ᠲᠡᠭᠷᠢ ᠠᠵᠤ ᠠᠬᠤᠢ ᠶᠢᠨ ᠮᠡᠷᠭᠡᠵᠢᠯ ᠤᠨ ᠨᠡᠬᠡᠬᠡᠯᠳᠡ ᠶᠢᠨ ᠤᠷᠤᠨ ︽12396︾ ᠲᠠᠪᠴᠠᠩ ᠤᠨ ᠪᠤᠯᠪᠠᠰᠤᠷᠠᠯ ᠤᠨ ᠠᠩᠬᠢ ᠡᠷᠬᠢᠯᠡᠪᠡ
ᠨᠡᠶᠢᠲᠡᠯᠡᠭᠰᠡᠨ ᠴᠠᠭ᠄
2019/7/8
        ᠵᠢᠷᠤᠭ ᠪᠤᠯ᠂ ᠲᠠᠷᠢᠶᠠᠯᠠᠩ ᠤᠨ ᠲᠤᠰᠬᠠᠢ ᠮᠡᠷᠭᠡᠵᠢᠯ ᠤᠨ ᠠᠵᠢᠯᠳᠠᠨ ᠠᠴᠠ ᠲᠠᠷᠢᠶᠠᠨ ᠭᠠᠵᠠᠷ ᠲᠤ ᠬᠦᠷᠴᠤ ᠮᠡᠷᠭᠡᠵᠢᠯ ᠤᠨ ᠵᠢᠭᠠᠨ ᠵᠢᠯᠤᠭᠤᠳᠤᠯᠭ᠎ᠠ ᠬᠢᠵᠤ ᠪᠠᠶᠢᠨ᠎ᠠ᠃ ︵ᠸᠧᠢ ᠴᠢᠶᠠᠩ ᠰᠡᠬᠦᠳᠡᠷᠯᠡᠪᠡ︶       7 ᠰᠠᠷ᠎ᠠ ᠶᠢᠨ 5 ᠤ ᠡᠳᠦᠷ᠂ ᠲᠡᠭᠷᠢ ᠠᠵᠤ ᠠᠬᠤᠢ ᠶᠢᠨ ᠮᠡᠷᠭᠡᠵᠢᠯ ᠤᠨ ᠨᠡᠬᠡᠬᠡᠯᠳᠡ ᠶᠢᠨ ᠤᠷᠤᠨ ᠤ ᠠᠵᠤ ᠠᠬᠤᠢ ᠶᠢᠨ ᠬᠦᠭᠵᠢᠬᠦᠯᠦᠯᠳᠡ ᠶᠢᠨ ᠲᠤᠪᠴᠢᠶ᠎ᠠ ᠲᠠᠷᠢᠶᠠᠯᠠᠩ ᠮᠠᠯ ᠠᠵᠦ ᠠᠬᠤᠢ ᠶᠢᠨ ᠬᠦᠭᠵᠢᠯᠳᠡ ᠳᠤ ᠬᠦᠴᠦᠨ ᠨᠠᠮᠠᠷᠢᠯᠠᠨ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠬᠦᠯᠬᠦ ᠪᠠᠷ᠂ ᠰᠢᠩ ᠡᠾᠦ᠋ᠸᠧ ᠰᠢᠨᠵᠢᠯᠡᠭᠡ ᠮᠡᠷᠭᠡᠵᠢᠯ       ︽12396︾ ᠮᠡᠳᠡᠭᠡ ᠵᠠᠩᠬᠢ ᠶᠢᠨ ᠦᠢᠯᠡᠴᠢᠯᠡᠬᠡᠨ ᠤ ᠲᠠᠪᠴᠠᠩ ᠤᠨ ᠪᠤᠯᠪᠠᠰᠤᠷᠠᠯ ᠤᠨ ᠠᠩᠬᠢ ᠡᠷᠬᠢᠯᠡᠪᠡ᠃ ᠨᠡᠬᠡᠬᠡᠯᠳᠡ ᠶᠢᠨ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠮᠡᠷᠭᠡᠵᠢᠯ ᠤᠨ ᠠᠵᠢᠯᠳᠠᠨ᠂ ᠭᠠᠴᠠᠭᠠᠨ ᠤ ᠱᠦᠵᠢ᠂ ᠨᠢᠬᠡᠳᠦᠬᠡᠷ ᠱᠦᠵᠢ᠂ ᠲᠠᠷᠢᠶᠠᠯᠠᠩ ᠤᠨ ᠲᠤᠮᠤ ᠡᠷᠦᠬᠡ᠂ ᠬᠤᠷᠰᠢᠶᠠᠵᠢᠯ ᠤᠨ ᠬᠠᠷᠢᠭᠤᠴᠠᠯᠭᠠᠳᠠᠨ ᠢ ᠪᠠᠭᠳᠠᠭᠠᠬᠰᠠᠨ 40 ᠭᠠᠷᠤᠢ ᠬᠦᠮᠦᠨ ᠪᠤᠯᠪᠠᠰᠤᠷᠠᠯ ᠳᠤ ᠤᠷᠤᠯᠴᠠᠵᠠᠢ᠃       ᠪᠤᠯᠪᠠᠰᠤᠷᠠᠯ ᠤᠨ ᠠᠩᠬᠢ ᠨᠢ ᠠᠶᠢᠮᠠᠭ ᠤᠨ ᠰᠢᠨᠵᠢᠯᠡᠭᠡ ᠮᠡᠷᠭᠡᠵᠢᠯ ᠤᠨ ᠲᠤᠪᠴᠢᠶᠠᠨ ᠤ ᠰᠢᠨᠵᠢᠯᠡᠭᠡ ᠮᠡᠷᠭᠡᠵᠢᠯ ᠮᠡᠳᠡᠭᠡ ᠵᠠᠩᠬᠢ ᠰᠤᠳᠤᠯᠬᠤ ᠭᠠᠵᠠᠷ ᠤᠨ ᠲᠤᠰᠠᠯᠠᠬᠴᠢ ᠢᠨᠵᠧᠨᠧᠷ᠂ ᠠᠯᠠᠱᠠ ᠵᠡᠬᠦᠨ ᠬᠤᠰᠢᠭᠤᠨ ᠤ ᠲᠠᠷᠢᠶᠠᠯᠠᠩ ᠤᠨ ᠮᠡᠷᠭᠡᠵᠢᠯᠳᠡᠨ ᠢ ᠤᠷᠢᠵᠤ᠂ ᠰᠢᠨᠵᠢᠯᠡᠭᠡ ᠮᠡᠷᠭᠡᠵᠢᠯ ᠤᠨ ᠮᠡᠳᠡᠭᠡ ᠵᠠᠩᠬᠢ᠂ ᠲᠠᠷᠢᠬᠤ ᠮᠡᠷᠭᠡᠵᠢᠯ᠂ ᠬᠤᠷᠤᠬᠠᠢ ᠶᠢᠨ ᠭᠠᠮᠰᠢᠭ ᠢ ᠰᠡᠷᠬᠡᠶᠢᠯᠡᠨ ᠵᠠᠰᠠᠬᠤ ᠮᠡᠳᠡᠯᠭᠡ ᠵᠢᠴᠢ ︽12396︾ ᠲᠠᠪᠴᠡᠩ ᠤᠨ ᠬᠡᠷᠡᠭᠯᠡᠯᠳᠡ ᠴᠢᠳᠡᠮᠵᠢ ᠶᠢᠨ ᠲᠤᠬᠠᠢ ᠲᠠᠶᠢᠯᠦᠮᠵᠢ ᠬᠢᠪᠠ᠃ ᠵᠢᠷᠭᠠᠯᠰᠠᠶᠢᠬᠠᠨ ᠪᠠᠯᠭᠠᠰᠤᠨ ᠤ ᠠᠠᠠᠳᠠ ᠶᠢᠨ ᠤᠰᠤ ᠭᠠᠴᠠᠭᠠᠨ ᠤ ᠵᠦᠪᠯᠡᠯ ᠤᠨ ᠡᠷᠬᠢᠯᠡᠭᠴᠢ᠄ ︽ᠡᠨᠡᠬᠦ ᠮᠡᠳᠡᠭᠡ ᠵᠠᠩᠬᠢ ᠶᠢᠨ ᠲᠠᠪᠴᠠᠩ ᠠᠴᠠ ᠰᠢᠨᠵᠢᠯᠡᠬᠦ ᠤᠬᠠᠭᠠᠨᠴᠢ ᠪᠠᠷ ᠲᠠᠷᠢᠵᠤ ᠠᠷᠠᠴᠢᠯᠠᠬᠤ ᠮᠡᠷᠭᠡᠵᠢᠯ ᠢ ᠰᠤᠷᠴᠤ ᠪᠤᠯᠬᠤ ᠪᠠᠷ ᠪᠠᠷᠠᠬᠤ ᠦᠬᠡᠢ᠂ ᠲᠠᠷᠢᠶᠠᠯᠠᠩ ᠤᠨ ᠪᠦᠳᠦᠬᠡᠭᠳᠡᠬᠦᠨ ᠮᠠᠯ ᠤᠨ ᠠᠰᠢᠭ ᠰᠢᠮ᠎ᠠ ᠪᠠᠨ ᠪᠤᠷᠤᠯᠠᠭᠤᠯᠵᠤ ᠪᠤᠯᠤᠨ᠎ᠠ᠂ ᠲᠠᠷᠢᠶᠠᠯᠠᠩ ᠮᠠᠯᠵᠢᠯ ᠤᠨ ᠦᠢᠯᠡᠳᠪᠤᠷᠢᠯᠡᠯ ᠲᠤᠮᠳᠠ ᠲᠤᠯᠭᠠᠷᠠᠬᠰᠠᠨ ᠮᠡᠷᠭᠡᠵᠢᠯ ᠤᠨ ᠠᠰᠠᠭᠤᠳᠠᠯ ᠢ ᠠᠰᠠᠭᠤᠨ ᠯᠠᠪᠯᠠᠵᠤ ᠪᠤᠯᠤᠨ᠎ᠠ᠂ ᠮᠠᠯᠴᠢᠨ ᠲᠠᠷᠢᠶᠠᠴᠢᠨ ᠳᠤ ᠲᠦᠢᠯ ᠤᠨ ᠬᠡᠷᠡᠭᠴᠡᠭᠡ ᠲᠠᠢ ᠲᠠᠪᠴᠠᠩ ᠮᠦᠨ︾ ᠭᠡᠯ᠎ᠡ᠃       ᠪᠤᠯᠪᠠᠰᠤᠷᠠᠯ ᠤᠨ ᠲᠠᠷᠠᠭ᠎ᠠ᠂ ᠲᠠᠷᠢᠶᠠᠯᠠᠩ ᠤᠨ ᠮᠡᠷᠭᠡᠵᠢᠯᠳᠡᠨ ᠠᠴᠠ ᠵᠢᠷᠭᠠᠯᠰᠠᠶᠢᠬᠠᠨ ᠪᠠᠯᠭᠠᠰᠤᠨ ᠤ ᠬᠦᠪᠴᠢ ᠭᠠᠴᠠᠭ᠎ᠠ ᠪᠠ ᠠᠳᠤᠭᠤᠨᠭᠤᠤᠯ ᠭᠠᠴᠠᠭᠠᠨ ᠤ ᠲᠠᠷᠢᠶᠠᠨ ᠭᠠᠵᠠᠷ ᠲᠤ ᠬᠦᠷᠴᠤ᠂ ᠲᠠᠷᠢᠵᠤ ᠠᠷᠠᠴᠢᠯᠠᠬᠤ᠂ ᠬᠤᠷᠤᠬᠠᠢ ᠶᠢᠨ ᠭᠠᠮᠰᠢᠭ ᠢ ᠰᠡᠷᠬᠡᠶᠢᠯᠡᠨ ᠵᠠᠰᠠᠬᠤ ᠲᠤᠬᠠᠢ ᠵᠢᠯᠤᠭᠤᠳᠤᠯᠭ᠎ᠠ ᠬᠢᠵᠤ᠂ ᠮᠠᠯᠴᠢᠨ ᠲᠠᠷᠢᠶᠠᠴᠢᠨ ᠤ ᠦᠢᠯᠡᠳᠪᠤᠷᠢᠯᠡᠯ ᠲᠤᠮᠳᠠ ᠪᠤᠳᠠᠳᠠᠢ ᠤᠷᠤᠰᠢᠵᠤ ᠪᠠᠶᠢᠭ᠎ᠠ ᠠᠰᠠᠭᠤᠳᠠᠯ ᠳᠤ ᠲᠠᠶᠢᠯᠪᠤᠷᠢ ᠬᠢᠭᠰᠡᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号