ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ ᠶᠢ ᠭᠤᠤᠯᠳᠠᠯᠭ᠎ᠠ ᠲᠠᠢ ᠥᠷᠨᠢᠭᠦᠯᠵᠦ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ
ᠨᠡᠶᠢᠲᠡᠯᠡᠭᠰᠡᠨ ᠴᠠᠭ᠄
2019/7/2
        ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ ᠶᠢ ᠭᠤᠤᠯᠳᠠᠯᠭ᠎ᠠ ᠲᠠᠢ ᠥᠷᠨᠢᠭᠦᠯᠵᠦ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ         —— ᠳ᠋ᠦᠩᠹᠧᠩ ᠰᠠᠨᠰᠠᠷ ᠤᠨ ᠬᠤᠲᠠ ᠳᠤ ᠰᠠᠭᠤᠭ᠎ᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ᠂ ᠡᠵᠡᠨ᠎ᠡ ᠬᠤᠰᠢᠭᠤᠨ ᠤ ᠨᠠᠮ ᠤᠨ ᠬᠤᠷᠢᠶᠠᠨ ᠤ ᠱᠦᠵᠢ ᠮᠥᠩᠬᠡ ᠶᠢ ᠰᠤᠷᠪᠤᠯᠵᠢᠯᠠᠭᠰᠠᠨ ᠨᠢ        ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠦᠵᠡᠯ ᠰᠠᠨᠠᠭ᠎ᠠ ᠪᠠᠨ ᠣᠯᠠᠮ ᠨᠢᠬᠡ ᠠᠯᠬᠤᠮ ᠴᠢᠯᠦᠭᠡᠯᠡᠵᠦ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠦᠨᠡᠨᠬᠦ ᠬᠡᠷᠡᠭᠵᠢᠬᠦᠯᠦᠨ᠂ ᠴᠢᠨᠠᠷ ᠰᠠᠶᠢᠲᠠᠢ ᠬᠥᠭᠵᠢᠯᠲᠡ  ᠶᠢ ᠠᠬᠢᠭᠤᠯᠬᠤ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ ᠶᠢ ᠦᠷᠨᠢᠬᠦᠯᠬᠦ︾ ᠱᠠᠭᠠᠷᠳᠠᠯᠭ᠎ᠠ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳ᠋ᠦᠩᠹᠧᠩ ᠰᠠᠨᠰᠠᠷ ᠤᠨ ᠬᠤᠳᠠ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ᠂ ᠡᠵᠡᠨ᠎ᠡ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠮᠥᠩᠬᠡ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ᠂ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠣᠣᠱᠯᠠᠭᠤᠯᠵᠦ᠂ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠬᠤ ᠶᠢ ᠴᠢᠬᠤᠯᠠᠴᠢᠯᠠᠵᠤ᠂ ᠠᠰᠠᠭᠤᠳᠠᠯ᠂ ᠡᠭᠦᠷᠭᠡ ᠶᠢ ᠪᠣᠳᠣᠯᠬᠢᠯᠠᠵᠤ᠂ ᠳᠤᠮᠳᠠ ᠠᠴᠠ ᠨᠢ ᠰᠡᠳᠬᠢᠴᠡ ᠡᠷᠢᠵᠦ᠂ ᠠᠷᠭ᠎ᠠ ᠪᠣᠳᠣᠵᠤ᠂ ᠶᠡᠭᠡ ᠰᠤᠷᠤᠯᠴᠠᠯᠭ᠎ᠠ ᠶᠡᠭᠡ ᠶᠠᠷᠢᠯᠴᠠᠭᠠᠨ ᠤ ᠦᠷ᠎ᠡ ᠪᠦᠲᠦᠭᠡᠯ ᠢ ᠠᠵᠢᠯ ᠤᠨ ᠢᠶᠠᠨ ᠦᠷ᠎ᠡ ᠪᠦᠲᠦᠮᠵᠢ ᠪᠣᠯᠭᠠᠨ  ᠣᠯᠠᠷᠢᠭᠤᠯᠵᠦ᠂ ᠠᠮᠢ ᠠᠬᠤᠢ ᠶᠢ ᠡᠩ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ ᠭᠡᠪᠡ᠃        ᠮᠥᠩᠬᠡ ᠶᠠᠷᠢᠬᠤ ᠳᠠᠭᠠᠨ᠂ ᠡᠵᠡᠨ᠎ᠡ ᠬᠤᠰᠢᠭᠤ ᠭᠤᠤᠯᠳᠠᠭᠤ ᠳᠣᠤᠷᠠᠬᠢ ᠳᠣᠯᠣᠭᠠᠨ ᠲᠠᠯ᠎ᠠ ᠪᠠᠷ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ ᠥᠷᠨᠢᠭᠦᠯᠦᠨ᠎ᠡ᠄ ᠠᠮᠢ ᠠᠬᠤᠶ ᠶᠢ ᠡᠩ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠬᠡᠷᠬᠢᠨ ᠬᠠᠶᠢᠨ ᠰᠦᠪᠡᠭᠴᠢᠯᠡᠬᠦ ᠳᠣᠭᠤᠷᠢᠨ ᠳᠤ ᠰᠣᠷᠷᠣᠯᠴᠠᠯᠭ᠎ᠠ ᠶᠠᠷᠢᠯᠴᠠᠭ᠎ᠠ ᠦᠷᠨᠢᠬᠦᠯᠦᠨ᠎ᠡ᠃ ᠠᠵᠤ ᠠᠬᠤᠢ ᠶᠢᠨ ᠬᠥᠭᠵᠢᠯᠲᠡ ᠪᠣᠯᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠬᠠᠷᠢᠴᠠᠭ᠎ᠠ ᠶᠢ ᠬᠡᠷᠬᠢᠨ ᠨᠢᠭᠡᠳᠦᠯᠲᠡᠢ ᠲᠥᠯᠥᠪᠵᠢᠭᠦᠯᠦᠨ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠣᠨᠣᠯᠵᠢᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠡᠵᠡᠨ᠎ᠡ ᠶᠢᠨ ᠬᠠᠷᠢᠴᠠᠭᠤᠯᠤᠭᠰᠠᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠨᠡᠶᠢᠴᠡᠭᠰᠡᠨ᠂ ᠣᠨᠴᠠᠯᠢᠭ ᠢ ᠢᠯᠡᠷᠡᠭᠦᠯᠦᠭᠰᠡᠨ᠂ ᠠᠮᠢ ᠠᠬᠤᠢ ᠶᠢ ᠡᠩ ᠲᠡᠷᠢᠭᠦᠨ ᠳᠤ ᠲᠠᠯᠪᠢᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠬᠠᠶᠢᠨ  ᠰᠦᠪᠡᠭᠴᠢᠯᠡᠬᠦ ᠳᠣᠬᠠᠢ ᠭᠤᠣᠯᠳᠠᠯᠭ᠎ᠠ ᠲᠠᠢ ᠪᠠᠷ ᠰᠣᠷᠣᠯᠴᠠᠨ ᠶᠠᠷᠢᠯᠴᠠᠨ᠎ᠠ︔ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠬᠡᠷᠬᠢᠨ ᠴᠢᠩᠭᠠᠷᠠᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠳᠣᠯᠣᠯᠳᠠ ᠶᠢᠨ ᠢᠯᠠᠯᠲᠠ ᠶᠢ ᠣᠯᠬᠤ ᠠᠵᠢᠯ ᠢ ᠰᠠᠶᠢᠲᠤᠷ ᠬᠢᠵᠦ᠂ ︽ᠴᠡᠯᠮᠡᠭ ᠣᠭᠲᠠᠷᠭᠤᠢ ᠴᠡᠩᠭᠡᠭ ᠤᠰᠤ ᠴᠡᠪᠡᠷ ᠬᠥᠷᠥᠰᠥ︾ ᠶᠢᠨ ᠠᠵᠢᠯᠯᠠᠭ᠎ᠠ ᠶᠢ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠪᠠ ᠡᠬᠡ ᠤᠯᠤᠰ ᠤᠨ ᠤᠮᠠᠷᠠᠲᠤ ᠶᠢᠨ ᠲᠦᠮᠡᠨ ᠭᠠᠵᠠᠷ ᠤᠨ ᠨᠣᠮᠢᠨ ᠨᠣᠭᠤᠭᠠᠨ ᠪᠦᠰᠡ ᠶᠢ ᠴᠣᠭᠴᠠᠯᠠᠬᠤ ᠳᠣᠬᠠᠢ ᠭᠤᠣᠯᠳᠠᠯᠭ᠎ᠠ ᠲᠠᠢ ᠰᠣᠷᠣᠯᠴᠠᠨ ᠶᠠᠷᠢᠯᠴᠠᠨ᠎ᠠ︔ ᠬᠡᠷᠬᠢᠨ ᠨᠢᠭᠡ ᠶᠢ ᠵᠦᠢᠴᠢᠯᠡᠨ ᠨᠥᠬᠦᠭᠡ ᠶᠢ ᠮᠡᠳᠡᠵᠦ᠂ ᠡᠪᠡᠳᠴᠢᠨ ᠳᠤᠨᠢ ᠲᠠᠭᠠᠷᠠᠭᠤᠯᠤᠨ ᠡᠮ ᠥᠭᠴᠦ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠤᠨ ᠰᠢᠰᠲ᠋ᠧᠮ ᠲᠠᠢ ᠵᠠᠰᠠᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠳᠣᠣᠷᠠᠢ ᠶᠢᠨ ᠣᠢ᠂ ᠡᠵᠡᠨ᠎ᠡ ᠭᠤᠣᠯ᠂ ᠰᠣᠪᠨᠠᠭᠤᠷ ᠤᠨ ᠠᠮᠢ ᠠᠬᠤᠢ ᠶᠢᠨ ᠬᠠᠮᠠᠭᠠᠯᠠᠯᠲᠠ ᠵᠢᠴᠢ ᠪᠣᠭᠤᠮᠲᠠ ᠶᠢᠨ ᠣᠷᠣᠨ ᠤ ᠣᠷᠴᠢᠨ ᠠᠬᠤᠢ ᠶᠢᠨ ᠵᠠᠰᠠᠯᠲᠠ ᠶᠢ ᠦᠷᠭᠦᠯᠵᠢᠯᠡᠨ ᠰᠠᠶᠢᠲᠤᠷ ᠳᠣᠬᠠᠢ ᠭᠤᠣᠯᠳᠠᠯᠭ᠎ᠠ ᠲᠠᠢ ᠰᠣᠷᠣᠯᠴᠠᠨ ᠶᠠᠷᠢᠯᠴᠠᠨ᠎ᠠ᠃       ᠠᠵᠤ ᠠᠬᠤᠢ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠬᠡᠷᠬᠢᠨ ᠬᠦᠴᠦᠯᠡᠨ ᠬᠤᠪᠢᠷᠠᠭᠤᠯᠵᠤ᠂ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠬᠤ ᠳᠣᠭᠤᠷᠢᠨ ᠳᠤ ᠰᠣᠷᠣᠯᠴᠠᠯᠭ᠎ᠠ ᠶᠠᠷᠢᠯᠴᠠᠭ᠎ᠠ ᠦᠷᠨᠢᠬᠦᠯᠦᠨ᠎ᠡ᠃ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠬᠡᠷᠬᠢᠨ ᠲᠦᠯᠬᠢᠨ ᠠᠬᠢᠭᠤᠯᠵᠤ᠂ ᠪᠣᠳᠠᠲᠤ ᠴᠣᠭᠴᠠ ᠶᠢᠨ ᠠᠵᠤ ᠠᠬᠤᠶ ᠶᠢ ᠪᠣᠳᠠᠲᠠᠶ ᠪᠠᠷ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ︽ᠳᠥᠷᠪᠡᠨ ᠣᠯᠠᠨ ᠪᠠᠶᠢᠬᠤ ᠳᠥᠷᠪᠡᠨ ᠴᠥᠭᠡᠨ ᠪᠠᠶᠢᠬᠤ︾ ᠪᠠᠶᠢᠳᠠᠯ    ︵ᠲᠤᠬᠠᠶᠢᠯᠠᠪᠠᠯ ᠤᠯᠠᠮᠵᠢᠯᠠᠯᠲᠤ ᠠᠵᠤ ᠦᠢᠯᠡᠰ ᠤᠯᠠᠨ ᠪᠠᠶᠢᠵᠦ ᠰᠢᠨ᠎ᠡ ᠪᠠᠷ ᠬᠥᠭᠵᠢᠭᠰᠡᠨ ᠠᠵᠤ ᠦᠢᠯᠡᠰ ᠴᠥᠭᠡᠨ ᠪᠠᠶᠢᠬᠤ᠂ ᠳᠣᠣᠷ᠎ᠠ ᠲᠠᠰ ᠤᠨ ᠠᠵᠤ ᠦᠢᠯᠡᠰ ᠤᠯᠠᠨ ᠪᠠᠶᠢᠵᠦ ᠳᠡᠭᠡᠳᠦ ᠲᠠᠰ ᠤᠨ ᠠᠵᠤ ᠦᠢᠯᠡᠰ ᠴᠥᠭᠡᠨ ᠪᠠᠶᠢᠬᠤ᠂ ᠡᠬᠢ ᠪᠠᠶᠠᠯᠢᠭ ᠤᠨ ᠬᠡᠯᠪᠡᠷᠢ ᠶᠢᠨ ᠠᠵᠤ ᠦᠢᠯᠡᠰ ᠤᠯᠠᠨ ᠪᠠᠶᠢᠵᠦ ᠥᠨᠳᠥᠷ ᠨᠡᠮᠡᠯᠲᠡ ᠥᠷᠲᠡᠭ ᠪᠦᠬᠦᠢ ᠠᠵᠤ ᠦᠢᠯᠡᠰ ᠴᠥᠭᠡᠨ ᠪᠠᠶᠢᠬᠤ᠂ ᠬᠥᠳᠡᠯᠮᠦᠷᠢ ᠳᠦᠪᠯᠡᠷᠡᠭᠰᠡᠨ ᠬᠡᠯᠪᠡᠷᠢ ᠶᠢᠨ ᠠᠵᠤ ᠦᠢᠯᠡᠰ ᠤᠯᠠᠨ ᠪᠠᠶᠢᠵᠦ ᠬᠥᠷᠥᠩᠭᠡ ᠰᠢᠨᠵᠢᠯᠡᠬᠦ ᠤᠬᠠᠭᠠᠨ ᠮᠡᠷᠭᠡᠵᠢᠯ  ᠳᠦᠪᠯᠡᠷᠡᠭᠰᠡᠨ ᠬᠡᠯᠪᠡᠷᠢ ᠶᠢᠨ ᠠᠵᠤ ᠦᠢᠯᠡᠰ ᠴᠥᠭᠡᠨ ᠪᠠᠶᠢᠬᠤ︶ ᠢ ᠴᠢᠷᠮᠠᠶᠢᠨ ᠬᠤᠪᠢᠷᠠᠭᠤᠯᠵᠤ᠂ ᠠᠵᠤ ᠦᠢᠯᠡᠰ ᠤᠨ ᠦᠢᠯᠡᠳᠬᠦᠨ ᠤ ᠳᠣᠣᠷ᠎ᠠ ᠲᠠᠰ ᠳᠣᠣᠷ᠎ᠠ ᠴᠢᠨᠠᠷ ᠠᠴᠠ ᠳᠡᠭᠡᠳᠦ ᠲᠠᠰ ᠥᠨᠳᠥᠷ ᠶᠠᠰᠣ ᠴᠢᠨᠠᠷ ᠲᠡᠰᠢ ᠳᠠᠪᠰᠢᠬᠤ ᠶᠢ ᠪᠡᠶᠡᠯᠡᠬᠦᠯᠬᠦ ᠳᠣᠬᠠᠢ ᠭᠤᠣᠯᠳᠠᠯᠭ᠎ᠠ ᠲᠠᠢ ᠰᠣᠷᠣᠯᠴᠠᠨ ᠶᠠᠷᠢᠯᠴᠠᠨ᠎ᠠ︔ ᠡᠯᠡᠰᠦᠨ ᠤ ᠠᠵᠤ ᠦᠢᠯᠡᠰ ᠤᠨ ᠬᠡᠪᠴᠢᠶ᠎ᠡ ᠶᠢ ᠦᠷᠭᠡᠳᠭᠡᠨ᠂ ᠨᠠᠷᠠᠲᠤ ᠲᠡᠮᠳᠡᠭ ᠢ ᠰᠢᠯᠢᠳᠡᠭᠵᠢᠭᠦᠯᠵᠦ᠂ ᠪᠣᠳᠠᠲᠤ ᠬᠦᠴᠦᠨ ᠢᠶᠠᠨ ᠬᠦᠴᠦᠷᠬᠡᠭᠵᠢᠭᠦᠯᠬᠦ ᠶᠢ ᠬᠡᠷᠭᠢᠨ ᠠᠬᠢᠭᠤᠯᠵᠤ᠂ ᠡᠯᠡᠰᠦᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠬᠤ ᠳᠣᠬᠠᠢ ᠭᠤᠣᠯᠳᠠᠯᠭ᠎ᠠ ᠲᠠᠢ ᠰᠣᠷᠣᠯᠴᠠᠨ ᠶᠠᠷᠢᠯᠴᠠᠨ᠎ᠠ︔ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠵᠠᠬ᠎ᠠ ᠳᠡᠯᠭᠡᠭᠦᠷᠴᠢᠯᠡᠬᠦ ᠠᠰᠠᠭᠤᠳᠠᠯ ᠢ ᠰᠢᠢᠳᠪᠦᠷᠢᠯᠡᠬᠦ ᠶᠢ ᠬᠡᠷᠭᠢᠨ ᠲᠦᠯᠬᠢᠨ ᠠᠬᠢᠭᠤᠯᠵᠤ᠂ ᠤᠯᠠᠨ ᠤᠯᠤᠰ ᠤᠨ ᠵᠢᠭᠤᠯᠴᠢᠯᠠᠯ ᠤᠨ  ᠬᠠᠷᠠᠯᠳᠠᠳᠣ ᠣᠷᠣᠨ ᠢ ᠪᠣᠶ ᠪᠣᠯᠭᠠᠬᠤ ᠳᠣᠬᠠᠢ ᠭᠤᠣᠯᠳᠠᠯᠭ᠎ᠠ ᠲᠠᠢ ᠰᠣᠷᠣᠯᠴᠠᠨ ᠶᠠᠷᠢᠯᠴᠠᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠶᠢ ᠬᠡᠷᠬᠢᠨ ᠠᠬᠢᠭᠤᠯᠬᠤ ᠳᠣᠬᠠᠢ ᠭᠤᠣᠯᠳᠠᠯᠭ᠎ᠠ ᠲᠠᠢ ᠰᠣᠷᠣᠯᠴᠠᠨ ᠶᠠᠷᠢᠯᠴᠠᠨ᠎ᠠ︔ ᠦᠷᠢ ᠥᠭᠴᠡᠭᠡ ᠶᠢᠨ ᠠᠶᠤᠯ ᠲᠦᠭᠰᠢᠭᠦᠷᠢ ᠶᠢ ᠬᠡᠷᠬᠢᠨ ᠪᠦᠲᠦᠮᠵᠢᠲᠡᠢ ᠰᠡᠷᠭᠡᠶᠢᠯᠡᠨ ᠠᠷᠢᠯᠭᠠᠬᠤ ᠳᠣᠬᠠᠢ ᠭᠤᠣᠯᠳᠠᠯᠭ᠎ᠠ ᠲᠠᠢ ᠰᠣᠷᠣᠯᠴᠠᠨ ᠶᠠᠷᠢᠯᠴᠠᠨ᠎ᠠ᠃       ᠮᠠᠯ ᠠᠵᠤ ᠠᠬᠤᠢ ᠲᠠᠷᠢᠶᠠᠯᠠᠩ ᠪᠠ ᠮᠠᠯᠵᠢᠬᠤ ᠳᠠᠷᠢᠶᠠᠯᠠᠬᠤ ᠣᠷᠣᠨ ᠤ ᠠᠵᠢᠯ ᠢ ᠬᠡᠷᠬᠢᠨ ᠬᠦᠴᠦᠯᠡᠨ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠯᠠᠪᠳᠠᠭᠤᠨ ᠪᠠᠲᠤᠲᠠᠢ ᠠᠬᠢᠭᠤᠯᠬᠤ ᠳᠣᠬᠠᠢ ᠰᠣᠷᠣᠯᠴᠠᠯᠭ᠎ᠠ ᠶᠠᠷᠢᠯᠴᠠᠭ᠎ᠠ ᠦᠷᠨᠢᠬᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢ ᠬᠡᠷᠬᠢᠨ ᠲᠦᠷᠭᠡᠳᠬᠡᠨ ᠠᠬᠢᠭᠤᠯᠵᠦ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠰᠢᠰᠲ᠋ᠧᠮᠵᠢ᠂ ᠦᠢᠯᠡᠳᠪᠦᠷᠢᠯᠡᠯ ᠤᠨ ᠰᠢᠰᠲ᠋ᠧᠮᠵᠢ᠂ ᠡᠵᠡᠩᠨᠡᠯᠲᠡ ᠶᠢᠨ ᠰᠢᠰᠲ᠋ᠧᠮᠵᠢ ᠶᠢ ᠬᠡᠷᠬᠢᠨ ᠲᠦᠷᠭᠡᠳᠬᠡᠨ ᠠᠬᠢᠭᠤᠯᠬᠤ ᠳᠣᠬᠠᠢ ᠭᠤᠣᠯᠳᠠᠯᠭ᠎ᠠ ᠲᠠᠢ ᠰᠣᠷᠣᠯᠴᠠᠨ ᠶᠠᠷᠢᠯᠴᠠᠨ᠎ᠠ︔ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠳᠠ ᠶᠢᠨ ᠠᠵᠢᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠣᠨᠴᠣᠭᠤᠶᠢᠯᠠᠨ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ᠪᠠ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠳᠣᠬᠠᠢ‌ᠭᠤᠣᠯᠳᠠᠯᠭ᠎ᠠ ᠲᠠᠢ ᠰᠣᠷᠣᠯᠴᠠᠨ ᠶᠠᠷᠢᠯᠴᠠᠨ᠎ᠠ︔ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠠᠢ ᠬᠡᠷᠬᠢᠨ ᠣᠷᠭᠠᠨᠢᠭ ᠢᠶᠠᠷ ᠤᠶᠠᠯᠳᠤᠭᠤᠯᠵᠤ᠂ ︽ᠭᠤᠷᠪᠠᠨ ᠬᠡᠯᠬᠢᠶ᠎ᠡ︾ ᠢᠨᠵᠧᠨᠧᠷᠢᠩ ᠪᠣᠯᠤᠨ ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ ᠶᠢᠨ ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠲᠦᠷᠭᠡᠨ ᠪᠥᠭᠡᠳ ᠰᠠᠶᠢᠳᠣᠷ ᠬᠥᠭᠵᠢᠯᠲᠡ ᠶᠢ ᠠᠬᠢᠭᠤᠯᠬᠤ ᠳᠣᠬᠠᠢ ᠭᠤᠣᠯᠳᠠᠯᠭ᠎ᠠ ᠲᠠᠢ ᠰᠣᠷᠣᠯᠴᠠᠨ ᠶᠠᠷᠢᠯᠴᠠᠨ᠎ᠠ᠃       ᠬᠡᠷᠬᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠨᠡᠭᠡᠭᠡᠯᠲᠡ ᠶᠢ ᠥᠷᠭᠡᠳᠬᠡᠬᠦ ᠲᠣᠭᠤᠷᠢᠨ ᠳᠤ᠂ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠭᠦᠨᠵᠡᠭᠡᠢ ᠠᠭᠤᠰᠤᠯᠴᠠᠵᠤ᠂ ᠭᠠᠳᠠᠭᠰᠢ ᠴᠢᠭᠯᠡᠭᠦᠯᠦᠭᠰᠡᠨ ᠠᠵᠤ ᠠᠬᠤᠢ ᠶᠢᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠬᠦᠯᠬᠦ ᠲᠣᠬᠠᠢ ᠰᠤᠷᠤᠯᠴᠠᠯᠭ᠎ᠠ ᠶᠠᠷᠢᠯᠴᠠᠭ᠎ᠠ ᠦᠷᠨᠢᠬᠦᠯᠦᠨ᠎ᠡ᠃ ᠬᠡᠷᠬᠢᠨ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠᠷ ᠰᠠᠭᠤᠷᠢ ᠪᠣᠯᠭᠠᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠬᠤ ᠳᠣᠬᠠᠢ ᠭᠤᠣᠯᠳᠠᠯᠭ᠎ᠠ ᠲᠠᠢ ᠰᠣᠷᠣᠯᠴᠠᠨ ᠶᠠᠷᠢᠯᠴᠠᠨ᠎ᠠ︔ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠬᠡᠷᠬᠢᠨ ᠭᠦᠨᠵᠡᠭᠡᠢ ᠠᠭᠤᠰᠤᠯᠴᠠᠵᠤ᠂ ᠤᠯᠤᠰ ᠠᠴᠠ ᠤᠮᠠᠷᠠᠰᠢ ᠨᠡᠭᠡᠭᠡᠯᠲᠡ ᠬᠢᠬᠦ ᠬᠥᠭᠦᠷᠭᠡ ᠶᠢᠨ ᠦᠢᠯᠡᠳᠦᠯ ᠢ ᠪᠠᠳᠠᠷᠠᠭᠤᠯᠵᠤ᠂ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠰᠢᠨ᠎ᠡ ᠪᠠᠶᠢᠷᠢᠰᠢᠯ ᠢ ᠪᠦᠷᠢᠯᠳᠦᠬᠦᠯᠬᠦ ᠱᠠᠭᠠᠷᠳᠠᠯᠭ᠎ᠠ ᠶᠢ ᠨᠠᠶᠢᠳᠠᠪᠣᠷᠢᠵᠢᠭᠤᠯᠣᠨ ᠠᠬᠢᠭᠤᠯᠵᠦ᠂ ᠣᠷᠣᠨ ᠪᠠᠶᠢᠷᠢ ᠶᠢᠨ ᠳᠠᠪᠠᠭᠤᠯᠢᠭ ᠢ ᠨᠡᠭᠡᠭᠡᠯᠲᠡ ᠬᠢᠬᠦ ᠳᠠᠪᠠᠭᠤᠯᠢᠭ᠂ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠳᠣᠬᠠᠢ ᠭᠤᠣᠯᠳᠠᠯᠭ᠎ᠠ ᠲᠠᠢ ᠰᠣᠷᠣᠯᠴᠠᠨ ᠶᠠᠷᠢᠯᠴᠠᠨ᠎ᠠ︔ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠶᠢ ᠬᠡᠷᠬᠢᠨ ᠴᠢᠩᠭᠠᠳᠬᠠᠵᠤ᠂ ᠤᠯᠠᠨ ᠤᠯᠤᠰ ᠤᠨ ᠪᠣᠭᠤᠮᠲᠠ ᠶᠢ ᠪᠠᠶᠢᠭᠤᠯᠬᠤ ᠳᠤ ᠰᠠᠭᠤᠷᠢᠯᠠᠵᠤ᠂ ᠭᠠᠳᠠᠭᠰᠢ ᠴᠢᠭᠯᠡᠭᠦᠯᠦᠭᠰᠡᠨ ᠠᠵᠤ ᠠᠬᠤᠢ ᠶᠢᠨ ᠬᠥᠭᠵᠢᠯᠲᠡ ᠶᠢ ᠲᠦᠷᠭᠡᠳᠬᠡᠬᠦ ᠳᠣᠬᠠᠢ ᠭᠤᠣᠯᠳᠠᠯᠭ᠎ᠠ ᠲᠠᠢ ᠰᠣᠷᠣᠯᠴᠠᠨ ᠶᠠᠷᠢᠯᠴᠠᠨ᠎ᠠ᠃       ᠴᠢᠳᠠᠯ ᠤᠨ ᠢᠶᠠᠨ ᠬᠢᠷᠢ ᠪᠠᠷ ᠬᠢᠬᠦ᠂ ᠠᠯᠬᠤᠮ ᠳᠠᠷᠠᠭ᠎ᠠ ᠲᠠᠢ ᠪᠠᠷ ᠤᠷᠤᠭᠰᠢᠯᠠᠬᠤ ᠶᠢ ᠬᠡᠷᠬᠢᠨ ᠪᠠᠷᠢᠮᠲᠠᠯᠠᠵᠤ᠂ ᠠᠷᠠᠳ ᠤᠨ ᠠᠮᠢᠳᠤᠷᠠᠯ ᠢ ᠪᠠᠲᠤᠯᠠᠨ ᠬᠦᠴᠦᠯᠡᠨ ᠰᠠᠶᠢᠵᠢᠷᠠᠭᠤᠯᠬᠤ ᠲᠠᠢ ᠤᠶᠠᠯᠳᠤᠭᠤᠯᠤᠨ ᠰᠣᠷᠣᠯᠴᠠᠯᠭ᠎ᠠ ᠶᠠᠷᠢᠯᠴᠠᠭ᠎ᠠ  ᠶᠢ ᠦᠷᠨᠢᠬᠦᠯᠦᠨ᠎ᠡ ᠬᠡᠷᠡᠭᠲᠡᠶ᠃ ᠬᠡᠷᠬᠢᠨ ᠪᠦᠬᠦ ᠬᠦᠴᠦᠨ ᠢᠶᠠᠷ ᠢᠶᠠᠨ ᠴᠢᠷᠮᠠᠶᠢᠬᠤ ᠮᠥᠷᠲᠡᠭᠡᠨ ᠴᠢᠳᠠᠯ ᠤᠨ ᠢᠶᠠᠨ ᠬᠢᠷᠢ ᠪᠠᠷ ᠬᠢᠵᠦ᠂ ᠠᠷᠠᠳ ᠤᠨ ᠠᠮᠢᠳᠤᠷᠠᠯ ᠤᠨ ᠪᠠᠳᠣᠯᠠᠭ᠎ᠠ ᠶᠢᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠤ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠠᠷᠠᠳ ᠤᠯᠠᠨ ᠳᠤ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠴᠢᠩᠭᠠᠳᠬᠠᠬᠤ ᠳᠣᠬᠠᠢ ᠭᠤᠣᠯᠳᠠᠯᠭ᠎ᠠ ᠲᠠᠢ ᠰᠣᠷᠣᠯᠴᠠᠨ ᠶᠠᠷᠢᠯᠴᠠᠨ᠎ᠠ᠃       ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠲᠣᠭᠲᠠᠭᠤᠨ ᠪᠠᠶᠢᠳᠠᠯ ᠢ ᠬᠡᠷᠬᠢᠨ ᠯᠠᠪᠳᠠᠭᠤᠨ ᠪᠠᠲᠤᠲᠠᠶ ᠲᠦᠯᠬᠢᠨ ᠠᠬᠢᠭᠤᠯᠬᠤ ᠲᠠᠢ ᠤᠶᠠᠯᠳᠤᠭᠤᠯᠤᠨ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ  ᠪᠠᠶᠢᠭᠤᠯᠬᠤ ᠲᠤᠬᠠᠢ ᠰᠣᠷᠣᠯᠴᠠᠯᠭ᠎ᠠ ᠶᠠᠷᠢᠯᠴᠠᠭ᠎ᠠ ᠦᠷᠨᠢᠬᠦᠯᠦᠨ᠎ᠡ᠃ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠨᠣᠯᠵᠢᠬᠤᠨ ᠢ ᠬᠡᠷᠬᠢᠨ ᠭᠦᠨᠵᠡᠭᠡᠢ ᠦᠢᠯᠡᠳᠦᠯᠭᠡᠵᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠴᠢᠩᠭᠠᠳᠬᠠᠵᠤ᠂ ᠬᠤᠶᠠᠷ ᠢ ᠬᠦᠷᠢᠶᠡᠯᠡᠵᠦ ᠬᠠᠮᠲᠤᠪᠠᠷ ᠪᠠᠶᠢᠭᠤᠯᠬᠤ ᠠᠵᠢᠯ ᠢ ᠠᠬᠢᠭᠤᠯᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠲᠦᠷᠭᠡᠳᠬᠡᠨ ᠪᠠᠶᠢᠭᠤᠯᠵᠤ᠂ ︽ᠲᠠᠪᠤᠨ ᠲᠠᠯ᠎ᠠ ᠶᠢᠨ ᠠᠵᠢᠯᠯᠠᠭ᠎ᠠ︾ ᠶᠢ ᠭᠦᠨᠵᠡᠭᠡᠶᠢᠷᠡᠭᠦᠯᠦᠨ ᠥᠷᠭᠡᠳᠬᠡᠵᠦ᠂ ᠡᠬᠡ ᠤᠯᠤᠰ ᠤᠨ ᠬᠢᠯᠢ ᠬᠢᠵᠠᠭᠠᠷ ᠢ ᠬᠠᠮᠲᠤᠪᠠᠷ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤᠪᠠᠷ ᠴᠣᠭᠴᠠᠯᠠᠬᠤ ᠳᠣᠬᠠᠢ ᠭᠤᠣᠯᠳᠠᠯᠭ᠎ᠠ ᠲᠠᠢ ᠰᠣᠷᠣᠯᠴᠠᠨ ᠶᠠᠷᠢᠯᠴᠠᠨ᠎ᠠ︔ ᠬᠦᠨᠳᠦ ᠶᠡᠭᠡ ᠠᠶᠤᠯ ᠲᠦᠭᠰᠢᠭᠦᠷᠢ ᠶᠢ ᠬᠡᠷᠬᠢᠨ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠵᠠᠰᠠᠯᠲᠠ ᠶᠢᠨ ᠲᠣᠭᠲᠠᠴᠠ ᠶᠢ ᠰᠢᠨᠡᠴᠢᠯᠡᠵᠦ᠂ ᠠᠮᠤᠷ ᠳᠠᠶᠢᠪᠣᠩ ᠡᠵᠡᠨ᠎ᠡ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠣᠬᠠᠢ ᠭᠤᠣᠯᠳᠠᠯᠭ᠎ᠠ  ᠲᠠᠢ ᠰᠣᠷᠣᠯᠴᠠᠨ ᠶᠠᠷᠢᠯᠴᠠᠨ᠎ᠠ᠃        ᠨᠠᠮ ᠤᠨ ᠤᠳᠤᠷᠢᠳᠤᠯᠭ᠎ᠠ ᠶᠢ ᠬᠡᠷᠬᠢᠨ ᠴᠢᠩᠭᠠᠳᠬᠠᠬᠤ ᠲᠠᠢ ᠤᠶᠠᠯᠳᠤᠭᠤᠯᠤᠨ᠂ ᠡᠯ᠎ᠡ ᠱᠠᠲᠤᠨ ᠤ ᠺᠠᠳ᠋ᠷᠴᠤᠳ ᠤᠨ ᠠᠵᠤ ᠠᠬᠤᠶ ᠨᠡᠶᠢᠭᠡᠮ ᠤᠨ ᠠᠵᠢᠯ ᠢ ᠡᠵᠡᠮᠳᠡᠬᠦ ᠴᠢᠳᠠᠪᠤᠷᠢ ᠪᠠ ᠬᠢᠷᠢ ᠳᠦᠪᠰᠢᠨ ᠢ ᠳᠡᠭᠡᠭᠰᠢᠯᠡᠭᠦᠯᠵᠦ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠶᠢ ᠣᠷᠮᠠᠰᠢᠭᠤᠯᠬᠤ ᠳᠣᠬᠠᠢ ᠰᠣᠷᠣᠯᠴᠠᠯᠭ᠎ᠠ ᠶᠠᠷᠢᠯᠴᠠᠭ᠎ᠠ ᠶᠢ ᠦᠷᠨᠢᠬᠦᠯᠦᠨ᠎ᠡ᠃ ᠨᠠᠮ ᠠᠴᠠ ᠺᠠᠳ᠋ᠷ ᠢ ᠬᠠᠮᠢᠶᠠᠷᠬᠤ ᠵᠠᠷᠴᠢᠮ ᠢ ᠬᠡᠷᠬᠢᠨ ᠪᠠᠷᠢᠮᠳᠠᠯᠠᠵᠦ ᠥᠨᠳᠥᠷ ᠬᠡᠪ ᠴᠢᠨᠠᠷ ᠪᠦᠬᠦᠢ ᠨᠢᠬᠡ ᠰᠠᠯᠠᠭ᠎ᠠ ᠺᠠᠳ᠋ᠷ ᠤᠨ ᠡᠩᠨᠡᠭᠡ ᠶᠢ ᠲᠦᠷᠭᠡᠪᠴᠢᠯᠡᠨ ᠪᠠᠶᠢᠭᠤᠯᠵᠤ᠂ ᠤᠷᠮᠠᠰᠢᠭᠤᠯᠤᠨ ᠵᠣᠷᠢᠭᠵᠢᠭᠤᠯᠬᠤ ᠪᠠ ᠠᠯᠳᠠᠭ᠎ᠠ ᠪᠤᠷᠤᠭᠤ ᠶᠢ ᠨᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠨᠢ ᠵᠠᠯᠠᠷᠠᠭᠤᠯᠬᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠤᠯᠤᠰ ᠲᠥᠷᠥ ᠶᠢᠨ ᠠᠮᠢ ᠠᠬᠤᠢ ᠶᠢ ᠭᠦᠨᠵᠡᠭᠡᠢ ᠴᠡᠪᠡᠷᠰᠢᠭᠦᠯᠵᠦ᠂ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠡᠷᠡᠰ ᠰᠡᠷᠭᠡᠶᠢᠯᠡᠨ ᠲᠡᠪᠴᠢᠵᠦ᠂ ᠬᠠᠷᠢᠭᠤᠴᠠᠯᠭ᠎ᠠ ᠡᠭᠦᠷᠭᠡᠯᠡᠬᠦ ᠦᠭᠡᠢ ᠠᠵᠢᠯ ᠬᠢᠬᠦ ᠦᠭᠡᠢ ᠳᠤᠷ᠎ᠠ ᠪᠠᠷ ᠢᠶᠠᠨ ᠬᠢᠬᠦ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠲᠡᠰᠪᠦᠷᠢ ᠬᠠᠲᠠᠭᠤᠵᠢᠯᠲᠠᠢ ᠲᠡᠮᠡᠴᠡᠬᠦ᠂ ᠠᠵᠢᠯᠴᠢ ᠠᠷᠪᠢᠴᠢ ᠠᠷᠪᠢᠯᠠᠨ ᠭᠠᠮᠨᠠᠬᠤ ᠰᠤᠷᠲᠠᠯ ᠢ ᠪᠠᠳᠠᠷᠠᠭᠤᠯᠵᠤ᠂ ᠺᠠᠳ᠋ᠷ ᠤᠨ ︽ᠴᠤᠭ ᠰᠦᠯᠳᠡ︾ ᠶᠢ ᠬᠥᠭᠵᠢᠭᠡᠵᠦ᠂ ᠡᠯ᠎ᠡ ᠲᠠᠯ᠎ᠠ ᠶᠢᠨ ᠰᠢᠯᠢᠳᠡᠭ ᠴᠢᠳᠠᠪᠤᠷᠢᠲᠠᠨ ᠢ ᠲᠥᠪᠯᠡᠷᠡᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠪᠠᠳᠣ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠ ᠣᠶᠣᠨ ᠤ ᠲᠤᠯᠭᠠᠭᠤᠷᠢᠯᠠᠯ ᠬᠠᠩᠭᠠᠬᠤ ᠳᠣᠬᠠᠢ ᠭᠤᠣᠯᠳᠠᠯᠭ᠎ᠠ ᠲᠠᠢ ᠰᠣᠷᠣᠯᠴᠠᠨ ᠶᠠᠷᠢᠯᠴᠠᠨ᠎ᠠ᠃           (ᠠᠯᠠᠱᠠ ᠶᠢᠨ ᠡᠳᠦᠷ ᠤᠨ ᠰᠣᠨᠢᠨ ᠤ ᠰᠣᠷᠪᠣᠯᠵᠢᠯᠠᠭᠴᠢ ᠶᠢᠨ ᠰᠣᠷᠪᠣᠯᠵᠢᠯᠠᠭ᠎ᠠ ᠶᠢ ᠠᠯᠠᠱᠠ ᠠᠶᠢᠮᠠᠭ   ᠤᠨ ᠵᠠᠬᠢᠷᠭ᠎ᠠ ᠶᠢᠨ ᠠᠯᠪᠠᠨ ᠬᠡᠷ ᠤᠨ ᠣᠷᠴᠢᠭᠤᠯᠭ᠎ᠠ ᠶᠢᠨ ᠰᠠᠯᠠᠭ᠎ᠠ ᠣᠷᠴᠢᠭᠤᠯᠣᠨ ᠨᠠᠶᠢᠷᠠᠭᠤᠯᠪᠠ)
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号