᠦᠨ ᠪᠠ ᠪᠠᠶᠢᠭᠤᠯᠭ᠎ᠠ ᠬᠠᠷᠠᠭᠠᠯᠵᠠᠯ ᠢ ᠲᠠᠪᠬᠤᠷ ᠬᠦᠷᠳᠡᠵᠦ ᠪᠤᠯᠬᠤ ᠦᠭᠡᠢ᠂ ᠬᠦᠴᠢᠷᠳᠡᠯᠳᠡᠢ ᠠᠵᠦ ᠠᠬᠤᠶᠢᠯᠠᠯ ᠨᠢᠬᠡ ᠪᠦᠷᠢ ᠲᠤᠬᠠᠢ ᠶᠢᠨ ᠵᠢᠯ ᠳᠤ ᠨᠢᠬᠡ ᠯᠠ ᠤᠳᠠᠭᠠᠨ ᠤ ᠪᠤᠯᠪᠠᠰᠤᠷᠠᠯ ᠤᠨ ᠨᠦᠬᠦᠪᠦᠷᠢ ᠶᠢ ᠬᠦᠷᠲᠡᠨ᠎ᠡ᠃ ᠬᠦ᠋ᠴᠢᠷᠳᠡᠯᠳᠡᠢ ᠠᠵᠦ ᠠᠬᠤᠶᠢᠯᠠᠯ ᠤᠨ ᠠᠵᠢᠯ ᠤᠨ ᠪᠠᠶᠢᠷᠢ ᠰᠢᠯᠵᠢᠭᠰᠡᠨ ᠠᠵᠢᠯᠲᠠᠳ ᠲᠠᠭᠠᠨ ᠰᠢᠨ᠎ᠡ ᠬᠡᠯᠪᠡᠷᠢ ᠶᠢᠨ ᠱᠠᠪᠢ ᠬᠦᠮᠦᠵᠢᠬᠦᠯᠬᠦ ᠲᠦᠷᠢᠮᠲᠦ ᠪᠤᠯᠪᠠᠰᠤᠷᠠᠯ ᠦᠷᠨᠢᠬᠦᠯᠬᠦ ᠶᠢ ᠢᠲᠡᠪᠬᠢᠳᠠᠢ ᠵᠢᠯᠤᠭᠤᠳᠴᠦ᠂ ︽ᠰᠤᠷᠭᠠᠭᠤᠯᠢ ᠠᠵᠦ ᠠᠬᠤᠶᠢᠯᠠᠯ ᠤᠨ ᠬᠤᠤᠰ ᠲᠦᠷᠢᠮ᠂ ᠠᠵᠢᠯ ᠰᠤᠷᠤᠯᠭ᠎ᠠ ᠶᠢᠨ ᠨᠢᠬᠡ ᠴᠤᠭᠴᠠ︾ ᠶᠢᠨ ᠠᠷᠭ᠎ᠠ ᠬᠡᠯᠪᠡᠷᠢ ᠪᠠᠷ ᠳᠤᠮᠳᠠ᠂ ᠲᠡᠭᠡᠳᠦ ᠲᠡᠰ ᠤᠨ ᠮᠡᠷᠭᠡᠵᠢᠯᠳᠡᠨ ᠢ ᠬᠦᠮᠦᠵᠢᠬᠦᠯᠵᠦ᠂ ᠪᠤᠯᠪᠠᠰᠤᠷᠠᠯ ᠤᠨ ᠬᠤᠭᠤᠴᠠᠭ᠎ᠠ ᠨᠢ 1-2 ᠵᠢᠯ ᠪᠠᠶᠢᠵᠦ᠂ ᠲᠤᠭᠳᠠᠭᠠᠯ ᠶᠤᠰᠤᠭᠠᠷ ᠱᠠᠪᠢ ᠪᠦᠷᠢ ᠳᠤ ᠵᠢᠯ ᠪᠦᠷᠢ ᠶᠢᠨ 4000 ᠲᠦᠬᠦᠷᠢᠭ ᠤᠨ ᠪᠤᠯᠪᠠᠰᠤᠷᠠᠯ ᠤᠨ ᠨᠦᠬᠦᠪᠦᠷᠢ ᠤᠯᠭᠤᠵᠦ᠂ ᠬᠡᠷᠡᠭᠰᠡᠬᠦ ᠰᠦᠢᠳᠬᠡᠯ ᠢ ᠠᠵᠢᠯ ᠤᠯᠭᠤᠯᠲᠠ ᠶᠢᠨ ᠨᠦᠬᠦᠪᠦᠷᠢ ᠮᠦᠩᠬᠦᠨ ᠠᠴᠠ ᠭᠠᠷᠭᠠᠨ᠎ᠠ᠃ ︵ᠬᠠᠷᠢᠭᠤᠴᠠᠬᠤ ᠪᠠᠶᠢᠭᠤᠯᠭ᠎ᠠ᠄ ᠠᠶᠢᠮᠠᠭ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠲᠤᠯᠠᠭ᠎ᠠ ᠶᠢᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ︶            ᠳᠤᠯᠤᠭ᠎ᠠ᠂ ᠠᠵᠢᠯ ᠠᠯᠳᠠᠭᠰᠠᠳ ᠤᠨ ᠲᠠᠬᠢᠨ ᠠᠵᠢᠯ ᠤᠯᠬᠤ ᠪᠤᠯᠪᠠᠰᠤᠷᠠᠯ ᠤᠨ ᠬᠦᠴᠦᠯᠡᠴᠡ ᠶᠢ ᠴᠢᠩᠭᠠᠳᠬᠠᠨ᠎ᠠ            ᠡᠯ᠎ᠡ ᠳᠦᠷᠦᠯ ᠤᠨ ᠠᠵᠢᠯ ᠮᠡᠷᠭᠡᠵᠢᠯ ᠤᠨ ᠰᠣᠷᠭᠠᠭᠤᠯᠢ(ᠮᠡᠷᠭᠡᠵᠢᠯ ᠤᠨ ᠠᠵᠢᠯᠴᠢᠨ ᠤ ᠰᠣᠷᠭᠠᠭᠤᠯᠢ  ᠶᠢ ᠪᠠᠭᠳᠠᠭᠠᠨ᠎ᠠ)᠂ ᠡᠩ  ᠤᠨ ᠳᠡᠭᠡᠳᠦ ᠵᠡᠷᠭᠡ ᠶᠢᠨ ᠰᠣᠷᠭᠠᠭᠤᠯᠢ᠂ ᠠᠵᠢᠯ ᠮᠡᠷᠭᠡᠵᠢᠯ ᠤᠨ ᠪᠣᠯᠪᠠᠰᠣᠷᠠᠯ ᠤᠨ ᠪᠠᠶᠢᠭᠤᠯᠣᠮᠵᠢ ᠪᠠ ᠨᠦᠬᠦᠴᠡᠯ ᠳᠤ ᠨᠡᠶᠢᠴᠡᠭᠰᠡᠨ ᠠᠵᠦ ᠠᠬᠤᠶᠢᠯᠠᠯ ᠤᠨ ᠠᠵᠢᠯ ᠠᠯᠳᠠᠭᠰᠠᠳ ᠤᠨ ᠠᠵᠢᠯ ᠮᠡᠷᠭᠡᠵᠢᠯ  ᠤᠨ ᠣᠷ᠎ᠠ ᠮᠡᠷᠭᠡᠰᠢᠯ ᠤᠨ ᠪᠣᠯᠪᠠᠰᠣᠷᠠᠯ ᠪᠣᠶᠣ ᠦᠢᠯᠡᠰ ᠪᠦᠳᠦᠭᠡᠬᠦ ᠪᠣᠯᠪᠠᠰᠣᠷᠠᠯ ᠢ ᠳᠠᠭᠠᠭᠠᠴᠢᠯᠠᠬᠤ ᠶᠢ ᠳᠡᠮᠵᠢᠨ᠎ᠡ᠃︽ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠠᠶᠢᠭᠡᠮ  ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠤᠨ ᠠᠵᠢᠯ ᠮᠡᠷᠭᠡᠵᠢᠯ ᠤᠨ ᠴᠢᠳᠠᠪᠤᠷᠢ ᠶᠢᠨ ᠪᠤᠯᠪᠠᠰᠤᠷᠠᠯ ᠤᠨ ᠨᠦᠬᠦᠪᠤᠷᠢ ᠮᠦᠩᠬᠦ ᠶᠢᠨ ᠭᠠᠷᠴᠠᠭ ᠢ ᠨᠠᠶᠢᠳᠡᠯᠡᠬᠦ ᠲᠤᠬᠠᠢ ᠮᠡᠳᠡᠭᠳᠡᠯ︾ ︵ᠦᠪᠤᠷ ᠬᠦᠮᠦᠨ ᠨᠠᠶᠢᠭᠡᠮ ᠲᠠᠷᠬᠠᠭᠠᠭᠰᠠᠨ ﹇2019﹈ 12 ᠳ᠋ᠤᠭᠠᠷ ᠲᠤᠭᠠᠲᠤ︶ ᠢ ᠦᠨᠲᠤᠰᠦᠯᠠᠵᠦ᠂ ᠲᠤᠰ ᠭᠠᠵᠠᠷ ᠤᠷᠤᠨ ᠤ ᠪᠣᠳᠠᠳᠠᠢ ᠲᠠᠢ ᠤᠶᠠᠯᠲᠤᠭᠤᠯᠵᠦ᠂ ᠠᠯᠠᠱᠨ ᠠᠶᠢᠮᠠᠭ ᠤᠨ ᠭᠤᠤᠯᠳᠠᠯᠭ᠎ᠠ ᠲᠠᠢ ᠠᠵᠤ ᠦᠢᠯᠡᠰ ᠤᠨ ᠭᠡᠷᠡᠭᠴᠡᠭᠡ ᠱᠠᠭᠠᠷᠳᠠᠯᠭ᠎ᠠ ᠶᠢᠨ ᠭᠠᠷᠴᠠᠭ ᠢ ᠬᠤᠷᠢᠶᠠᠨ ᠴᠤᠭᠯᠠᠭᠤᠯᠬᠤ ᠶᠢᠨ ᠬᠠᠮᠲᠤ ᠨᠠᠶᠢᠳᠠᠯᠠᠵᠦ᠂ ᠪᠤᠯᠪᠠᠰᠤᠷᠠᠯ ᠤᠨ ᠬᠠᠨᠲᠤᠯᠠᠭᠠᠲᠤ ᠴᠢᠨᠠᠷ ᠪᠠ ᠦᠷ᠎ᠠ ᠪᠦᠲᠤᠮᠵᠢᠲᠤ ᠴᠢᠨᠠᠷ ᠢ ᠲᠡᠭᠡᠭᠰᠢᠯᠠᠬᠦᠯᠦᠨ᠎ᠠ᠃ ᠪᠤᠯᠪᠠᠰᠤᠷᠠᠯ ᠤᠨ ᠲᠠᠷᠠᠭ᠎ᠠ ᠠᠵᠢᠯ ᠮᠡᠷᠭᠡᠵᠢᠯ ᠤᠨ ᠬᠢᠷᠢ ᠭᠡᠮ ᠤᠨ ᠦᠨᠡᠮᠯᠠᠯ ᠢᠶᠠᠨ ᠤᠯᠤᠭᠰᠠᠨ ︵ᠠᠵᠢᠯ ᠮᠠᠷᠭᠡᠵᠢᠯ ᠤᠨ ᠮᠠᠷᠭᠡᠵᠢᠯ ᠴᠢᠳᠠᠪᠤᠷᠢ ᠶᠢᠨ ᠵᠡᠷᠭᠡ ᠲᠡᠰ ᠤᠨ ᠦᠨᠡᠮᠯᠠᠯ᠂ ᠲᠤᠰᠬᠠᠢ ᠲᠦᠷᠦᠯ ᠤᠨ ᠠᠵᠢᠯ ᠮᠠᠷᠭᠡᠵᠢᠯ ᠤᠨ ᠴᠢᠳᠠᠪᠤᠷᠢ ᠶᠢᠨ ᠦᠨᠡᠮᠯᠡᠯ᠂ ᠪᠤᠯᠪᠠᠰᠤᠷᠠᠯ ᠤᠨ ᠬᠢᠷᠢ ᠲᠡᠩᠴᠡᠭᠰᠡᠨ ᠦᠨᠡᠮᠯᠠᠯ︶ ᠠᠵᠢᠯ ᠠᠯᠳᠠᠭᠰᠠᠳ ᠲᠤ ᠠᠵᠢᠯ ᠮᠡᠷᠭᠡᠵᠢᠯ ᠤᠨ ᠪᠤᠯᠪᠠᠰᠤᠷᠠᠯ ᠤᠨ ᠨᠦᠬᠦᠪᠤᠷᠢ ᠣᠯᠭᠤᠵᠦ᠂ ᠪᠤᠯᠪᠠᠰᠤᠷᠠᠯ ᠤᠨ ᠬᠢᠴᠢᠶᠠᠯ ᠤᠨ ᠴᠠᠭ ᠪᠠ ᠨᠦᠬᠦᠪᠤᠷᠢ ᠶᠢᠨ ᠪᠠᠷᠢᠮᠵᠢᠶ᠎ᠠ ᠶᠢ ᠦᠪᠤᠷ ᠬᠦᠮᠦᠨ ᠨᠠᠶᠢᠭᠡᠮ ᠲᠠᠷᠬᠠᠭᠠᠭᠰᠠᠨ ﹇2019﹈ 12 ᠳ᠋ᠤᠭᠠᠷ ᠲᠤᠭᠠᠲᠤ ᠪᠢᠴᠢᠭ ᠮᠠᠲ᠋ᠧᠷᠢᠶᠠᠯ ᠪᠠ ︽ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠠᠵᠢᠯ ᠮᠠᠷᠭᠡᠵᠢᠯ ᠤᠨ ᠪᠤᠯᠪᠠᠰᠤᠷᠠᠯ ᠪᠤᠯᠤᠨ ᠬᠢᠨ᠋ᠨᠨ ᠲᠤᠭᠳᠠᠭᠠᠬᠤ ᠰᠦᠢᠳᠭᠡᠯ ᠬᠤᠷᠢᠶᠠᠬᠤ ᠪᠠᠷᠢᠮᠵᠢᠶ᠎ᠠ ᠵᠡᠷᠭᠡ ᠬᠠᠮᠢᠶ᠎ᠠ ᠪᠦᠬᠦᠢ ᠠᠰᠠᠭᠤᠳᠠᠯ ᠢ ᠳᠦᠷᠢᠮᠵᠢᠬᠦᠯᠬᠦ ᠲᠤᠬᠠᠢ ᠮᠠᠳᠡᠭᠳᠡᠯ︾    ︵ᠦᠪᠤᠷ ᠬᠦᠭᠵᠢᠬᠦᠯᠦᠯᠳᠡ ᠦᠭᠡᠷᠡᠴᠢᠯᠠᠯᠳᠠ ᠰᠦᠢᠳᠭᠡᠯ ᠦᠰᠦᠭ ﹇2015﹈ 1552 ᠳ᠋ᠤᠭᠠᠷ ᠲᠤᠭᠠᠲᠤ︶  ᠤᠨ ᠶᠤᠰᠤᠭᠠᠷ ᠭᠡᠷᠡᠭᠵᠢᠬᠦᠯᠦᠨ᠎ᠠ᠃ ᠵᠠᠰᠠᠭ ᠤᠨ ᠤᠷᠲᠤᠨ᠂ ᠠᠵᠤ ᠠᠬᠤᠶᠢᠯᠠᠯ᠂ ᠨᠠᠶᠢᠭᠡᠮ ᠵᠡᠷᠭᠡ ᠡᠯ᠎ᠠ ᠲᠦᠷᠦᠯ ᠤᠨ ᠪᠤᠯᠪᠠᠰᠤᠷᠠᠯ ᠤᠨ ᠡᠬᠢ ᠪᠠᠶᠠᠯᠢᠭ ᠢ ᠰᠢᠯᠢᠳᠡᠭᠵᠢᠬᠦᠯᠦᠨ ᠡᠮᠬᠢᠯᠠᠨ ᠨᠠᠶᠢᠯᠠᠬᠦᠯᠬᠦ ᠬᠦᠴᠦᠯᠠᠴᠠ ᠶᠢ ᠨᠠᠮᠡᠭᠳᠡᠬᠦᠯᠵᠦ᠂ ᠪᠤᠯᠪᠠᠰᠤᠷᠠᠯ ᠤᠨ ᠦᠷ᠎ᠠ ᠪᠦᠲᠤᠮᠵᠢ ᠨᠢ ᠰᠠᠶᠢᠨ᠂ ᠪᠤᠯᠪᠠᠰᠤᠷᠠᠯ ᠤᠨ ᠲᠠᠷᠠᠭ᠎ᠠ ᠠᠵᠢᠯ ᠤᠯᠭᠤᠯᠳᠠ ᠲᠤᠭᠳᠠᠭᠤᠨ ᠪᠠᠶᠢᠬᠤ ᠶᠢ ᠪᠠᠶᠠᠯᠡᠬᠦᠯᠦᠭᠰᠡᠨ᠂ ᠪᠤᠯᠪᠠᠰᠤᠷᠠᠯ ᠤᠨ ᠬᠦᠷᠢᠶ᠎ᠠ ᠭᠡᠪᠴᠢᠶ᠎ᠠ ᠨᠢ ᠦᠪᠠᠷᠳᠡᠭᠡᠨ ᠵᠠᠰᠠᠬᠤ ᠤᠷᠤᠨ ᠤ ᠭᠤᠶᠤᠴᠢᠯᠠᠨ ᠮᠡᠳᠡᠬᠦᠯᠦᠭᠰᠡᠨ ᠱᠠᠭᠠᠷᠳᠠᠯᠭ᠎ᠠ ᠳᠤ ᠬᠦᠷᠦᠭᠰᠡᠨ ᠪᠤᠳᠠᠲᠤ ᠪᠤᠯᠪᠠᠰᠤᠷᠠᠯ ᠤᠨ ᠰᠠᠭᠤᠷᠢᠨ ᠭᠠᠵᠠᠷ ᠤᠨ ᠦᠪᠠᠷᠳᠡᠭᠡᠨ ᠵᠠᠰᠠᠬᠤ ᠤᠷᠤᠨ ᠤ ᠦᠢᠯᠡᠰ ᠪᠦᠲᠤᠭᠡᠬᠦ ᠠᠵᠢᠯ ᠤᠯᠭᠤᠬᠤ ︽ᠱᠠᠩᠨᠠᠯ ᠢᠶᠠᠷ ᠨᠦᠬᠦᠪᠤᠷᠢ ᠶᠢ ᠣᠷᠣᠯᠠᠭᠤᠯᠬᠤ︾ ᠪᠠᠯᠨ ᠮᠦᠩᠬᠦ ᠶᠢᠨ ᠲᠡᠮᠵᠢᠯᠭᠡ ᠶᠢ ᠭᠤᠶᠤᠴᠢᠯᠠᠨ ᠮᠡᠳᠡᠬᠦᠯᠬᠦ ᠶᠢ ᠵᠣᠷᠢᠭᠵᠢᠭᠤᠯᠣᠨ ᠬᠦᠳᠦᠯᠦᠨ᠎ᠡ᠃ 2019 ᠤᠨ ᠤ 1 ᠰᠠᠷ᠎ᠠ ᠶᠢᠨ 1 ᠤ ᠡᠲᠤᠷ ᠠᠴᠠ 2020 ᠤᠨ ᠤ 12 ᠰᠠᠷ᠎ᠠ ᠶᠢᠨ 31 ᠤ ᠡᠲᠤᠷ ᠪᠣᠯᠳᠠᠯ᠎ᠠ᠂ ᠠᠵᠢᠯ ᠤᠯᠬᠤ ᠳᠤ ᠬᠦᠴᠢᠷᠲᠡᠢ ᠬᠦᠮᠦᠰ ᠪᠤᠯᠤᠨ ᠠᠵᠢᠯ ᠤᠯᠬᠤ ᠪᠣᠯᠣᠮᠵᠢ ᠦᠭᠡᠢ ᠭᠡᠷ ᠪᠦᠯᠢ ᠶᠢᠨ ᠪᠦᠷᠢᠯᠲᠤᠬᠦᠨ  ᠳᠤ ᠪᠤᠯᠪᠠᠰᠤᠷᠠᠯ ᠤᠨ ᠬᠤᠭᠤᠴᠠᠭᠠᠨ ᠳᠤ ᠲᠠᠬᠢᠨ ᠠᠮᠢᠲᠤᠷᠠᠯ ᠤᠨ ᠰᠦᠢᠳᠭᠡᠯ ᠤᠨ ᠨᠦᠬᠦᠪᠤᠷᠢ ᠦᠭᠴᠦ᠂ ᠨᠦᠬᠦᠪᠤᠷᠢ ᠶᠢᠨ ᠪᠠᠷᠢᠮᠵᠢᠶ᠎ᠠ ᠶᠢ ᠬᠦᠮᠦᠨ ᠪᠦᠷᠢ ᠶᠢᠨ ᠡᠲᠤᠷ ᠪᠦᠷᠢ 80 ᠲᠦᠬᠦᠷᠢᠭ ᠠᠴᠠ ᠭᠡᠲᠤᠷᠡᠬᠦᠯᠵᠦ ᠪᠤᠯᠬᠤ ᠦᠭᠡᠢ᠂ ᠠᠯᠢᠪᠠ ᠭᠡᠷᠡᠭᠰᠡᠬᠦ ᠪᠠᠯᠨ ᠮᠦᠩᠬᠦ ᠶᠢ ᠡᠯ᠎ᠠ ᠱᠠᠲᠤᠨ ᠤ ᠦᠢᠯᠡᠰ ᠪᠦᠲᠤᠭᠡᠬᠦ ᠬᠦᠭᠵᠢᠯᠳᠡ ᠶᠢᠨ ᠪᠠᠯᠨ ᠮᠦᠩᠬᠦ ᠶᠢᠨ ᠲᠤᠮᠳᠠ ᠠᠴᠠ ᠵᠠᠷᠤᠴᠠᠭᠤᠯᠵᠦ᠂ ᠠᠮᠢᠲᠤᠷᠠᠯ ᠤᠨ ᠰᠦᠢᠳᠭᠡᠯ ᠤᠨ ᠨᠦᠬᠦᠪᠤᠷᠢ ᠶᠢᠨ ᠲᠦᠷᠦ ᠶᠢᠨ ᠪᠤᠲᠤᠯᠭ᠎ᠠ ᠶᠢ ᠬᠦᠮᠦᠨ ᠪᠦᠷᠢ ᠵᠢᠯ ᠪᠤᠯᠭᠠᠨ ᠵᠦᠪᠬᠡᠨ ᠨᠢᠬᠡᠯᠡ ᠤᠳᠠᠭ᠎ᠠ ᠬᠦᠷᠳᠡᠵᠦ᠂ ᠬᠠᠷᠢᠨ ᠠᠵᠢᠯ ᠠᠯᠳᠠᠭᠰᠠᠳ  ᠤᠨ ᠲᠠᠭᠠᠳᠬᠠᠯ ᠤᠨ ᠮᠦᠩᠬᠦ ᠶᠢ ᠵᠡᠷᠭᠡ ᠬᠦᠷᠳᠡᠵᠦ ᠪᠤᠯᠬᠤ ᠦᠭᠡᠢ᠃ ᠠᠵᠢᠯ ᠲᠦᠷᠦᠯ ᠤᠨ ᠨᠠᠶᠢᠭᠡᠮᠯᠢᠭ᠂ ᠨᠠᠶᠢᠭᠡᠮ ᠳᠣᠭᠤᠷᠢᠭ ᠦᠨᠲᠤᠰᠤᠨ ᠱᠠᠲᠤᠨ ᠤ ᠠᠵᠢᠯ ᠤᠯᠭᠤᠬᠤ ᠦᠢᠯᠠᠴᠢᠯᠡᠭᠡᠨ ᠤ ᠲᠠᠪᠴᠠᠩ᠂ ᠬᠦᠮᠦᠨ ᠤ ᠬᠦᠴᠦᠨ ᠤ ᠡᠬᠢ ᠪᠠᠶᠠᠯᠢᠭ ᠤᠨ ᠵᠠᠭᠤᠴᠢ ᠪᠠᠶᠢᠭᠤᠯᠤᠮᠵᠢ ᠵᠡᠷᠭᠡ ᠨᠠᠶᠢᠭᠡᠮ ᠤᠨ ᠵᠤᠬᠢᠶᠠᠨ ᠪᠠᠶᠢᠭᠤᠯᠤᠯᠳᠠ ᠶᠢᠨ ᠲᠠᠪᠴᠠᠩ ᠬᠠᠩᠭᠠᠬᠤ ᠶᠢ ᠵᠤᠷᠢᠭᠵᠢᠭᠤᠯᠤᠨ ᠲᠡᠮᠵᠢᠵᠦ᠂ ᠠᠵᠢᠯᠳᠠᠨ ᠬᠡᠷᠡᠭᠰᠡᠬᠦ ᠣᠷᠬᠢᠯ ᠤᠨ ᠬᠤᠭᠤᠴᠠᠭ᠎ᠠ ᠪᠠ ᠠᠵᠢᠯᠳᠠᠨ ᠳᠣᠳᠠᠭᠳᠠᠭᠰᠠᠨ ᠪᠠᠶᠢᠳᠠᠯ ᠲᠠᠢ ᠵᠢᠴᠢ ᠬᠦᠳᠡᠯᠮᠦᠷᠢ ᠬᠦᠴᠦ ᠢᠯᠡᠭᠦᠳᠡᠬᠦ ᠪᠠ ᠬᠦᠳᠡᠯᠮᠦᠷᠢ ᠬᠦᠴᠦ ᠳᠣᠳᠠᠬᠤ ᠶᠢ ᠳᠣᠬᠢᠷᠠᠭᠤᠯᠬᠤ ᠵᠡᠷᠭᠡ ᠦᠢᠯᠡᠴᠢᠯᠡᠭᠡ ᠬᠠᠩᠭᠠᠭᠰᠠᠨ ᠢ ᠨᠢ ᠡᠯ᠎ᠠ ᠬᠤᠰᠢᠭᠤ ᠣᠷᠣᠨ ᠤ ᠠᠵᠢᠯ ᠤᠯᠭᠤᠵᠦ ᠦᠢᠯᠡᠰ ᠪᠦᠲᠤᠭᠡᠬᠦ ᠦᠢᠯᠠᠴᠢᠯᠡᠭᠡᠨ ᠤ ᠨᠦᠬᠦᠪᠤᠷᠢ ᠶᠢᠨ ᠬᠦᠷᠢᠶ᠎ᠠ ᠭᠡᠪᠴᠢᠶᠠᠨ ᠳᠤ ᠣᠷᠣᠭᠤᠯᠵᠦ ᠪᠣᠯᠣᠨ᠎ᠠ᠃               ︵ᠬᠠᠷᠢᠭᠤᠴᠠᠬᠤ ᠪᠠᠶᠢᠭᠤᠯᠭ᠎ᠠ᠄ ᠠᠶᠢᠮᠠᠭ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠠᠶᠢᠭᠡᠮ ᠤᠨ ᠪᠠᠲᠤᠯᠠᠭ᠎ᠠ  ᠶᠢᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ᠂ ᠰᠤᠷᠭᠠᠨ ᠬᠦᠮᠦᠵᠢᠯ ᠪᠠᠶ᠎ᠠ ᠶᠢᠨ ᠲᠠᠮᠢᠷ ᠤᠨ ᠲᠤᠪᠴᠢᠶ᠎ᠠ᠂ ᠠᠯᠠᠱᠨ ᠶᠢᠨ ᠠᠵᠢᠯ ᠮᠠᠷᠭᠡᠵᠢᠯ ᠤᠨ ᠲᠡᠭᠡᠲᠤ ᠰᠤᠷᠭᠠᠭᠤᠯᠢ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠪᠤᠯᠤᠨ ᠨᠢᠭᠡᠴᠠ︶          ᠨᠠᠢᠮᠨ᠂ ᠮᠠᠯᠵᠢᠬᠤ ᠲᠠᠷᠢᠶᠠᠯᠠᠬᠤ ᠤᠷᠤᠨ ᠤ ᠬᠦᠳᠡᠯᠮᠤᠷᠢ ᠬᠦᠴᠦᠨ ᠤ ᠠᠵᠢᠯ ᠮᠠᠷᠭᠡᠵᠢᠯ ᠤᠨ ᠪᠤᠯᠪᠠᠰᠤᠷᠠᠯ ᠤᠨ ᠬᠦᠴᠦᠯᠠᠴᠠ ᠶᠢ ᠨᠡᠮᠡᠭᠳᠡᠭᠦᠯᠦᠨ᠎ᠡ          ᠬᠦᠳᠡᠭᠡ ᠲᠤᠰᠬᠤᠨ ᠢ ᠬᠦᠭᠵᠢᠬᠦᠯᠦᠨ ᠮᠠᠨᠲᠤᠭᠤᠯᠬᠤ ᠪᠠᠶᠢᠯᠲᠤᠬᠤ ᠪᠤᠲᠤᠯᠭ᠎ᠠ ᠶᠢᠨ ᠠᠵᠢᠯ ᠤᠨ ᠱᠠᠭᠠᠷᠳᠠᠯᠭ᠎ᠠ ᠲᠠᠢ ᠤᠶᠠᠯᠲᠤᠭᠤᠯᠵᠦ᠂ ᠮᠠᠯᠵᠢᠬᠤ ᠲᠠᠷᠢᠶᠠᠯᠠᠬᠤ ᠤᠷᠤᠨ ᠤ ᠬᠦᠳᠡᠯᠮᠤᠷᠢ ᠬᠦᠴᠦᠨ ᠤ ᠪᠤᠯᠪᠠᠰᠤᠷᠠᠯ ᠤᠨ ᠬᠦᠴᠦᠯᠠᠴᠠ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠡᠯ᠎ᠠ ᠬᠤᠰᠢᠭᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠠᠶᠢᠭᠡᠮ ᠤᠨ ᠪᠠᠲᠤᠯᠠᠭ᠎ᠠ᠂ ᠡᠳ᠋ ᠤᠨ ᠵᠠᠰᠠᠭ ᠤᠨ ᠰᠠᠯᠠᠭ᠎ᠠ ᠮᠦᠴᠢᠷ ᠲᠦᠷᠦᠯ ᠵᠦᠢᠯ ᠤᠨ ᠲᠦᠷᠢᠮ ᠤᠨ ᠠᠷᠭ᠎ᠠ ᠭᠡᠯᠪᠠᠷᠢ ᠪᠠᠷ ᠲᠠᠮᠵᠢᠭᠤᠯᠵᠦ᠂ ᠵᠠᠰᠠᠭ ᠤᠨ ᠤᠷᠲᠤᠨ ᠤ ᠳᠣᠭᠳᠠᠭᠠᠭᠰᠠᠨ ᠪᠤᠯᠪᠠᠰᠤᠷᠠᠯ ᠤᠨ ᠪᠠᠶᠢᠭᠤᠯᠤᠮᠵᠢ  ᠶᠢᠨ ᠪᠦᠬᠦ ᠳᠠᠯ᠎ᠠ ᠶᠢ ᠬᠠᠮᠣᠷᠣᠭᠰᠠᠨ ᠲᠦᠷᠢᠮ ᠢᠶᠠᠷ ᠠᠵᠢᠯ ᠣᠯᠭᠤᠯᠳᠠ ᠶᠢᠨ ᠮᠡᠷᠭᠡᠵᠢᠯ ᠴᠢᠳᠠᠪᠤᠷᠢ ᠶᠢᠨ ᠪᠤᠯᠪᠠᠰᠤᠷᠠᠯ ᠡᠰᠡᠬᠦᠯ᠎ᠠ ᠦᠢᠯᠡᠰ ᠪᠦᠲᠤᠭᠡᠬᠦ ᠪᠤᠯᠪᠠᠰᠤᠷᠠᠯ ᠤᠨ ᠲᠦᠷᠦᠯ ᠵᠦᠢᠯ ᠢ ᠬᠤᠳᠠᠯᠲᠤᠨ ᠠᠪᠴᠦ᠂ ᠮᠠᠯᠵᠢᠬᠤ ᠲᠠᠷᠢᠶᠠᠯᠠᠬᠤ ᠤᠷᠤᠨ ᠤ ᠬᠦᠳᠡᠯᠮᠤᠷᠢ ᠬᠦᠴᠦᠨ ᠳᠤ ᠠᠵᠢᠯ ᠣᠯᠭᠤᠯᠳᠠ ᠶᠢᠨ ᠮᠡᠷᠭᠡᠵᠢᠯ ᠴᠢᠳᠠᠪᠤᠷᠢ ᠶᠢᠨ ᠪᠤᠯᠪᠠᠰᠤᠷᠠᠯ ᠡᠰᠡᠬᠦᠯ᠎ᠠ ᠦᠢᠯᠡᠰ ᠪᠦᠲᠤᠭᠡᠬᠦ ᠪᠤᠯᠪᠠᠰᠤᠷᠠᠯ ᠢ ᠦᠨ᠎ᠠ ᠲᠦᠯᠤᠪᠤᠷᠢ ᠦᠭᠡᠢ ᠪᠠᠷ ᠬᠠᠩᠭᠠᠵᠦ᠂ ᠪᠤᠯᠪᠠᠰᠤᠷᠠᠯ ᠤᠨ ᠨᠦᠬᠦᠪᠤᠷᠢ  ᠶᠢᠨ ᠪᠠᠯᠨ ᠮᠦᠩᠬᠦ ᠶᠢ ᠨᠦᠬᠦᠪᠤᠷᠢ ᠶᠢᠨ ᠪᠠᠶᠢᠭᠤᠯᠤᠮᠵᠢ ᠠᠴᠠ ᠰᠢᠭᠤᠳ ᠨᠦᠬᠦᠪᠤᠷᠢᠯᠠᠨ᠎ᠠ᠃ ᠪᠤᠯᠪᠠᠰᠤᠷᠠᠯ ᠤᠨ ᠨᠦᠬᠦᠪᠤᠷᠢ ᠶᠢᠨ ᠬᠢᠴᠢᠶᠠᠯ ᠤᠨ ᠴᠠᠭ ᠪᠠ ᠨᠦᠬᠦᠪᠤᠷᠢ ᠶᠢᠨ ᠪᠠᠷᠢᠮᠵᠢᠶ᠎ᠠ ᠶᠢ ᠦᠪᠤᠷ ᠬᠦᠮᠦᠨ ᠨᠠᠶᠢᠭᠡᠮ ᠲᠠᠷᠬᠠᠭᠠᠭᠰᠠᠨ ﹇2019﹈ 12 ᠳ᠋ᠤᠭᠠᠷ ᠲᠤᠭᠠᠲᠤ ᠪᠢᠴᠢᠭ ᠮᠠᠲ᠋ᠧᠷᠢᠶᠠᠯ ᠪᠠ ᠦᠪᠤᠷ ᠬᠦᠭᠵᠢᠬᠦᠯᠦᠯᠳᠡ ᠦᠭᠡᠷᠡᠴᠢᠯᠠᠯᠳᠠ ᠰᠦᠢᠳᠭᠡᠯ ᠦᠰᠦᠭ ﹇2015﹈ 1552 ᠳ᠋ᠤᠭᠠᠷ ᠲᠤᠭᠠᠲᠤ ᠪᠢᠴᠢᠭ ᠮᠠᠲ᠋ᠧᠷᠢᠶᠠᠯ ᠶᠣᠰᠣᠭᠠᠷ ᠭᠡᠷᠡᠭᠵᠢᠬᠦᠯᠦᠨ᠎ᠠ᠃ ᠪᠤᠯᠪᠠᠰᠤᠷᠠᠯ ᠳᠤ ᠤᠷᠤᠯᠴᠠᠬᠤ ᠶᠢᠨ ᠬᠠᠮᠲᠤ ᠠᠵᠢᠯ ᠮᠡᠷᠭᠡᠵᠢᠯ ᠤᠨ ᠬᠢᠷᠢ ᠭᠡᠮ ᠤᠨ ᠦᠨᠠᠮᠯᠠᠯ ᠪᠤᠶᠤ ᠲᠤᠰᠬᠠᠢ ᠲᠦᠷᠦᠯ ᠤᠨ ᠠᠵᠢᠯ ᠮᠡᠷᠭᠡᠵᠢᠯ ᠤᠨ ᠴᠢᠳᠠᠪᠤᠷᠢ ᠶᠢᠨ ᠦᠨᠡᠮᠯᠠᠯ ᠢᠶᠠᠨ ᠠᠪᠤᠭᠰᠠᠨ ᠪᠤᠯ᠂ ᠪᠤᠳᠠᠲᠤ ᠪᠠᠶᠢᠳᠠᠯ ᠢ ᠨᠢ ᠦᠨᠲᠤᠰᠦᠯᠠᠵᠦ ᠠᠵᠢᠯ ᠮᠠᠷᠭᠡᠵᠢᠯ ᠤᠨ ᠴᠢᠳᠠᠪᠤᠷᠢ ᠶᠢᠨ ᠬᠢᠨ᠋ᠨᠨ ᠲᠤᠭᠳᠠᠭᠠᠬᠤ ᠰᠦᠢᠳᠭᠡᠯ ᠤᠨ ᠨᠦᠬᠦᠪᠤᠷᠢ ᠣᠯᠭᠤᠵᠦ᠂ ᠬᠢᠨ᠋ᠨᠨ ᠲᠤᠭᠳᠠᠭᠠᠬᠤ ᠨᠦᠬᠦᠪᠤᠷᠢ ᠶᠢᠨ ᠪᠠᠯᠨ ᠮᠦᠩᠬᠦ ᠶᠢ ᠠᠵᠢᠯ ᠮᠠᠷᠭᠡᠵᠢᠯ ᠤᠨ ᠴᠢᠳᠠᠪᠤᠷᠢ ᠶᠢᠨ ᠬᠢᠨ᠋ᠨᠨ ᠲᠤᠭᠳᠠᠭᠠᠬᠤ ᠦᠷᠳᠡᠭᠡ ᠳᠤ ᠰᠢᠭᠤᠳ ᠨᠦᠬᠦᠪᠤᠷᠢᠯᠠᠵᠦ ᠪᠤᠯᠤᠨ᠎ᠠ᠃ ᠦᠪᠤᠷ ᠡᠳ᠋ ᠤᠨ ᠵᠠᠰᠠᠭ ᠨᠠᠶᠢᠭᠡᠮ ﹇2019﹈ 289 ᠳ᠋ᠤᠭᠠᠷ ᠲᠤᠭᠠᠲᠤ ᠪᠢᠴᠢᠭ ᠮᠠᠲ᠋ᠧᠷᠢᠶᠠᠯ ᠤᠨ ᠲᠤᠭᠳᠠᠭᠠᠯ ᠳᠤ ᠨᠠᠶᠢᠴᠡᠭᠰᠡᠨ ᠲᠠᠪᠤᠨ ᠲᠦᠷᠦᠯ ᠤᠨ ᠬᠦᠮᠦᠰ  ᠤᠨ ᠬᠦᠷᠢᠶ᠎ᠠ ᠭᠡᠪᠴᠢᠶᠠᠨ ᠳᠤ ᠪᠠᠶᠢᠪᠠᠯ᠂ ᠠᠯᠢᠪᠠ ᠭᠡᠷᠡᠭᠰᠡᠬᠦ ᠪᠠᠯᠨ ᠮᠦᠩᠬᠦ ᠶᠢ ᠠᠵᠢᠯ ᠤᠯᠭᠤᠬᠤ ᠲᠤᠰᠬᠠᠢ ᠲᠦᠷᠦᠯ  ᠤᠨ ᠪᠠᠯᠨ ᠮᠦᠩᠬᠦ ᠶᠢᠨ ᠲᠤᠮᠳᠠ ᠠᠴᠠ ᠵᠠᠷᠤᠴᠠᠭᠤᠯᠤᠨ᠎ᠠ︔ ᠦᠪᠤᠷ ᠡᠳ᠋ ᠤᠨ ᠵᠠᠰᠠᠭ ᠨᠠᠶᠢᠭᠡᠮ ﹇2019﹈ 289 ᠳ᠋ᠤᠭᠠᠷ ᠲᠤᠭᠠᠲᠤ ᠪᠢᠴᠢᠭ ᠮᠠᠲ᠋ᠧᠷᠢᠶᠠᠯ ᠤᠨ ᠲᠤᠭᠳᠠᠭᠠᠯ ᠳᠤ ᠦᠯᠦ ᠨᠠᠶᠢᠴᠡᠭᠰᠡᠨ ᠲᠠᠪᠤᠨ ᠲᠦᠷᠦᠯ ᠤᠨ ᠬᠦᠮᠦᠰ ᠤᠨ ᠬᠦᠷᠢᠶ᠎ᠠ ᠭᠡᠪᠴᠢᠶᠠᠨ ᠳᠠᠬᠢ ᠮᠠᠯᠵᠢᠬᠤ ᠲᠠᠷᠢᠶᠠᠯᠠᠬᠤ ᠤᠷᠤᠨ ᠤ ᠬᠦᠳᠡᠯᠮᠤᠷᠢ ᠬᠦᠴᠦᠨ ᠤ ᠠᠯᠢᠪᠠ ᠭᠡᠷᠡᠭᠰᠡᠬᠦ ᠪᠠᠯᠨ ᠮᠦᠩᠬᠦ ᠶᠢ ᠲᠤᠬᠠᠢ ᠶᠢᠨ ᠭᠠᠵᠠᠷ ᠤᠨ ᠦᠢᠯᠡᠰ ᠪᠦᠲᠤᠭᠡᠬᠦ ᠬᠦᠭᠵᠢᠯᠳᠡ ᠶᠢᠨ ᠪᠠᠯᠨ ᠮᠦᠩᠬᠦ ᠶᠢᠨ ᠲᠤᠮᠳᠠ ᠠᠴᠠ ᠵᠠᠷᠤᠴᠠᠭᠤᠯᠵᠦ᠂ ᠡᠯ᠎ᠠ ᠬᠤᠰᠢᠭᠤ ᠤᠷᠤᠨ ᠪᠤᠳᠠᠲᠤ ᠪᠠᠶᠢᠳᠠᠯ ᠢᠶᠠᠨ ᠦᠨᠲᠤᠰᠦᠯᠠᠵᠦ ᠪᠤᠳᠠᠲᠠᠢ ᠭᠡᠷᠡᠭᠵᠢᠬᠦᠯᠬᠦ ᠠᠷᠭ᠎ᠠ ᠪᠠᠨ ᠲᠤᠭᠳᠠᠭᠠᠨ᠎ᠠ᠃  ︵ᠬᠠᠷᠢᠭᠤᠴᠠᠬᠤ ᠪᠠᠶᠢᠭᠤᠯᠭ᠎ᠠ᠄ ᠠᠶᠢᠮᠠᠭ ᠤᠨ ᠬᠦᠮᠦᠨ ᠤ ᠬᠦᠴᠦᠨ  ᠤ ᠡᠬᠢ ᠪᠠᠶᠠᠯᠢᠭ ᠪᠠ ᠨᠠᠶᠢᠭᠡᠮ ᠤᠨ ᠪᠠᠲᠤᠯᠠᠭ᠎ᠠ ᠶᠢᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ︶           ᠶᠢᠰᠤ᠂ ᠮᠡᠷᠭᠡᠵᠢᠯ ᠤᠨ ᠴᠢᠳᠠᠪᠤᠷᠢ ᠶᠢ ᠦᠷᠭᠡᠳᠭᠡᠵᠦ ᠨᠦᠬᠦᠪᠤᠷᠢ ᠭᠤᠶᠤᠴᠢᠯᠠᠨ ᠠᠪᠬᠤ ᠨᠦᠬᠦᠴᠠᠯ ᠢ ᠲᠡᠭᠡᠭᠰᠢᠯᠡᠬᠦᠯᠤᠨ᠎ᠠ           2019 ᠤᠨ ᠤ 1 ᠰᠠᠷ᠎ᠠ ᠶᠢᠨ 1 ᠤ ᠡᠲᠤᠷ ᠠᠴᠠ 2020 ᠤᠨ ᠤ 12 ᠰᠠᠷ᠎ᠠ ᠶᠢᠨ 31 ᠤ ᠡᠲᠤᠷ ᠪᠣᠯᠳᠠᠯ᠎ᠠ᠂ ᠮᠡᠷᠭᠡᠵᠢᠯ ᠤᠨ ᠴᠢᠳᠠᠪᠤᠷᠢ ᠶᠢ ᠲᠡᠭᠡᠭᠰᠢᠯᠡᠬᠦᠯᠬᠦ ᠨᠦᠬᠦᠪᠤᠷᠢ ᠶᠢ ᠭᠤᠶᠤᠴᠢᠯᠠᠨ ᠠᠪᠬᠤ ᠨᠦᠬᠦᠴᠠᠯ ᠢ ᠠᠵᠦ ᠠᠬᠤᠶᠢᠯᠠᠯ ᠤᠨ ᠠᠵᠢᠯ ᠤᠨ ᠪᠠᠶᠢᠷᠢᠨ ᠳᠠᠭᠠᠨ ᠪᠠᠶᠢᠭ᠎ᠠ ᠠᠵᠢᠯᠳᠠᠨ ᠠᠵᠢᠯᠴᠢᠨ ᠠᠵᠢᠯ ᠠᠯᠳᠠᠭᠰᠠᠨ ᠲᠠᠭᠠᠳᠬᠠᠯ  ᠳᠤ ᠤᠷᠤᠯᠴᠠᠬᠤ ᠬᠤᠭᠤᠴᠠᠭ᠎ᠠ ᠶᠢ 3 ᠵᠢᠯ ︵3 ᠵᠢᠯ ᠢ ᠪᠠᠭᠳᠠᠭᠠᠨ᠎ᠠ︶ ᠠᠴᠠ ᠲᠡᠭᠡᠭᠰᠢ ᠪᠠᠶᠢᠭᠰᠠᠨ ᠠᠴᠠ ᠨᠢ 1 ᠵᠢᠯ ︵1 ᠵᠢᠯ ᠢ ᠪᠠᠭᠳᠠᠭᠠᠨ᠎ᠠ︶ ᠠᠴᠠ ᠲᠡᠭᠡᠭᠰᠢ ᠪᠣᠯᠭᠠᠨ᠎ᠠ᠃ ᠲᠠᠭᠠᠳᠬᠠᠯ ᠳᠤ ᠤᠷᠤᠯᠴᠠᠭᠰᠠᠨ ᠠᠵᠢᠯᠳᠠᠨ ᠠᠵᠢᠯᠴᠢᠨ ᠠᠵᠢᠯ ᠮᠡᠷᠭᠡᠵᠢᠯ ᠤᠨ ᠬᠢᠷᠢ ᠭᠡᠮ ᠤᠨ ᠦᠨᠡᠮᠯᠠᠯ ᠪᠤᠶᠤ ᠠᠵᠢᠯ ᠮᠡᠷᠭᠡᠵᠢᠯ ᠤᠨ ᠴᠢᠳᠠᠪᠤᠷᠢ ᠶᠢᠨ ᠵᠡᠷᠭᠡ ᠲᠡᠰ ᠤᠨ ᠦᠨᠡᠮᠯᠡᠯ ᠢ ᠤᠯᠤᠭᠰᠠᠨ ᠪᠤᠯ᠂ ᠲᠠᠭᠠᠳᠬᠠᠯ ᠳᠤ ᠤᠷᠤᠯᠴᠠᠭᠰᠠᠨ ᠭᠠᠵᠠᠷ ᠲᠠᠭᠠᠨ ᠮᠡᠷᠭᠡᠵᠢᠯ ᠤᠨ ᠴᠢᠳᠠᠪᠤᠷᠢ  ᠶᠢ ᠲᠡᠭᠡᠭᠰᠢᠯᠡᠬᠦᠯᠬᠦ ᠨᠦᠬᠦᠪᠤᠷᠢ ᠶᠢ ᠭᠤᠶᠤᠴᠢᠯᠠᠵᠦ ᠪᠤᠯᠤᠨ᠎ᠠ᠂ ᠠᠯᠢᠪᠠ ᠭᠡᠷᠡᠭᠰᠡᠬᠦ ᠪᠠᠯᠨ ᠮᠦᠩᠬᠦ ᠶᠢ ᠠᠵᠢᠯ ᠠᠯᠳᠠᠭᠰᠠᠨ ᠲᠠᠭᠠᠳᠬᠠᠯ ᠤᠨ ᠰᠠᠭᠤᠷᠢ ᠮᠦᠩᠬᠦᠨ ᠤ ᠲᠤᠮᠳᠠ ᠠᠴᠠ ᠵᠠᠷᠤᠴᠠᠭᠤᠯᠵᠦ᠂ ᠪᠤᠳᠠᠲᠠᠢ ᠨᠦᠬᠦᠪᠤᠷᠢ ᠶᠢᠨ ᠪᠠᠷᠢᠮᠵᠢᠶ᠎ᠠ ᠶᠢ ᠠᠩᠬᠠᠨ ᠤ ᠲᠡᠰ ︵ᠲᠠᠪᠤᠨ ᠲᠡᠰ︶᠂ ᠲᠤᠮᠳᠠ ᠲᠡᠰ ︵ᠲᠦᠷᠪᠠᠨ ᠲᠡᠰ︶᠂ ᠳᠡᠭᠡᠳᠦ ᠲᠡᠰ        ︵ᠭᠤᠷᠪᠠᠨ ᠲᠡᠰ︶ ᠤᠨ ᠠᠵᠢᠯ ᠮᠡᠷᠭᠡᠵᠢᠯ ᠤᠨ ᠬᠢᠷᠢ ᠭᠡᠮ ᠤᠨ ᠦᠨᠡᠮᠯᠠᠯ ᠡᠰᠡᠬᠦᠯ᠎ᠠ ᠠᠵᠢᠯ ᠮᠡᠷᠭᠡᠵᠢᠯ ᠤᠨ ᠴᠢᠳᠠᠪᠤᠷᠢ ᠶᠢᠨ ᠵᠡᠷᠭᠡ ᠲᠡᠰ ᠤᠨ ᠦᠨᠡᠮᠯᠡᠯ ᠤᠯᠤᠭᠰᠠᠨ ᠪᠤᠯ ᠲᠤᠰ ᠲᠤᠰ 1000 ᠲᠦᠬᠦᠷᠢᠭ᠂ 1500 ᠲᠦᠬᠦᠷᠢᠭ᠂ 2000 ᠲᠦᠬᠦᠷᠢᠭ ᠠᠴᠠ ᠭᠡᠲᠤᠷᠡᠬᠦᠯᠬᠦ ᠦᠭᠡᠢ ᠪᠠᠷ ᠪᠤᠯᠪᠠᠰᠤᠷᠠᠯ ᠤᠨ ᠨᠦᠬᠦᠪᠤᠷᠢ ᠣᠯᠭᠤᠨ᠎ᠠ᠃     ︵ᠬᠠᠷᠢᠭᠤᠴᠠᠬᠤ ᠪᠠᠶᠢᠭᠤᠯᠭ᠎ᠠ᠄ ᠠᠶᠢᠮᠠᠭ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠠᠶᠢᠭᠡᠮ ᠤᠨ ᠪᠠᠲᠤᠯᠠᠭ᠎ᠠ  ᠶᠢᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ︶           ᠠᠷᠪᠠ᠂ ᠠᠵᠢᠯ ᠠᠯᠳᠠᠭᠰᠠᠳ ᠢ ᠪᠠᠶᠢᠩᠭᠤ ᠰᠠᠭᠤᠭ᠎ᠠ ᠭᠠᠵᠠᠷ ᠲᠤᠨᠢ ᠲᠠᠩᠰᠠᠯᠠᠬᠤ ᠦᠢᠯᠠᠴᠢᠯᠡᠭᠡ ᠬᠠᠩᠭᠠᠨ᠎ᠠ           ᠬᠠᠤᠯᠢ ᠪᠠᠷ ᠲᠤᠭᠳᠠᠭᠠᠭᠰᠠᠨ ᠬᠦᠳᠡᠯᠮᠦᠷᠢᠯᠡᠬᠦ ᠨᠠᠰᠤᠨ ᠤ ᠲᠤᠲᠤᠷ᠎ᠠ᠂ ᠬᠦᠳᠡᠯᠮᠤᠷᠢᠯᠠᠬᠦ ᠴᠢᠳᠠᠪᠤᠷᠢ ᠲᠠᠢ᠂ ᠠᠵᠢᠯ ᠤᠯᠬᠤ ᠱᠠᠭᠠᠷᠳᠠᠯᠭ᠎ᠠ ᠲᠠᠢ ᠪᠤᠯᠪᠠᠴᠦ ᠠᠵᠢᠯ ᠦᠭᠡᠢ ᠪᠠᠶᠢᠬᠤ ᠠᠵᠢᠯ ᠠᠯᠳᠠᠭᠰᠠᠳ ᠪᠠᠶᠢᠩᠭᠤ ᠰᠠᠭᠤᠭ᠎ᠠ ᠭᠠᠵᠠᠷ ᠤᠨ ᠤᠯᠠᠨ ᠨᠠᠶᠢᠳᠠ ᠶᠢᠨ ᠠᠵᠢᠯ ᠤᠯᠭᠤᠬᠤ ᠦᠢᠯᠠᠴᠢᠯᠡᠭᠡᠨ ᠤ ᠪᠠᠶᠢᠭᠤᠯᠤᠮᠵᠢ ᠳᠤ ᠠᠵᠢᠯ ᠠᠯᠳᠠᠭᠰᠠᠨ ᠢᠶᠠᠨ ᠲᠠᠩᠰᠠᠯᠠᠭᠤᠯᠵᠦ᠂ ᠪᠠᠶᠢᠩᠭᠤ ᠰᠠᠭᠤᠭ᠎ᠠ ᠭᠠᠵᠠᠷ ᠲᠠᠭᠠᠨ ᠠᠵᠢᠯ ᠤᠯᠵᠦ ᠦᠢᠯᠡᠰ ᠪᠦᠲᠤᠭᠡᠬᠦ ᠦᠢᠯᠠᠴᠢᠯᠡᠭᠡ᠂ ᠠᠵᠢᠯ ᠣᠯᠭᠤᠯᠳᠠ ᠶᠢᠨ ᠲᠠᠮᠵᠢᠯᠭᠡ ᠶᠢᠨ ᠲᠦᠷᠦ ᠶᠢᠨ ᠪᠤᠲᠤᠯᠭ᠎ᠠ᠂ ᠭᠤᠤᠯᠳᠠᠯᠭ᠎ᠠ ᠲᠠᠢ ᠬᠦᠮᠦᠰ ᠤᠨ ᠠᠵᠢᠯ ᠤᠯᠵᠦ ᠦᠢᠯᠡᠰ ᠪᠦᠲᠤᠭᠡᠬᠦ ᠭᠠᠶᠢᠯᠢ ᠳᠣᠰᠢᠶᠠᠬᠤ ᠬᠠᠷᠠᠭᠠᠯᠵᠠᠯ ᠤᠨ ᠲᠦᠷᠦ ᠶᠢᠨ ᠪᠤᠲᠤᠯᠭ᠎ᠠ ᠶᠢ ᠭᠤᠶᠤᠴᠢᠯᠠᠨ ᠬᠦᠷᠳᠡᠬᠦ ᠶᠢ ᠵᠦᠪᠰᠢᠶᠡᠷᠡᠨ᠎ᠡ᠃ ᠠᠵᠢᠯ ᠠᠯᠳᠠᠭᠰᠠᠨ ᠢᠶᠠᠨ ᠲᠠᠩᠰᠠᠯᠠᠬᠤ ᠨᠦᠬᠦᠴᠠᠯ ᠳᠤ ᠨᠠᠶᠢᠴᠡᠭᠰᠡᠨ ᠬᠦᠮᠦᠰ ᠢ ᠡᠷᠦᠬᠡ ᠠᠮᠨ  ᠶᠢᠨ ᠳᠠᠩᠰᠠ ᠨᠢ ᠰᠠᠯᠤᠩᠬᠢ ᠪᠠᠶᠢᠬᠤ ᠪᠠ ᠡᠷᠤᠭᠡ ᠠᠮᠨ ᠶᠢᠨ ᠳᠠᠩᠰᠠ ᠨᠢ ᠲᠤᠬᠠᠢ ᠶᠢᠨ ᠭᠠᠵᠠᠷ ᠲᠤᠨᠢ ᠪᠠᠶᠢᠬᠤ ᠦᠭᠡᠢ ᠪᠤᠶᠤ ᠲᠠᠩᠰᠠᠨ ᠳᠤ ᠦᠭᠡᠢ ᠪᠠᠶᠢᠬᠤ ᠰᠢᠯᠳᠠᠭᠠᠨ ᠢᠶᠠᠷ ᠬᠦᠯᠢᠶᠠᠨ ᠠᠪᠴᠦ ᠬᠦᠢᠴᠡᠳᠬᠡᠬᠦ ᠦᠭᠡᠢ ᠪᠠᠶᠢᠵᠦ ᠪᠤᠯᠬᠤ ᠦᠭᠡᠢ᠃ ᠠᠵᠢᠯ ᠤᠯᠬᠤ ᠳᠤ ᠬᠦᠴᠢᠷᠳᠡᠯᠲᠡᠢ ᠨᠦᠬᠦᠴᠠᠯ ᠳᠤ ᠨᠠᠶᠢᠴᠡᠭᠰᠡᠨ ᠬᠦᠮᠦᠰ ᠨᠢ ᠪᠠᠶᠢᠩᠭᠤ ᠰᠠᠭᠤᠭ᠎ᠠ ᠭᠠᠵᠠᠷ ᠲᠠᠭᠠᠨ ᠠᠵᠢᠯ ᠤᠯᠬᠤ ᠳᠤ ᠬᠦᠴᠢᠷᠳᠡᠯᠲᠡᠢ ᠬᠦᠮᠦᠰ ᠢᠶᠠᠷ ᠲᠤᠭᠳᠠᠭᠠᠭᠳᠠᠬᠤ ᠶᠢ ᠭᠤᠶᠤᠴᠢᠯᠠᠵᠦ᠂ ᠠᠵᠢᠯ ᠤᠯᠬᠤ ᠲᠡᠮᠵᠢᠯᠭᠡ ᠶᠢ ᠬᠦᠷᠳᠡᠵᠦ᠂ ᠪᠠᠶᠢᠩᠭᠤ ᠰᠠᠭᠤᠭ᠎ᠠ ᠭᠠᠵᠠᠷ ᠤᠨ ᠠᠵᠤ ᠠᠬᠤᠶᠢᠯᠠᠯ ᠳᠠᠭᠠᠨ ᠲᠠᠭᠠᠳᠬᠠᠯ ᠳᠤ ᠤᠷᠤᠯᠴᠠᠭᠰᠠᠨ ᠪᠤᠶᠤ ᠠᠮᠢᠳᠣᠯᠢᠭ ᠢᠶᠠᠷ ᠠᠵᠢᠯ ᠤᠯᠤᠭᠰᠠᠨ ᠤ ᠲᠠᠷᠠᠭ᠎ᠠ ᠲᠠᠭᠠᠳᠬᠠᠯ ᠳᠤ ᠤᠷᠤᠯᠴᠠᠭᠰᠠᠨ ᠪᠤᠯ᠂ ᠨᠠᠶᠢᠭᠡᠮ ᠤᠨ ᠲᠠᠭᠠᠳᠬᠠᠯ ᠤᠨ ᠨᠦᠬᠦᠪᠤᠷᠢ ᠬᠦᠷᠳᠡᠵᠦ ᠪᠤᠯᠤᠨ᠎ᠠ᠃ ᠡᠯ᠎ᠠ ᠱᠠᠲᠤᠨ ᠤ ᠤᠯᠠᠨ ᠨᠠᠶᠢᠳᠠ ᠶᠢᠨ ᠠᠵᠢᠯ ᠣᠯᠭᠤᠬᠤ ᠦᠢᠯᠠᠴᠢᠯᠡᠭᠡᠨ ᠤ ᠪᠠᠶᠢᠭᠤᠯᠤᠮᠵᠢ ᠨᠢ ᠦᠢᠯᠠᠴᠢᠯᠡᠭᠡᠨ ᠤ ᠶᠠᠰᠤ ᠴᠢᠨᠠᠷ ᠪᠠ ᠬᠢᠷᠢ ᠲᠦᠪᠰᠢᠨ ᠢᠶᠠᠨ ᠲᠡᠭᠡᠭᠰᠢᠯᠡᠬᠦᠯᠵᠦ᠂ ᠨᠠᠶᠢᠭᠡᠮ ᠤᠨ ᠲᠠᠭᠠᠳᠬᠠᠯ ᠤᠨ ᠨᠦᠬᠦᠪᠤᠷᠢ᠂ ᠠᠵᠢᠯ ᠤᠨ ᠪᠠᠶᠢᠷᠢ ᠶᠢᠨ ᠨᠦᠬᠦᠪᠤᠷᠢ ᠵᠡᠷᠭᠡ ᠲᠡᠮᠵᠢᠯᠭᠡ ᠶᠢᠨ ᠲᠦᠷᠦ ᠶᠢᠨ ᠪᠤᠲᠤᠯᠭ᠎ᠠ ᠶᠢ ᠳᠣᠭᠳᠠᠭᠠᠯ ᠶᠣᠰᠣᠭᠠᠷ ᠨᠠᠶᠢᠳᠠᠪᠤᠷᠢᠵᠢᠭᠤᠯᠵᠦ᠂ ᠨᠦᠬᠦᠪᠤᠷᠢᠯᠠᠬᠦ ᠶᠤᠰᠤᠲᠡᠢ ᠶᠢ ᠨᠢ ᠪᠦᠬᠦᠨ ᠢ ᠨᠦᠬᠦᠪᠦᠷᠢᠯᠡᠬᠦ ᠬᠡᠷᠡᠭᠳᠡᠢ᠃ ᠨᠦᠬᠦᠴᠠᠯ ᠳᠤ ᠨᠡᠶᠢᠴᠡᠭᠰᠡᠨ ᠠᠵᠢᠯ ᠠᠯᠳᠠᠭᠰᠠᠳ ᠲᠤ᠂ ᠠᠵᠢᠯ ᠠᠯᠳᠠᠭᠰᠠᠨ ᠲᠠᠭᠠᠳᠬᠠᠯ ᠤᠨ ᠰᠠᠭᠤᠷᠢ ᠮᠦᠩᠬᠦᠨ ᠠᠴᠠ ᠠᠵᠢᠯ ᠠᠯᠳᠠᠭᠰᠠᠨ ᠲᠠᠭᠠᠳᠬᠠᠯ ᠤᠨ ᠮᠦᠩᠬᠦ ᠲᠠᠷᠬᠠᠭᠠᠵᠦ᠂ ᠬᠤᠪᠢ ᠬᠦᠮᠦᠨ ᠤ ᠲᠤᠰᠢᠶᠠᠬᠤ ᠶᠤᠰᠤᠲᠡᠢ ᠦᠨᠲᠤᠰᠤᠨ ᠡᠮ ᠡᠮᠨᠡᠯᠭᠡ ᠶᠢᠨ ᠲᠠᠭᠠᠳᠬᠠᠯ ᠤᠨ ᠰᠦᠢᠳᠭᠡᠯ ᠢ ᠠᠵᠢᠯ ᠠᠯᠳᠠᠭᠰᠠᠨ ᠲᠠᠭᠠᠳᠬᠠᠯ ᠤᠨ ᠰᠠᠭᠤᠷᠢ ᠮᠦᠩᠬᠦᠨ ᠠᠴᠠ ᠵᠠᠷᠤᠴᠠᠭᠤᠯᠤᠨ᠎ᠠ᠃ ︵ᠬᠠᠷᠢᠭᠤᠴᠠᠬᠤ ᠪᠠᠶᠢᠭᠤᠯᠭ᠎ᠠ᠄ ᠠᠶᠢᠮᠠᠭ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠠᠶᠢᠭᠡᠮ ᠤᠨ ᠪᠠᠲᠤᠯᠠᠭ᠎ᠠ ᠶᠢᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ᠂ ᠡᠮ ᠡᠮᠨᠡᠯᠭᠡ ᠶᠢᠨ ᠪᠠᠲᠤᠯᠠᠭ᠎ᠠ ᠶᠢᠨ ᠲᠤᠪᠴᠢᠶ᠎ᠠ᠂ ᠭᠠᠶᠢᠯᠢ ᠶᠢᠨ ᠶᠠᠪᠤᠳᠠᠯ ᠤᠨ ᠲᠤᠪᠴᠢᠶ᠎ᠠ᠂ ᠡᠯ᠎ᠠ ᠬᠤᠰᠢᠭᠤ  ᠣᠷᠣᠨ ᠤ ᠠᠷᠠᠳ ᠤᠨ ᠵᠠᠰᠠᠭ ᠤᠨ ᠤᠷᠲᠤᠨ᠂ ᠬᠠᠮᠢᠶᠠᠷᠤᠯᠳᠠ ᠶᠢᠨ ᠵᠦᠪᠯᠠᠯ︶           ᠠᠷᠪᠠᠨ ᠨᠢᠭᠡ᠂ ᠬᠦᠴᠢᠷᠳᠡᠯᠲᠡᠢ ᠬᠦᠮᠦᠰ ᠤᠨ ᠠᠮᠢᠲᠤᠷᠠᠯ ᠤᠨ ᠲᠤᠰᠠᠯᠠᠯᠳᠠ ᠶᠢ ᠴᠢᠩᠭᠠᠳᠬᠠᠨ᠎ᠠ           ᠬᠤᠳᠠ ᠬᠦᠳᠡᠭᠡ ᠶᠢ ᠠᠭᠤᠰᠤᠯᠴᠠᠭᠤᠯᠤᠭᠰᠠᠨ ᠠᠵᠢᠯ ᠤᠯᠭᠤᠯᠳᠠ ᠶᠢᠨ ᠲᠦᠷᠦ ᠶᠢᠨ ᠪᠤᠲᠤᠯᠭ᠎ᠠ ᠶᠢ ᠬᠠᠶᠢᠨ ᠰᠦᠪᠡᠭᠴᠢᠯᠠᠨ ᠲᠡᠬᠦᠯᠳᠡᠷᠵᠢᠬᠦᠯᠵᠦ᠂ ᠠᠵᠢᠯ ᠤᠯᠬᠤ ᠳᠤ ᠬᠦᠴᠢᠷᠳᠡᠯᠲᠡᠢ ᠬᠦᠮᠦᠰ ᠤᠨ ᠬᠦᠷᠢᠶ᠎ᠠ ᠭᠡᠪᠴᠢᠶ᠎ᠠ  ᠶᠢ ᠴᠠᠭ ᠳᠣᠬᠠᠢ ᠳᠤᠨᠢ ᠵᠤᠬᠢᠴᠠᠭᠤᠯᠤᠨ ᠲᠤᠬᠢᠷᠠᠭᠤᠯᠵᠦ᠂ ᠡᠯ᠎ᠠ ᠬᠤᠰᠢᠭᠤ ᠣᠷᠣᠨ ᠨᠠᠶᠢᠳᠠ ᠶᠢᠨ ᠠᠰᠠᠷᠠᠮᠵᠢ ᠶᠢᠨ ᠴᠢᠨᠠᠷᠲᠡᠢ ᠠᠵᠢᠯ ᠤᠨ ᠪᠠᠶᠢᠷᠢ ᠶᠢ ᠨᠡᠭᠡᠭᠡᠨ ᠬᠦᠭᠵᠢᠬᠦᠯᠵᠦ ᠠᠵᠢᠯ ᠤᠯᠬᠤ ᠳᠤ ᠬᠦᠴᠢᠷᠳᠡᠯᠲᠡᠢ ᠬᠦᠮᠦᠰ ᠢ ᠰᠠᠭᠤᠷᠢ  ᠠᠴᠠ ᠨᠢ ᠳᠠᠭᠠᠭᠠᠨ ᠲᠤᠬᠢᠷᠠᠭᠤᠯᠬᠤ ᠶᠢ ᠵᠤᠷᠢᠭᠵᠢᠭᠤᠯᠵᠦ᠂ ᠠᠵᠢᠯ ᠦᠬᠡᠢ ᠭᠡᠷ ᠪᠦᠯᠢ ᠶᠢᠨ ᠪᠠᠶᠢᠳᠠᠯ ᠢ ᠬᠦᠳᠡᠯᠦᠩᠬᠦᠢ ᠪᠠᠷ ᠦᠭᠡᠶᠢᠰᠭᠡᠬᠦ ᠶᠢ ᠦᠨᠠᠨᠬᠦ ᠪᠠᠲᠤᠯᠠᠨ᠎ᠠ᠃ ᠨᠦᠬᠦᠴᠠᠯ ᠳᠤ ᠨᠠᠶᠢᠴᠡᠭᠰᠡᠨ ᠠᠮᠢᠲᠤᠷᠠᠯ ᠬᠦᠴᠢᠷᠳᠡᠯᠲᠡᠢ ᠠᠵᠢᠯ ᠠᠯᠳᠠᠭᠰᠠᠳ ᠲᠤ ᠲᠦᠷ ᠴᠠᠭ ᠤᠨ ᠠᠮᠢᠲᠤᠷᠠᠯ ᠤᠨ ᠨᠦᠬᠦᠪᠤᠷᠢ ᠦᠭᠴᠦ᠂ ᠨᠦᠬᠦᠪᠤᠷᠢ ᠶᠢᠨ ᠪᠠᠷᠢᠮᠵᠢᠶ᠎ᠠ ᠶᠢ ᠭᠡᠷ ᠪᠦᠯᠢ ᠶᠢᠨ ᠬᠦᠴᠢᠷᠳᠡᠯ ᠤᠨ ᠭᠡᠮᠵᠢᠶ᠎ᠠ᠂ ᠭᠠᠵᠠᠷ ᠤᠷᠤᠨ ᠤ ᠭᠡᠷᠡᠭᠯᠡᠭᠡᠨ ᠤ ᠬᠢᠷᠢ ᠲᠦᠪᠰᠢᠨ ᠵᠡᠷᠭᠡ ᠶᠠᠷᠤᠩᠭᠡᠢ ᠪᠠᠶᠢᠳᠠᠯ ᠢ ᠨᠢ ᠦᠨᠳᠦᠰᠦᠯᠡᠵᠦ ᠲᠤᠭᠳᠠᠭᠠᠨ᠎ᠠ᠃ ᠬᠠᠮᠤᠭ ᠨᠠᠭᠠᠲᠤ ᠵᠠᠬ᠎ᠠ ᠶᠢᠨ ᠠᠮᠢᠲᠤᠷᠠᠯ ᠤᠨ ᠪᠠᠲᠤᠯᠠᠭ᠎ᠠ ᠶᠢᠨ ᠨᠦᠬᠦᠴᠠᠯ ᠳᠤ ᠨᠠᠶᠢᠴᠡᠭᠰᠡᠨ ᠭᠡᠷ ᠪᠦᠯᠢ ᠶᠢ ᠴᠠᠭ ᠲᠤᠬᠠᠢ ᠳᠤᠨᠢ ᠬᠠᠮᠤᠭ ᠨᠠᠭᠠᠲᠤ ᠵᠠᠬ᠎ᠠ ᠶᠢᠨ ᠠᠮᠢᠲᠤᠷᠠᠯ ᠤᠨ ᠪᠠᠲᠤᠯᠠᠭ᠎ᠠ ᠶᠢᠨ ᠬᠦᠷᠢᠶ᠎ᠠ ᠭᠡᠪᠴᠢᠶᠠᠨ ᠳᠤ ᠤᠷᠤᠭᠤᠯᠤᠨ᠎ᠠ᠃ ᠲᠦᠷ ᠴᠠᠭ ᠤᠨ ᠠᠪᠤᠷᠠᠨ ᠲᠤᠰᠠᠯᠠᠬᠤ ᠨᠦᠬᠦᠴᠠᠯ ᠳᠤ ᠨᠠᠶᠢᠴᠡᠭᠰᠡᠨ ᠭᠡᠷ ᠪᠦᠯᠢ ᠳᠤ ᠲᠦᠷ ᠴᠠᠭ ᠤᠨ ᠠᠪᠤᠷᠠᠨ ᠲᠤᠰᠠᠯᠠᠯᠳᠠ ᠬᠢᠵᠦ᠂ ᠠᠪᠤᠷᠠᠨ ᠲᠤᠰᠠᠯᠠᠬᠤ ᠪᠠᠷᠢᠮᠵᠢᠶ᠎ᠠ ᠶᠢ ᠬᠤᠯᠪᠣᠭᠳᠠᠯ ᠪᠦᠬᠦᠢ ᠲᠤᠭᠳᠠᠭᠠᠯ ᠶᠤᠰᠤᠭᠠᠷ ᠭᠡᠷᠡᠭᠵᠢᠬᠦᠯᠦᠨ᠎ᠠ᠃  ᠶᠡᠷᠦᠩᠬᠡᠶᠢᠯᠡᠭᠰᠡᠨ ᠠᠷᠭ᠎ᠠ ᠪᠠᠷᠢᠯ ᠢᠶᠠᠷ ᠲᠠᠮᠵᠢᠭᠤᠯᠵᠦ᠂ ᠬᠦᠴᠢᠷᠳᠡᠯᠲᠡᠢ ᠬᠦᠮᠦᠰ ᠢ ᠬᠠᠪᠰᠤᠷᠴᠦ ᠬᠦᠴᠢᠷᠳᠡᠯ ᠢ ᠨᠢ ᠰᠢᠢᠳᠪᠤᠷᠢᠯᠠᠵᠦ ᠬᠦᠴᠢᠷᠳᠡᠯ ᠠᠴᠠ ᠨᠢ ᠰᠠᠯᠭᠠᠨ᠎ᠠ᠃  ︵ᠬᠠᠷᠢᠭᠤᠴᠠᠬᠤ ᠪᠠᠶᠢᠭᠤᠯᠭ᠎ᠠ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠠᠶᠢᠮᠠᠭ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠠᠶᠢᠭᠡᠮ ᠤᠨ ᠪᠠᠲᠤᠯᠠᠭ᠎ᠠ ᠶᠢᠨ ᠲᠤᠪᠴᠢᠶ᠎ᠠ᠂ ᠠᠷᠠᠳ ᠤᠨ ᠶᠠᠪᠤᠳᠠᠯ ᠤᠨ ᠲᠤᠪᠴᠢᠶ᠎ᠠ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠨᠢᠭᠡᠴᠠ︶           ᠠᠷᠪᠠᠨ ᠬᠤᠶᠠᠷ᠂ ᠲᠦᠷᠦ ᠶᠢᠨ ᠪᠤᠲᠤᠯᠭ᠎ᠠ ᠶᠢᠨ ᠣᠬᠠᠭᠤᠯᠭ᠎ᠠ ᠪᠠ ᠠᠵᠢᠯ ᠤᠯᠭᠤᠯᠳᠠ ᠶᠢᠨ ᠦᠢᠯᠠᠴᠢᠯᠡᠭᠡ ᠶᠢ ᠢᠳᠡᠪᠬᠢᠲᠡᠢ ᠦᠷᠨᠢᠬᠦᠯᠦᠨ᠎ᠠ           ᠡᠯ᠎ᠠ ᠬᠤᠰᠢᠭᠤ ᠣᠷᠣᠨ᠂ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠡᠷᠭᠡᠪᠰᠢ ᠠᠵᠢᠯ ᠤᠯᠭᠤᠯᠳᠠ  ᠶᠢᠨ ᠲᠦᠷᠦ ᠶᠢᠨ ᠪᠤᠲᠤᠯᠭ᠎ᠠ ᠶᠢ ᠢᠳᠡᠪᠬᠢᠲᠡᠢ ᠵᠤᠬᠢᠶᠠᠨ ᠪᠠᠶᠢᠭᠤᠯᠤᠨ ᠤᠬᠠᠭᠤᠯᠵᠦ᠂ ᠤᠲᠤ ᠦᠶ᠎ᠠ ᠶᠢᠨ ᠮᠡᠳᠡᠭᠡ ᠵᠠᠩᠬᠢ ᠶᠢᠨ ᠵᠠᠭᠤᠴᠢᠯᠠᠭᠤᠷ ᠢ ᠬᠦᠢᠴᠡᠳ ᠠᠰᠢᠭᠯᠠᠵᠦ ᠲᠦᠷᠦ ᠶᠢᠨ ᠪᠤᠲᠤᠯᠭ᠎ᠠ ᠶᠢᠨ ᠨᠠᠷᠢᠨ ᠵᠦᠢᠯᠡᠰ᠂ ᠭᠤᠶᠤᠴᠢᠯᠠᠨ ᠬᠦᠢᠴᠡᠳᠭᠡᠬᠦ ᠴᠤᠪᠤᠷᠠᠯ᠂ ᠨᠦᠬᠦᠪᠤᠷᠢ ᠶᠢᠨ ᠪᠠᠷᠢᠮᠵᠢᠶ᠎ᠠ᠂ ᠦᠢᠯᠠᠴᠢᠯᠡᠭᠡᠨ ᠤ ᠪᠠᠶᠢᠭᠤᠯᠤᠮᠵᠢ ᠵᠢᠴᠢ ᠬᠠᠷᠢᠯᠴᠠᠬᠤ ᠠᠷᠭ᠎ᠠ ᠮᠠᠶ᠋ᠢᠭ᠂ ᠬᠢᠨᠠᠯᠳᠠ ᠲᠡᠯᠪᠢᠬᠤ ᠢᠯᠡᠴᠢᠯᠡᠨ ᠵᠠᠭᠠᠯᠲᠤᠬᠤ ᠤᠳᠠᠰᠤ᠂ ᠠᠵᠤ ᠠᠬᠤᠶᠢᠯᠠᠯ ᠳᠤ ᠬᠦᠨᠵᠡᠬᠡᠶᠢᠷᠡᠵᠦ ᠲᠦᠷᠦ ᠶᠢᠨ ᠪᠤᠲᠤᠯᠭ᠎ᠠ ᠶᠢ ᠤᠬᠠᠭᠤᠯᠤᠨ ᠳᠠᠶᠢᠯᠪᠣᠷᠢᠯᠠᠬᠤ᠂ ᠬᠦᠴᠢᠷᠳᠡᠯ ᠢ ᠨᠢ ᠤᠶᠢᠯᠠᠭᠠᠬᠤ᠂ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠨ᠎ᠠ᠃ ᠠᠵᠢᠯ ᠤᠯᠵᠦ ᠦᠢᠯᠡᠰ ᠪᠦᠲᠤᠭᠡᠬᠦ ᠶᠢ ᠲᠡᠳᠬᠦᠨ ᠲᠡᠮᠵᠢᠬᠦ ᠲᠦᠷᠦ ᠶᠢᠨ ᠪᠤᠲᠤᠯᠭ᠎ᠠ ᠪᠠ ᠠᠵᠢᠯ ᠤᠯᠵᠦ ᠦᠢᠯᠡᠰ ᠪᠦᠲᠤᠭᠡᠬᠦ ᠦᠢᠯᠡᠴᠢᠯᠡᠭᠡ ᠶᠢ ᠬᠦᠷᠳᠡᠬᠦ ᠪᠠᠷ ᠭᠤᠶᠣᠴᠢᠯᠠᠭᠰᠠᠨ ᠬᠦᠴᠢᠷᠳᠡᠯᠲᠡᠢ ᠠᠵᠤ ᠠᠬᠤᠶᠢᠯᠠᠯ᠂ ᠠᠵᠢᠯ ᠤᠨ ᠪᠠᠶᠢᠷᠢ ᠠᠴᠠ ᠪᠠᠨ ᠪᠠᠭᠤᠭᠰᠠᠨ ᠠᠵᠢᠯ ᠠᠯᠳᠠᠭᠰᠠᠳ ᠲᠤ ᠡᠷᠭᠡᠪᠰᠢ ᠦᠨᠡᠨ ᠨᠠᠷ᠎ᠠ ᠶᠢᠨ ᠲᠦᠷᠢᠮ ᠤᠨ ᠬᠠᠮᠢᠶᠠᠷᠤᠯᠳᠠ ᠶᠢ ᠭᠡᠷᠡᠭᠵᠢᠬᠦᠯᠵᠦ᠂ ᠬᠤᠯᠪᠤᠭᠳᠠᠯ ᠪᠦᠬᠦᠢ ᠮᠡᠳᠡᠭᠡ ᠵᠠᠩᠬᠢ ᠶᠢ ᠵᠦᠪ ᠤᠨᠤᠪᠴᠢᠲᠡᠢ ᠪᠠᠷ ᠴᠠᠭ ᠲᠤᠬᠠᠢ ᠳᠤᠨᠢ ᠮᠡᠳᠡᠭᠡ ᠵᠠᠩᠬᠢ ᠶᠢᠨ ᠰᠢᠰᠲ᠋ᠧᠮ ᠳᠤ ᠤᠷᠤᠭᠤᠯᠬᠤ ᠶᠢᠨ ᠬᠠᠮᠲᠤ ᠴᠠᠭ ᠳᠣᠬᠠᠢ ᠳᠤᠨᠢ ᠰᠢᠨᠡᠳᠬᠡᠬᠦ ᠬᠡᠷᠡᠭᠳᠡᠢ᠃ ᠦᠢᠯᠠᠴᠢᠯᠡᠭᠡᠨ ᠤ ᠴᠤᠪᠤᠷᠠᠯ ᠢ ᠰᠢᠯᠢᠳᠡᠭᠵᠢᠬᠦᠯᠵᠦ᠂ ᠭᠡᠷᠡᠴᠢᠯᠠᠯ ᠤᠨ ᠮᠠᠲ᠋ᠧᠷᠢᠶᠠᠯ ᠢᠶᠠᠨ ᠰᠢᠯᠢᠳᠡᠭᠵᠢᠬᠦᠯᠦᠨ ᠴᠤᠮᠬᠠᠳᠬᠠᠵᠦ᠂ ᠬᠢᠨᠠᠯᠳᠠ ᠬᠠᠮᠢᠶᠠᠷᠤᠯᠳᠠ ᠪᠠᠨ ᠴᠢᠩᠭᠠᠳᠬᠠᠵᠦ᠂ ᠡᠯ᠎ᠠ ᠲᠦᠷᠦᠯ ᠤᠨ ᠲᠦᠷᠦ ᠶᠢᠨ ᠪᠤᠲᠤᠯᠭ᠎ᠠ ᠶᠢ ᠤᠷᠤᠨ ᠪᠠᠶᠢᠷᠢ ᠳᠤᠨᠢ ᠨᠠᠶᠢᠳᠠᠪᠤᠷᠢᠵᠢᠭᠤᠯᠬᠤ᠂ ᠪᠠᠯᠨ ᠮᠦᠩᠬᠦ ᠶᠢᠨ ᠲᠠᠮᠵᠢᠯᠭᠡ ᠶᠢ ᠨᠠᠶᠢᠳᠠᠪᠤᠷᠢᠵᠢᠭᠤᠯᠬᠤ᠂ ᠲᠦᠬᠦᠮ ᠲᠦᠳᠡ ᠦᠢᠯᠠᠴᠢᠯᠡᠭᠡ ᠶᠢ ᠨᠠᠶᠢᠳᠠᠪᠤᠷᠢᠵᠢᠭᠤᠯᠬᠤ ᠶᠢ ᠦᠨ᠋ᠨᠨᠬᠦ ᠪᠠᠲᠤᠯᠠᠵᠦ᠂ ᠬᠠᠷᠠᠭᠠᠯᠵᠠᠯ ᠬᠦᠷᠳᠡᠭᠡᠬᠦ ᠡᠳᠡᠭᠡᠳ ᠢ ᠪᠦᠬᠦ ᠲᠠᠯ᠎ᠠ ᠪᠠᠷ ᠬᠠᠮᠣᠷᠬᠤ ᠬᠡᠷᠡᠭᠳᠡᠢ᠃ ︵ᠬᠠᠷᠢᠭᠤᠴᠠᠬᠤ ᠪᠠᠶᠢᠭᠤᠯᠭ᠎ᠠ᠄ ᠠᠶᠢᠮᠠᠭ ᠤᠨ ᠰᠢᠭᠤᠳ ᠬᠠᠷᠢᠶ᠎ᠠ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠨᠢᠭᠡᠴᠠ᠂ ᠡᠯ᠎ᠠ  ᠬᠤᠰᠢᠭᠤ ᠣᠷᠣᠨ ᠤ ᠠᠷᠠᠳ ᠤᠨ ᠵᠠᠰᠠᠭ ᠤᠨ ᠤᠷᠲᠤᠨ᠂ ᠬᠠᠮᠢᠶᠠᠷᠤᠯᠳᠠ ᠶᠢᠨ ᠵᠦᠪᠯᠠᠯ︶          ᠠᠷᠪᠠ ᠭᠤᠷᠪᠠ᠂ ᠠᠵᠢᠯ ᠤᠯᠭᠤᠯᠳᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠴᠢᠩᠭᠠᠳᠬᠠᠨ ᠠᠬᠢᠭᠤᠯᠤᠨ᠎ᠠ          ᠡᠯ᠎ᠠ ᠬᠤᠰᠢᠭᠤ ᠣᠷᠣᠨ᠂ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠨᠢᠭᠡᠴᠠ ᠡᠷᠭᠡᠪᠰᠢ ᠦᠵᠠᠯ ᠰᠠᠨᠠᠭ᠎ᠠ ᠲᠠᠨᠢᠯᠳᠠ ᠪᠠᠨ ᠨᠢᠭᠡᠳᠭᠡᠵᠦ᠂ ᠡᠩ ᠲᠡᠷᠢᠬᠦᠨ ᠳᠤ ᠠᠵᠢᠯ ᠤᠯᠭᠤᠬᠤ ᠪᠠᠶᠢᠯᠲᠤᠬᠤ ᠪᠤᠲᠤᠯᠭ᠎ᠠ ᠶᠢ ᠭᠡᠷᠡᠭᠵᠢᠬᠦᠯᠵᠦ᠂ ᠠᠵᠢᠯ ᠤᠯᠭᠤᠯᠳᠠ ᠶᠢᠨ ᠲᠦᠷᠦ ᠶᠢᠨ ᠪᠤᠲᠤᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠬᠤ ᠬᠡᠷᠡᠭᠳᠡᠢ᠃ ᠡᠯ᠎ᠠ ᠬᠤᠰᠢᠭᠤ ᠣᠷᠣᠨ ᠤ ᠠᠷᠠᠳ ᠤᠨ ᠵᠠᠰᠠᠭ ᠤᠨ ᠤᠷᠲᠤᠨ᠂ ᠬᠠᠮᠢᠶᠠᠷᠤᠯᠳᠠ ᠶᠢᠨ ᠵᠦᠪᠯᠠᠯ ᠡᠷᠭᠡᠪᠰᠢ ᠲᠤᠰ ᠭᠠᠵᠠᠷ ᠤᠷᠤᠨ ᠤ ᠪᠠᠨ ᠠᠵᠢᠯ ᠣᠯᠭᠤᠯᠳᠠ ᠶᠢ ᠠᠬᠢᠭᠤᠯᠬᠤ ᠭᠤᠤᠯ ᠴᠤᠭᠴᠠ ᠶᠢᠨ ᠬᠠᠷᠢᠭᠤᠴᠠᠯᠭ᠎ᠠ ᠶᠢ ᠦᠨ᠋ᠨᠨᠬᠦ ᠲᠠᠭᠠᠭᠠᠨ ᠡᠬᠦᠷᠭᠡᠯᠡᠵᠦ᠂ ᠠᠵᠢᠯ ᠣᠯᠭᠤᠯᠳᠠ ᠶᠢᠨ ᠵᠤᠬᠢᠶᠠᠨ ᠪᠠᠶᠢᠭᠤᠯᠤᠯᠳᠠ ᠶᠢᠨ ᠤᠲᠤᠷᠢᠲᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠦ᠂ ᠠᠵᠢᠯ ᠤᠨ ᠲᠤᠭᠳᠠᠴᠠ ᠶᠢ ᠪᠦᠷᠢᠨᠰᠢᠬᠦᠯᠵᠦ᠂ ᠨᠢᠭᠡᠲᠤᠯᠲᠡᠢ ᠲᠦᠯᠦᠪᠯᠡᠨ ᠲᠤᠬᠢᠷᠠᠭᠤᠯᠬᠤ ᠶᠢ ᠴᠢᠩᠭᠠᠳᠬᠠᠵᠦ᠂ ᠲᠡᠰ ᠬᠤᠪᠢᠶᠠᠨ ᠰᠡᠷᠡᠮᠵᠢᠯᠠᠬᠦ᠂ ᠱᠠᠲᠤ ᠬᠤᠪᠢᠶᠠᠨ ᠲᠤᠬᠢᠷᠠᠭᠤᠯᠵᠦ᠂ ᠲᠤᠬᠠᠢ  ᠶᠢᠨ ᠭᠠᠵᠠᠷ ᠲᠤᠨᠢ ᠲᠤᠬᠢᠷᠠᠭᠤᠯᠵᠦ᠂ ᠲᠦᠷᠦᠯ ᠬᠤᠪᠢᠶᠠᠨ ᠠᠷᠭ᠎ᠠ ᠭᠡᠮᠵᠢᠶ᠎ᠠ ᠠᠪᠴᠦ᠂ ᠲᠤᠰ ᠭᠠᠵᠠᠷ ᠤᠷᠤᠨ ᠤ  ᠪᠠᠨ ᠠᠵᠢᠯ ᠤᠯᠭᠤᠯᠳᠠ ᠶᠢ ᠠᠬᠢᠭᠤᠯᠬᠤ ᠠᠵᠢᠯ ᠢ ᠰᠠᠶᠢᠲᠤᠷ ᠬᠢᠬᠦ ᠬᠡᠷᠡᠭᠳᠡᠢ᠃ ᠤᠨᠴᠠᠭᠠᠶᠢᠯᠠᠨ ᠲᠦᠷᠦ ᠶᠢᠨ ᠪᠤᠲᠤᠯᠭ᠎ᠠ ᠪᠠᠨ ᠨᠠᠶᠢᠳᠠᠪᠤᠷᠢᠵᠢᠭᠤᠯᠬᠤ ᠶᠠᠪᠤᠴᠠ ᠲᠤᠮᠳᠠ ᠪᠠᠯᠨ ᠮᠦᠩᠬᠦ ᠶᠢᠨ ᠭᠡᠷᠡᠭᠯᠡᠭᠡᠨ ᠤ ᠲᠤᠭᠳᠠᠭᠠᠯ ᠢ ᠴᠢᠩᠭ᠎ᠠ ᠵᠢᠷᠤᠮᠯᠠᠵᠦ᠂ ᠪᠠᠯᠨ ᠮᠦᠩᠬᠦ ᠶᠢᠨ ᠬᠢᠨᠠᠯᠳᠠ ᠬᠠᠮᠢᠶᠠᠷᠤᠯᠳᠠ ᠶᠢᠨ ᠡᠷᠴᠢᠮ ᠢᠶᠠᠨ ᠴᠢᠩᠭᠠᠳᠬᠠᠵᠦ᠂ ᠪᠠᠯᠨ ᠮᠦᠩᠬᠦ ᠶᠢᠨ ᠭᠡᠷᠡᠭᠯᠡᠭᠡᠨ ᠤ ᠦᠷ᠎ᠠ ᠠᠰᠢᠭ ᠢ ᠲᠡᠭᠡᠭᠰᠢᠯᠡᠬᠦᠯᠵᠦ᠂ ᠬᠠᠷᠢᠴᠠᠯ ᠠᠴᠠ ᠬᠡᠳᠦᠷᠡᠭᠰᠡᠨ᠂ ᠭᠡᠮᠵᠢᠶ᠎ᠠ ᠠᠴᠠ ᠭᠡᠲᠤᠷᠡᠬᠦᠯᠦᠨ ᠲᠦᠷᠢᠮ ᠠᠴᠠ ᠵᠦᠷᠢᠴᠠᠵᠦ ᠪᠠᠯᠨ ᠮᠦᠩᠬᠦ ᠭᠡᠷᠡᠭᠯᠡᠭᠰᠡᠨ ᠪᠤᠯ᠂ ᠴᠢᠩᠭ᠎ᠠ ᠪᠠᠶᠢᠴᠠᠭᠠᠨ ᠰᠢᠢᠳᠪᠤᠷᠢᠯᠠᠵᠦ᠂ ᠬᠠᠷᠢᠭᠤᠴᠠᠯᠭ᠎ᠠ ᠳᠣᠯᠭᠠᠨ ᠬᠠᠷᠢᠭᠤᠴᠠᠯᠭ᠎ᠠ ᠨᠡᠭᠡᠮᠵᠢᠯᠠᠨ᠎ᠠ᠃ ᠡᠯ᠎ᠠ ᠬᠤᠰᠢᠭᠤ ᠣᠷᠣᠨ ᠡᠷᠭᠡᠪᠰᠢ ᠲᠤᠰ ᠮᠡᠳᠡᠭᠳᠡᠯ ᠢ ᠲᠠᠷᠬᠠᠭᠠᠭᠰᠠᠨ ᠡᠲᠤᠷ ᠠᠴᠠ ᠡᠬᠢᠯᠠᠵᠦ 30 ᠡᠲᠤᠷ ᠤᠨ ᠲᠤᠲᠤᠷ᠎ᠠ ᠡᠷᠭᠡᠪᠰᠢ ᠪᠤᠳᠠᠲᠠᠢ ᠭᠡᠷᠡᠭ ᠬᠦᠢᠴᠡᠳᠭᠡᠭᠦ ᠵᠢᠯᠣᠭᠤᠳᠣᠮᠵᠢ ᠪᠠᠨ ᠳᠣᠭᠳᠠᠭᠠᠬᠤ ᠬᠡᠷᠡᠭᠳᠡᠢ᠃ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠡᠷᠭᠡᠪᠰᠢ ᠠᠵᠢᠯ ᠣᠯᠭᠤᠯᠳᠠ ᠶᠢ ᠠᠬᠢᠭᠤᠯᠬᠤ ᠲᠦᠷᠦ ᠶᠢᠨ ᠪᠤᠲᠤᠯᠭ᠎ᠠ ᠶᠢ ᠰᠢᠮᠳᠠᠭᠤᠯᠤᠨ ᠨᠠᠶᠢᠳᠠᠪᠤᠷᠢᠵᠢᠭᠤᠯᠬᠤ᠂ ᠪᠦᠷᠢᠳᠬᠡᠵᠦ ᠬᠢᠨ᠋ᠨᠨ ᠭᠡᠮᠵᠢᠬᠦ ᠵᠡᠷᠭᠡ ᠠᠵᠢᠯ ᠢ ᠨᠢᠭᠡᠲᠤᠯᠲᠡᠢ ᠲᠦᠯᠦᠪᠯᠡᠨ  ᠵᠣᠬᠢᠴᠠᠭᠤᠯᠬᠤ ᠬᠡᠷᠡᠭᠳᠡᠢ᠃ ᠡᠳ᠋ ᠤᠨ ᠵᠠᠰᠠᠭ ᠤᠨ ᠰᠠᠯᠠᠭ᠎ᠠ ᠮᠦᠴᠢᠷ ᠡᠷᠭᠡᠪᠰᠢ ᠪᠠᠯᠨ ᠮᠦᠩᠬᠦ ᠶᠢᠨ ᠲᠠᠮᠵᠢᠯᠭᠡ ᠶᠢᠨ ᠬᠦᠴᠦᠯᠠᠴᠠ ᠪᠠᠨ ᠨᠡᠮᠡᠭᠳᠡᠭᠦᠯᠵᠦ᠂ ᠠᠵᠢᠯ ᠣᠯᠭᠤᠯᠳᠠ ᠶᠢ ᠠᠬᠢᠭᠤᠯᠬᠤ ᠲᠦᠷᠦ ᠶᠢᠨ ᠪᠤᠲᠤᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠪᠠᠳᠣᠯᠠᠬᠤ ᠬᠡᠷᠡᠭᠳᠡᠢ᠃ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠡᠷᠭᠡᠪᠰᠢ ᠵᠤᠬᠢᠶᠠᠨ ᠪᠠᠶᠢᠭᠤᠯᠤᠨ ᠵᠤᠬᠢᠴᠠᠭᠤᠯᠬᠤ ᠬᠠᠷᠢᠭᠤᠴᠠᠯᠭ᠎ᠠ ᠶᠢ ᠬᠦᠢᠴᠡᠳᠭᠡᠵᠦ᠂ ᠡᠬᠦᠷᠭᠡ ᠲᠤᠰᠢᠶᠠᠯ ᠡᠬᠦᠷᠭᠡ ᠬᠠᠷᠢᠭᠤᠴᠠᠯᠭ᠎ᠠ ᠶᠢᠨ ᠵᠤᠭᠰᠤᠴᠠ ᠠᠴᠠ ᠬᠠᠷᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠦ᠂ ᠲᠦᠷᠦ ᠶᠢᠨ ᠪᠤᠲᠤᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠰᠠᠶᠢᠲᠤᠷ ᠠᠳᠬᠤᠬᠤ ᠬᠡᠷᠡᠭᠳᠡᠢ᠃ ᠬᠦᠴᠢᠷᠳᠡᠯᠲᠡᠢ ᠠᠵᠤ ᠠᠬᠤᠶᠢᠯᠠᠯ  ᠤᠨ ᠨᠠᠶᠢᠭᠡᠮ ᠤᠨ ᠬᠠᠷᠢᠭᠤᠴᠠᠯᠭ᠎ᠠ ᠪᠠᠨ  ᠬᠡᠷᠡᠭᠵᠢᠬᠦᠯᠬᠦ ᠶᠢ ᠨᠢ ᠵᠢᠯᠣᠭᠤᠳᠴᠦ᠂ ᠤᠯᠠᠨ ᠠᠷᠭ᠎ᠠ ᠵᠠᠮ ᠢᠶᠠᠷ ᠠᠵᠢᠯᠳᠠᠨ ᠠᠵᠢᠯᠴᠢᠨ ᠢ ᠲᠤᠬᠢᠷᠠᠭᠤᠯᠵᠦ᠂ ᠬᠦᠳᠡᠯᠮᠤᠷᠢ ᠶᠢᠨ ᠬᠠᠷᠢᠴᠠᠭ᠎ᠠ ᠶᠢ ᠬᠠᠤᠯᠢ ᠶᠤᠰᠤᠭᠠᠷ ᠰᠢᠢᠳᠪᠤᠷᠢᠯᠠᠨ᠎ᠠ᠃ ᠠᠵᠤ ᠠᠬᠤᠶᠢᠯᠠᠯ ᠠᠴᠠ ᠡᠷᠭᠡᠪᠰᠢ ᠠᠵᠢᠯᠳᠠᠨ ᠠᠵᠢᠯᠴᠢᠨ   ᠤ ᠬᠦᠲᠤᠯᠤᠨ ᠵᠢᠯᠤᠭᠤᠳᠴᠦ ᠠᠵᠤ ᠠᠬᠤᠶᠢᠯᠠᠯ ᠤᠨ ᠤᠷᠤᠰᠢᠨ ᠲᠤᠭᠳᠠᠨᠢᠬᠤ ᠬᠦᠭᠵᠢᠯᠳᠡ ᠶᠢ ᠬᠠᠯᠠᠮᠵᠢᠯᠠᠬᠤ ᠶᠢ ᠬᠦᠳᠦᠯᠦᠨ ᠵᠢᠯᠣᠭᠤᠳᠴᠦ᠂ ᠴᠠᠯᠢᠩ ᠬᠦᠯᠦᠰᠤ ᠶᠢ ᠵᠦᠪᠳᠡᠯᠴᠠᠬᠦ᠂ ᠠᠵᠢᠯ ᠤᠨ ᠪᠠᠶᠢᠷᠢᠨ ᠳᠤ ᠡᠭᠡᠯᠵᠢᠯᠠᠨ ᠭᠠᠷᠬᠤ ᠡᠭᠡᠯᠵᠢᠯᠠᠨ ᠠᠮᠠᠷᠠᠬᠤ᠂ ᠠᠵᠢᠯ ᠤᠨ ᠪᠠᠶᠢᠷᠢᠨ ᠳᠠᠭᠠᠨ ᠪᠤᠯᠪᠠᠰᠤᠷᠠᠯ ᠬᠦᠷᠳᠡᠬᠦ ᠵᠡᠷᠭᠡ ᠠᠷᠭ᠎ᠠ ᠪᠠᠷᠢᠯ ᠢ ᠠᠪᠴᠦ᠂ ᠠᠵᠢᠯ ᠤᠯᠭᠤᠯᠳᠠ ᠶᠢᠨ ᠠᠵᠢᠯ ᠤᠨ ᠪᠠᠶᠢᠷᠢ ᠪᠠᠨ ᠦᠯᠡᠳᠡᠭᠡᠨ ᠪᠠᠲᠤᠯᠠᠵᠦ᠂ ᠬᠦᠳᠡᠯᠮᠤᠷᠢ ᠶᠢᠨ ᠬᠠᠷᠢᠴᠠᠭ᠎ᠠ ᠶᠢ ᠳᠣᠭᠳᠠᠭᠤᠨ ᠪᠠᠶᠢᠯᠭᠠᠬᠤ ᠬᠡᠷᠡᠭᠳᠡᠢ᠃ ︵ᠬᠠᠷᠢᠭᠤᠴᠠᠬᠤ ᠪᠠᠶᠢᠭᠤᠯᠭ᠎ᠠ᠄ ᠠᠶᠢᠮᠠᠭ ᠤᠨ ᠰᠢᠭᠤᠳ ᠬᠠᠷᠢᠶ᠎ᠠ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠨᠢᠭᠡᠴᠠ᠂ ᠡᠯ᠎ᠠ ᠬᠤᠰᠢᠭᠤ ᠣᠷᠣᠨ ᠤ ᠠᠷᠠᠳ ᠤᠨ ᠵᠠᠰᠠᠭ ᠤᠨ ᠤᠷᠲᠤᠨ᠂ ᠬᠠᠮᠢᠶᠠᠷᠤᠯᠳᠠ ᠶᠢᠨ ᠵᠦᠪᠯᠠᠯ︶           ᠤᠯᠤᠰ ᠤᠨ ᠠᠵᠤ ᠦᠢᠯᠡᠳᠪᠤᠷᠢ ᠠᠵᠤ ᠠᠬᠤᠶᠢᠯᠠᠯ ᠤᠨ ᠪᠦᠲᠤᠴᠠ ᠶᠢᠨ ᠲᠤᠬᠢᠷᠠᠭᠤᠯᠤᠯᠳᠠ ᠶᠢᠨ ᠲᠤᠰᠬᠠᠢ ᠲᠦᠷᠦᠯ ᠤᠨ ᠱᠠᠩᠨᠠᠯ ᠨᠦᠬᠦᠪᠤᠷᠢ ᠶᠢᠨ ᠪᠠᠯᠨ ᠮᠦᠩᠬᠦ ᠲᠤᠮᠳᠠ ᠠᠴᠠ ᠲᠤᠬᠢᠷᠠᠭᠤᠯᠤᠭᠰᠠᠨ ᠠᠵᠢᠯ ᠤᠯᠭᠤᠯᠳᠠ ᠶᠢᠨ ᠨᠦᠬᠦᠪᠤᠷᠢ ᠶᠢᠨ ᠪᠠᠯᠨ ᠮᠦᠩᠬᠦ ᠶᠢ ᠨᠢᠲᠤᠨ ᠡᠮᠤᠨᠡᠬᠢ ᠳᠣᠭᠳᠠᠭᠤᠨ ᠢᠶᠠᠷ ᠠᠵᠢᠯ ᠣᠯᠭᠤᠬᠤ ᠠᠵᠢᠯ ᠲᠡᠭᠡᠷ᠎ᠠ ᠲᠤᠰᠬᠠᠢ ᠲᠦᠷᠦᠯ ᠢᠶᠠᠷ ᠭᠡᠷᠡᠭᠯᠡᠨ᠎ᠠ᠃ ᠡᠯ᠎ᠠ ᠬᠤᠰᠢᠭᠤ ᠣᠷᠣᠨ ᠲᠤᠰ ᠭᠡᠷᠡᠭᠵᠢᠬᠦᠯᠬᠦ ᠰᠠᠨᠠᠯ ᠢ ᠲᠤᠤᠱᠯᠠᠭᠤᠯᠤᠨ ᠨᠠᠶᠢᠳᠠᠪᠣᠷᠢᠵᠢᠭᠤᠯᠣᠭᠰᠠᠨ ᠬᠠᠮᠢᠶ᠎ᠠ ᠪᠦᠬᠦᠢ ᠪᠠᠶᠢᠳᠠᠯ ᠪᠠ ᠬᠦᠭᠵᠢᠯᠳᠡ ᠶᠢᠨ ᠴᠢᠬᠤᠯᠨ ᠠᠰᠠᠭᠤᠳᠠᠯ  ᠢ ᠡᠷᠬᠡᠪᠰᠢ ᠴᠠᠭ ᠲᠤᠬᠠᠢ ᠳᠤᠨᠢ ᠠᠶᠢᠮᠠᠭ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠠᠶᠢᠭᠡᠮ ᠤᠨ ᠪᠠᠲᠤᠯᠠᠭ᠎ᠠ  ᠶᠢᠨ ᠲᠤᠪᠴᠢᠶ᠎ᠠ ᠳᠤ ᠮᠡᠳᠡᠭᠦᠯᠬᠦ ᠬᠡᠷᠡᠭᠳᠡᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号