︽ᠰᠤᠷᠬᠤ ᠪᠠ ᠬᠡᠷᠡᠭᠯᠡᠬᠦ ᠶᠢ ᠤᠶᠠᠯᠳᠤᠭᠤᠯᠵᠤ︾ ᠂ ᠰᠤᠷᠤᠯᠴᠠᠬᠤ ᠪᠠᠷ ᠳᠠᠮᠵᠢᠨ ᠪᠠᠶᠢᠴᠠᠭᠠᠨ ᠰᠤᠳᠤᠯᠤᠯᠳᠠ ᠶᠢᠨ ᠥᠷ᠎ᠡ ᠪᠥᠳᠤᠮᠵᠢ ᠶᠢ ᠶᠠᠷᠢᠯᠴᠠᠵᠤ᠂ ᠠᠯᠠᠱᠠ ᠵᠡᠬᠦᠨ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠳᠠ ᠶᠢ ᠠᠬᠢᠭᠤᠯᠬᠤ ᠭᠡᠷᠡᠭᠳᠠᠢ
ᠨᠡᠶᠢᠲᠡᠯᠡᠭᠰᠡᠨ ᠴᠠᠭ᠄
2019/7/2
       ︽ᠰᠤᠷᠬᠤ ᠪᠠ ᠬᠡᠷᠡᠭᠯᠡᠬᠦ ᠶᠢ ᠤᠶᠠᠯᠳᠤᠭᠤᠯᠵᠤ︾ ᠂ ᠰᠤᠷᠤᠯᠴᠠᠬᠤ ᠪᠠᠷ ᠳᠠᠮᠵᠢᠨ ᠪᠠᠶᠢᠴᠠᠭᠠᠨ ᠰᠤᠳᠤᠯᠤᠯᠳᠠ ᠶᠢᠨ ᠥᠷ᠎ᠡ ᠪᠥᠳᠤᠮᠵᠢ ᠶᠢ ᠶᠠᠷᠢᠯᠴᠠᠵᠤ᠂ ᠠᠯᠠᠱᠠ ᠵᠡᠬᠦᠨ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠳᠠ ᠶᠢ ᠠᠬᠢᠭᠤᠯᠬᠤ ᠭᠡᠷᠡᠭᠳᠠᠢ                         — ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠥᠵᠢ᠂ ᠤᠯᠤᠰ ᠲᠥᠷᠤ ᠬᠠᠤᠯᠢ ᠴᠠᠭᠠᠵᠠ ᠶᠢᠨ ᠬᠤᠷᠢᠶᠠᠨ ᠤ ᠱᠥᠵᠢ᠂ ᠠᠯᠠᠱᠠ ᠵᠡᠬᠦᠨ ᠬᠤᠰᠢᠭᠤᠨ ᠤ ᠨᠠᠮ ᠤᠨ ᠬᠤᠷᠢᠶᠠᠨ ᠤ ᠱᠥᠵᠢ ᠪᠠᠳᠠᠷᠠᠩᠭᠤᠶᠢᠴᠣᠭᠳᠤ ᠶᠢ ᠰᠤᠷᠪᠤᠯᠵᠢᠯᠠᠭᠰᠠᠨ ᠨᠢ        ︽ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠥᠬᠦ ᠤᠷᠤᠨ ᠳᠤ ︿ᠥᠵᠡᠯ ᠰᠠᠨᠠᠭ᠎ᠠ ᠪᠠᠨ ᠣᠯᠠᠮ ᠴᠢᠨᠠᠭᠰᠢᠳᠠ ᠴᠢᠯᠦᠭᠡᠯᠡᠵᠦ᠂ ᠰᠢᠨ᠎ᠠ ᠬᠥᠭᠵᠢᠯᠳᠠ ᠶᠢᠨ ᠣᠨᠣᠯᠵᠢᠬᠤᠨ ᠢ ᠡᠷᠡᠰ ᠬᠡᠷᠡᠭᠵᠢᠬᠦᠯᠵᠤ᠂ ᠴᠢᠨᠠᠷ ᠰᠠᠶᠢᠲᠠᠢ ᠬᠥᠭᠵᠢᠯᠳᠠ ᠶᠢ ᠠᠬᠢᠭᠤᠯᠬᠤ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ﹀  ᠦᠷᠨᠢᠬᠦᠯᠬᠦ ᠪᠠᠷ ᠲᠤᠭᠳᠠᠭᠰᠠᠨ ᠨᠢ᠂ ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠤᠷᠤᠨ ᠤ ᠪᠤᠳᠠᠳᠤ ᠪᠠᠶᠢᠳᠠᠯ ᠳᠤ ᠰᠠᠭᠤᠷᠢᠯᠠᠵᠤ᠂ ᠰᠢ ᠶᠢᠨ ᠫᠢᠩ ᠤᠨ ᠰᠢᠨ᠎ᠠ ᠴᠠᠭ ᠥᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠥᠵᠡᠯ ᠰᠠᠨᠠᠭ᠎ᠠ ᠪᠠ ᠶᠡᠷᠥᠩᠭᠡᠢ ᠱᠥᠵᠢ ᠰᠢ ᠶᠢᠨ ᠫᠢᠩ ᠤᠨ ᠥᠪᠤᠷ ᠮᠤᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠥᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠤᠳᠠᠳᠠᠢ ᠠᠷᠭ᠎ᠠ ᠬᠡᠮᠵᠢᠶ᠎ᠡ ᠪᠤᠯᠤᠨ᠎ᠠ᠂ ᠮᠥᠨᠴᠦ ᠤᠳᠠᠯ ᠥᠭᠡᠢ ᠥᠷᠨᠢᠬᠦᠯᠬᠦ ᠪᠠᠷ ᠪᠠᠶᠢᠭ᠎ᠠ ︿ᠳᠣᠯᠭᠤᠷ ᠵᠣᠷᠢᠯᠳᠠ ᠪᠠᠨ ᠥᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀ ᠭᠤᠤᠯ ᠰᠡᠳᠤᠪᠲᠤ ᠬᠥᠮᠤᠵᠢᠯ ᠳᠤ ᠰᠠᠶᠢᠨ ᠰᠠᠶᠢᠬᠠᠨ ᠰᠠᠭᠤᠷᠢ ᠲᠠᠯᠪᠢᠬᠤ ᠶᠢᠨ ᠲᠥᠯᠤᠭᠡ ᠬᠢᠭᠰᠡᠨ ᠴᠢᠬᠤᠯᠠ ᠪᠠᠶᠢᠷᠢᠯᠠᠭᠤᠯᠤᠯᠳᠠ ᠪᠤᠯᠤᠨ᠎ᠠ︾᠃        ᠲᠥᠷᠤᠬᠦᠭᠡᠨ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠥᠵᠢ᠂ ᠤᠯᠤᠰ ᠲᠥᠷᠤ ᠬᠠᠤᠯᠢ ᠴᠠᠭᠠᠵᠠ ᠶᠢᠨ ᠬᠤᠷᠢᠶᠠᠨ ᠤ ᠱᠥᠵᠢ᠂ ᠠᠯᠠᠱᠠ ᠵᠡᠬᠦᠨ ᠬᠤᠰᠢᠭᠤᠨ ᠤ ᠨᠠᠮ ᠤᠨ ᠬᠤᠷᠢᠶᠠᠨ ᠤ ᠱᠥᠵᠢ ᠪᠠᠳᠠᠷᠠᠩᠭᠤᠶᠢᠴᠣᠭᠳᠤ ᠰᠤᠷᠪᠤᠯᠵᠢᠯᠠᠭᠴᠢ ᠶᠢᠨ ᠲᠤᠰᠬᠠᠢ ᠰᠤᠷᠪᠤᠯᠵᠢᠯᠠᠭ᠎ᠠ ᠶᠢ ᠬᠥᠯᠢᠶᠡᠬᠦ ᠳᠡᠭᠡᠨ᠂ ᠠᠯᠠᠱᠠ ᠵᠡᠬᠦᠨ ᠬᠤᠰᠢᠭᠤᠨ ᠤ ᠬᠢᠨ ︽ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ︾ ᠶᠢ ᠥᠷᠨᠢᠬᠦᠯᠬᠦ ᠶᠢ ᠤᠳᠤᠬᠠᠨ ᠤ ᠪᠠ ᠬᠤᠶᠢᠰᠢᠳᠠ ᠶᠢᠨ ᠬᠤᠭᠤᠴᠠᠭᠠᠨ ᠤ ᠴᠢᠬᠤᠯᠠ ᠶᠡᠭᠡ ᠤᠯᠤᠰ ᠲᠥᠷᠤ ᠶᠢᠨ ᠡᠬᠦᠷᠭᠡ ᠪᠠᠨ ᠪᠤᠯᠭᠠᠵᠤ᠂ ᠨᠠᠷᠢᠨ ᠨᠢᠮᠪᠠᠢ ᠪᠠᠶᠢᠷᠢᠯᠠᠭᠤᠯᠤᠨ᠂ ᠯᠠᠪᠳᠠᠭᠤᠨ ᠪᠠᠳᠤᠳᠠᠢ ᠠᠬᠢᠭᠤᠯᠵᠤ᠂ ᠰᠣᠷᠣᠯᠴᠠᠯᠭ᠎ᠠ ᠶᠠᠷᠢᠯᠴᠠᠭ᠎ᠠ᠂ ᠪᠠᠶᠢᠴᠠᠭᠠᠨ ᠰᠤᠳᠤᠯᠤᠯᠳᠠ ᠶᠢᠨ ᠥᠷ᠎ᠡ ᠪᠥᠳᠤᠮᠵᠢ ᠪᠠᠷ ᠠᠵᠢᠯ ᠢᠶᠠᠨ ᠠᠬᠢᠭᠤᠯᠤᠨ ᠥᠷᠨᠢᠬᠦᠯᠵᠤ᠂ ᠥᠭᠡᠷᠡᠴᠢᠯᠡᠯᠳᠠ ᠬᠥᠭᠵᠢᠯᠳᠠ ᠶᠢᠨ ᠠᠮᠵᠢᠯᠳᠠ ᠶᠢᠨ ᠰᠢᠯᠭᠠᠨ ᠪᠠᠶᠢᠴᠠᠭᠠᠯᠳᠠ ᠳᠤ ᠪᠤᠳᠠᠳᠤ ᠥᠷ᠎ᠡ ᠪᠥᠳᠤᠮᠵᠢ ᠣᠯᠵᠣ᠂ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ ᠶᠢ ᠶᠤᠰᠤᠨ ᠲᠡᠳᠤᠢ ᠥᠩᠭᠡᠷᠡᠬᠦᠯᠬᠦ ᠥᠭᠡᠢ᠂ ᠬᠡᠯᠪᠡᠷᠢ ᠶᠢᠨ ᠳᠡᠳᠤᠢ ᠶᠠᠪᠤᠭᠳᠠᠭᠤᠯᠬᠤ ᠥᠭᠡᠢ᠂ ᠪᠤᠳᠠᠳᠤ ᠥᠷ᠎ᠡ ᠪᠥᠳᠤᠮᠵᠢ ᠣᠯᠬᠤ ᠶᠢ ᠦᠨᠡᠨᠬᠦ ᠪᠠᠳᠤᠯᠠᠬᠤ ᠬᠡᠷᠡᠭᠳᠠᠢ ᠭᠡᠵᠡᠢ᠃        ᠪᠠᠳᠠᠷᠠᠩᠭᠤᠶᠢᠴᠣᠭᠳᠤ ᠬᠡᠯᠡᠬᠦ ᠳᠡᠭᠡᠨ᠂ ︽ᠤᠳᠤᠬᠠᠨ ᠳᠤ ᠠᠯᠠᠱᠠ ᠵᠡᠬᠦᠨ ᠬᠤᠰᠢᠭᠤ ᠶᠠᠭ ᠥᠭᠡᠷᠡᠴᠢᠯᠡᠯᠳᠠ ᠬᠥᠭᠵᠢᠯᠳᠠ ᠪᠤᠯᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠵᠠᠩᠬᠢᠯᠠᠭ᠎ᠠ ᠶᠢᠨ ᠴᠠᠭ ᠥᠶ᠎ᠡ ᠳᠤ ᠤᠷᠤᠰᠢᠵᠤ ᠪᠠᠶᠢᠨ᠎ᠠ᠂ ᠠᠵᠠ ᠲᠤᠬᠢᠶᠠᠯ ᠪᠤᠯᠤᠨ ᠥᠷᠢᠰᠤᠯᠳᠤᠭᠡᠨ᠂ ᠬᠥᠳᠡᠯᠬᠡᠬᠦ ᠬᠥᠴᠤᠨ ᠪᠠ ᠳᠠᠷᠤᠯᠲᠠ ᠵᠡᠷᠭᠡᠪᠡᠷ ᠤᠷᠤᠰᠢᠵᠤ ᠪᠣᠢ᠂ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ ᠶᠢ ᠥᠷᠨᠢᠬᠦᠯᠬᠦ ᠨᠢ ᠴᠢᠨᠠᠷ ᠰᠠᠶᠢᠲᠠᠢ ᠬᠥᠭᠵᠢᠯᠳᠠ ᠶᠢ ᠠᠬᠢᠭᠤᠯᠬᠤ ᠳᠤ ᠮᠠᠰᠢ ᠴᠢᠩᠭ᠎ᠠ ᠪᠤᠳᠠᠳᠤ ᠬᠠᠨᠳᠤᠯᠭᠠᠳᠤ ᠴᠢᠨᠠᠷ ᠲᠠᠢ ᠶᠤᠮ᠃ ᠪᠢᠳᠠ ᠬᠤᠰᠢᠭᠤ ᠭᠠᠵᠠᠷ ᠤᠨ ᠳᠡᠰ ᠤᠨ ᠤᠳᠤᠷᠢᠳᠬᠤ ᠺᠠᠳ᠋ᠷ ᠢᠶᠠᠷ ᠳᠦᠷᠦᠭᠦᠯᠡᠬᠦᠯᠦᠨ ᠥᠯᠢᠭᠡᠷ ᠵᠢᠱᠢᠶ᠎ᠡ ᠥᠵᠡᠬᠦᠯᠵᠤ᠂ ᠰᠤᠷᠤᠯᠴᠠᠯᠭ᠎ᠠ ᠶᠠᠷᠢᠯᠴᠠᠭ᠎ᠠ᠂ ᠪᠠᠶᠢᠴᠠᠭᠠᠨ ᠰᠤᠳᠤᠯᠤᠯᠳᠠ ᠶᠢ ᠠᠳᠬᠤᠨ᠂ ᠳᠡᠭᠡᠳᠦ ᠱᠠᠳᠤ ᠨᠢ ᠳᠤᠤᠷᠠᠳᠤ ᠱᠠᠳᠤ ᠪᠠᠨ ᠳᠠᠭᠠᠭᠤᠯᠵᠤ᠂ ᠪᠦᠬᠦᠯᠢ ᠴᠤᠭᠴᠠ ᠪᠠᠷ ᠢᠶᠠᠨ ᠬᠤᠯᠪᠤᠭᠠᠯᠠᠨ ᠬᠥᠳᠡᠯᠤᠯᠴᠡᠬᠦ ᠠᠵᠢᠯ ᠤᠨ ᠪᠠᠶᠢᠷᠢᠰᠢᠯ ᠢ ᠪᠤᠢ ᠪᠤᠯᠭᠠᠵᠤ᠂ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ ᠶᠢ ᠬᠥᠨᠵᠡᠭᠡᠢ ᠥᠷᠨᠢᠬᠦᠯᠬᠦ ᠶᠢ ᠠᠬᠢᠭᠤᠯᠤᠨ᠎ᠠ ᠭᠡᠵᠤ ᠱᠠᠭᠠᠷᠳᠠᠪᠠ᠃        ᠪᠠᠳᠠᠷᠠᠩᠭᠤᠶᠢᠴᠣᠭᠳᠤ ᠬᠡᠯᠡᠬᠦ ᠳᠡᠭᠡᠨ᠂ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ ᠪᠤᠳᠠᠳᠤ ᠥᠷ᠎ᠠ ᠪᠦᠳᠤᠮᠵᠢ ᠣᠯᠬᠤ ᠶᠢ ᠠᠬᠢᠭᠤᠯᠬᠤ ᠶᠢᠨ ᠲᠥᠯᠤᠭᠡ᠂ ᠠᠯᠠᠱᠠ ᠵᠡᠬᠦᠨ ᠬᠤᠰᠢᠭᠤ ᠨᠢᠭᠡ ᠲᠠᠯ᠎ᠠ ᠪᠠᠷ ᠬᠠᠮᠢᠶ᠎ᠠ ᠪᠥᠬᠦᠢ ᠲᠤᠰᠬᠠᠢ ᠮᠡᠷᠭᠡᠵᠢᠯᠳᠡᠨ ᠡᠷᠳᠡᠮᠳᠡᠨ ᠢ ᠤᠷᠢᠵᠤ᠂ ᠰᠢ ᠶᠢᠨ ᠫᠢᠩ ᠤᠨ ᠰᠢᠨ᠎ᠠ ᠴᠠᠭ ᠥᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠥᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ᠂ ᠶᠡᠷᠥᠩᠬᠡᠢ ᠱᠥᠵᠢ ᠰᠢ ᠶᠢᠨ ᠫᠢᠩ ᠤᠨ ᠥᠪᠤᠷ ᠮᠤᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠵᠢᠴᠢ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢ ᠨᠢᠭᠡᠳᠤᠯᠳᠠᠢ ᠲᠥᠯᠤᠪᠵᠢᠬᠦᠯᠬᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠳᠠ ᠶᠢ ᠠᠬᠢᠭᠤᠯᠬᠤ ᠵᠡᠷᠭᠡ ᠠᠭᠤᠯᠭ᠎ᠠ ᠶᠢᠨ ᠲᠤᠭᠤᠷᠢᠨ ᠳᠤ ᠲᠤᠰᠬᠠᠢ ᠰᠡᠳᠤᠪᠳᠤ ᠲᠠᠶᠢᠯᠤᠮᠵᠢ ᠬᠢᠬᠦ ᠪᠠ ᠶᠠᠷᠢᠯᠴᠠᠬᠤ ᠬᠤᠷᠠᠯ ᠬᠢᠵᠤ ᠰᠤᠳᠤᠯᠤᠨ ᠶᠠᠷᠢᠯᠴᠠᠬᠤ ᠶᠢ ᠥᠷᠨᠢᠬᠦᠯᠵᠤ᠂ ᠨᠡᠩ ᠥᠨᠳᠤᠷ ᠳᠡᠰ ᠳᠠᠪᠬᠤᠷᠭ᠎ᠠ᠂ ᠥᠨᠳᠤᠷ ᠬᠢᠷᠢ ᠲᠥᠪᠰᠢᠨ ᠢᠶᠠᠷ ᠪᠥᠬᠦ ᠬᠤᠰᠢᠭᠤᠨ ᠤ ᠨᠠᠮ ᠤᠨ ᠬᠡᠰᠢᠭᠦᠨ᠂ ᠤᠳᠤᠷᠢᠳᠬᠤ ᠺᠠᠳ᠋ᠷ ᠤᠨ ᠥᠵᠡᠯ ᠰᠠᠨᠠᠭ᠎ᠠ ᠪᠠᠨ ᠤᠯᠠᠮ ᠴᠢᠨᠠᠭᠰᠢᠳᠠ ᠴᠢᠯᠤᠭᠡᠯᠡᠵᠤ᠂ ᠰᠡᠳᠬᠢᠴᠡ ᠪᠠᠨ ᠲᠤᠳᠤᠷᠬᠠᠢ ᠪᠤᠯᠭᠠᠵᠤ᠂ ᠤᠳᠤᠷᠢᠳᠬᠤ ᠺᠠᠳ᠋ᠷ ᠤᠨ ᠬᠥᠭᠵᠢᠯᠳᠠ ᠶᠢ ᠬᠥᠲᠤᠯᠤᠨ ᠳᠠᠭᠠᠭᠤᠯᠬᠤ ᠴᠢᠳᠠᠪᠤᠷᠢ ᠶᠢ ᠳᠡᠭᠡᠭᠰᠢᠯᠠᠬᠦᠯᠤᠨ᠎ᠠ᠃ ᠨᠥᠬᠦᠬᠡ ᠲᠠᠯ᠎ᠠ ᠪᠠᠷ᠂ ᠬᠠᠮᠢᠶ᠎ᠠ ᠪᠥᠬᠦᠢ ᠲᠤᠰᠬᠠᠢ ᠮᠡᠷᠭᠡᠵᠢᠯᠲᠡᠨ ᠡᠷᠳᠡᠮᠳᠡᠨ ᠢ ᠤᠷᠢᠵᠤ ᠲᠤᠰᠬᠠᠢ ᠮᠡᠷᠭᠡᠵᠢᠯ ᠤᠨ ᠰᠣᠳᠣᠯᠭᠠᠨ ᠤ ᠬᠥᠷᠢᠶ᠎ᠡ ᠴᠠᠷ᠎ᠠ ᠲᠠᠢ ᠤᠶᠠᠯᠳᠤᠭᠤᠯᠵᠤ᠂ ᠠᠯᠠᠱᠠ ᠵᠡᠬᠦᠨ ᠬᠤᠰᠢᠭᠤᠨ ᠤ ᠪᠤᠳᠠᠳᠠᠢ ᠭᠠᠵᠠᠷ ᠲᠤᠨᠢ ᠪᠠᠶᠢᠴᠠᠭᠠᠨ ᠰᠤᠳᠤᠯᠤᠯᠳᠠ ᠬᠢᠵᠤ᠂ ︽ᠨᠢᠭᠡ ᠪᠥᠰᠡ ᠨᠢᠭᠡ ᠵᠠᠮ︾ ᠢ ᠬᠠᠮᠳᠤ ᠪᠠᠷ ᠪᠥᠳᠤᠭᠡᠨ ᠪᠠᠶᠢᠭᠤᠯᠬᠤ ᠪᠠᠷ ᠭᠤᠤᠯ ᠪᠤᠯᠭᠠᠵᠤ᠂ ᠠᠯᠠᠱᠠ ᠵᠡᠬᠦᠨ ᠬᠤᠰᠢᠭᠤᠨ ᠤ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ᠂ ︽ᠭᠤᠷᠪᠠᠨ ᠶᠡᠭᠡ ᠰᠢᠪᠳᠤᠯᠤᠯᠳᠠ ᠶᠢᠨ ᠠᠵᠢᠯ︾ ᠢ ᠰᠠᠶᠢᠲᠤᠷ ᠬᠢᠬᠦ᠂ ᠠᠮᠢ ᠠᠬᠤᠢ ᠶᠢᠨ ᠤᠷᠴᠢᠨ ᠲᠤᠭᠤᠷᠢᠨ ᠢ ᠵᠠᠰᠠᠬᠤ᠂ ᠬᠥᠳᠡᠭᠡ ᠲᠤᠰᠬᠤᠨ ᠢ ᠬᠥᠭᠵᠢᠬᠦᠯᠤᠨ ᠮᠠᠨᠳᠤᠭᠤᠯᠬᠤ ᠪᠠᠶᠢᠯᠳᠤᠬᠤ ᠪᠤᠳᠣᠯᠭ᠎ᠠ ᠶᠢ ᠬᠡᠷᠡᠭᠵᠢᠬᠦᠯᠬᠦ᠂ ᠨᠡᠶᠢᠬᠡᠮ ᠤᠨ ᠵᠠᠰᠠᠯᠲᠠ ᠶᠢᠨ ᠰᠢᠨ᠎ᠠ ᠶᠢ ᠡᠬᠦᠳᠬᠦ ᠵᠡᠷᠭᠡ ᠭᠤᠤᠯᠳᠠᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠳᠠ ᠬᠢᠨ᠎ᠡ ᠭᠡᠪᠡ᠃       ᠪᠠᠳᠠᠷᠠᠩᠭᠤᠶᠢᠴᠣᠭᠳᠤ ᠬᠡᠯᠡᠬᠦ ᠳᠡᠭᠡᠨ᠂ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ  ᠶᠢ ᠥᠷᠨᠢᠬᠦᠯᠬᠦ ᠥᠨᠳᠤᠰᠤᠨ ᠵᠣᠷᠢᠯᠭ᠎ᠠ  ᠪᠣᠯ ᠬᠥᠭᠵᠢᠯᠳᠠ  ᠶᠢ ᠠᠬᠢᠭᠤᠯᠬᠤ  ᠶᠢᠨ ᠲᠥᠯᠤᠭᠡ ᠶᠤᠮ᠂ ᠪᠢᠳᠠ ᠡᠷᠬᠡᠪᠰᠢ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ  ᠶᠢ ᠡᠳᠤᠷ ᠲᠤᠳᠤᠮ  ᠤᠨ ᠠᠵᠢᠯ  ᠲᠠᠢ   ᠪᠠᠨ ᠨᠢᠭᠲᠠ ᠤᠶᠠᠯᠳᠤᠭᠤᠯᠵᠤ᠂ ᠬᠠᠮᠳᠤ ᠳᠤᠨᠢ ᠰᠤᠳᠤᠯᠤᠨ ᠠᠬᠢᠭᠤᠯᠵᠤ᠂ ᠬᠤᠶᠠᠷ ᠲᠠᠯ᠎ᠠ  ᠶᠢ ᠠᠳᠬᠤᠬᠤ᠂ ᠬᠤᠶᠠᠷ  ᠢ ᠥᠯᠤ ᠰᠠᠭᠠᠳᠠᠭᠠᠬᠤ᠂ ᠬᠤᠶᠠᠷ  ᠢ ᠠᠬᠢᠭᠤᠯᠬᠤ  ᠶᠢ ᠦᠨᠡᠨᠬᠦ ᠪᠡᠶᠡᠯᠡᠬᠦᠯᠬᠦ ᠭᠡᠷᠡᠭᠳᠠᠢ᠃ ᠪᠢᠳᠠ ᠪᠤᠳᠠᠳᠤ ᠪᠠᠶᠢᠳᠠᠯ  ᠲᠠᠢ  ᠪᠠᠨ ᠨᠢᠭᠲᠠ ᠤᠶᠠᠯᠳᠤᠭᠤᠯᠵᠤ᠂ ᠶᠡᠭᠡ ᠰᠤᠷᠤᠯᠴᠠᠯᠭ᠎ᠠ ᠶᠡᠭᠡ ᠶᠠᠷᠢᠯᠴᠠᠭᠠᠨ  ᠤ ᠥᠷ᠎ᠡ ᠪᠥᠳᠤᠮᠵᠢ  ᠪᠠᠷ ᠠᠯᠠᠱᠠ ᠵᠡᠬᠦᠨ ᠬᠤᠰᠢᠭᠤᠨ  ᠤ ᠡᠯ᠎ᠡ ᠵᠥᠢᠯ  ᠤᠨ ᠭᠤᠤᠯᠳᠠᠯᠭ᠎ᠠ  ᠲᠠᠢ ᠠᠵᠢᠯ  ᠤᠨ ᠨᠠᠶᠢᠳᠠᠪᠤᠷᠢᠵᠢᠭᠤᠯᠤᠯᠳᠠ  ᠶᠢ ᠠᠬᠢᠭᠤᠯᠤᠨ᠎ᠠ ᠭᠡᠪᠡ᠃        ᠨᠢᠭᠡ ᠳᠤ᠂ ︽ᠭᠤᠷᠪᠠᠨ ᠶᠡᠭᠡ ᠰᠢᠪᠳᠤᠯᠤᠯᠳᠠ ᠶᠢᠨ ᠠᠵᠢᠯ︾ ᠢ ᠡᠷᠡᠰ ᠰᠠᠶᠢᠲᠤᠷ ᠬᠢᠨ᠎ᠡ᠃ ᠥᠷᠢ ᠥᠭᠴᠡᠭᠡᠨ ᠤ ᠬᠠᠮᠢᠶᠠᠷᠤᠯᠳᠠ ᠶᠢ ᠴᠢᠩᠭᠠᠳᠬᠠᠨ᠂ ᠬᠥᠨᠳᠤ ᠶᠡᠭᠡ ᠠᠶᠤᠯ ᠲᠥᠭᠰᠢᠬᠦᠷᠢ ᠶᠢ ᠥᠷᠬᠦᠯᠵᠢᠯᠡᠨ ᠰᠡᠷᠭᠡᠶᠢᠯᠡᠨ ᠠᠷᠢᠯᠭᠠᠨ᠎ᠠ︔ ᠠᠵᠤ ᠥᠢᠯᠡᠰ ᠢᠶᠠᠷ ᠶᠠᠳᠠᠭᠤ ᠶᠢ ᠳᠡᠳᠬᠦᠬᠦ ᠶᠢ ᠳᠤᠪᠤᠶᠢᠮ᠎ᠠ ᠰᠠᠶᠢᠳᠤᠷ ᠠᠳᠬᠤᠵᠤ᠂ ᠶᠠᠳᠠᠭᠤ ᠠᠴᠠ ᠠᠩᠬᠢᠵᠢᠷᠠᠭᠤᠯᠬᠤ ᠥᠷ᠎ᠡ ᠪᠥᠳᠤᠮᠵᠢ ᠶᠢ ᠥᠷᠬᠦᠯᠵᠢᠯᠡᠨ ᠪᠠᠬᠢᠵᠢᠬᠦᠯᠤᠨ ᠳᠡᠭᠡᠭᠰᠢᠯᠡᠬᠦᠯᠤᠨ᠎ᠠ︔ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠪᠤᠬᠢᠷᠳᠤᠯ ᠢ ᠰᠡᠷᠭᠡᠶᠢᠯᠡᠨ ᠵᠠᠰᠠᠬᠤ ᠰᠢᠪᠳᠤᠯᠤᠯᠳᠠ ᠶᠢᠨ ᠠᠵᠢᠯ ᠢ ᠰᠠᠶᠢᠲᠤᠷ ᠬᠢᠵᠤ᠂ ᠤᠷᠳᠤ ᠬᠤᠭᠤᠴᠠᠭᠠᠨ ᠤ ᠪᠥᠳᠤᠮᠵᠢᠳᠠᠢ ᠬᠢᠨᠠᠨ ᠬᠠᠮᠢᠶᠠᠷᠬᠤ ᠲᠤᠭᠳᠠᠴᠠ ᠶᠢ ᠪᠠᠶᠢᠭᠤᠯᠤᠨ ᠪᠥᠷᠢᠨᠰᠢᠬᠦᠯᠤᠨ᠎ᠠ᠃       ᠬᠤᠶᠠᠷ ᠲᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠳᠠ ᠶᠢ ᠲᠥᠷᠭᠡᠳᠭᠡᠨ ᠠᠬᠢᠭᠤᠯᠤᠨ᠎ᠠ᠃ ᠰᠢᠨ᠎ᠡ ᠬᠥᠭᠵᠯᠳᠠ ᠶᠢᠨ ᠣᠨᠣᠯᠵᠢᠬᠤᠨ ᠢ ᠨᠠᠷᠢᠨ ᠬᠢᠨᠠᠮᠠᠭᠠᠢ ᠳᠤᠤᠱᠯᠠᠭᠤᠯᠵᠤ᠂ ᠠᠯᠠᠱᠠ ᠵᠡᠬᠦᠨ ᠬᠤᠰᠢᠭᠤᠨ ᠤ ᠥᠪᠡᠷᠮᠢᠴᠡ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠤᠨᠴᠠᠯᠢᠭᠳᠣ ᠮᠠᠯ ᠠᠵᠤ ᠠᠬᠤᠢ ᠲᠠᠷᠢᠶᠠᠯᠠᠩ ᠢ ᠶᠡᠬᠡᠪᠡᠷ ᠬᠥᠭᠵᠢᠬᠦᠯᠵᠤ᠂ ᠤᠯᠠᠮᠵᠢᠯᠠᠯᠳᠤ ᠠᠵᠤ ᠥᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ᠂ ᠤᠳᠣ ᠥᠶ᠎ᠡ ᠶᠢᠨ ᠥᠢᠯᠡᠴᠢᠯᠡᠭᠡᠨ ᠤ ᠥᠢᠯᠡᠰ ᠢ ᠲᠥᠷᠭᠡᠨ ᠭᠥᠭᠵᠢᠬᠦᠯᠤᠨ᠂ ᠪᠥᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠳᠠ ᠶᠢ ᠠᠬᠢᠭᠤᠯᠤᠨ᠎ᠠ᠃       ᠭᠤᠷᠪᠠ ᠳᠤ᠂ ᠬᠥᠭᠵᠢᠯᠳᠠ ᠶᠢᠨ ᠤᠷᠴᠢᠨ ᠨᠥᠬᠦᠴᠡᠯ ᠢ ᠥᠷᠬᠦᠯᠵᠢᠯᠡᠨ ᠰᠢᠯᠢᠳᠡᠭᠵᠢᠬᠦᠯᠤᠨ᠎ᠠ᠃ ᠬᠠᠷ᠎ᠠ ᠪᠥᠤᠯᠭ᠍ᠳᠡᠨ ᠬᠠᠷᠬᠢᠰ ᠬᠥᠴᠤᠨ ᠢ ᠠᠷᠢᠯᠭᠠᠬᠤ ᠲᠣᠰᠬᠠᠢ ᠲᠡᠮᠡᠴᠡᠯ ᠢ ᠬᠥᠨᠵᠡᠭᠡᠢ ᠥᠷᠨᠢᠬᠦᠯᠬᠦ ᠶᠢ ᠡᠷᠡᠰ ᠠᠬᠢᠭᠤᠯᠵᠤ᠂ ᠨᠡᠶᠢᠬᠡᠮ ᠤᠨ ᠡᠶ᠎ᠡ ᠵᠤᠬᠢᠴᠠᠩᠭᠤᠢ ᠲᠤᠭᠳᠠᠭᠤᠨ ᠢ ᠬᠠᠮᠠᠭᠠᠯᠠᠵᠤ᠂ ᠬᠥᠭᠵᠢᠯᠳᠠ ᠶᠢᠨ ᠤᠷᠴᠢᠨ ᠲᠤᠭᠤᠷᠢᠨ ᠢ ᠪᠠᠬᠢᠵᠢᠬᠦᠯᠤᠨ ᠰᠢᠯᠢᠳᠡᠭᠵᠢᠬᠦᠯᠤᠨ᠎ᠠ︔ ︽ᠭᠤᠷᠪᠠᠨ ᠰᠡᠷᠭᠡᠶᠢᠯᠡᠯᠳᠠ ᠶᠢᠨ ᠱᠣᠭᠤᠮ︾ ᠢ ᠪᠠᠲᠤ ᠪᠠᠶᠢᠭᠤᠯᠵᠤ᠂ ᠬᠠᠮᠳᠤᠪᠠᠷ ᠪᠠᠶᠢᠭᠤᠯᠬᠤ᠂ ᠬᠠᠮᠳᠣᠪᠡᠷ ᠵᠠᠰᠠᠬᠤ᠂ ᠬᠠᠮᠳᠣᠪᠡᠷ ᠡᠳ᠋ᠯᠡᠬᠦ ᠨᠡᠶᠢᠬᠡᠮ ᠤᠨ ᠵᠠᠰᠠᠯᠲᠠ ᠶᠢᠨ ᠰᠢᠨ᠎ᠠ ᠵᠠᠭᠪᠤᠷ ᠢ ᠪᠠᠶᠢᠭᠤᠯᠤᠨ᠎ᠠ︔ ᠨᠠᠮ ᠪᠠ ᠣᠯᠠᠨ ᠲᠥᠮᠡᠨᠴᠢ ᠪᠥᠯᠬᠦᠮ ᠤᠨ ᠨᠢᠭᠡ ᠴᠤᠭᠴᠠᠵᠢᠭᠰᠠᠨ ᠥᠭᠡᠷᠡᠴᠢᠯᠡᠯᠳᠠ ᠶᠢ ᠬᠥᠨᠵᠡᠭᠡᠢ ᠠᠬᠢᠭᠤᠯᠵᠤ᠂ ᠥᠢᠯᠡᠴᠢᠯᠡᠭᠡᠨ ᠤ ᠲᠥᠪ ᠤᠨ ᠴᠢᠳᠠᠮᠵᠢ ᠶᠢ ᠳᠡᠬᠦᠯᠳᠡᠷᠵᠢᠬᠦᠯᠵᠤ᠂ ᠨᠢᠭᠡ ᠯᠠ ᠥᠷᠳᠡᠭᠡᠨ ᠤ ᠮᠠᠶ᠋ᠢᠭ ᠤᠨ ᠥᠢᠯᠡᠴᠢᠯᠡᠭᠡᠨ ᠤ ᠶᠠᠷᠥᠩᠬᠡᠶᠢᠯᠡᠭᠰᠡᠨ ᠴᠤᠭᠴᠠ ᠶᠢ ᠪᠠᠶᠢᠭᠤᠯᠬᠤ ᠶᠢ ᠠᠬᠢᠭᠤᠯᠤᠨ᠎ᠠ᠃       ᠳᠥᠷᠪᠡ ᠳᠤ᠂ ᠭᠠᠳᠠᠭᠰᠢ ᠨᠡᠭᠡᠭᠡᠯᠳᠠ ᠬᠢᠬᠦ ᠶᠢ ᠪᠥᠬᠦ ᠲᠠᠯ᠎ᠠ ᠪᠠᠷ ᠥᠷᠭᠡᠳᠭᠡᠨ᠎ᠠ᠃ ᠠᠯᠠᠱᠠ ᠶᠢᠨ ᠳᠡᠭᠡᠳᠦ ᠰᠢᠨ᠎ᠠ ᠮᠡᠷᠭᠡᠵᠢᠯ ᠤᠨ ᠠᠵᠤ ᠥᠢᠯᠡᠰ ᠤᠨ ᠨᠡᠭᠡᠭᠡᠯᠳᠠ ᠶᠢᠨ ᠤᠷᠤᠨ᠂ ᠥᠬᠠᠢ ᠵᠢᠴᠢ ᠡᠷᠬᠢᠨ ᠲᠤᠭᠤᠷᠢᠨ ᠤ ᠭᠠᠵᠠᠷ ᠤᠷᠤᠨ ᠯᠤᠭ᠎ᠠ ᠶᠢᠨ ᠰᠤᠯᠢᠯᠴᠠᠭ᠎ᠠ ᠬᠠᠮᠳᠤᠷᠠᠯᠴᠠᠭ᠎ᠠ ᠪᠠᠨ ᠤᠯᠠᠮ ᠨᠢᠭᠡ ᠠᠯᠬᠤᠮ ᠨᠢᠭᠳᠠᠷᠠᠭᠤᠯᠵᠤ᠂ ᠥᠯᠵᠡᠢ ᠪᠤᠭᠤᠮᠳᠠ ᠶᠢᠨ ᠰᠠᠭᠤᠷᠢ ᠲᠥᠬᠦᠭᠡᠷᠤᠮᠵᠢ ᠶᠢᠨ ᠪᠥᠳᠤᠭᠡᠨ ᠪᠠᠶᠢᠭᠤᠯᠤᠯᠳᠠ ᠪᠠ ᠪᠤᠭᠤᠮᠳᠠ ᠪᠠᠷ ᠥᠩᠭᠡᠷᠡᠬᠦ ᠨᠡᠭᠡᠭᠡᠯᠳᠠ ᠶᠢᠨ ᠠᠬᠢᠴᠠ ᠶᠢ ᠲᠥᠷᠭᠡᠳᠭᠡᠨ ᠠᠬᠢᠭᠤᠯᠵᠤ᠂ ᠤᠷᠤᠨ ᠪᠠᠶᠢᠷᠢ ᠶᠢᠨ ᠳᠠᠪᠠᠭᠤᠯᠢᠭ ᠢᠶᠠᠨ ᠨᠡᠭᠡᠭᠡᠯᠳᠣ ᠳᠠᠪᠠᠭᠤᠯᠢᠭ ᠪᠠ ᠬᠥᠭᠵᠢᠯᠳᠠ ᠶᠢᠨ ᠳᠠᠪᠠᠭᠤᠯᠢᠭ ᠪᠤᠯᠭᠠᠨ ᠬᠤᠪᠢᠷᠠᠭᠤᠯᠤᠨ᠎ᠠ᠃
 
ᠢᠷᠡᠯᠲᠡ᠄ ᠠᠯᠠᠱᠠ ᠵᠡᠬᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号