ᠠᠯᠠᠱᠠ ᠠᠶᠢᠮᠠᠭ ᠤᠨ ᠰᠤᠶᠤᠯ ᠵᠢᠭᠤᠯᠴᠢᠯᠠᠯ ᠤᠨ 15 ᠭᠤᠤᠯᠳᠠᠯᠭᠠᠲᠤ ᠳᠦᠷᠦᠯ ᠵᠦᠢᠯ ᠠᠵᠢᠯ ᠡᠬᠢᠯᠡᠵᠦ 1.53 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠬᠦᠯᠵᠠᠢ
ᠨᠡᠶᠢᠲᠡᠯᠡᠭᠰᠡᠨ ᠴᠠᠭ᠄
2019/7/19
       ᠣᠷᠴᠢᠮ ᠤᠨ ᠡᠳᠦᠷ᠂ ᠰᠤᠷᠪᠤᠯᠵᠢᠯᠠᠭᠴᠢ ᠡᠵᠡᠨ᠎ᠡ ᠬᠤᠰᠢᠭᠤᠨ ᠤ ᠲᠣᠣᠷᠠᠢ ᠶᠢᠨ ᠣᠢ ᠶᠢᠨ ᠦᠵᠡᠮᠵᠢ ᠶᠢᠨ ᠣᠷᠤᠨ ᠠᠴᠠ ᠣᠯᠵᠤ ᠬᠠᠷᠠᠭᠰᠠᠨ ᠢᠶᠠᠷ᠂ ᠬᠤᠪᠢ ᠪᠠᠷ ᠵᠢᠭᠤᠯᠴᠢᠯᠠᠭᠴᠢᠳ ᠤᠨ ᠪᠠᠭᠤᠳᠠᠯᠯᠠᠬᠤ ᠭᠠᠵᠠᠷ ᠤᠨ ᠤᠷᠤᠠ ᠰᠠᠭᠤᠴᠠ ᠶᠢ ᠵᠠᠰᠠᠬᠤ ᠠᠵᠢᠯ ᠨᠢᠭᠡᠨᠲᠡ ᠳᠠᠭᠤᠰᠴᠤ᠂ ᠠᠷᠠᠯᠵᠢᠶᠠᠨ ᠤ ᠵᠡᠭᠡᠯᠢ᠂ ᠬᠠᠶᠢᠷ ᠴᠢᠯᠠᠭᠤᠨ ᠵᠠᠮ ᠢ ᠰᠢᠨᠡᠳᠭᠡᠨ ᠵᠠᠰᠠᠬᠤ ᠠᠵᠢᠯ ᠶᠠᠭ ᠰᠠᠶᠢᠬᠠᠨ ᠶᠠᠪᠤᠭᠳᠠᠵᠤ ᠪᠠᠶᠢᠯ᠎ᠠ᠃ ᠤᠢᠢᠯᠠᠭᠠᠬᠰᠠᠠ ᠢᠶᠠᠷ᠂ ᠡᠨᠡ ᠵᠢᠯ ᠦᠵᠡᠮᠵᠢ ᠶᠢᠨ ᠣᠷᠤᠨ ᠤ ᠪᠦᠲᠦᠭᠡᠨ ᠪᠠᠶᠢᠭᠤᠯᠤᠯᠲᠠ ᠳᠤ 3000 ᠲᠦᠮᠡᠨ ᠲᠥᠭᠦᠷᠢᠭ ᠤᠨ ᠪᠡᠯᠡ ᠣᠷᠤᠭᠤᠯᠬᠤ ᠪᠠᠷ ᠳᠦᠯᠦᠪᠯᠠᠵᠤ᠂ ᠣᠳᠣ ᠪᠤᠯᠬᠤ ᠳᠤ ᠨᠢᠭᠡᠨᠲᠡ 920 ᠲᠦᠮᠡᠨ ᠳᠦᠬᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠬᠦᠯᠦᠭᠰᠡᠠ ᠪᠠᠶᠢᠨ᠎ᠠ᠃        ᠡᠨᠡ ᠵᠢᠯ᠂ ᠪᠦᠬᠦ ᠠᠶᠢᠮᠠᠭ ᠤᠨ ᠭᠤᠣᠯᠳᠠᠯᠭᠠᠲᠤ ᠰᠤᠶᠤᠯ ᠵᠢᠭᠤᠯᠴᠢᠯᠠᠯ ᠤᠨ ᠣᠷᠤᠨ ᠤ ᠪᠦᠲᠦᠭᠡᠨ ᠪᠠᠶᠢᠭᠤᠯᠤᠯᠲᠠ ᠶᠢᠨ ᠳᠦᠷᠦᠯ ᠵᠦᠢᠯ 18 ᠪᠠᠶᠢᠵᠤ᠂ ᠪᠦᠬᠦ ᠪᠡᠯᠡ ᠣᠷᠤᠭᠤᠯᠤᠯᠲᠠ ᠶᠢ 12.85 ᠳ᠋ᠦᠩᠰᠢᠭᠤᠷ ᠳᠦᠬᠦᠷᠢᠭ ᠢᠶᠠᠷ ᠲᠥᠯᠦᠪᠯᠡᠵᠦ᠂ ᠡᠭᠦᠨ ᠤ ᠳᠣᠲᠤᠷ᠎ᠠ ᠣᠷᠤᠨ ᠤ ᠳᠡᠰ᠂ ᠠᠶᠢᠮᠠᠭ ᠤᠨ ᠳᠡᠰ ᠲᠤ ᠵᠢᠭᠰᠠᠭᠠᠭᠳᠠᠨ ᠣᠷᠤᠭᠰᠠᠨ ᠨᠢ 9᠂ 10.24 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠬᠤ ᠪᠠᠷ ᠪᠠᠶᠢᠨ᠎ᠠ᠂ ᠪᠤᠰᠤᠳ 9 ᠳᠦᠷᠦᠯ ᠵᠦᠢᠯ ᠳᠤ 2.61 ᠳ᠋ᠦᠩᠰᠢᠭᠤᠷ ᠳᠦᠬᠦᠷᠢᠭ ᠤᠨ ᠪᠡᠯᠡ ᠣᠷᠤᠭᠤᠯᠬᠤ ᠪᠠᠷ ᠳᠦᠯᠦᠪᠯᠠᠵᠤ᠂ 6 ᠰᠠᠷ᠎ᠠ ᠶᠢᠨ ᠡᠴᠤᠰ ᠪᠣᠯᠬᠤ ᠳᠤ᠂ ᠨᠢᠭᠡᠨᠲᠡ ᠠᠵᠢᠯ ᠡᠬᠢᠯᠡᠭᠰᠡᠨ ᠨᠢ 15 ᠪᠠᠶᠢᠵᠤ᠂ 1.53 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠵᠤ᠂ ᠵᠢᠯ ᠤᠨ ᠪᠡᠯᠡ ᠣᠷᠤᠭᠤᠯᠤᠯᠲᠠ ᠶᠢᠨ 11.9% ᠳᠤ ᠬᠦᠷᠴᠡᠢ᠃        ᠰᠤᠶᠤᠯ ᠵᠢᠭᠤᠯᠴᠢᠯᠠᠯ ᠤᠨ ᠭᠤᠤᠯᠳᠠᠯᠭᠠᠲᠤ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠦᠭᠡ᠂ ᠠᠶᠢᠮᠠᠭ ᠤᠨ ᠰᠤᠶᠤᠯ ᠵᠢᠭᠤᠯᠴᠢᠯᠠᠯ ᠷᠠᠳᠢᠣ᠋ ᠲᠧᠯᠸᠢᠰ ᠳᠤᠪᠴᠢᠶ᠎ᠠ ᠠᠴᠠ ᠡᠷᠴᠢᠮᠲᠡᠢ ᠠᠷᠭ᠎ᠠ ᠬᠡᠮᠵᠢᠶ᠎ᠡ ᠠᠪᠴᠤ᠂ ᠳᠦᠷᠦᠯ ᠵᠦᠢᠯ ᠤᠨ ᠠᠵᠢᠯ ᠤᠨ ᠡᠬᠢᠨ ᠤ ᠬᠤᠭᠤᠴᠠᠭᠠᠨ ᠤ ᠭᠠᠷᠳᠠᠮ ᠭᠦᠢᠴᠡᠳᠭᠡᠯ ᠤᠨ ᠠᠵᠢᠯ ᠢ ᠢᠲᠡᠪᠬᠢᠲᠡᠢ ᠦᠷᠨᠢᠭᠦᠯᠵᠦ᠂ ᠤᠳᠤᠷᠢᠳᠤᠯᠭ᠎ᠠ ᠠᠴᠠ ᠭᠤᠣᠯ ᠠᠵᠢᠯ ᠢ ᠬᠠᠷᠢᠭᠤᠴᠠᠬᠤ ᠳᠦᠷᠢᠮ ᠢ ᠭᠡᠷᠡᠭᠵᠢᠬᠦᠯᠦᠠ᠂ ᠠᠵᠢᠯ ᠤᠨ ᠠᠬᠢᠴᠠ ᠶᠢᠨ ᠬᠠᠷᠠᠯᠲᠠ ᠶᠢ ᠵᠠᠳᠠᠯᠵᠤ᠂ ᠠᠬᠢᠴᠠ ᠮᠠᠭᠤ ᠠᠵᠢᠯ ᠢ ᠣᠯᠠᠨ ᠳᠤ ᠨᠡᠶᠢᠲᠡᠯᠡᠬᠦ ᠠᠷᠭ᠎ᠠ ᠬᠡᠮᠵᠢᠶ᠎ᠡ ᠶᠢ ᠠᠪᠴᠤ᠂ ᠠᠰᠠᠭᠤᠳᠠᠯ ᠲᠠᠢ ᠠᠵᠢᠯ ᠲᠥᠷᠦᠯ ᠢ ᠰᠢᠮᠳᠠᠭᠤᠯᠣᠨ ᠱᠠᠭᠠᠷᠳᠠᠵᠤ ᠴᠡᠭᠴᠡᠯᠡᠨ ᠰᠠᠶᠢᠵᠢᠷᠠᠭᠤᠯᠪᠠ᠃ ᠡᠭᠦᠨ ᠤ ᠬᠠᠮᠲᠤ ᠡᠯ᠎ᠡ ᠲᠥᠷᠦᠯ ᠤᠨ ᠬᠥᠮᠦᠷᠭᠡ ᠪᠠᠶᠢᠭᠤᠯᠵᠤ᠂ ᠪᠡᠯᠡᠳᠭᠡᠯ ᠠᠵᠢᠯ ᠢ ᠰᠠᠶᠢᠲᠦᠷ ᠬᠢᠵᠦ᠂ ᠤᠯᠤᠰ ᠤᠨ ᠳᠡᠰ᠂ ᠣᠷᠤᠨ ᠤ ᠳᠡᠰ ᠤᠨ ᠪᠠᠯᠠ ᠮᠥᠩᠭᠦᠨ ᠤ ᠳᠡᠮᠵᠢᠯᠭᠡ ᠶᠢ ᠢᠳᠡᠪᠬᠢᠲᠠᠢ ᠭᠤᠶᠤᠴᠢᠯᠠᠠ ᠣᠯᠵᠦ᠂ ᠡᠷᠲᠡ ᠠᠴᠠ ᠲᠥᠯᠦᠪᠯᠡᠵᠦ᠂ ᠨᠢᠭᠡ ᠪᠥᠯᠦᠭ ᠲᠥᠷᠦ ᠶᠢᠨ ᠪᠣᠳᠤᠯᠭ᠎ᠠ ᠲᠠᠢ ᠠᠪᠤᠴᠠᠯᠳᠤᠭᠰᠠᠨ᠂ ᠨᠡᠶᠢᠬᠡᠮ ᠤᠨ ᠪᠡᠯᠡ ᠣᠷᠤᠭᠤᠯᠤᠯᠲᠠ ᠪᠣᠯᠤᠨ ᠠᠵᠢᠯ ᠦᠢᠯᠡᠰ ᠤᠨ ᠬᠥᠭᠵᠢᠯᠲᠡ ᠶᠢ ᠳᠠᠶᠢᠴᠢᠯᠠᠵᠦ ᠠᠬᠢᠭᠤᠯᠬᠤ ᠠᠵᠢᠯ ᠢ ᠭᠤᠤᠯᠴᠢᠯᠠᠠ ᠠᠳᠬᠤᠬᠰᠠᠠ ᠪᠠᠶᠢᠨ᠎ᠠ᠃ ᠡᠭᠦᠨ ᠤ ᠳᠠᠭᠠᠤ ᠳᠤ᠂ ᠬᠦᠴᠦ ᠪᠠᠨ ᠲᠥᠪᠯᠡᠷᠡᠭᠦᠯᠦᠨ ᠠᠷᠠᠯᠵᠢᠶᠠᠴᠢᠠ ᠤᠷᠢᠵᠤ᠂ ᠶᠡᠭᠡ ᠬᠡᠮᠵᠢᠶ᠎ᠡ ᠪᠠᠷ ᠪᠡᠯᠡ ᠬᠤᠷᠠᠮᠳᠤᠭᠤᠯᠵᠤ ᠬᠡᠪᠴᠢᠶ᠎ᠡ ᠶᠡᠭᠡ᠂ ᠴᠢᠨᠠᠷ ᠰᠠᠶᠢᠨ᠂ ᠠᠰᠢᠭ ᠥᠨᠳᠦᠷ᠂ ᠭᠤᠣᠯᠳᠠᠯᠭ᠎ᠠ ᠲᠠᠢ ᠠᠵᠢᠯ ᠲᠥᠷᠦᠯ ᠢ ᠤᠷᠤᠭᠤᠯᠤᠬᠰᠠᠠ ᠤ ᠬᠠᠮᠳᠤ᠂ ᠠᠵᠤ ᠠᠬᠤᠶᠢᠯᠠᠯ ᠪᠣᠯᠤᠨ ᠮᠥᠩᠭᠦᠨ ᠭᠦᠢᠯᠭᠡᠭᠡᠨ ᠤ ᠬᠤᠭᠤᠷᠤᠨᠳᠠᠬᠢ ᠬᠥᠭᠦᠷᠭᠡ ᠶᠢ ᠰᠠᠶᠢᠲᠤᠷ ᠲᠠᠯᠪᠢᠵᠤ ᠬᠥᠷᠦᠩᠭᠡ ᠮᠥᠩᠭᠦᠨ ᠤ ᠬᠦᠴᠢᠷᠳᠡᠯ ᠢ ᠪᠦᠳᠦᠮᠵᠢᠳᠠᠢ ᠰᠢᠢᠳᠪᠤᠷᠢᠯᠡᠬᠦ ᠠᠵᠢᠯ ᠢ ᠢᠳᠠᠪᠬᠢᠳᠠᠢ ᠦᠷᠨᠢᠬᠦᠯᠦᠭᠰᠡᠠ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号