ᠡᠵᠡᠨ᠎ᠡ ᠬᠤᠰᠢᠭᠤᠨ ᠤ ᠰᠤᠶᠤᠯ ᠵᠢᠭᠤᠯᠴᠢᠯᠠᠯ ᠷᠠᠳᠢᠤ᠋ ᠲᠧᠯᠸᠢᠰ ᠲᠤᠪᠴᠢᠶ᠎ᠠ ︽ᠪᠤᠯᠪᠠᠰᠤᠨ ᠵᠢᠭᠤᠯᠴᠢᠯᠠᠯ ᠲᠡᠷᠬᠡᠨ ᠥᠷᠲᠡᠭᠡ ᠳᠤ︾ ᠬᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠠ
ᠨᠡᠶᠢᠲᠡᠯᠡᠭᠰᠡᠨ ᠴᠠᠭ᠄
2019/7/22
        ᠤᠶᠢᠷ᠎ᠠ ᠶᠢᠨ ᠡᠳᠦᠷ᠂ ᠡᠵᠡᠨ᠎ᠡ ᠬᠤᠰᠢᠭᠤᠨ ᠤ ᠰᠤᠶᠤᠯ ᠵᠢᠭᠤᠯᠴᠢᠯᠠᠯ ᠷᠠᠳᠢᠤ᠋ ᠲᠧᠯᠸᠢᠰ ᠲᠤᠪᠴᠢᠶ᠎ᠠ ᠪᠤᠯᠪᠠᠰᠤᠨ ᠵᠢᠭᠤᠯᠴᠢᠯᠠᠯ ᠤᠨ ᠰᠠᠶᠢᠨ ᠲᠤᠷᠠᠴᠤᠳ ᠢ ᠵᠤᠬᠢᠶᠠᠨ ᠪᠠᠶᠢᠭᠤᠯᠤᠨ᠂ ᠡᠵᠡᠨ᠎ᠡ ᠭᠠᠯᠲᠤ ᠲᠡᠷᠭᠡᠡ ᠥᠷᠲᠡᠭᠡ ᠵᠡᠷᠭᠡ ᠭᠠᠵᠠᠷ ᠢᠶᠠᠷ ᠬᠥᠷᠴᠤ ︽ᠪᠤᠯᠪᠠᠰᠤᠨ ᠵᠢᠭᠤᠯᠴᠢᠯᠠᠯ ᠲᠡᠷᠬᠡᠨ ᠥᠷᠲᠡᠭᠡ ᠳᠤ︾ ᠬᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠤ᠂ ᠪᠤᠯᠪᠠᠰᠤᠨ ᠵᠢᠭᠤᠯᠴᠢᠯᠠᠯ ᠤᠨ ᠠᠭᠤᠷ ᠠᠮᠢᠰᠬᠤᠯ ᠢ ᠪᠤᠢ ᠪᠤᠯᠭᠠᠵᠦ᠂ ᠡᠵᠡᠨ᠎ᠡ ᠶᠢᠨ ᠰᠠᠶᠢᠨ ᠰᠠᠶᠢᠬᠠᠨ ᠲᠦᠷᠢ ᠲᠦᠷᠬᠦ ᠳᠤ ᠥᠩᠭᠡ ᠨᠡᠮᠡᠷᠢᠯᠡᠭᠰᠡᠨ ᠪᠠᠶᠢᠨ᠎ᠠ᠃         ᠠᠵᠢᠯᠯᠠᠭ᠎ᠠ ᠳᠤ᠂ ᠰᠠᠶᠢᠨ ᠲᠤᠷᠠᠴᠤᠳ ᠲᠡᠷᠬᠡᠨ ᠥᠷᠲᠡᠭᠡ ᠳᠤ ᠪᠠᠶᠢᠭ᠎ᠠ ᠵᠤᠭᠠᠴᠠᠭᠰᠠᠳ ᠲᠤ ᠪᠤᠯᠪᠠᠰᠤᠨ ᠢᠶᠠᠷ ᠶᠠᠪᠤᠵᠤ ᠰᠠᠭᠤᠬᠤ ᠲᠤᠬᠠᠢ ᠤᠬᠠᠭᠤᠯᠭ᠎ᠠ ᠶᠢ ᠥᠷᠭᠡᠨ ᠢᠶᠠᠷ ᠬᠢᠵᠤ᠂ ᠵᠢᠭᠤᠯᠴᠢᠯᠠᠯ ᠤᠨ ᠤᠬᠠᠭᠤᠯᠭ᠎ᠠ ᠶᠢᠨ ᠭᠠᠷ ᠲᠡᠪᠲᠡᠷ᠂ ︽ᠭᠠᠷ ᠢᠶᠠᠷ ᠵᠢᠷᠤᠭᠰᠠᠨ ᠡᠵᠡᠨ᠎ᠡ ᠶᠢᠨ ᠭᠠᠵᠠᠷ ᠤᠨ ᠵᠢᠷᠤᠭ︾᠂ ᠦᠵᠡᠮᠵᠢ ᠵᠢᠷᠤᠭ ᠤᠨ ᠢᠯᠡ ᠵᠠᠬᠢᠳᠠᠯ ᠤᠨ ᠺᠠᠷᠲ ᠵᠡᠷᠭᠡ ᠡᠯ᠎ᠡ ᠲᠦᠷᠦᠯ ᠤᠨ ᠤᠬᠠᠭᠤᠯᠭ᠎ᠠ ᠶᠢᠨ ᠪᠤᠳᠠᠰ ᠢ 3500 ᠭᠠᠷᠤᠢ ᠬᠤᠪᠢ ᠲᠠᠷᠬᠠᠭᠠᠵᠦ᠂ ᠦᠷᠭᠡᠨ ᠤᠯᠠᠨ ᠠᠶᠠᠨᠴᠢᠨ ᠵᠢᠴᠢ ᠵᠤᠭᠠᠴᠠᠭᠰᠠᠳ ᠤᠨ ᠪᠤᠯᠪᠠᠰᠤᠨ ᠢᠶᠠᠷ ᠶᠠᠪᠤᠵᠤ ᠰᠠᠭᠤᠬᠤ᠂ ᠪᠤᠯᠪᠠᠰᠤᠨ ᠢᠶᠠᠷ ᠵᠤᠭᠠᠴᠠᠬᠤ ᠶᠢ ᠤᠷᠢᠶᠠᠯᠠᠵᠤ᠂ ᠪᠤᠯᠪᠠᠰᠤᠨ ᠵᠢᠭᠤᠯᠴᠢᠯᠠᠯ ᠤᠨ ᠥᠢᠯᠡᠳᠤᠯᠭᠡᠵᠢᠭᠦᠯᠥᠭᠴᠢ ᠪᠤᠯᠬᠤ ᠶᠢ ᠵᠤᠷᠢᠵᠡᠢ᠃         ᠡᠵᠡᠨ᠎ᠡ ᠬᠤᠰᠢᠭᠤᠨ ᠤ ᠰᠤᠶᠤᠯ ᠵᠢᠭᠤᠯᠴᠢᠯᠠᠯ ᠷᠠᠳᠢᠤ᠋ ᠲᠧᠯᠸᠢᠰ ᠲᠤᠪᠴᠢᠶ᠎ᠠ ︽ᠪᠤᠯᠪᠠᠰᠤᠨ ᠵᠢᠭᠤᠯᠴᠢᠯᠠᠯ ᠢ ᠥᠪᠡᠷ ᠤᠨ ᠪᠡᠶ᠎ᠡ ᠠᠴᠠ ᠪᠠᠨ ᠭᠠᠷᠳᠠᠨ ᠬᠢᠶ᠎ᠡ︾ ᠭᠡᠬᠦ ᠤᠬᠠᠭᠤᠯᠭ᠎ᠠ ᠶᠢ ᠥᠷᠭᠦᠯᠵᠢᠯᠡᠨ ᠴᠢᠩᠭᠠᠳᠬᠠᠵᠤ᠂ ᠵᠤᠭᠠᠴᠠᠭᠰᠠᠳ ᠤᠨ ᠢᠯᠡᠴᠢᠯᠡᠨ ᠮᠡᠲᠡᠭᠦᠯᠥᠯᠲᠡ ᠳᠤ ᠨᠠᠷᠢᠨ ᠬᠢᠨᠠᠮᠠᠭᠠᠢ ᠤᠪᠤᠷ ᠢᠶᠠᠷ ᠬᠠᠨᠳᠤᠵᠤ᠂ ᠤᠯᠠᠨ ᠨᠠᠶᠢᠲᠠ ᠶᠢᠨ ᠬᠢᠨᠠᠨ ᠪᠠᠶᠢᠴᠠᠭᠠᠯᠲᠠ ᠶᠢ ᠤᠬᠠᠮᠰᠠᠷ ᠠᠴᠠ ᠪᠠᠨ ᠬᠦᠯᠢᠶᠡᠨ ᠠᠪᠴᠤ᠂ ᠦᠷᠭᠡᠨ ᠤᠯᠠᠨ ᠵᠤᠭᠠᠴᠠᠭᠰᠠᠳ ᠲᠤ ᠪᠤᠯᠪᠠᠰᠤᠨ ᠵᠢᠭᠤᠯᠴᠢᠯᠠᠯ ᠤᠨ ᠰᠠᠶᠢᠨ ᠰᠠᠶᠢᠬᠠᠨ ᠪᠠᠶᠢᠳᠠᠯ ᠢ ᠮᠡᠲᠡᠷᠡᠭᠦᠯᠤᠨ᠂ ᠪᠤᠯᠪᠠᠰᠤᠨ ᠵᠢᠭᠤᠯᠴᠢᠯᠠᠯ ᠤᠨ ᠠᠵᠢᠯ ᠤᠨ ᠪᠤᠲᠠᠲᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠬᠦᠯᠵᠦ᠂ ᠪᠤᠯᠪᠠᠰᠤᠨ ᠰᠤᠷᠲᠠᠯ ᠢ ᠤᠯᠠᠨ ᠲᠠᠶᠠᠭᠠᠷ ᠲᠤ ᠲᠦᠭᠡᠮᠡᠯᠵᠢᠬᠦᠯᠬᠦ ᠪᠠᠷ ᠴᠢᠷᠮᠠᠶᠢᠵᠤ ᠪᠠᠶᠢᠨ᠎ᠠ᠃                                                            (ᠵᠣᠬᠢᠶᠠᠭᠴᠢ᠄ ᠤᠶᠠᠩᠭ᠎ᠠ)
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号