ᠤᠢᠢᠷ᠎ᠠ ᠶᠢᠨ ᠡᠳᠦᠷ᠂ ᠠᠯᠠᠱᠠ ᠵᠡᠬᠦᠨ ᠬᠤᠰᠢᠭᠤᠨ ᠤ ᠪᠠᠶᠠᠨᠨᠢᠷᠤᠭᠤᠨ ᠰᠤᠮᠤᠨ ᠤ ᠰᠢᠷᠠᠪᠤᠯᠠᠭ | ᠭᠠᠴᠠᠭᠠᠨ ᠳᠤ ᠨᠢᠰᠬᠡᠯ ᠢᠶᠠᠷ ᠤᠢᠢᠵᠢᠭᠤᠯᠬᠤ ᠠᠵᠢᠯ ᠡᠬᠢᠯᠡᠵᠦ ᠶᠠᠪᠤᠭᠳᠠᠵᠠᠢ᠃ ᠤᠳᠤᠬᠠᠨ᠂ ᠠᠯᠠᠱᠠ ᠵᠡᠬᠦᠨ | ᠬᠤᠰᠢᠭᠤᠨ ᠤ 2019 ᠤᠨ ᠤ ᠨᠢᠰᠬᠡᠯ ᠢᠶᠠᠷ ᠤᠢᠢᠵᠢᠭᠤᠯᠬᠤ ᠠᠵᠢᠯ ᠲᠦᠯᠦᠪᠯᠡᠭᠡ ᠶᠤᠰᠤᠭᠠᠷ ᠤᠷᠤᠭᠰᠢᠳᠡᠢ | ᠶᠠᠪᠤᠭᠳᠠᠵᠦ ᠪᠤᠢ᠃ | ᠡᠨᠡ ᠵᠢᠯ ᠠᠯᠠᠱᠠ ᠵᠡᠬᠦᠨ ᠬᠤᠰᠢᠭᠤ ᠨᠠᠶᠢᠳᠠ 22 ᠲᠦᠮᠡᠨ ᠮᠦ ᠭᠠᠵᠡᠷ ᠢ ᠨᠢᠰᠬᠡᠯ ᠢᠶᠠᠷ ᠤᠢᠢᠵᠢᠭᠤᠯᠵᠦ᠂ | 10 ᠲᠦᠮᠡᠨ ᠮᠦ ᠭᠠᠵᠡᠷ ᠢ ᠨᠦᠬᠦᠵᠦ ᠤᠢᠢᠵᠢᠭᠤᠯᠬᠤ ᠪᠠᠷ ᠲᠦᠰᠤᠪᠯᠠᠵᠤ ᠪᠤᠢ᠃ ᠠᠯᠠᠱᠠ ᠵᠡᠬᠦᠨ ᠬᠤᠰᠢᠭᠤᠨ ᠤ | ᠨᠢᠰᠬᠡᠯ ᠢᠶᠠᠷ ᠤᠢᠢᠵᠢᠭᠤᠯᠬᠤ ᠠᠵᠢᠯ 5 ᠰᠠᠷ᠎ᠠ ᠶᠢᠨ 31 ᠤ ᠡᠳᠦᠷ ᠡᠬᠢᠯᠡᠵᠦ ᠶᠠᠪᠤᠭᠳᠠᠭᠰᠠᠨ ᠠᠴᠠ ᠨᠠᠰᠢ᠂ | ᠲᠤᠰᠪᠤᠷᠢ ᠪᠠᠶᠠᠨᠨᠢᠷᠤᠭᠤᠨ ᠰᠤᠮᠤᠨ ᠤ ᠰᠢᠷᠠᠪᠤᠯᠠᠭ ᠭᠠᠴᠠᠭ᠎ᠠ ᠪᠤᠯᠤᠨ ᠡᠷᠬᠡᠬᠠᠰᠢᠬ᠎ᠠ ᠰᠤᠮᠤᠨ ᠤ ᠲᠤᠤᠯᠠᠠᠳᠠᠢ | ᠭᠠᠴᠠᠭ᠎ᠠ ᠶᠢ ᠨᠢᠰᠬᠡᠯ ᠢᠶᠠᠷ ᠤᠢᠢᠵᠢᠭᠤᠯᠵᠦ᠂ ᠤᠳᠤᠬᠠᠨ ᠪᠤᠯᠳᠠᠯ᠎ᠠ ᠨᠠᠶᠢᠳᠠ 9.5 ᠲᠦᠮᠡᠨ ᠮᠦ ᠭᠠᠵᠡᠷ ᠢ | ᠤᠢᠢᠵᠢᠭᠤᠯᠤᠨ᠂ ᠪᠦᠬᠦ ᠠᠵᠢᠯ 8 ᠰᠠᠷ᠎ᠠ ᠶᠢᠨ 10 ᠤ ᠡᠳᠦᠷ ᠲᠠᠭᠤᠰᠬᠤ ᠪᠠᠷ ᠪᠤᠢ᠃ | ᠠᠯᠠᠱᠠ ᠵᠡᠬᠦᠨ ᠬᠤᠰᠢᠭᠤᠨ ᠤ ᠭᠢᠯᠢ ᠲᠤᠳᠤᠷ᠎ᠠ ᠲᠡᠭᠷᠢ ᠡᠯᠡᠰᠦ᠂ ᠤᠯᠠᠭᠠᠨᠪᠤᠬ᠎ᠠ ᠵᠡᠷᠬᠡ 2 ᠲᠤᠮᠤ ᠡᠯᠡᠰᠦᠨ | ᠴᠦᠯ ᠲᠠᠢ᠃ ᠡᠯᠡᠰᠦ ᠮᠠᠩᠬ᠎ᠠ ᠪᠤᠯᠤᠨ ᠡᠯᠡᠰᠦᠷᠬᠡᠭᠵᠢᠯ ᠤᠨ ᠲᠠᠯᠠᠪᠠᠢ ᠪᠦᠬᠦ ᠲᠠᠯᠠᠪᠠᠢ ᠶᠢᠨ 79.3% ᠶᠢ ᠡᠵᠡᠯᠡᠵᠦ᠂ | ᠠᠮᠢ ᠠᠬᠤᠢ ᠲᠤᠩ ᠬᠡᠪᠡᠷᠡᠭ ᠭᠠᠵᠡᠷ ᠤᠷᠤᠨ ᠤ ᠨᠢᠬᠡ ᠪᠤᠯᠤᠨ᠎ᠠ᠃ ᠪᠦᠬᠦ ᠬᠤᠰᠢᠭᠤᠨ ᠤ ᠤᠢ ᠰᠢᠭᠤᠢ ᠶᠢᠨ | ᠦᠢᠯᠡᠰ ᠤᠨ ᠠᠰᠢᠭᠯᠠᠵᠦ ᠪᠤᠯᠬᠤ ᠲᠠᠯᠠᠪᠠᠢ 3653.20 ᠲᠦᠮᠡᠨ ᠮᠦ ᠳᠤ ᠬᠦᠷᠴᠦ᠂ ᠤᠢ ᠰᠢᠭᠤᠢ ᠶᠢᠨ ᠲᠠᠯᠠᠪᠠᠢ | 1507.39 ᠲᠦᠮᠡᠨ ᠮᠦ ᠳᠤ ᠬᠦᠷᠴᠦ᠂ ᠤᠢ ᠰᠢᠭᠤᠢ ᠶᠢᠨ ᠪᠦᠷᠬᠦᠴᠠ ᠶᠢᠨ ᠨᠤᠷᠮ᠎ᠠ 12.5% ᠳᠤ ᠬᠦᠷᠴᠦ | ᠪᠤᠢ᠃ ᠨᠢᠰᠬᠡᠯ ᠢᠶᠠᠷ ᠤᠢᠢᠵᠢᠭᠤᠯᠬᠤ ᠨᠢ ᠠᠯᠠᠱᠠ ᠵᠡᠬᠦᠨ ᠬᠤᠰᠢᠭᠤᠨ ᠤ ᠠᠮᠢ ᠠᠬᠤᠢ ᠤᠷᠴᠢᠨ ᠲᠤᠭᠤᠷᠢᠨ ᠤ | ᠪᠦᠲᠦᠬᠡᠨ ᠪᠠᠶᠢᠭᠤᠯᠤᠯᠳᠠ ᠶᠢᠨ ᠴᠢᠬᠤᠯᠠ ᠠᠷᠭ᠎ᠠ ᠠᠪᠴᠠᠯ ᠤᠨ ᠨᠢᠬᠡ ᠪᠤᠯᠵᠦ᠂ ᠮᠠᠨ ᠤ ᠠᠶᠢᠮᠠᠭ ᠤᠨ ᠪᠤᠳᠠᠲᠦ | ᠪᠠᠶᠢᠳᠠᠯ ᠲᠠᠢ ᠨᠠᠶᠢᠴᠡᠭᠰᠡᠨ ᠲᠠᠪᠠᠭᠤᠯᠢᠭ ᠤᠨᠴᠠᠯᠢᠭ ᠪᠤᠯᠵᠠᠢ᠃ ᠠᠯᠠᠱᠠ ᠵᠡᠬᠦᠨ ᠬᠤᠰᠢᠭᠤ 1984 ᠤᠨ ᠠᠴᠠ | ᠡᠬᠢᠯᠡᠨ ᠨᠢᠰᠬᠡᠯ ᠢᠶᠠᠷ ᠤᠢᠢᠵᠢᠭᠤᠯᠬᠤ ᠠᠵᠢᠯ ᠢᠶᠠᠨ ᠡᠬᠢᠯᠡᠬᠦᠯᠵᠦ᠂ ᠤᠳᠤ ᠪᠤᠯᠳᠠᠯ᠎ᠠ ᠲᠡᠭᠷᠢ ᠡᠯᠡᠰᠦ ᠪᠤᠯᠤᠨ | ᠤᠯᠠᠭᠠᠨᠪᠤᠬ᠎ᠠ ᠡᠯᠡᠰᠦᠨ ᠤ 571 ᠲᠦᠮᠡᠨ ᠮᠦ ᠭᠠᠵᠡᠷ ᠢ ᠤᠢᠢᠵᠢᠭᠤᠯᠵᠦ᠂ ᠤᠢ ᠰᠢᠭᠤᠢ ᠪᠦᠷᠢᠳᠦᠭᠰᠡᠨ ᠲᠠᠯᠠᠪᠠᠢ | 367 ᠲᠦᠮᠡᠨ ᠮᠦ ᠳᠤ ᠬᠦᠷᠴᠦ᠂ ᠪᠦᠬᠦ ᠬᠤᠰᠢᠭᠤᠨ ᠤ ᠨᠢᠰᠬᠡᠯ ᠢᠶᠠᠷ ᠤᠢᠢᠵᠢᠭᠤᠯᠤᠭᠰᠠᠨ ᠪᠦᠬᠦ ᠲᠠᠯᠠᠪᠠᠢ ᠶᠢᠨ | 64% ᠶᠢ ᠡᠵᠡᠯᠡᠵᠠᠢ᠃ ᠪᠦᠷᠢᠳᠬᠡᠯ ᠢ ᠦᠨᠳᠦᠰᠦᠯᠠᠪᠠᠯ᠂ ᠲᠡᠭᠷᠢ ᠡᠯᠡᠰᠦᠨ ᠤ ᠵᠡᠬᠦᠨ ᠬᠦᠪᠡᠭᠡ ᠪᠠᠷ | ᠤᠷᠳᠤ ᠪᠠᠷ ᠢᠶᠠᠨ 350 ᠺᠢᠯᠦᠮᠧᠲᠷ᠂ ᠦᠷᠬᠡᠨ ᠢᠶᠠᠷ ᠢᠶᠠᠨ 3 ᠠᠴᠠ 20 ᠺᠢᠯᠦᠮᠧᠲᠷ ᠡᠯᠡᠰᠦ ᠶᠢ | ᠲᠤᠭᠳᠠᠪᠤᠷᠢᠵᠢᠭᠤᠯᠬᠤ ᠬᠠᠯᠬᠠᠪᠴᠢ ᠶᠢ ᠪᠦᠷᠢᠯᠳᠦᠬᠦᠯᠵᠦ᠂ ᠤᠯᠠᠭᠠᠨᠪᠤᠬ᠎ᠠ ᠡᠯᠡᠰᠦᠨ ᠤ ᠡᠮᠦᠨ᠎ᠠ ᠬᠦᠪᠡᠭᠡ ᠪᠠᠷ | ᠤᠷᠳᠤ ᠪᠠᠷ ᠢᠶᠠᠨ 110 ᠺᠢᠯᠦᠮᠧᠲᠷ᠂ ᠦᠷᠬᠡᠨ ᠢᠶᠠᠷ ᠢᠶᠠᠨ 3 ᠠᠴᠠ 10 ᠺᠢᠯᠦᠮᠧᠲᠷ ᠡᠯᠡᠰᠦ ᠶᠢ | ᠲᠤᠭᠳᠠᠪᠤᠷᠢᠵᠢᠭᠤᠯᠬᠤ ᠬᠠᠯᠬᠠᠪᠴᠢ ᠶᠢ ᠪᠦᠷᠢᠯᠳᠦᠬᠦᠯᠦᠭᠰᠡᠨ ᠪᠠᠶᠢᠨ᠎ᠠ᠃ | ᠤᠷᠴᠢᠮ ᠤᠨ ᠵᠢᠯ ᠠᠴᠠ᠂ ᠠᠯᠠᠱᠠ ᠵᠡᠬᠦᠨ ᠬᠤᠰᠢᠭᠤ ᠨᠢᠰᠬᠡᠯ ᠢᠶᠠᠷ ᠤᠢᠢᠵᠢᠭᠤᠯᠬᠤ ᠠᠵᠢᠯ ᠢ | ᠴᠢᠩᠭᠠᠳᠬᠠᠬᠤ ᠶᠢᠨ ᠬᠠᠮᠲᠦ᠂ ᠰᠢ ᠶᠢᠨ ᠫᠢᠡᠭ ᠶᠡᠷᠦᠩᠬᠡᠢ ᠱᠦᠵᠢ ᠶᠢᠨ ᠲᠤᠷᠠᠳᠤᠭᠰᠠᠠ ︽ᠴᠡᠷᠢᠭ ᠠᠷᠠᠳ | ᠠᠭᠤᠰᠤᠯᠴᠠᠨ ᠬᠦᠭᠵᠢᠬᠦ︾ ᠪᠠ ︽ᠣᠨᠣᠪᠴᠢᠳᠠᠢ ᠪᠠᠷ ᠶᠠᠳᠠᠭᠤ ᠶᠢ ᠲᠡᠳᠬᠦᠬᠦ︾ ᠶᠡᠷᠦᠩᠬᠡᠢ ᠱᠠᠭᠠᠷᠳᠠᠯᠭ᠎ᠠ | ᠶᠤᠰᠤᠭᠠᠷ᠂ ᠠᠮᠢ ᠠᠬᠤᠢ ᠶᠢᠨ ᠪᠠᠶᠢᠭᠤᠯᠤᠯᠳᠠ ᠶᠢ ᠠᠷᠠᠳ ᠤᠨ ᠠᠮᠢᠳᠤᠷᠠᠯ ᠤᠨ ᠢᠨᠵᠧᠨᠧᠷᠢᠩ ᠲᠠᠢ ᠨᠢᠠᠠᠳᠠ | ᠤᠶᠠᠯᠳᠤᠭᠤᠯᠤᠭᠰᠠᠭᠠᠷ ᠢᠷᠡᠵᠠᠢ᠃ ᠪᠦᠷᠢᠳᠬᠡᠯ ᠢ ᠦᠨᠳᠦᠰᠤᠯᠠᠪᠠᠯ᠂ ᠤᠳᠤᠬᠠᠨ ᠪᠤᠯᠳᠠᠯ᠎ᠠ ᠨᠠᠶᠢᠳᠠ 192 | ᠬᠦᠮᠦᠨ ᠢ ᠤᠢ ᠰᠢᠭᠤᠢ ᠶᠢᠨ ᠬᠠᠮᠠᠭᠠᠯᠠᠭᠴᠢ ᠪᠠᠷ ᠡᠯᠰᠡᠵᠦ᠂ ᠬᠦᠮᠦᠨ ᠪᠦᠷᠢ ᠶᠢᠨ ᠵᠢᠯ ᠤᠨ ᠤᠷᠤᠯᠭ᠎ᠠ ᠶᠢ 2 ᠲᠦᠮᠡᠨ | ᠲᠦᠬᠦᠷᠢᠭ ᠨᠡᠮᠡᠭᠳᠡᠬᠦᠯᠵᠠᠢ︔ ᠨᠢᠰᠬᠡᠯ ᠢᠶᠠᠷ ᠤᠢᠢᠵᠢᠭᠤᠯᠤᠭᠰᠠᠨ ᠬᠦᠷᠢᠶ᠎ᠠ ᠬᠡᠪᠴᠢᠶ᠎ᠠ ᠨᠢ ᠪᠦᠬᠦ ᠬᠤᠰᠢᠭᠤᠨ ᠤ 5 | ᠰᠤᠮᠤᠨ ᠤ 13 ᠭᠠᠴᠠᠭᠠᠨ ᠤ 205 ᠡᠷᠦᠬᠡ ᠶᠢᠨ 758 ᠬᠦᠮᠦᠨ ᠢ ᠬᠠᠮᠤᠷᠴᠦ᠂ ᠪᠦᠬᠦᠨ ᠢᠶᠠᠷ ᠢᠶᠠᠨ ᠨᠠᠶᠢᠳᠠ ᠶᠢᠨ | ᠠᠰᠢᠭᠯᠠᠮᠵᠢᠳᠣ ᠤᠢ ᠶᠢᠨ ᠨᠦᠬᠦᠪᠦᠷᠢ ᠬᠦᠷᠳᠡᠨ᠂ ᠬᠦᠮᠦᠨ ᠪᠦᠷᠢ ᠶᠢᠨ ᠵᠢᠯ ᠤᠨ ᠤᠷᠤᠯᠭ᠎ᠠ ᠶᠢ 1.5 ᠲᠦᠮᠡᠨ | ᠲᠦᠬᠦᠷᠢᠭ ᠨᠡᠮᠡᠭᠳᠡᠬᠦᠯᠠᠵᠢ︔ ᠨᠢᠰᠬᠡᠯ ᠢᠶᠠᠷ ᠤᠢᠢᠵᠢᠭᠤᠯᠬᠤ ᠳᠠᠭᠠᠨ ᠵᠢᠯ ᠪᠤᠯᠭᠠᠨ ᠨᠠᠶᠢᠳᠠ ᠵᠠᠭᠤᠭᠠᠳ ᠲᠦᠮᠡᠨ | ᠲᠤᠨ ᠤ ᠤᠷᠭᠤᠮᠠᠯ ᠤᠨ ᠦᠷ᠎ᠠ ᠬᠡᠷᠡᠭᠰᠡᠬᠦ ᠪᠤᠯᠬᠤᠷ᠂ ᠲᠤᠬᠠᠢ ᠶᠢᠨ ᠭᠠᠵᠡᠷ ᠤᠨ 300 ᠡᠷᠦᠬᠡ ᠲᠠᠷᠢᠶᠠᠴᠢᠳ ᠤᠨ | ᠵᠢᠯ ᠤᠨ ᠤᠷᠤᠯᠭ᠎ᠠ ᠶᠢ 1 ᠲᠦᠮᠡᠨ ᠲᠦᠬᠦᠷᠢᠭ ᠨᠡᠮᠡᠭᠳᠡᠬᠦᠯᠵᠠᠢ᠃ ᠡᠬᠦᠨ ᠤ ᠬᠠᠮᠲᠦ᠂ 2016 ᠤᠨ ᠠᠴᠠ ᠡᠬᠢᠯᠡᠨ᠂ | ᠨᠢᠰᠬᠡᠯ ᠢᠶᠠᠷ ᠤᠢᠢᠵᠢᠭᠤᠯᠬᠤ ᠭᠠᠵᠠᠷ ᠤᠨ ᠮᠦ ᠪᠦᠷᠢ ᠠᠴᠠ 10 ᠲᠦᠬᠦᠷᠢᠭ ᠤᠨ ᠪᠡᠯᠡ ᠮᠦᠡᠭᠬᠦ ᠭᠠᠷᠭᠠᠬᠤ ᠪᠠᠷ | ᠲᠠᠮᠵᠢᠨ᠂ ᠨᠠᠶᠢᠳᠠ 1170 ᠲᠦᠮᠡᠨ ᠲᠦᠬᠦᠷᠢᠭ ᠢ ᠪᠠᠶᠠᠨᠨᠢᠷᠤᠭᠤᠨ᠂ ᠪᠠᠶᠠᠨᠬᠤᠳᠠ᠂ ᠴᠤᠭᠳᠤᠬᠦ᠋ᠷᠢᠶ᠎ᠠ᠂ | ᠡᠷᠬᠡᠬᠠᠰᠢᠬ᠎ᠠ ᠵᠡᠷᠬᠡ 4 ᠰᠤᠮᠤ ᠪᠠᠯᠭᠠᠰᠤᠨ ᠤ 17 ᠭᠠᠴᠠᠭᠠᠨ ᠤ ᠬᠠᠮᠲᠦ ᠶᠢᠨ ᠠᠵᠦ ᠠᠬᠤᠢ ᠶᠢ ᠲᠡᠳᠬᠦᠵᠦ᠂ ᠠᠮᠢ | ᠠᠬᠤᠢ ᠶᠢ ᠰᠠᠶᠢᠵᠢᠷᠠᠭᠤᠯᠬᠤ᠂ ᠡᠯᠡᠰᠦ ᠶᠢ ᠲᠤᠭᠳᠠᠪᠤᠷᠢᠵᠢᠭᠤᠯᠬᠤ᠂ ᠮᠠᠯᠴᠢᠨ ᠲᠠᠷᠢᠶᠠᠴᠢᠳ ᠤᠨ ᠤᠷᠤᠯᠭ᠎ᠠ ᠶᠢ | ᠨᠡᠮᠡᠭᠳᠡᠬᠦᠯᠬᠦ ᠵᠡᠷᠬᠡ ᠲᠠᠯ᠎ᠠ ᠪᠠᠷ ᠪᠤᠳᠠᠲᠦ ᠦᠷ᠎ᠠ ᠪᠦᠲᠦᠮᠵᠢ ᠤᠯᠤᠭᠰᠠᠨ ᠪᠠᠶᠢᠨ᠎ᠠ᠃ |