ᠠᠮᠢ ᠠᠬᠤᠢ ᠶᠢᠨ ᠪᠠᠶᠢᠭᠤᠯᠤᠯᠲᠠ ᠬᠢᠭᠡᠳ ᠲᠡᠮᠡᠭᠡᠨ ᠤ ᠠᠵᠤ ᠦᠢᠯᠡᠰ ᠤᠨ ᠬᠥᠭᠵᠢᠯᠲᠡ ᠶᠢᠨ ᠬᠤᠤᠰ ᠠᠮᠵᠢᠯᠳᠠ ᠶᠢ ᠪᠡᠶᠡᠯᠡᠭᠦᠯᠦᠨ᠎ᠡ
ᠨᠡᠶᠢᠲᠡᠯᠡᠭᠰᠡᠨ ᠴᠠᠭ᠄
2019/7/8
      ᠠᠮᠢ ᠠᠬᠤᠢ ᠶᠢᠨ ᠪᠠᠶᠢᠭᠤᠯᠤᠯᠲᠠ ᠬᠢᠭᠡᠳ ᠲᠡᠮᠡᠭᠡᠨ ᠤ ᠠᠵᠤ ᠦᠢᠯᠡᠰ ᠤᠨ ᠬᠥᠭᠵᠢᠯᠲᠡ ᠶᠢᠨ ᠬᠤᠤᠰ ᠠᠮᠵᠢᠯᠳᠠ ᠶᠢ ᠪᠡᠶᠡᠯᠡᠭᠦᠯᠦᠨ᠎ᠡ       — ᠠᠯᠠᠱᠨ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠦᠸᠧ ᡁᠢ ᠸᠧᠶ ᠶᠢ ᠰᠤᠷᠪᠤᠯᠵᠢᠯᠠᠭᠰᠠᠨ ᠨᠢ       ︽ᠶᠡᠷᠦᠩᠬᠡᠶ ᠱᠦᠵᠢ ᠰᠢ ᠶᠢᠨ ᠫᠢᠩ ᠤᠨ ︿ᠠᠮᠢ ᠠᠬᠤᠶ ᠶᠢ ᠡᠩ ᠳᠡᠷᠢᠬᠦᠨ ᠳᠤ ᠪᠣᠳᠣᠯᠬᠢᠯᠠᠵᠤ᠂ ᠪᠣᠬᠢᠷᠲᠤᠯ ᠦᠭᠡᠢ ᠬᠥᠭᠵᠢᠯᠲᠡ﹀ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠳᠣᠣᠱᠯᠠᠭᠤᠯᠣᠨ ᠨᠠᠶᠢᠳᠠᠪᠤᠷᠢᠵᠢᠭᠤᠯᠬᠤ ᠨᠢ ᠳᠠᠷᠤᠶ ︿ᠦᠵᠡᠯ ᠰᠠᠨᠠᠭ᠎ᠠ ᠪᠠᠨ  ᠣᠯᠠᠮ ᠨᠢᠬᠡ ᠠᠯᠬᠤᠮ ᠴᠢᠯᠥᠭᠡᠯᠡᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠲᠤᠲᠠᠶ ᠦᠢᠯᠡᠳᠦᠯᠬᠡᠵᠢᠬᠦᠯᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ﹀ ᠳᠣᠬᠠᠢ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ ᠪᠠᠷ ᠠᠵᠠ ᠲᠣᠬᠢᠶᠠᠯ ᠪᠣᠯᠭᠠᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠮᠢ ᠠᠬᠤᠢ ᠶᠢᠨ ᠪᠠᠶᠢᠭᠤᠯᠤᠯᠲᠠ ᠶᠢᠨ ᠲᠤᠬᠠᠶ ᠠᠯᠢ ᠣᠯᠠᠨ ᠪᠢᠴᠢᠭ ᠮᠠᠲ᠋ᠧᠷᠢᠶᠠᠯ᠂ ᠰᠢᠢᠳᠪᠦᠷᠢᠲᠦ ᠪᠣᠳᠣᠯᠭ᠎ᠠ᠂ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠦᠨᠡᠨᠬᠦ ᠣᠶᠢᠯᠠᠭᠠᠵᠤ᠂ ᠪᠠᠷᠠᠭᠤᠨ ᠬᠤᠶᠢᠲᠤ ᠶᠢᠨ ᠭᠠᠵᠠᠷ ᠣᠷᠣᠨ ᠤ ᠴᠢᠬᠤᠯᠠ ᠠᠮᠢ ᠠᠬᠤᠢ ᠶᠢᠨ ᠬᠠᠯᠬᠠᠪᠴᠢ ᠶᠢ ᠪᠠᠶᠢᠭᠤᠯᠬᠤ ᠳᠡᠭᠡᠷ᠎ᠡ ᠦᠨᠡᠨᠬᠦ ᠬᠦᠴᠦ ᠲᠠᠯᠪᠢᠵᠤ᠂ ᠠᠮᠢ ᠠᠬᠤᠢ ᠶᠢᠨ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠲᠤᠬᠢᠷᠠᠭᠤᠯᠤᠨ ᠳᠠᠶᠢᠴᠢᠯᠠᠬᠤ ᠬᠡᠷᠡᠭᠲᠡᠶ᠃︾ ᠠᠯᠠᠱᠨ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠦᠸᠧ ᡁᠢ ᠸᠧᠶ ᠲᠤᠰᠬᠠᠶ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ ᠳᠣᠤᠷᠠᠬᠢ ᠭᠤᠷᠪᠠᠨ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠨ᠎ᠡ ᠭᠡᠵᠡᠶ᠃        ᠨᠢᠭᠡᠳᠦᠭᠡᠷ ᠲᠤ᠂ ᠠᠮᠢ ᠠᠬᠤᠶ ᠶᠢ ᠬᠠᠮᠠᠭᠠᠯᠠᠬᠤ ᠤᠷᠢᠲᠠᠯ ᠳᠣᠤᠷ᠎ᠠ᠂ ᠠᠮᠢ ᠠᠬᠤᠢ ᠶᠢᠨ ᠪᠠᠶᠢᠭᠤᠯᠤᠯᠲᠠ ᠪᠣᠯᠤᠨ ᠠᠵᠤ ᠦᠢᠯᠡᠰ ᠤᠨ ᠬᠥᠭᠵᠢᠯᠲᠡ ᠶᠢᠨ ᠬᠤᠤᠰ ᠠᠮᠵᠢᠯᠳᠠ ᠶᠢ ᠪᠡᠶᠡᠯᠡᠭᠦᠯᠦᠨ᠎ᠡ᠃ ᠠᠯᠠᠱᠨ ᠪᠠᠷᠠᠭᠤᠨ ᠬᠤᠰᠢᠭᠤ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠨ ᠴᠢᠩᠭᠠᠳᠬᠠᠬᠤ ᠠᠴᠠ ᠭᠠᠷᠳᠠᠵᠦ᠂ ᠤᠯᠤᠰ ᠤᠨ ᠡᠯ᠎ᠡ ᠲᠦᠷᠦᠯ ᠤᠨ ᠠᠮᠢ ᠠᠬᠤᠢ ᠶᠢᠨ ᠲᠥᠷᠥ ᠶᠢᠨ ᠪᠣᠳᠣᠯᠭ᠎ᠠ ᠶᠢ ᠡᠷᠡᠰ ᠰᠠᠶᠢᠲᠤᠷ ᠨᠠᠶᠢᠳᠠᠪᠣᠷᠢᠵᠢᠭᠤᠯᠵᠦ᠂       ︽ᠠᠭᠤᠯᠠ ᠤᠰᠤ ᠣᠢ ᠰᠢᠭᠤᠶ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠡᠯᠡᠰᠦ ᠮᠠᠩᠬ᠎ᠠ︾ ᠶᠢ ᠰᠢᠰᠲ᠋ᠧᠮ ᠲᠠᠢ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠪᠠᠶᠢᠳᠠᠯ ᠳᠤᠨᠢ ᠲᠤᠬᠢᠷᠠᠭᠤᠯᠤᠨ ᠬᠥᠲᠥᠯᠥᠨ ᠵᠢᠯᠣᠭᠤᠳᠴᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ᠂ ᠥᠨᠳᠥᠷ ᠪᠦᠲᠦᠮᠵᠢᠲᠡᠶ᠂ ᠬᠠᠷᠢᠭᠤ ᠳᠣᠰᠬᠠᠯ ᠲᠠᠢ᠂ ᠰᠥᠷᠭᠡᠤ ᠴᠢᠭᠯᠡᠯ ᠢᠶᠠᠷ ᠳᠠᠶᠢᠴᠢᠯᠠᠬᠤ ᠠᠮᠢ ᠠᠬᠤᠢ ᠶᠢᠨ ᠠᠵᠤ ᠦᠢᠯᠡᠰ ᠤᠨ ᠵᠠᠮ ᠢᠶᠠᠷ ᠵᠠᠮᠨᠠᠬᠤ ᠬᠡᠷᠡᠭᠲᠡᠶ᠃ ᠠᠯᠠᠱᠨ ᠪᠠᠷᠠᠭᠤᠨ ᠬᠤᠰᠢᠭᠤᠨ ᠤ ᠬᠤᠤᠰ ᠪᠥᠬᠦᠲᠦ ᠲᠡᠮᠡᠭᠡᠨ ᠤ ᠡᠭᠦᠯᠳᠡᠷ ᠤᠨ ᠶᠠᠰᠣ ᠴᠢᠨᠠᠷ  ᠤᠨ ᠡᠬᠢ ᠪᠠᠶᠠᠯᠢᠭ ᠡᠯᠪᠡᠭ ᠪᠠᠶᠢᠵᠤ᠂ ︽ᠲᠡᠮᠡᠭᠡᠲᠦ ᠨᠤᠲᠤᠭ ᠤᠨ  ᠠᠮᠢᠨ ᠨᠣᠳᠤᠭ︾ ᠪᠣᠯᠤᠨ᠎ᠠ᠂ ᠣᠳᠣ ᠨᠢᠭᠡᠨᠲᠡ ᠰᠢᠰᠲ᠋ᠧᠮ ᠲᠠᠢ ᠦᠢᠯᠡᠳᠪᠦᠷᠢᠯᠡᠯ ᠵᠢᠭᠠᠨ ᠰᠣᠷᠭᠠᠯᠳᠠ ᠰᠣᠳᠣᠯᠭᠠᠨ ᠤ ᠰᠢᠰᠲ᠋ᠧᠮ ᠢ ᠪᠠᠶᠢᠭᠤᠯᠵᠤ᠂ ᠵᠢᠯ ᠳᠤ 6000 ᠲᠣᠨ ᠰᠦ ᠡᠳ᠋ᠰᠢᠭᠦᠯᠬᠦ ᠦᠢᠯᠡᠳᠪᠦᠷᠢᠯᠡᠯ ᠤᠨ ᠴᠢᠳᠠᠪᠤᠷᠢ ᠶᠢ ᠪᠤᠶᠢᠵᠢᠭᠤᠯᠵᠤ᠂ ᠰᠢᠩᠭᠡᠨ ᠳᠦᠯᠦᠪᠳᠦ ᠰᠦ᠂ ᠲᠠᠯᠬ᠎ᠠ᠂ ᠳᠡᠬᠡᠳᠦ ᠲᠡᠰ ᠤᠨ ᠭᠤᠶᠣᠯᠠᠯ ᠤᠨ ᠡᠳ᠋ ᠵᠡᠷᠭᠡ ᠰᠢᠷᠢᠰ ᠪᠦᠲᠦᠭᠡᠭᠳᠡᠬᠦᠨ ᠵᠠᠬ᠎ᠠ ᠳᠡᠯᠭᠡᠭᠦᠷ ᠲᠤ ᠭᠠᠷᠴᠤ᠂ ᠲᠠᠷᠠᠭᠠᠴᠢ ᠶᠢᠨ ᠠᠯᠬᠤᠮ ᠳᠤ ᠪᠠᠰᠠ ᠲᠡᠮᠡᠭᠡᠨ ᠤ ᠮᠢᠬ᠎ᠠ ᠲᠡᠮᠡᠭᠡᠨ ᠤ ᠰᠦ ᠶᠢᠨ ᠡᠷᠡᠭᠦᠯᠵᠢᠯ ᠤᠨ ᠪᠦᠳᠦᠭᠡᠭᠳᠡᠬᠦᠨ᠂ ᠲᠡᠮᠡᠭᠡᠨ ᠤ ᠰᠢᠷᠢᠰ ᠠᠮᠢᠳᠤ ᠪᠣᠳᠠᠰ ᠤᠨ ᠡᠮ ᠦᠢᠯᠡᠳᠬᠦ ᠵᠡᠷᠭᠡ ᠳᠡᠭᠡᠳᠦ ᠲᠡᠰ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠦᠷᠭᠡᠴᠡ ᠪᠣᠯᠤᠨ ᠭᠦᠨᠴᠡ ᠶᠢ ᠥᠷᠭᠡᠳᠬᠡᠨ᠎ᠡ᠃ ᠲᠡᠮᠡᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠡᠷᠬᠡᠪᠰᠢ ᠠᠮᠢ ᠠᠬᠤᠶ ᠶᠢ ᠬᠠᠮᠠᠭᠠᠯᠠᠬᠤ ᠪᠠᠷ ᠤᠷᠢᠲᠠᠯ ᠪᠣᠯᠭᠠᠵᠤ᠂ ᠵᠣᠬᠢᠰᠲᠠᠶ ᠡᠮᠬᠢ ᠵᠢᠷᠤᠮ ᠲᠠᠢ ᠪᠠᠶᠢᠯᠭᠠᠬᠤ ᠵᠠᠷᠴᠢᠮ ᠢ ᠪᠠᠷᠢᠮᠲᠠᠯᠠᠨ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠱᠠᠭᠠᠷᠳᠠᠯᠭ᠎ᠠ ᠶᠢ ᠰᠠᠶᠢᠲᠤᠷ ᠨᠠᠶᠢᠳᠠᠪᠣᠷᠢᠵᠢᠭᠤᠯᠵᠦ᠂ ᠡᠭᠦᠯᠳᠡᠷ ᠤᠨ ᠰᠦᠷᠦᠭ ᠤᠨ ᠬᠡᠪᠴᠢᠶ᠎ᠡ ᠶᠢ ᠤᠯᠠᠮ ᠨᠢᠭᠡ ᠠᠯᠬᠤᠮ ᠬᠢᠵᠠᠭᠠᠷᠯᠠᠨ᠂ ᠲᠡᠵᠢᠭᠡᠨ ᠦᠷᠡᠵᠢᠭᠦᠯᠬᠦ ᠪᠦᠲᠦᠴᠡ ᠶᠢ ᠰᠢᠯᠢᠳᠡᠭᠵᠢᠬᠦᠯᠦᠨ ᠳᠣᠬᠢᠷᠠᠭᠤᠯᠵᠦ᠂ ᠠᠵᠤ ᠦᠢᠯᠡᠰ ᠤᠨ ᠬᠥᠭᠵᠢᠯᠲᠡ ᠶᠢ ᠨᠠᠩ ᠢᠯᠡᠭᠦᠤ ᠤᠶᠠᠨ ᠬᠠᠳᠠᠨ ᠴᠢᠨᠠᠷᠲᠠᠶ ᠪᠣᠯᠭᠠᠵᠤ᠂ ᠪᠠᠶᠢᠭᠠᠯᠢ ᠶᠢᠨ ᠠᠮᠢ ᠠᠬᠤᠢ ᠶᠢᠨ ᠦᠪᠡᠷ ᠢ ᠪᠠᠨ ᠰᠡᠷᠭᠦᠭᠡᠭᠦ ᠶᠢ ᠠᠬᠢᠭᠤᠯᠤᠨ᠂ ᠣᠷᠣᠨ ᠨᠤᠲᠤᠭ ᠤᠨ ᠣᠨᠴᠠᠯᠢᠭᠲᠤ ᠨᠡᠷᠡᠲᠦ ᠲᠡᠮᠳᠡᠭᠲᠦ ᠶᠢ ᠡᠭᠦᠳᠬᠦ ᠶᠢ ᠳᠠᠶᠢᠴᠢᠯᠠᠨ ᠠᠵᠤ ᠦᠢᠯᠡᠰ ᠤᠨ ᠬᠥᠭᠵᠢᠯᠲᠡ ᠶᠢᠨ ᠠᠷᠠᠳ ᠲᠤ ᠠᠰᠢᠭ ᠬᠦᠷᠲᠡᠭᠡᠬᠦ ᠦᠢᠯᠡᠳᠦᠯ ᠢ ᠨᠢ ᠳᠡᠭᠡᠭᠰᠢᠯᠡᠭᠦᠯᠬᠦ ᠬᠡᠷᠡᠭᠲᠡᠶ᠃        ᠬᠤᠶᠠᠳᠤᠭᠠᠷ ᠲᠤ᠂ ᠣᠨᠴᠠᠯᠢᠭᠲᠤ ᠠᠵᠤ ᠦᠢᠯᠡᠰ ᠢᠶᠠᠷ ᠳᠠᠶᠢᠴᠢᠯᠠᠬᠤ ᠵᠠᠭᠪᠤᠷ ᠢ ᠳᠣᠪᠤᠶᠢᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠠᠮᠢ ᠠᠬᠤᠶ ᠪᠠᠷ ᠠᠷᠠᠳ ᠢ ᠴᠢᠨᠡᠭᠡᠯᠢᠭᠵᠢᠬᠦᠯᠬᠦ ᠦᠷ᠎ᠡ ᠠᠰᠢᠭ ᠤᠨ ︽ᠬᠤᠤᠰ ᠠᠮᠵᠢᠯᠳᠠ︾ ᠶᠢ ᠪᠡᠶᠡᠯᠡᠭᠦᠯᠦᠨ᠎ᠡ᠃ ᠲᠡᠮᠡᠭᠡᠨ ᠤ ᠠᠵᠤ ᠦᠢᠯᠡᠰ ᠢᠶᠠᠷ ᠲᠥᠯᠥᠭᠡᠯᠡᠭᠦᠯᠦᠭᠰᠡᠨ ᠠᠮᠢ ᠠᠬᠤᠢ ᠶᠢᠨ ᠠᠵᠤ ᠦᠢᠯᠡᠰ ᠤᠨ ᠲᠥᠪᠯᠡᠷᠡᠩᠭᠦᠶ ᠬᠦᠴᠦᠯᠡᠬᠦ ᠪᠠᠷ ᠳᠠᠮᠵᠢᠨ᠂ ᠢᠯᠠᠩᠭᠤᠶ᠎ᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠯᠤᠭ᠎ᠠ ᠭᠦᠨᠵᠡᠭᠡᠶ ᠠᠭᠤᠰᠤᠯᠴᠠᠵᠤ᠂ ᠶᠠᠳᠠᠭᠤ ᠬᠦᠴᠢᠷᠳᠡᠯᠲᠡᠶ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠨ ᠴᠢᠨᠡᠭᠡᠯᠢᠭᠵᠢᠬᠦ᠂ ᠶᠠᠳᠠᠭᠤ ᠠᠴᠠ ᠠᠩᠭᠢᠵᠢᠷᠠᠬᠤ ᠲᠠᠯ᠎ᠠ ᠪᠠᠷ ᠥᠪᠡᠷᠮᠢᠴᠡ ᠲᠣᠩ ᠳᠠᠪᠠᠭᠤᠯᠢᠭ ᠪᠠᠶᠢᠵᠤ᠂ ᠶᠠᠳᠠᠭᠤ ᠶᠢ ᠲᠡᠳᠬᠦᠬᠦ ᠠᠵᠤ ᠦᠢᠯᠡᠰ ᠪᠣᠯᠤᠨ ᠠᠷᠠᠳ ᠢ  ᠴᠢᠨᠡᠬᠡᠯᠢᠭᠵᠢᠬᠦᠯᠬᠦ ᠠᠵᠤ ᠦᠢᠯᠡᠰ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠪᠢᠳᠡ ᠦᠷᠭᠦᠯᠵᠢᠯᠡᠨ ︽ᠵᠠᠰᠠᠭ ᠤᠨ ᠣᠷᠳᠣᠨ ᠬᠥᠲᠥᠯᠥᠨ ᠵᠢᠯᠣᠭᠤᠳᠬᠤ᠂ ᠳᠣᠯᠣᠭᠠᠶᠢᠯᠠᠭᠴᠢ ᠠᠵᠤ ᠠᠬᠤᠶᠢᠯᠠᠯ ᠳᠠᠶᠢᠴᠢᠯᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠮᠠᠯᠴᠢᠨ ᠲᠠᠷᠢᠶᠠᠴᠢᠨ ᠣᠷᠣᠯᠴᠠᠬᠤ︾ ᠠᠵᠢᠯ ᠤᠨ ᠵᠠᠭᠪᠤᠷ ᠶᠣᠰᠣᠭᠠᠷ᠂ ᠶᠠᠳᠠᠭᠤ ᠠᠴᠠ ᠠᠩᠭᠢᠵᠢᠷᠠᠭᠤᠯᠤᠨ ᠴᠢᠨᠡᠭᠡᠯᠢᠭᠵᠢᠬᠦᠯᠬᠦ ᠨᠡᠶᠢᠲᠡᠯᠢᠭ ᠵᠢᠱᠢᠶ᠎ᠡ ᠶᠢᠨ ᠬᠦᠳᠦᠯᠦᠨ ᠳᠠᠭᠠᠭᠤᠯᠬᠤ ᠵᠢᠱᠢᠶ᠎ᠡ ᠦᠵᠡᠭᠦᠯᠬᠦ ᠦᠢᠯᠡᠳᠦᠯ ᠢ ᠦᠨᠡᠨᠬᠦ ᠪᠠᠳᠠᠷᠠᠭᠤᠯᠵᠤ᠂ ᠠᠵᠤ ᠦᠢᠯᠡᠳᠪᠦᠷᠢᠵᠢᠯᠳᠡ ᠪᠠ ᠠᠵᠤ ᠦᠶᠯᠡᠰᠵᠢᠯᠲᠡ ᠶᠢᠨ ᠰᠡᠳᠬᠢᠬᠦᠶ ᠪᠠᠷ ᠲᠤᠰᠬᠠᠶ ᠬᠤᠷᠰᠢᠶ᠎ᠠ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠲᠡᠳᠬᠦᠨ ᠳᠠᠮᠵᠢᠵᠤ᠂ ᠰᠦ ᠶᠢᠨ ᠥᠷᠲᠡᠭᠡ ᠪᠠ ᠰᠦ ᠶᠢᠨ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠰᠠᠶᠢᠲᠤᠷ ᠠᠳᠬᠤᠵᠤ᠂ ᠲᠡᠮᠡᠭᠡᠨ ᠤ ᠠᠵᠤ ᠦᠢᠯᠡᠰ ᠤᠨ ᠦᠢᠯᠡᠳᠪᠦᠷᠢᠯᠡᠯ᠂ ᠪᠣᠯᠪᠠᠰᠤᠷᠠᠭᠤᠯᠤᠯᠲᠠ᠂ ᠪᠣᠷᠣᠯᠠᠭᠤᠯᠭ᠎ᠠ ᠶᠢ ᠬᠡᠪᠴᠢᠶᠡᠵᠢᠭᠦᠯᠦᠨ ᠬᠢᠷᠢ ᠲᠦᠪᠰᠢᠨ ᠳᠤ ᠬᠦᠷᠭᠡᠬᠦ ᠶᠢ ᠳᠠᠶᠢᠴᠢᠯᠠᠨ᠎ᠠ᠃ ᠶᠠᠳᠠᠭᠤ ᠬᠦᠴᠢᠷᠳᠡᠯᠲᠡᠢ ᠡᠷᠦᠬᠡ ᠶᠢᠨ ᠲᠡᠵᠢᠭᠡᠭᠰᠡᠨ ᠰᠠᠭᠤᠷᠢ ᠢᠩᠬᠡ ᠶᠢᠨ ︽ᠬᠤᠪᠢ ᠣᠷᠣᠭᠤᠯᠬᠤ ᠵᠠᠭᠪᠤᠷ︾ ᠢ ᠬᠡᠷᠡᠭᠵᠢᠭᠦᠯᠵᠦ᠂ ᠲᠡᠮᠡᠭᠡᠨ  ᠤ ᠠᠵᠤ ᠦᠢᠯᠡᠰ ᠢᠶᠠᠷ ᠶᠠᠳᠠᠭᠤ ᠬᠦᠴᠢᠷᠳᠡᠯᠲᠡᠢ ᠡᠷᠦᠬᠡ ᠶᠢ ᠳᠠᠶᠢᠴᠢᠯᠠᠨ ᠳᠠᠭᠠᠭᠤᠯᠵᠤ ᠣᠷᠣᠯᠭ᠎ᠠ ᠶᠢ ᠨᠢ ᠨᠡᠮᠡᠭᠳᠡᠭᠦᠯᠦᠨ ᠴᠢᠨᠡᠭᠡᠯᠢᠭᠵᠢᠬᠦᠯᠵᠦ᠂ ᠬᠥᠳᠡᠯᠮᠦᠷᠢᠯᠡᠬᠦ ᠴᠢᠳᠠᠪᠤᠷᠢ ᠲᠠᠢ ᠡᠷᠦᠬᠡ ᠪᠣᠯᠭᠠᠨ ᠢ ᠲᠡᠮᠡᠭᠡ  ᠠᠷᠠᠴᠢᠯᠠᠭᠤᠯᠵᠦ᠂ ᠬᠥᠳᠡᠯᠮᠦᠷᠢᠯᠡᠬᠦ ᠴᠢᠳᠠᠪᠤᠷᠢ ᠦᠭᠡᠢ ᠡᠷᠦᠬᠡ ᠪᠣᠯᠭᠠᠨ ᠢ ᠠᠰᠢᠭ ᠣᠷᠣᠯᠭ᠎ᠠ ᠲᠠᠢ ᠪᠣᠯᠭᠠᠨ᠎ᠠ᠃        ᠭᠤᠷᠪᠠᠳᠤᠭᠠᠷ ᠲᠤ᠂ ᠣᠯᠠᠨ ᠠᠵᠢᠯ ᠲᠥᠷᠥᠯ ᠤᠨ ᠬᠥᠭᠵᠢᠯᠲᠡ ᠪᠦᠬᠦᠢ ᠠᠵᠤ ᠦᠢᠯᠡᠰ ᠤᠨ ᠪᠠᠶᠢᠷᠢᠰᠢᠯ ᠢ ᠳᠣᠪᠤᠶᠢᠯᠭᠠᠵᠤ᠂ ᠨᠢᠭᠡ ᠲᠥᠷᠥᠯ ᠤᠨ ᠦᠢᠯᠡᠳᠬᠦᠨ ᠤ ᠰᠢᠪᠲᠤᠯᠤᠯᠲᠠ ᠪᠠ ᠣᠯᠠᠨ ᠲᠥᠷᠥᠯ ᠤᠨ ᠦᠢᠯᠡᠳᠬᠦᠨ ᠤ     ︽ᠬᠤᠤᠰ ᠠᠮᠵᠢᠯᠳᠠ︾ ᠶᠢ ᠪᠡᠶᠡᠯᠡᠭᠦᠯᠦᠨ᠎ᠡ᠃ ᠲᠡᠮᠡᠭᠡᠨ ᠤ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠬᠤ ᠪᠣᠯ ᠠᠵᠤ ᠦᠢᠯᠡᠰ ᠤᠨ ᠰᠢᠰᠲ᠋ᠧᠮ ᠤᠨ ᠬᠥᠭᠵᠢᠯᠲᠡ ᠶᠢᠨ ᠨᠢᠭᠡ ᠭᠤᠭᠴᠤᠭ᠎ᠠ ᠶᠤᠮ᠂ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ ᠪᠡᠶᠡᠯᠡᠭᠦᠯᠬᠦ ᠳᠤ᠂ ᠡᠷᠬᠡᠪᠰᠢ ᠡᠨᠡᠬᠦ ᠠᠵᠤ ᠦᠢᠯᠡᠰ ᠲᠤ ᠠᠭᠤᠯᠤᠭᠳᠠᠵᠤ ᠪᠠᠶᠢᠭ᠎ᠠ ᠯᠤᠲᠤ ᠶᠡᠭᠡ ᠳᠠᠯᠳᠠ ᠬᠦᠴᠦᠨ ᠪᠠ ᠳᠠᠪᠠᠭᠤᠯᠢᠭ ᠢ ᠬᠦᠢᠴᠡᠳ ᠳᠠᠶᠢᠴᠢᠯᠠᠵᠤ᠂ ᠭᠤᠤᠯᠳᠠᠯᠭ᠎ᠠ ᠪᠠᠨ ᠣᠨᠴᠠᠯᠢᠭᠲᠤ ᠲᠠᠷᠢᠵᠤ ᠲᠡᠵᠢᠭᠡᠬᠦ ᠦᠢᠯᠡᠰ᠂ ᠲᠤᠰᠬᠠᠶ ᠬᠤᠷᠰᠢᠶ᠎ᠠ ᠶᠢ ᠪᠤᠶᠢᠵᠢᠭᠤᠯᠬᠤ᠂  ᠰᠦ ᠶᠢᠨ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠨᠢᠭᠡᠳᠦᠭᠡᠷ ᠠᠵᠤ ᠦᠢᠯᠡᠰ ᠤᠨ ᠰᠠᠭᠤᠷᠢᠨ ᠳᠡᠭᠡᠷ᠎ᠡ ᠬᠦᠴᠦ ᠲᠠᠯᠪᠢᠬᠤ ᠬᠡᠷᠡᠭᠲᠡᠶ︔ ᠳᠡᠭᠡᠳᠦ ᠲᠡᠰ ᠤᠨ ᠭᠤᠶᠣᠯᠠᠯ ᠤᠨ ᠡᠳ᠋᠂ ᠠᠮᠢᠳᠤ ᠪᠣᠳᠠᠰ ᠤᠨ ᠡᠮ ᠦᠢᠯᠡᠳᠬᠦ ᠵᠡᠷᠭᠡ ᠬᠤᠶᠠᠳᠤᠭᠠᠷ ᠠᠵᠤ ᠦᠢᠯᠡᠰ ᠢ ᠪᠤᠶᠢᠵᠢᠭᠤᠯᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠦᠨ᠎ᠡ︔  ᠢᠩᠬᠡᠨ ᠰᠠᠭᠠᠯᠢ ᠶᠢᠨ ᠡᠷᠡᠭᠦᠯᠵᠢᠯ ᠰᠣᠪᠢᠯᠠᠯᠳᠠ ᠶᠢᠨ ᠦᠢᠯᠡᠰ ᠢ ᠰᠢᠯᠢᠳᠡᠭᠵᠢᠬᠦᠯᠬᠦ᠂ ᠤᠨᠴᠠᠯᠢᠭᠳᠤ ᠹᠢᠽᠢᠺ ᠤᠨ ᠵᠠᠰᠠᠯ᠂ ᠬᠥᠳᠡᠭᠡ ᠲᠣᠰᠬᠤᠨ ᠤ ᠵᠢᠭᠤᠯᠴᠢᠯᠠᠯ ᠵᠡᠷᠭᠡ  ᠭᠤᠷᠪᠠᠳᠣᠭᠠᠷ ᠠᠵᠤ ᠦᠢᠯᠡᠰ ᠢ ᠣᠷᠳᠣᠳᠬᠠᠬᠤ ᠳᠠᠯ᠎ᠠ ᠪᠠᠷ ᠰᠢᠪᠳᠣᠯᠣᠯᠳᠠ ᠲᠠᠢ ᠪᠠᠶᠢᠬᠤ ᠶᠢ ᠰᠦᠪᠡᠭᠴᠢᠯᠡᠵᠦ᠂ ᠨᠢᠬᠡ ᠬᠤᠶᠠᠷ ᠭᠤᠷᠪᠠᠳᠤᠭᠠᠷ ᠤᠳᠠᠭᠠᠨ ᠤ ᠲᠡᠮᠡᠭᠡᠨ ᠤ ᠰᠢᠷᠢᠰ ᠪᠦᠬᠦ ᠠᠵᠤ ᠦᠢᠯᠡᠰ ᠤᠨ ᠬᠡᠯᠬᠢᠶᠡᠵᠢᠯ ᠢ ᠪᠦᠬᠦ ᠲᠠᠯ᠎ᠠ ᠪᠠᠷ ᠪᠤᠢ ᠪᠣᠯᠭᠠᠵᠤ᠂ ᠠᠷᠠᠳ ᠢᠶᠠᠨ  ᠴᠢᠨᠡᠭᠡᠯᠢᠭᠵᠢᠬᠦᠯᠦᠨ ᠣᠷᠣᠯᠭ᠎ᠠ ᠪᠠᠨ ᠨᠡᠮᠡᠭᠳᠡᠭᠦᠯᠬᠦ᠂ ᠠᠮᠢ ᠠᠬᠤᠢ ᠶᠢ ᠰᠡᠷᠭᠦᠭᠡᠭᠦ᠂ ᠶᠠᠰᠤ ᠴᠢᠨᠠᠷ ᠢ ᠳᠡᠭᠡᠭᠰᠢᠯᠡᠭᠦᠯᠬᠦ ᠳᠠᠯ᠎ᠠ ᠳᠤ ᠦᠨᠡᠨᠬᠦ ᠪᠤᠴᠠᠵᠤ᠂ ᠪᠦᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃          (ᠠᠯᠠᠱᠠ ᠶᠢᠨ ᠡᠳᠦᠷ ᠤᠨ ᠰᠣᠨᠢᠨ ᠤ ᠰᠣᠷᠪᠣᠯᠵᠢᠯᠠᠭᠴᠢ ᠶᠢᠨ ᠰᠣᠷᠪᠣᠯᠵᠢᠯᠠᠭ᠎ᠠ ᠶᠢ ᠠᠯᠠᠱᠠ ᠠᠶᠢᠮᠠᠭ  ᠤᠨ ᠵᠠᠬᠢᠷᠭ᠎ᠠ ᠶᠢᠨ ᠠᠯᠪᠠᠨ ᠬᠡᠷ ᠤᠨ ᠣᠷᠴᠢᠭᠤᠯᠭ᠎ᠠ ᠶᠢᠨ ᠰᠠᠯᠠᠭ᠎ᠠ ᠣᠷᠴᠢᠭᠤᠯᠣᠨ ᠨᠠᠶᠢᠷᠠᠭᠤᠯᠪᠠ)              
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号