ᠠᠯᠠᠱᠠ ᠵᠡᠭᠦᠨ ᠬᠤᠰᠢᠭᠤᠨ ᠤ ᠮᠤᠩᠭᠤᠯ ᠦᠨᠳᠦᠰᠦᠳᠡᠨ ᠤ ᠲᠤᠷᠰᠢᠯᠳᠠ ᠶᠢᠨ ᠪᠠᠭ᠎ᠠ ᠰᠤᠷᠭᠠᠭᠤᠯᠢ ᠶᠢᠨ ᠦᠯᠵᠡᠢ ᠳᠠᠬᠢ ᠵᠢᠭᠠᠨ ᠰᠤᠷᠭᠠᠯᠳᠠ ᠶᠢᠨ ᠴᠡᠭ ᠡᠨᠡ ᠵᠢᠯ ᠤᠨ 9 ᠰᠠᠷ᠎ᠠ ᠳᠤ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠤ ᠰᠤᠷᠤᠬᠴᠢ ᠪᠠᠨ ᠡᠯᠰᠡᠬᠦ ᠪᠤᠯᠤᠯ᠎ᠡ
ᠨᠡᠶᠢᠲᠡᠯᠡᠭᠰᠡᠨ ᠴᠠᠭ᠄
2019/7/19
         ᠦᠨᠳᠦᠰᠦᠲᠡᠨ ᠤ ᠰᠣᠶᠣᠯ ᠤᠨ ᠴᠡᠴᠡᠭᠯᠡᠯ ᠬᠥᠭᠵᠢᠯ ᠢ ᠠᠬᠢᠭᠤᠯᠤᠨ᠂ ᠦᠨᠳᠦᠰᠦᠲᠡᠨ ᠤ ᠣᠷᠣᠨ ᠤ ᠰᠤᠷᠭᠠᠨ ᠬᠥᠮᠦᠵᠢᠯ ᠤᠨ ᠬᠥᠭᠵᠢᠯᠲᠡ ᠶᠢ ᠤᠯᠠᠮ ᠨᠢᠭᠡ ᠠᠯᠬᠤᠮ ᠲᠦᠷᠭᠡᠳᠬᠡᠵᠦ᠂ ᠥᠯᠵᠡᠶ ᠰᠤᠮᠤ ᠵᠢᠴᠢ ᠬᠦᠷᠰᠢ ᠵᠡᠷᠭᠡᠯᠡᠳᠡᠭᠡ ᠭᠠᠵᠠᠷ ᠣᠷᠣᠨ ᠤ ᠮᠠᠯᠴᠢᠳ ᠤᠨ ᠦᠷ᠎ᠡ ᠬᠡᠤᠬᠡᠳ ᠢᠶᠠᠨ ᠤᠢᠢᠷ᠎ᠠ ᠬᠠᠪᠢ ᠶᠢᠨ ᠰᠤᠷᠭᠠᠭᠤᠯᠢ ᠳᠤ ᠰᠠᠭᠤᠯᠭᠠᠬᠤ ᠱᠠᠭᠠᠷᠳᠠᠯᠭ᠎ᠠ ᠶᠢ ᠨᠠᠩ ᠰᠠᠶᠢᠨ ᠬᠠᠩᠭᠠᠬᠤ ᠶᠢᠨ ᠲᠤᠯᠠᠳᠠ᠂ 2018 ᠤᠨ ᠳᠤ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠪᠠᠶᠢᠡᠭᠭᠤ ᠶᠢᠨ ᠬᠤᠷᠠᠯ ᠢᠶᠠᠷ ᠲᠠᠮᠵᠢᠨ ᠠᠯᠠᠱᠠ ᠵᠡᠭᠦᠨ ᠬᠤᠰᠢᠭᠤᠨ ᠤ ᠮᠤᠩᠭᠤᠯ ᠦᠨᠳᠦᠰᠦᠳᠡᠨ ᠤ ᠲᠤᠷᠰᠢᠯᠳᠠ ᠶᠢᠨ ᠪᠠᠭ᠎ᠠ ᠰᠤᠷᠭᠠᠭᠤᠯᠢ ᠶᠢᠨ ᠦᠯᠵᠡᠢ ᠳᠠᠬᠢ ᠵᠢᠭᠠᠨ ᠰᠤᠷᠭᠠᠯᠳᠠ ᠶᠢᠨ ᠴᠡᠭ ᠢ ᠪᠠᠶᠢᠭᠤᠯᠬᠤ ᠪᠠᠷ ᠲᠤᠬᠢᠷᠠᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠮᠲᠤ ᠶᠢᠨ ᠴᠢᠷᠮᠠᠶᠢᠯᠭ᠎ᠠ ᠳᠣᠤᠷ᠎ᠠ᠂ ᠡᠨᠡ ᠵᠢᠯ ᠤᠨ 9 ᠰᠠᠷ᠎ᠠ ᠳᠤ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠤ ᠰᠤᠷᠤᠬᠴᠢ ᠡᠯᠰᠡᠬᠦ ᠪᠠᠷ ᠪᠤᠯᠤᠯ᠎ᠡ᠃          ᠥᠯᠵᠡᠶ ᠳᠠᠬᠢ ᠵᠢᠭᠠᠨ ᠰᠤᠷᠭᠠᠯᠲᠠ ᠶᠢᠨ ᠴᠡᠭ ᠤᠨ ᠶᠡᠷᠦᠩᠬᠡᠢ ᠡᠵᠡᠯᠡᠬᠦ ᠲᠠᠯᠠᠪᠠᠢ 20366 ᠲᠡᠭᠰᠢ ᠲᠦᠷᠪᠡᠯᠵᠢᠨ ᠮᠧᠲᠷ᠂ ᠵᠢᠭᠠᠨ ᠰᠤᠷᠭᠠᠯᠲᠠ ᠶᠢᠨ ᠠᠰᠠᠷ᠂ ᠰᠤᠷᠤᠭᠴᠢ ᠶᠢᠨ ᠪᠠᠶᠢᠷᠢ᠂ ᠪᠠᠭᠰᠢ ᠶᠢᠨ ᠪᠠᠶᠢᠷᠢ᠂ ᠬᠤᠭᠤᠯᠠᠨ ᠭᠡᠷ᠂ ᠡᠭᠦᠳᠡᠨ ᠭᠡᠷ ᠵᠡᠷᠭᠡ ᠶᠢ ᠪᠠᠷᠢᠬᠤ ᠪᠥᠭᠡᠳ 200m ᠤᠨ ᠭᠦᠶᠦᠯᠲᠡ ᠶᠢᠨ ᠵᠠᠮ ᠲᠠᠢ ᠪᠠᠶ᠎ᠠ ᠶᠢᠨ ᠲᠠᠮᠢᠷ ᠤᠨ ᠲᠠᠯᠠᠪᠠᠢ᠂ ᠴᠠᠬᠢᠯᠭᠠᠨ ᠲᠦᠭᠡᠭᠡᠬᠦ᠂ ᠤᠰᠤ ᠬᠠᠩᠭᠠᠬᠤ᠂ ᠰᠠᠯᠬᠢ ᠨᠡᠪᠲᠡᠷᠡᠭᠦᠯᠬᠦ᠂ ᠭᠠᠯ ᠤᠨᠲᠠᠷᠠᠭᠠᠬᠤ ᠵᠡᠷᠭᠡ ᠲᠤᠰᠠᠯᠠᠬᠤ ᠲᠥᠬᠦᠭᠡᠷᠦᠮᠵᠢ ᠶᠢ ᠢᠵᠢ ᠪᠦᠷᠢᠳᠤᠬᠦᠯᠤᠨ ᠲᠡᠭᠦᠯᠳᠡᠷᠵᠢᠬᠦᠯᠬᠦ ᠪᠠᠷ ᠪᠤᠢ᠃ ᠲᠥᠷᠥᠯ ᠵᠦᠢᠯ ᠢ ᠭᠤᠷᠪᠠᠨ ᠬᠤᠭᠤᠴᠠᠭ᠎ᠠ ᠬᠤᠪᠢᠶᠠᠵᠤ ᠬᠡᠷᠡᠭᠵᠢᠭᠦᠯᠦᠨ᠂ ᠡᠨᠡ ᠵᠢᠯ 520 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠪᠠᠭᠰᠢ ᠶᠢᠨ ᠪᠠᠶᠢᠷᠢ ᠶᠢᠨ ᠠᠰᠠᠷ ᠢ ᠰᠢᠨ᠎ᠡ ᠪᠠᠷ ᠪᠠᠶᠢᠭᠤᠯᠵᠤ᠂ ᠤᠢᠢᠷ᠎ᠠ ᠶᠢᠨ ᠡᠳᠦᠷ ᠵᠠᠰᠠᠭ ᠤᠨ ᠲᠠᠯ᠎ᠠ ᠠᠴᠠ ᠠᠵᠢᠯ ᠡᠬᠢᠯᠡᠬᠦᠯᠬᠦ ᠨᠡᠭᠡᠭᠡᠯᠳᠡ ᠶᠢᠨ ᠶᠤᠰᠤᠯᠠᠯ ᠶᠠᠪᠤᠭᠤᠯᠤᠬᠰᠠᠨ ᠪᠠᠶᠢᠨ᠎ᠠ᠃ ᠰᠢᠨ᠎ᠠ ᠪᠠᠷ ᠪᠠᠶᠢᠭᠤᠯᠤᠬᠰᠠᠨ ᠤ ᠲᠠᠷᠠᠭ᠎ᠠ᠂ ᠥᠯᠵᠡᠢ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠲᠠᠢ ᠨᠢᠭᠡᠳᠦᠭᠦᠯᠦᠨ ᠬᠠᠮᠢᠶᠠᠷᠬᠤ ᠪᠤᠯᠤᠨ᠎ᠠ᠃          ᠠᠯᠠᠱᠠ ᠵᠡᠬᠦᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠦᠨᠳᠦᠰᠦᠳᠡᠨ ᠤ ᠰᠤᠷᠭᠠᠨ ᠬᠦᠮᠦᠵᠢᠯ ᠤᠨ ᠠᠯᠪᠠᠨ ᠭᠡᠷ ᠤᠨ ᠡᠷᠬᠢᠯᠡᠭᠴᠢ ᠶᠠᠩ ᠤᠯᠠᠭᠠᠨ᠄ ︽5 ᠰᠠᠷ᠎ᠠ ᠠᠴᠠ ᠡᠬᠢᠯᠡᠨ ᠪᠢᠳᠡ ᠠᠯᠠᠱᠨ ᠵᠡᠭᠦᠨ ᠬᠤᠰᠢᠭᠤᠨ ᠤ ᠬᠤᠶᠢᠲᠤ ᠬᠡᠰᠡᠭ ᠤᠨ ᠥᠯᠵᠡᠶ᠂ ᠢᠡᠭᠭᠡᠨ᠂ ᠪᠠᠶᠠᠨᠨᠢᠷᠤᠭᠤᠨ᠂ ᠠᠯᠠᠱᠠ ᠪᠠᠷᠠᠭᠤᠨ ᠬᠤᠰᠢᠭᠤᠨ ᠤ ᠠᠯᠳ᠋ᠬᠠᠣᠪᠣᠭ᠎ᠠ᠂ ᠲᠠᠩᠰᠤᠬᠪᠤᠯᠠᠭ ᠵᠡᠷᠭᠡ ᠭᠠᠵᠠᠷ ᠣᠷᠣᠨ ᠤ ᠮᠣᠩᠭᠤᠯ ᠦᠨᠳᠦᠰᠦᠲᠡᠨ ᠤ ᠰᠤᠷᠤᠭᠴᠢ ᠶᠢᠨ ᠢᠷᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠪᠦᠷᠢᠳᠬᠡᠯ ᠠᠴᠠ ᠦᠵᠡᠪᠡᠯ ᠂ ᠥᠯᠵᠡᠶ ᠰᠤᠮᠤ ᠳᠤ ᠤᠳᠤ ᠪᠠᠶᠢᠭ᠎ᠠ ᠪᠠᠭ᠎ᠠ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ 12 ᠪᠠᠶᠢᠨ᠎ᠠ᠃ ᠬᠦᠷᠰᠢ ᠵᠡᠷᠭᠡᠯᠡᠳᠡᠭᠡ ᠭᠠᠵᠠᠷ ᠤᠷᠤᠨ ᠂ ᠪᠠᠶᠠᠨᠬᠤᠳᠠ ᠶᠢᠨ ᠡᠯ᠎ᠠ ᠬᠡᠤᠬᠡᠳ ᠤᠨ ᠴᠡᠴᠡᠷᠯᠢᠭ ᠠᠴᠠ ᠲᠡᠭᠦᠰᠦᠭᠰᠡᠨ ᠮᠤᠩᠭᠤᠯ ᠬᠡᠤᠬᠡᠳ ᠪᠠᠷᠤᠭ 60 ᠤᠷᠴᠢᠮ ᠪᠤᠢ᠃ ᠲᠠᠷᠠᠭᠠᠴᠢ ᠪᠠᠷ ᠪᠢᠳᠡ ᠦᠯᠵᠡᠢ ᠰᠤᠮᠤᠨ ᠤ ᠵᠠᠰᠠᠭ ᠤᠨ ᠤᠷᠳᠤᠨ ᠲᠠᠢ ᠬᠠᠮᠳᠤᠷᠠᠨ᠂ ᠰᠤᠷᠤᠬᠴᠢ ᠡᠯᠰᠡᠬᠦ ᠤᠬᠠᠭᠤᠯᠭ᠎ᠠ ᠶᠢᠨ ᠠᠵᠢᠯ ᠢᠶᠠᠨ ᠰᠠᠶᠢᠳᠤᠷ ᠬᠢᠵᠤ᠂ ᠰᠤᠷᠤᠬᠴᠢ ᠶᠢᠨ ᠢᠷᠡᠯᠳᠡ ᠶᠢᠨ ᠠᠰᠠᠭᠤᠳᠠᠯ ᠢ ᠰᠢᠢᠳᠪᠦᠷᠢᠯᠡᠬᠦ ᠲᠡᠭᠡᠷ᠎ᠠ ᠭᠤᠤᠯ ᠬᠦᠴᠦ ᠪᠠᠨ ᠲᠠᠯᠪᠢᠨ᠎ᠠ᠃ ᠪᠠᠭᠰᠢ ᠶᠢᠨ ᠡᠩᠨᠡᠭᠡᠨ ᠤ ᠪᠠᠶᠢᠭᠤᠯᠤᠯᠳᠠ ᠶᠢᠨ ᠲᠠᠯ᠎ᠠ ᠪᠠᠷ ᠵᠢᠭᠠᠨ ᠰᠤᠷᠭᠠᠯᠲᠠ ᠶᠢᠨ ᠴᠡᠭ ᠲᠤ ᠪᠥᠬᠦ ᠬᠤᠰᠢᠭᠤᠨ ᠤ ᠮᠣᠩᠭᠤᠯ ᠢᠶᠠᠷ ᠬᠢᠴᠢᠶᠡᠯᠯᠡᠬᠦ ᠬᠤᠶᠠᠷ ᠰᠤᠷᠭᠠᠭᠤᠯᠢ ᠶᠢ ᠪᠠᠭᠰᠢ ᠶᠢᠨ ᠳᠣᠲᠣᠷ᠎ᠠ ᠠᠴᠠ ᠲᠣᠰ ᠲᠣᠰ 1 ᠭᠤᠤᠯᠯᠠᠭᠴᠢ ᠪᠠᠭᠰᠢ ᠶᠢ ᠰᠣᠩᠭᠤᠨ ᠲᠣᠮᠢᠯᠠᠵᠤ ᠰᠣᠯᠢᠯᠴᠠᠭᠤᠯᠤᠨ ᠪᠠᠭᠰᠢᠯᠠᠭᠤᠯᠤᠨ᠎ᠠ᠃ ᠰᠤᠷᠤᠬᠴᠢ ᠶᠢᠨ ᠢᠷᠡᠯᠳᠡ ᠶᠢᠨ ᠪᠠᠶᠢᠳᠠᠯ ᠢ ᠥᠨᠳᠤᠰᠤᠯᠠᠨ᠂ ᠰᠤᠷᠭᠠᠨ ᠬᠦᠮᠦᠵᠢᠯ ᠪᠡᠶ᠎ᠠ ᠶᠢᠨ ᠲᠠᠮᠢᠷ ᠤᠨ ᠲᠣᠪᠴᠢᠶ᠎ᠠ ᠣᠷᠣᠨ ᠲᠤᠭ᠎ᠠ ᠨᠡᠮᠡᠵᠦ ᠠᠵᠢᠯ ᠤᠨ ᠪᠠᠶᠢᠷᠢ ᠲᠣᠬᠢᠷᠠᠭᠤᠯᠬᠤ ᠭᠤᠶᠤᠴᠢᠯᠠᠯ ᠭᠠᠷᠭᠠᠵᠤ᠂ ᠵᠢᠭᠠᠨ ᠰᠤᠷᠭᠠᠯᠲᠠ ᠶᠢᠨ ᠴᠡᠭ ᠤᠨ ᠪᠠᠭᠰᠢ ᠶᠢᠨ ᠡᠩᠨᠡᠭᠡᠨ ᠤ ᠤᠷᠳᠤ ᠬᠤᠭᠤᠴᠠᠭ᠎ᠠ ᠪᠠᠷ ᠲᠣᠭᠲᠠᠭᠤᠨ ᠪᠠᠶᠢᠬᠤ ᠶᠢ ᠦᠨᠳᠦᠰᠦᠨ ᠠᠴᠠ ᠨᠢ ᠰᠢᠢᠳᠪᠦᠷᠢᠯᠡᠬᠦ ᠪᠤᠯᠤᠨ᠎ᠠ︾ ᠭᠡᠪᠡ᠃          ᠦᠯᠵᠡᠢ ᠳᠠᠬᠢ ᠵᠢᠭᠠᠨ ᠰᠤᠷᠭᠠᠯᠲᠠ ᠶᠢᠨ ᠴᠡᠭ ᠢ ᠰᠢᠨ᠎ᠡ ᠪᠠᠷ ᠪᠠᠶᠢᠭᠤᠯᠵᠤ ᠪᠠᠶᠢᠭ᠎ᠠ ᠨᠢ ᠰᠤᠷᠭᠠᠭᠤᠯᠢ ᠶᠢᠨ ᠨᠠᠰᠤᠨ ᠤ ᠬᠡᠦᠬᠡᠳ ᠤᠨ ᠰᠤᠷᠭᠠᠭᠤᠯᠢ ᠳᠤ ᠣᠷᠣᠬᠤ ᠳᠤ ᠬᠦᠴᠢᠷ ᠠᠰᠠᠭᠤᠳᠠᠯ ᠢ ᠰᠢᠢᠳᠪᠦᠷᠢᠯᠡᠨ᠂ ᠠᠯᠠᠱᠠ ᠵᠡᠭᠦᠨ ᠬᠤᠰᠢᠭᠤᠨ ᠤ ᠬᠤᠶᠢᠲᠤ ᠬᠡᠰᠡᠭ ᠤᠨ ᠰᠤᠮᠤ ᠪᠠᠯᠭᠠᠰᠤᠨ ᠤ ᠬᠡᠦᠬᠡᠳ ᠤᠨ ᠣᠢᠢᠷ᠎ᠠ ᠬᠠᠪᠢ ᠳᠠᠭᠠᠨ ᠰᠤᠷᠭᠠᠭᠤᠯᠢ ᠳᠤ ᠣᠷᠣᠬᠤ ᠳᠤ ᠳᠥᠭᠦᠮ ᠦᠵᠠᠬᠦᠯᠬᠦ ᠪᠠᠷ ᠪᠠᠷᠠᠬᠤ ᠥᠬᠡᠶ᠂ ᠮᠠᠯᠴᠢᠨ ᠲᠦᠮᠡᠨ ᠤ ᠠᠵᠤ ᠠᠬᠤᠢ ᠶᠢᠨ ᠳᠠᠷᠤᠭᠠᠰᠤ ᠶᠢ ᠴᠤ ᠬᠥᠩᠭᠡᠷᠡᠭᠦᠯᠵᠦ᠂ ᠨᠤᠲᠤᠭ ᠳᠡᠪᠢᠰᠬᠡᠷ ᠢᠶᠠᠨ ᠰᠠᠬᠢᠨ ᠬᠠᠮᠠᠭᠠᠯᠠᠵᠤ᠂ ᠶᠠᠳᠠᠭᠤ ᠠᠴᠠ ᠠᠩᠭᠢᠵᠢᠷᠠᠠ ᠴᠢᠨᠡᠭᠡᠯᠢᠭᠵᠢᠬᠦ ᠳᠤ ᠠᠰᠢᠭᠲᠠᠢ ᠪᠤᠯᠤᠨ᠎ᠠ᠃ ᠡᠬᠦᠨ ᠤ ᠬᠠᠮᠳᠤ᠂ ᠥᠯᠵᠡᠶ ᠰᠤᠮᠤᠨ ᠳᠤ ᠦᠨᠳᠦᠰᠦᠲᠡᠨ ᠤ ᠦᠭᠡ ᠬᠡᠯᠡᠨ ᠤ ᠰᠠᠶᠢᠨ ᠰᠠᠶᠢᠬᠠᠨ ᠣᠷᠴᠢᠨ ᠲᠣᠭᠤᠷᠢᠨ ᠲᠠᠢ ᠪᠤᠯᠬᠤᠷ ᠮᠣᠩᠭᠤᠯ ᠢᠶᠠᠷ ᠬᠢᠴᠢᠶᠡᠯᠯᠡᠬᠦ ᠵᠢᠭᠠᠨ ᠰᠤᠷᠭᠠᠯᠳᠠ ᠶᠢᠨ ᠴᠡᠭ ᠢ ᠨᠡᠮᠡᠨ ᠲᠣᠬᠢᠷᠠᠭᠤᠯᠬᠤ ᠨᠢ ᠦᠨᠳᠦᠰᠦᠲᠡᠨ ᠤ ᠦᠭᠡ ᠬᠡᠯᠡ᠂ ᠦᠨᠳᠦᠰᠦᠲᠡᠨ ᠤ ᠰᠣᠶᠣᠯ ᠤᠨ ᠤᠯᠠᠮᠵᠢᠯᠠᠯ ᠳᠤ ᠠᠰᠢᠭᠲᠠᠢ ᠶᠤᠮ᠃ ᠨᠡᠩ ᠴᠤ ᠪᠣᠭᠤᠮᠲᠠ ᠶᠢᠨ ᠲᠠᠰᠤᠷᠠᠯᠲᠠ ᠦᠭᠡᠢ ᠨᠡᠭᠡᠭᠡᠯᠲᠡ ᠬᠢᠬᠦ ᠶᠢ ᠳᠠᠭᠠᠯᠳᠤᠨ᠂ ᠮᠣᠩᠭᠤᠯ ᠤᠯᠤᠰ ᠲᠠᠢ ᠰᠤᠷᠭᠠᠨ ᠬᠥᠮᠦᠵᠢᠯ ᠤᠨ ᠭᠠᠳᠠᠭᠠᠳᠤ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠳᠤ ᠠᠰᠢᠭᠲᠠᠢ ᠶᠤᠮ᠃                                                       (ᠵᠣᠬᠢᠶᠠᠭᠴᠢ᠄ ᠡᠷᠳᠡᠨᠢᠴᠢᠮᠡᠭ)
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号