ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠢᠷᠠᠭᠤ ᠨᠠᠶᠢᠷᠠᠭ ᠤᠨ ᠡᠳᠦᠷᠯᠢᠭ ᠵᠢᠴᠢ    ︽ᠤᠷᠠᠨ ᠵᠤᠬᠢᠶᠠᠯ ᠤᠨ ᠠᠯᠠᠱᠠ︾ ᠴᠤᠪᠤᠷᠠᠯ ᠨᠣᠮ ᠤᠨ ᠠᠩᠬ᠎ᠠ ᠲᠠᠷᠬᠠᠭᠠᠬᠤ ᠶᠤᠰᠤᠯᠠᠯ ᠪᠤᠯᠤᠯ᠎ᠠ
ᠨᠡᠶᠢᠲᠡᠯᠡᠭᠰᠡᠨ ᠴᠠᠭ᠄
2019/7/29
           ᠪᠠᠶᠢᠭᠤᠯᠤᠯᠭ᠎ᠠ ᠨᠢᠭᠡᠴᠠ ᠳᠤ ︽ᠤᠷᠠᠨ ᠵᠤᠬᠢᠶᠠᠯ ᠤᠨ ᠠᠯᠠᠱᠠ︾ ᠴᠤᠪᠤᠷᠠᠯ ᠨᠤᠮ ᠢ ᠪᠡᠯᠡᠭᠯᠡᠪᠡ᠃ ( ᠪᠤᠯᠤᠷᠰᠤᠪᠤᠳ ᠰᠡᠬᠦᠳᠡᠷᠯᠡᠪᠡ)         7 ᠰᠠᠷ᠎ᠠ ᠶᠢᠨ 25 ᠤ ᠡᠳᠤᠷ᠂ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠠᠴᠠ ᠭᠤᠤᠯᠯᠠᠨ ᠡᠷᠬᠢᠯᠡᠵᠦ᠂ ᠠᠯᠠᠱᠠ ᠠᠶᠢᠮᠠᠭ ᠤᠨ ᠵᠤᠬᠢᠶᠠᠯᠴᠢᠳ ᠤᠨ ᠡᠪᠯᠡᠯ ᠠᠴᠠ ᠲᠠᠭᠠᠭᠠᠴᠢᠯᠠᠨ ᠡᠷᠬᠢᠯᠡᠭᠰᠡᠨ ᠪᠦᠬᠦᠲᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠢᠷᠠᠭᠤ ᠨᠠᠶᠢᠷᠠᠭ ᠤᠨ ᠡᠳᠦᠷᠯᠢᠭ ᠵᠢᠴᠢ ︽ᠤᠷᠠᠨ ᠵᠤᠬᠢᠶᠠᠯ ᠤᠨ ᠠᠯᠠᠱᠠ︾ ᠴᠤᠪᠤᠷᠠᠯ ᠨᠣᠮ ᠤᠨ ᠠᠩᠬ᠎ᠠ ᠲᠠᠷᠬᠠᠭᠠᠬᠤ ᠶᠤᠰᠤᠯᠠᠯ ᠤᠳᠬ᠎ᠠ ᠲᠡᠭᠦᠯᠳᠡᠷ ᠪᠤᠯᠤᠯ᠎ᠠ᠃ ᠠᠯᠠᠱᠠ ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ᠂ ᠠᠶᠢᠮᠠᠭ ᠤᠨ ᠲᠡᠳ᠋ ᠲᠠᠷᠤᠭ᠎ᠠ ᠰᠦᠨ ᠮᠢᠩ ᠴᠢᠤᠸᠠᠨ᠂ ᠠᠶᠢᠮᠠᠭ ᠤᠨ ᠤᠯᠤᠰ ᠲᠦᠷᠥ ᠶᠢᠨ ᠵᠦᠪᠯᠡᠯᠭᠡᠨ ᠤ ᠲᠡᠳ᠋ ᠲᠡᠷᠢᠬᠦᠯᠡᠭᠴᠢ ᠸᠠᠩ ᠴᠢᠦ ᠼᠠᠢ᠂ ᠠᠯᠠᠱᠠ ᠶᠢᠨ ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ᠂ ᠵᠠᠬᠢᠷᠤᠯ ᠪᠣᠤ ᠶᠢᠨ ᠵᠡᠷᠭᠡ ᠤᠳᠤᠷᠢᠳᠤᠯᠭ᠎ᠠ ᠨᠡᠷ ᠶᠤᠰᠤᠯᠠᠯ ᠳᠤ ᠤᠷᠤᠯᠴᠠᠵᠦ᠂ ᠠᠶᠢᠮᠠᠭ ᠤᠨ ᠵᠤᠬᠢᠶᠠᠯᠴᠢᠳ ᠤᠨ ᠡᠪᠯᠡᠯ᠂ ᠤᠷᠠᠨ ᠪᠢᠴᠢᠯᠭᠡᠳᠡᠳ ᠤᠨ ᠨᠡᠶᠢᠭᠡᠮᠯᠢᠭ᠂ ᠬᠡᠷᠡᠯ ᠵᠢᠷᠤᠭᠴᠢᠳ ᠤᠨ ᠨᠡᠶᠢᠭᠡᠮᠯᠢᠭ ᠵᠡᠷᠭᠡ ᠨᠡᠶᠢᠭᠡᠮᠯᠢᠭ ᠤᠨ ᠲᠦᠯᠦᠭᠡᠯᠡᠭᠴᠢ ᠶᠢᠨ 100 ᠰᠢᠬᠠᠮ ᠬᠦᠮᠦᠨ ᠶᠤᠰᠤᠯᠠᠯ ᠳᠤ ᠤᠷᠤᠯᠴᠠᠪᠠ᠃          ᠰᠦᠨ ᠮᠢᠩ ᠴᠢᠤᠸᠠᠨ ᠶᠠᠷᠢᠶᠠᠨ ᠳᠠᠭᠠᠨ᠂ ᠲᠤᠰ ᠠᠵᠢᠯᠯᠠᠭ᠎ᠠ ᠪᠠᠷ ᠰᠢᠨ᠎ᠡ ᠡᠬᠢᠯᠡᠯᠲᠡ ᠪᠤᠯᠭᠠᠵᠦ᠂ ᠰᠤᠶᠤᠯ ᠤᠷᠠᠯᠢᠭ ᠲᠠᠭᠠᠨ ᠬᠠᠶᠢᠷᠠᠲᠠᠢ ᠬᠦᠮᠦᠰ ᠢ ᠲᠠᠶᠢᠴᠢᠯᠠᠨ᠂ ᠰᠢᠨ᠎ᠡ ᠴᠠᠭ ᠡᠷᠡᠨ ᠢᠶᠠᠨ ᠲᠡᠮᠳᠡᠭᠯᠡᠵᠦ᠂ ᠰᠢᠨ᠎ᠡ ᠴᠠᠭ ᠡᠷᠡᠨ ᠢᠶᠠᠨ ᠪᠢᠴᠢᠭᠯᠡᠨ᠂ ᠰᠢᠨ᠎ᠡ ᠴᠠᠭ ᠡᠷᠡᠨ ᠢᠶᠠᠨ ᠮᠠᠭᠲᠠᠨ ᠲᠠᠭᠤᠯᠠᠭᠰᠠᠨ ᠰᠢᠯᠢᠳᠡᠭ ᠪᠦᠳᠦᠭᠡᠯ ᠢ ᠨᠡᠩ ᠠᠷᠪᠢᠨ ᠭᠠᠷᠭᠠᠬᠤ ᠴᠢᠬᠤᠯᠠᠲᠠᠢ ᠭᠡᠵᠡᠢ᠃ ᠲᠠᠷᠠᠭᠠᠪᠡᠷ ᠠᠯᠠᠱᠠ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠠᠴᠠ ᠠᠶᠢᠮᠠᠭ ᠪᠠ ᠬᠤᠰᠢᠭᠤᠨ ᠤ 15 ᠪᠠᠶᠢᠭᠤᠯᠤᠯᠭ᠎ᠠ ᠨᠢᠭᠡᠴᠡ ᠪᠠ ᠰᠤᠷᠭᠠᠭᠤᠯᠢ ᠳᠤ ︽ᠤᠷᠠᠨ ᠵᠤᠬᠢᠶᠠᠯ ᠤᠨ ᠠᠯᠠᠱᠠ︾ ᠴᠤᠪᠤᠷᠠᠯ ᠨᠣᠮ ᠢ ᠪᠡᠯᠡᠭᠯᠡᠪᠡ᠃ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠢᠷᠠᠭᠤ ᠨᠠᠶᠢᠷᠠᠭ ᠤᠨ ᠡᠳᠦᠷᠯᠢᠭ ᠲᠤ᠂ ᠤᠷᠠᠯᠢᠭᠴᠢᠳ ᠵᠢᠴᠢ ᠤᠳᠬ᠎ᠠ ᠤᠷᠠᠯᠢᠭ ᠲᠠᠭᠠᠨ ᠲᠤᠷ᠎ᠡ ᠪᠠᠭ᠋ᠠᠲᠠᠢ ᠬᠡᠤᠬᠡᠳ ᠪᠠᠭᠠᠴᠤᠤᠯ ᠡᠬᠡ ᠤᠯᠤᠰ᠂ ᠨᠤᠲᠤᠭ ᠣᠰᠤᠨ ᠢᠶᠠᠨ ᠮᠠᠭᠳᠠᠨ ᠲᠠᠭᠤᠯᠠᠭᠰᠠᠨ ᠰᠢᠯᠦᠭ ᠲᠠᠭᠤᠯᠡᠯ ᠤᠶᠠᠩᠭᠠᠯᠠᠵᠤ᠂ ᠡᠬᠡ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠨᠢᠵᠢᠭᠡᠷ ᠪᠡᠯᠭᠡᠯᠡᠪᠡ᠃         ︽ᠤᠷᠠᠨ ᠵᠤᠬᠢᠶᠠᠯ ᠤᠨ ᠠᠯᠠᠱᠠ︾ ᠴᠤᠪᠤᠷᠠᠯ ᠨᠣᠮ ᠪᠣᠯ ᠠᠯᠠᠱᠠ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠠᠴᠠ ᠲᠦᠰᠦᠪᠯᠡᠵᠦ ᠨᠠᠶᠢᠷᠠᠭᠤᠯᠤᠭᠰᠠᠨ ᠴᠤᠪᠤᠷᠠᠯ ᠪᠦᠳᠦᠭᠡᠯ ᠶᠤᠮ᠃ ᠲᠤᠰ ᠨᠣᠮ ᠨᠢ ᠠᠯᠠᠱᠠ ᠠᠶᠢᠮᠠᠭ ᠪᠠᠶᠢᠭᠤᠯᠤᠭᠳᠠᠭᠰᠠᠨ ᠠᠴᠠ ᠡᠳᠤᠭᠡ ᠪᠤᠯᠳᠠᠯ᠎ᠠ᠂ ᠢᠯᠠᠩᠭᠤᠶ᠎ᠠ ᠤᠶᠢᠷ᠎ᠠ ᠶᠢᠨ ᠵᠢᠯ ᠳᠤ ᠵᠤᠬᠢᠶᠠᠭᠳᠠᠭᠰᠠᠨ ᠮᠠᠨ ᠤ ᠠᠶᠢᠮᠠᠭ ᠤᠨ ᠵᠤᠬᠢᠶᠠᠯᠴᠢᠳ ᠤᠨ ᠬᠢᠲᠠᠳ ᠮᠤᠩᠭᠤᠯ ᠰᠢᠯᠦᠭ᠂ ᠨᠠᠶᠢᠷᠠᠭᠤᠯᠤᠯ᠂ ᠰᠢᠬᠦᠮᠵᠢ᠂ ᠮᠤᠩᠭᠤᠯ ᠬᠢᠲᠠᠳ ᠬᠤᠣᠰ ᠬᠡᠯᠡᠨ ᠤ ᠤᠷᠴᠢᠭᠤᠯᠭ᠎ᠠ ᠶᠢᠨ ᠪᠦᠳᠦᠭᠡᠯ ᠵᠢᠴᠢ ᠴᠤᠭᠯᠠᠭᠤᠯᠭ᠎ᠠ ᠶᠢᠨ ᠪᠦᠳᠦᠭᠡᠯ ᠵᠡᠷᠭᠡ ᠤᠯᠠᠨ ᠠᠷᠪᠢᠨ ᠰᠣᠳᠤᠨ ᠪᠦᠳᠦᠭᠡᠯ ᠢ ᠬᠠᠮᠤᠷᠤᠭᠰᠠᠨ 10 ᠲᠡᠪᠳᠡᠷ ᠨᠣᠮ ᠶᠤᠮ᠃ ︽ᠤᠷᠠᠨ ᠵᠤᠬᠢᠶᠠᠯ ᠤᠨ ᠠᠯᠠᠱᠠ︾ ᠴᠤᠪᠤᠷᠠᠯ ᠨᠣᠮ ᠨᠢ ᠮᠠᠨ ᠤ ᠠᠶᠢᠮᠠᠭ ᠤᠨ ᠤᠷᠠᠨ ᠵᠤᠬᠢᠶᠠᠯ ᠤᠨ ᠬᠡᠪᠯᠡᠯ ᠤᠨ ᠬᠤᠭᠤᠰᠣᠳᠠᠯ ᠢ ᠨᠦᠬᠦᠪᠦᠷᠢᠯᠡᠵᠦ᠂ ᠨᠡᠩ ᠴᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠳᠤ ᠪᠡᠯᠡᠭ ᠡᠷᠭᠦᠭᠰᠡᠨ ᠪᠠᠶᠢᠨ᠎ᠠ᠃                                                      ︵ ᠵᠣᠬᠢᠶᠠᠭᠴᠢ᠄ ᠪᠤᠯᠤᠷᠰᠤᠪᠤᠳ︶          
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号