ᠨᠢᠭᠡᠳᠦᠭᠡᠷ ᠵᠦᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠰᠡᠨ《ᠠᠯᠠᠱᠠ ᠠᠶᠢᠮᠠᠭ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠲᠥᠰᠦᠯ 》 ᠪᠣᠯᠤᠨ ᠠᠯᠠᠱᠠ ᠠᠶᠢᠮᠠᠭ ᠤᠨ ᠳᠠᠷᠣᠮᠠᠯᠯᠠᠨ ᠳᠠᠷᠬᠠᠭᠠᠭᠰᠠᠨ《ᠠᠯᠠᠱᠠ ᠠᠶᠢᠮᠠᠭ | ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ 》 ᠢ ᠦᠨᠳᠦᠰᠦᠯᠡᠨ᠂ ᠲᠣᠰ ᠲᠣᠭᠲᠠᠭᠠᠯ ᠢ | ᠲᠣᠭᠲᠠᠭᠠᠪᠠ᠃ | ᠬᠤᠶᠠᠳᠤᠭᠠᠷ ᠵᠦᠢᠯ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ ᠪᠣᠯ | ᠠᠶᠢᠮᠠᠭ ᠤᠨ ᠵᠠᠬᠢᠷᠭ᠎ᠠ ᠶᠢᠨ ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠭᠠᠵᠠᠷ ᠤᠨ ᠳᠡᠰ ᠤᠨ ᠪᠠᠶᠢᠭᠤᠯᠣᠯᠭ᠎ᠠ | ᠮᠦᠨ᠂ ᠠᠯᠠᠱᠠ ᠠᠶᠢᠮᠠᠭ ᠤᠨ ᠲᠡᠤᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ ᠶᠢᠨ ᠫᠠᠶᠢᠰᠠ ᠶᠢ ᠨᠡᠮᠡᠵᠦ | ᠡᠯᠭᠦᠨ᠎ᠡ᠃ | ᠭᠤᠷᠪᠠᠳᠤᠭᠠᠷ ᠵᠦᠢᠯ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ ᠨᠢ ᠰᠣᠶᠣᠯ | ᠵᠢᠭᠤᠯᠴᠢᠯᠠᠯ ᠷᠠᠳᠢᠣ᠋ ᠲᠧᠯᠸᠢᠰ ᠤᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ | ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ | ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠣᠷᠢᠵᠢᠭᠤᠯᠵᠦ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠠᠵᠢᠯ ᠳᠠᠬᠢ ᠨᠠᠮ ᠤᠨ | ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠬᠡᠷᠡᠭᠲᠡᠶ᠃ ᠭᠤᠣᠯ ᠡᠭᠦᠷᠭᠡ | ᠬᠠᠷᠢᠭᠤᠴᠠᠯᠭ᠎ᠠ ᠨᠢ᠄ | (ᠨᠢᠭᠡ ) ᠰᠣᠶᠣᠯ᠂ ᠵᠢᠭᠤᠯᠴᠢᠯᠠᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ | ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠷᠠᠳᠢᠣ᠋ ᠲᠧᠯᠸᠢᠰ᠂ ᠰᠦᠯᠵᠢᠶᠡᠨ ᠤ | ᠦᠵᠡᠭᠦᠯᠵᠦ ᠰᠣᠨᠣᠰᠬᠠᠬᠤ ᠫᠷᠤᠭ᠍ᠷᠠᠮ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠷᠠᠳᠢᠣ᠋ | ᠲᠧᠯᠸᠢᠰ ᠤᠨ ᠵᠢᠭᠰᠠᠭᠠᠯ ᠤᠨ ᠭᠠᠵᠠᠷ᠂ ᠷᠠᠳᠢᠣ᠋ ᠲᠧᠯᠸᠢᠰ ᠤᠨ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ | ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠵᠥᠪ ᠶᠠᠷᠢᠶ᠎ᠠ ᠬᠡᠯᠡᠯᠴᠡᠭᠡ ᠪᠠ ᠵᠣᠬᠢᠶᠠᠨ ᠪᠦᠲᠦᠭᠡᠬᠦ | ᠤᠳᠤᠷᠢᠳᠤᠮᠵᠢ ᠶᠢ ᠡᠵᠡᠮᠰᠢᠨ᠎ᠡ᠃ | (ᠬᠤᠶᠠᠷ) ᠰᠣᠶᠣᠯ ᠤᠨ ᠦᠢᠯᠡᠰ᠂ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ ᠦᠢᠯᠡᠰ ᠤᠨ | ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠵᠦ᠂ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠣᠶᠣᠯ ᠪᠠ ᠵᠢᠭᠤᠯᠴᠢᠯᠠᠯ ᠤᠨ ᠠᠭᠤᠰᠤᠯᠴᠠᠨ | ᠬᠥᠭᠵᠢᠬᠦ ᠶᠢ ᠲᠦᠯᠬᠢᠨ ᠠᠬᠢᠭᠤᠯᠵᠤ᠂ ᠰᠣᠶᠣᠯ ᠪᠠ ᠵᠢᠭᠤᠯᠴᠢᠯᠠᠯ ᠤᠨ ᠪᠠᠶᠢᠭᠤᠯᠤᠯ ᠲᠣᠭᠲᠠᠴᠠ ᠶᠢᠨ | ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠷᠠᠳᠢᠣ᠋ ᠲᠧᠯᠸᠢᠰ ᠤᠨ ᠬᠦᠷᠢᠶ᠎ᠡ ᠴᠠᠷ᠎ᠠ ᠳᠠᠬᠢ ᠠᠵᠢᠯ ᠦᠢᠯᠡᠰ ᠤᠨ | ᠬᠥᠭᠵᠢᠯᠲᠡ ᠶᠢᠨ ᠲᠥᠷᠥ ᠶᠢᠨ ᠪᠣᠳᠣᠯᠭ᠎ᠠ ᠪᠠ ᠲᠥᠯᠥᠪᠵᠢᠭᠦᠯᠭᠡ ᠶᠢ ᠬᠠᠷᠢᠭᠤᠴᠠᠨ ᠲᠣᠭᠲᠠᠭᠠᠵᠤ᠂ ᠪᠥᠬᠦ | ᠠᠶᠢᠮᠠᠭ ᠤᠨ ᠷᠠᠳᠢᠣ᠋ ᠲᠧᠯᠸᠢᠰ ᠤᠨ ᠬᠦᠷᠢᠶ᠎ᠡ ᠴᠠᠷ᠎ᠠ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ | ᠵᠢᠯᠣᠭᠤᠳᠤᠨ ᠠᠬᠢᠭᠤᠯᠤᠨ᠎ᠠ᠃ | (ᠭᠤᠷᠪᠠ)ᠪᠦᠬᠦ ᠠᠶᠢᠮᠠᠭ ᠤᠨ ᠴᠢᠨᠠᠷᠲᠠᠶ ᠴᠢᠬᠤᠯᠠ ᠶᠡᠭᠡ ᠰᠣᠶᠣᠯ ᠤᠨ ᠠᠵᠢᠯᠯᠠᠭ᠎ᠠ ᠶᠢ ᠬᠠᠮᠢᠶᠠᠷᠴᠤ᠂ | ᠭᠤᠤᠯᠳᠠᠯᠭ᠎ᠠ ᠲᠠᠢ ᠰᠣᠶᠣᠯ ᠤᠨ ᠳᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠂ ᠪᠦᠬᠦ | ᠠᠶᠢᠮᠠᠭ ᠤᠨ ᠵᠢᠭᠤᠯᠴᠢᠯᠠᠯ ᠤᠨ ᠪᠦᠬᠦᠯᠢ ᠴᠣᠭᠴᠠ ᠶᠢᠨ ᠳᠦᠷᠢ ᠲᠥᠷᠬᠦ ᠶᠢ ᠤᠬᠠᠭᠤᠯᠤᠨ ᠳᠡᠯᠭᠡᠷᠡᠭᠦᠯᠬᠦ ᠶᠢ ᠵᠣᠬᠢᠶᠠᠨ | ᠪᠠᠶᠢᠭᠤᠯᠵᠤ᠂ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ ᠠᠵᠤ ᠦᠢᠯᠡᠰ ᠤᠨ ᠭᠠᠳᠠᠭᠠᠳᠤ ᠯᠤᠭ᠎ᠠ ᠶᠢᠨ | ᠬᠠᠮᠲᠤᠷᠠᠯᠴᠠᠭ᠎ᠠ ᠪᠠ ᠵᠠᠬ᠎ᠠ ᠳᠡᠯᠭᠡᠭᠦᠷ ᠤᠨ ᠳᠡᠯᠭᠡᠷᠡᠭᠦᠯᠦᠯᠲᠡ ᠶᠢ ᠠᠬᠢᠭᠤᠯᠤᠨ᠂ ᠵᠢᠭᠤᠯᠴᠢᠯᠠᠯ ᠤᠨ ᠵᠠᠬ᠎ᠠ ᠳᠡᠯᠭᠡᠭᠦᠷ ᠢ | ᠨᠡᠭᠡᠭᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠪᠦᠬᠦ ᠣᠷᠣᠨ ᠪᠦᠰᠡ ᠶᠢᠨ ᠵᠢᠭᠤᠯᠴᠢᠯᠠᠯ ᠪᠠ ᠳᠥᠷᠪᠡᠨ ᠤᠯᠠᠷᠢᠯ ᠤᠨ ᠵᠢᠭᠤᠯᠴᠢᠯᠠᠯ ᠢ ᠵᠢᠯᠣᠭᠤᠳᠤᠨ ᠠᠬᠢᠭᠤᠯᠤᠨ᠎ᠠ᠃ | (ᠳᠦᠷᠪᠡ)ᠤᠳᠬ᠎ᠠ ᠤᠷᠠᠯᠢᠭ ᠤᠨ ᠦᠢᠯᠡᠰ ᠢ ᠵᠢᠯᠣᠭᠤᠳᠤᠨ ᠬᠠᠮᠢᠶᠠᠷᠴᠤ᠂ ᠤᠷᠠᠯᠢᠭ ᠤᠨ ᠵᠣᠬᠢᠶᠠᠨ | ᠪᠦᠲᠦᠭᠡᠵᠦ ᠪᠣᠯᠪᠠᠰᠣᠷᠠᠭᠤᠯᠬᠤ ᠶᠢ ᠵᠢᠯᠣᠭᠤᠳᠤᠨ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ | ᠬᠠᠷᠠᠭᠤᠯᠤᠭᠰᠠᠨ᠂ ᠣᠳᠣᠷᠢᠳᠣᠮᠵᠢ ᠶᠢᠨ ᠴᠢᠨᠠᠷᠳᠠᠢ ᠲᠥᠯᠥᠭᠡᠯᠡᠬᠦ ᠴᠢᠨᠠᠷᠲᠠᠶ ᠵᠢᠱᠢᠶ᠎ᠡ ᠦᠵᠡᠭᠦᠯᠬᠦ ᠴᠢᠨᠠᠷᠲᠠᠶ ᠤᠳᠬ᠎ᠠ | ᠤᠷᠠᠯᠢᠭ ᠤᠨ ᠪᠦᠲᠦᠭᠡᠯ ᠢ ᠳᠡᠮᠵᠢᠵᠦ᠂ ᠡᠯ᠎ᠡ ᠳᠦᠷᠦᠯ ᠤᠨ ᠤᠷᠠᠯᠢᠭ᠂ ᠡᠯ᠎ᠡ ᠤᠷᠠᠯᠢᠭ ᠤᠨ ᠲᠥᠷᠥᠯ ᠵᠦᠢᠯ ᠤᠨ | ᠬᠥᠭᠵᠢᠯᠲᠡ ᠶᠢ ᠲᠦᠯᠬᠢᠨ ᠠᠬᠢᠭᠤᠯᠤᠨ᠎ᠠ᠃ ᠪᠦᠬᠦ ᠠᠶᠢᠮᠠᠭ ᠤᠨ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢ | ᠵᠢᠯᠣᠭᠤᠳᠤᠨ ᠠᠬᠢᠭᠤᠯᠤᠨ᠎ᠠ᠃ | (ᠲᠠᠪᠤ) ᠣᠯᠠᠨ ᠨᠡᠶᠢᠲᠡ ᠶᠢᠨ ᠰᠣᠶᠣᠯ ᠤᠨ ᠦᠢᠯᠡᠰ ᠤᠨ ᠬᠥᠭᠵᠢᠯᠲᠡ ᠶᠢ ᠬᠠᠷᠢᠭᠤᠴᠠᠵᠤ᠂ ᠣᠳᠣ | ᠦᠶ᠎ᠡ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠬᠡᠨ ᠤ ᠰᠢᠰᠲ᠋ᠧᠮᠵᠢ ᠶᠢᠨ ᠪᠠᠶᠢᠭᠤᠯᠤᠯᠲᠠ ᠪᠣᠯᠤᠨ | ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠬᠡᠨ ᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠣᠯᠠᠨ ᠨᠡᠶᠢᠲᠡ ᠶᠢᠨ | ᠰᠣᠶᠣᠯ ᠤᠨ ᠦᠨᠳᠦᠰᠦᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠳᠡᠩᠴᠡᠭᠦᠷᠢᠳᠡᠢ ᠪᠠᠶᠢᠯᠭᠠᠬᠤ ᠶᠢ ᠨᠢᠭᠡᠳᠦᠯᠲᠡᠶ | ᠲᠥᠯᠥᠪᠯᠡᠨ ᠠᠬᠢᠭᠤᠯᠤᠨ᠎ᠠ᠃ ᠣᠯᠠᠨ ᠨᠡᠶᠢᠲᠡ ᠶᠢᠨ ᠦᠢᠯᠡᠴᠢᠯᠡᠭᠡᠨ ᠤ ᠴᠢᠬᠤᠯᠠ ᠶᠡᠭᠡ ᠨᠡᠶᠢᠲᠡ ᠶᠢᠨ ᠠᠰᠠᠷᠠᠮᠵᠢ ᠶᠢᠨ | ᠢᠨᠵᠧᠨᠧᠷᠢᠩ ᠪᠠ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠢᠯᠢ | ᠬᠢᠵᠠᠭᠠᠷ ᠣᠷᠣᠨ ᠪᠠ ᠬᠤᠰᠢᠭᠤ ᠲᠣᠭᠤᠷᠢᠭ ᠤᠨ ᠷᠠᠳᠢᠣ᠋ ᠲᠧᠯᠸᠢᠰ ᠤᠨ ᠣᠯᠠᠨ ᠨᠡᠶᠢᠲᠡ ᠶᠢᠨ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠬᠢᠭᠤᠯᠵᠤ᠂ ᠪᠥᠬᠦ ᠠᠶᠢᠮᠠᠭ ᠤᠨ ᠷᠠᠳᠢᠣ᠋ ᠲᠧᠯᠸᠢᠰ ᠤᠨ | ᠭᠤᠤᠯᠳᠠᠯᠭ᠎ᠠ ᠲᠠᠢ ᠰᠠᠭᠤᠷᠢ ᠳᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠬᠤ ᠪᠠ ᠬᠢᠨᠠᠯᠲᠠ | ᠲᠠᠯᠪᠢᠵᠤ᠂ ᠬᠢᠯᠢ ᠬᠢᠵᠠᠭᠠᠷ ᠣᠷᠣᠨ᠂ ᠦᠨᠳᠦᠰᠦᠲᠡᠨ ᠤ ᠭᠠᠵᠠᠷ ᠣᠷᠣᠨ ᠤ ᠷᠠᠳᠢᠣ᠋ ᠲᠧᠯᠸᠢᠰ ᠤᠨ ᠪᠠᠶᠢᠭᠤᠯᠤᠯᠲᠠ | ᠪᠠ ᠬᠥᠭᠵᠢᠯᠲᠡ ᠶᠢ ᠴᠢᠩᠭᠠᠳᠬᠠᠬᠤ ᠶᠢᠨ ᠬᠠᠮᠲᠤ ᠳᠡᠮᠵᠢᠨ᠎ᠡ᠃ | (ᠵᠢᠷᠭᠤᠭ᠎ᠠ) ᠰᠣᠶᠣᠯ ᠪᠠ ᠵᠢᠭᠤᠯᠴᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠬᠥᠭᠵᠢᠯᠲᠡ ᠶᠢ ᠵᠢᠯᠣᠭᠤᠳᠤᠨ ᠠᠬᠢᠭᠤᠯᠵᠤ᠂ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠮᠡᠳᠡᠭᠡ | ᠵᠠᠩᠬᠢᠴᠢᠯᠠᠯᠳᠠ᠂ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠪᠥᠬᠦ ᠠᠶᠢᠮᠠᠭ ᠤᠨ | ᠷᠠᠳᠢᠣ᠋ ᠲᠧᠯᠸᠢᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠳᠦᠯᠦᠪᠵᠢᠬᠦᠯᠬᠡ᠂ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠬᠦ ᠪᠠ ᠬᠢᠨᠠᠯᠲᠠ ᠲᠠᠯᠪᠢᠨ ᠪᠠᠶᠢᠴᠠᠭᠠᠨ᠎ᠠ᠃ ᠪᠦᠬᠦ ᠠᠶᠢᠮᠠᠭ ᠤᠨ ᠷᠠᠳᠢᠣ᠋ ᠲᠧᠯᠸᠢᠰ ᠤᠨ ᠫᠷᠣᠭ᠍ᠷᠣᠮ ᠢ | ᠳᠠᠮᠵᠢᠭᠤᠯᠣᠨ ᠪᠦᠷᠬᠦᠭᠦᠯᠬᠦ᠂ ᠬᠢᠨᠠᠨ ᠬᠡᠮᠵᠢᠬᠦ ᠪᠠ ᠰᠠᠭᠠᠳ ᠦᠬᠡᠢ ᠪᠠᠷ ᠨᠡᠪᠲᠡᠷᠡᠭᠦᠯᠬᠦ ᠶᠢ ᠬᠢᠨᠠᠨ ᠬᠠᠮᠢᠶᠠᠷᠴᠦ᠂ ᠪᠦᠬᠦ | ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠲᠧᠯᠸᠢᠰ ᠤᠨ ᠰᠢᠰᠲ᠋ᠧᠮᠵᠢ ᠶᠢᠨ ᠪᠠᠶᠢᠭᠤᠯᠤᠯᠲᠠ ᠶᠢ | ᠵᠢᠯᠣᠭᠤᠳᠤᠨ ᠠᠬᠢᠭᠤᠯᠤᠨ᠎ᠠ᠃ | (ᠳᠣᠯᠤᠭ᠎ᠠ)ᠰᠣᠶᠣᠯ ᠤᠨ ᠠᠵᠤ ᠦᠢᠯᠡᠰ ᠪᠣᠯᠤᠨ ᠵᠢᠭᠤᠯᠴᠢᠯᠠᠯ ᠤᠨ ᠠᠵᠤ ᠦᠢᠯᠡᠰ ᠢ ᠨᠢᠭᠡᠳᠦᠯᠲᠡᠶ | ᠲᠥᠯᠥᠪᠵᠢᠭᠦᠯᠵᠦ᠂ ᠰᠣᠶᠣᠯ ᠪᠣᠯᠤᠨ ᠵᠢᠭᠤᠯᠴᠢᠯᠠᠯ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ᠂ ᠠᠭᠤᠳᠠᠯᠠᠬᠤ᠂ | ᠬᠠᠮᠠᠭᠠᠯᠠᠬᠤ ᠪᠠ ᠠᠰᠢᠭᠯᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠣᠶᠣᠯ ᠤᠨ ᠠᠵᠤ ᠦᠢᠯᠡᠰ | ᠪᠣᠯᠤᠨ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠪᠦᠬᠦ ᠠᠶᠢᠮᠠᠭ ᠤᠨ ᠷᠠᠳᠢᠣ᠋ | ᠲᠧᠯᠸᠢᠰ ᠤᠨ ᠬᠦᠷᠢᠶ᠎ᠡ ᠬᠡᠪᠴᠢᠶᠡᠨ ᠳᠠᠬᠢ ᠠᠵᠤ ᠦᠢᠯᠡᠰ ᠤᠨ ᠬᠥᠭᠵᠢᠯᠲᠡ ᠶᠢ ᠵᠢᠯᠣᠭᠤᠳᠤᠨ ᠵᠣᠬᠢᠴᠠᠭᠤᠯᠵᠤ᠂ | ᠬᠥᠭᠵᠢᠯᠲᠡ ᠶᠢᠨ ᠲᠦᠯᠦᠪᠵᠢᠬᠦᠯᠬᠡ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | (ᠨᠠᠢᠮᠠ)ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠥᠭᠵᠢᠯᠲᠡ ᠶᠢ ᠵᠢᠯᠣᠭᠤᠳᠴᠤ᠂ ᠰᠣᠶᠣᠯ | ᠪᠠ ᠵᠢᠭᠤᠯᠴᠢᠯᠠᠯ ᠤᠨ ᠠᠶᠣᠯᠬᠦᠢ ᠦᠢᠯᠡᠳᠪᠦᠷᠢᠯᠡᠯ᠂ ᠵᠠᠬ᠎ᠠ ᠳᠡᠯᠭᠡᠭᠦᠷ ᠤᠨ ᠡᠵᠡᠩᠨᠡᠯᠲᠡ ᠳᠤ ᠠᠵᠢᠯ ᠲᠥᠷᠥᠯ ᠤᠨ | ᠬᠢᠨᠠᠯᠲᠠ ᠬᠠᠮᠢᠶᠠᠷᠤᠯᠲᠠ ᠬᠢᠵᠦ᠂ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠢᠲᠡᠭᠡᠮᠵᠢ ᠶᠢᠨ | ᠳᠣᠭᠳᠠᠯᠴᠠᠭ᠎ᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠢ | ᠬᠠᠤᠯᠢ ᠶᠣᠰᠣᠭᠠᠷ ᠳᠦᠷᠢᠮᠵᠢᠬᠦᠯᠦᠨ᠎ᠡ᠃ ᠪᠦᠬᠦ ᠠᠶᠢᠮᠠᠭ ᠤᠨ ᠡᠯ᠎ᠡ ᠲᠥᠷᠥᠯ ᠤᠨ ᠷᠠᠳᠢᠣ᠋ ᠲᠧᠯᠸᠢᠰ ᠤᠨ | ᠪᠠᠶᠢᠭᠤᠯᠤᠮᠵᠢ ᠳᠤ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ | ᠬᠢᠬᠦ ᠶᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠦᠯᠵᠢᠶᠡᠨ ᠤ ᠦᠵᠡᠭᠦᠯᠵᠦ | ᠰᠣᠨᠣᠰᠬᠠᠬᠤ ᠫᠷᠤᠭ᠍ᠷᠠᠮ ᠤᠨ ᠦᠢᠯᠡᠴᠢᠯᠡᠬᠡᠨ ᠤ ᠪᠠᠶᠢᠭᠤᠯᠤᠮᠵᠢ ᠳᠤ ᠬᠢᠨᠠᠯᠲᠠ ᠬᠠᠮᠢᠶᠠᠷᠤᠯᠲᠠ ᠬᠢᠨ᠎ᠡ᠃ ᠬᠠᠤᠯᠢ | ᠶᠣᠰᠣᠭᠠᠷ ᠲᠣᠭᠲᠠᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠵᠦ᠂ ᠡᠯ᠎ᠡ ᠵᠦᠢᠯ ᠤᠨ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ | (ᠶᠢᠰᠦ) ᠪᠦᠬᠦ ᠠᠶᠢᠮᠠᠭ ᠤᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠠᠵᠢᠯ ᠢ ᠵᠢᠯᠣᠭᠤᠳᠤᠨ ᠬᠢᠨᠠᠨ ᠬᠠᠮᠢᠶᠠᠷᠴᠤ᠂ ᠪᠦᠬᠦ ᠠᠶᠢᠮᠠᠭ ᠤᠨ ᠴᠢᠨᠠᠷᠲᠠᠶ᠂ ᠣᠷᠣᠨ ᠪᠦᠰᠡ | ᠠᠯᠤᠰᠯᠠᠭᠰᠠᠨ ᠰᠣᠶᠣᠯ᠂ ᠲᠡᠤᠬᠡ ᠶᠢᠨ ᠳᠤᠷᠠᠰᠬᠠᠯᠲᠤ ᠵᠦᠢᠯ᠂ ᠬᠡᠪᠯᠡᠯ᠂ ᠷᠠᠳᠢᠣ᠋ ᠲᠧᠯᠸᠢᠰ᠂ ᠺᠢᠨᠣ᠋᠂ ᠵᠢᠭᠤᠯᠴᠢᠯᠠᠯ | ᠵᠡᠷᠭᠡ ᠵᠠᠬ᠎ᠠ ᠳᠡᠯᠭᠡᠭᠦᠷ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ | ᠳᠣᠮᠣ ᠬᠡᠷᠡᠭ ᠴᠢᠬᠤᠯᠠ ᠬᠡᠷᠡᠭ ᠢ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠬᠦᠢᠴᠡᠳᠬᠡᠬᠦᠯᠦᠨ᠂ ᠵᠠᠬ᠎ᠠ | ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃ | (ᠠᠷᠪᠠ)ᠰᠣᠶᠣᠯ ᠪᠠ ᠵᠢᠭᠤᠯᠴᠢᠯᠠᠯ ᠤᠨ ᠰᠢᠶᠠᠩᠭᠠᠩ ᠣᠣᠮᠧᠨ ᠳᠠᠶᠢᠸᠠᠨ ᠲᠠᠢ ᠰᠣᠯᠢᠯᠴᠠᠭ᠎ᠠ ᠬᠢᠬᠦ᠂ | ᠭᠠᠳᠠᠭᠠᠳᠤ ᠲᠠᠢ ᠰᠣᠯᠢᠯᠴᠠᠭ᠎ᠠ ᠬᠢᠬᠦ᠂ ᠬᠤᠷᠰᠢᠬᠤ ᠪᠠ ᠤᠬᠠᠭᠤᠯᠬᠤ᠂ ᠳᠡᠯᠭᠡᠷᠡᠭᠦᠯᠬᠦ ᠠᠵᠢᠯ ᠢ ᠵᠢᠯᠣᠭᠤᠳᠤᠨ | ᠬᠠᠮᠢᠶᠠᠷᠴᠤ᠂ ᠲᠣᠮᠣ ᠬᠡᠯᠪᠡᠷᠢ ᠶᠢᠨ ᠰᠣᠶᠣᠯ ᠪᠠ ᠵᠢᠭᠤᠯᠴᠢᠯᠠᠯ ᠤᠨ ᠭᠠᠳᠠᠭᠠᠳᠤ ᠲᠠᠢ ᠰᠣᠯᠢᠯᠴᠠᠭ᠎ᠠ ᠬᠢᠬᠦ᠂ | ᠰᠢᠶᠠᠩᠭᠠᠩ ᠣᠣᠮᠧᠨ ᠳᠠᠶᠢᠸᠠᠨ ᠲᠠᠢ ᠰᠣᠯᠢᠯᠴᠠᠭ᠎ᠠ ᠬᠢᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠠᠯᠠᠱᠠ ᠶᠢᠨ | ᠰᠣᠶᠣᠯ ᠤᠨ ᠭᠠᠳᠠᠭᠰᠢ ᠭᠠᠷᠬᠤ ᠶᠢ ᠲᠦᠯᠬᠢᠨ ᠠᠬᠢᠭᠤᠯᠤᠨ᠎ᠠ᠃ ᠷᠠᠳᠢᠣ᠋ ᠲᠧᠯᠸᠢᠰ ᠤᠨ ᠭᠠᠳᠠᠭᠰᠢ ᠳᠠᠮᠵᠢᠭᠤᠯᠬᠤ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠷᠠᠳᠢᠣ᠋ ᠲᠧᠯᠸᠢᠰ ᠤᠨ ᠣᠯᠠᠨ ᠤᠯᠤᠰ ᠪᠠ ᠤᠯᠤᠰ ᠤᠨ | ᠳᠣᠲᠣᠭᠠᠳᠤ ᠢᠯᠠᠩᠭᠤᠶ᠎ᠠ ᠮᠣᠩᠭᠤᠯ ᠤᠯᠤᠰ ᠯᠤᠭ᠎ᠠ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠠᠬᠢᠭᠤᠯᠤᠨ᠂ | ᠷᠠᠳᠢᠣ᠋ ᠲᠧᠯᠸᠢᠰ ᠤᠨ ᠬᠦᠷᠢᠶ᠎ᠡ ᠴᠠᠷ᠎ᠠ ᠶᠢᠨ ᠭᠠᠳᠠᠭᠰᠢ ᠭᠠᠷᠬᠤ ᠠᠵᠢᠯ ᠢ ᠵᠣᠬᠢᠴᠠᠭᠤᠯᠤᠨ ᠠᠬᠢᠭᠤᠯᠵᠤ᠂ | ᠠᠶᠢᠮᠠᠭ ᠤᠨ ᠳᠣᠳᠣᠭᠠᠳᠣ ᠳᠠᠬᠢ ᠬᠢᠯᠢ ᠶᠢᠨ ᠭᠠᠳᠠᠨᠠᠬᠢ ᠷᠠᠳᠢᠣ᠋ ᠲᠧᠯᠸᠢᠰ ᠤᠨ ᠫᠷᠣᠭ᠍ᠷᠠᠮ ᠤᠨ ᠳᠣᠬᠠᠢ ᠬᠢᠨᠠᠯᠲᠠ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | (ᠠᠷᠪᠠᠨ ᠨᠢᠭᠡ) ᠪᠦᠬᠦ ᠠᠶᠢᠮᠠᠭ ᠤᠨ ᠴᠢᠨᠠᠷᠲᠠᠶ ᠷᠠᠳᠢᠣ᠋ ᠲᠧᠯᠸᠢᠰ ᠤᠨ ᠭᠤᠤᠯ ᠰᠡᠳᠦᠪᠲᠦ ᠤᠬᠠᠭᠤᠯᠭ᠎ᠠ᠂ | ᠲᠤᠰᠬᠠᠶ ᠰᠡᠳᠦᠪᠲᠦ ᠤᠬᠠᠭᠤᠯᠭ᠎ᠠ ᠪᠣᠯᠤᠨ ᠴᠢᠬᠤᠯᠠ ᠶᠡᠭᠡ ᠤᠬᠠᠭᠤᠯᠭ᠎ᠠ ᠶᠢᠨ ᠠᠵᠢᠯᠯᠠᠭ᠎ᠠ ᠶᠢ ᠵᠢᠯᠣᠭᠤᠳᠤᠨ | ᠵᠣᠬᠢᠴᠠᠭᠤᠯᠤᠨ᠎ᠠ᠃ ᠪᠦᠬᠦ ᠠᠶᠢᠮᠠᠭ ᠤᠨ ᠷᠠᠳᠢᠣ᠋ ᠲᠧᠯᠸᠢᠰ ᠤᠨ ᠫᠷᠣᠭ᠍ᠷᠠᠮ᠂ ᠰᠦᠯᠵᠢᠶᠡᠨ ᠤ ᠦᠵᠡᠭᠦᠯᠵᠦ | ᠰᠣᠨᠣᠰᠬᠠᠬᠤ ᠫᠷᠤᠭ᠍ᠷᠠᠮ ᠤᠨ ᠠᠭᠤᠯᠭ᠎ᠠ ᠪᠠ ᠶᠠᠰᠤ ᠴᠢᠨᠠᠷ ᠢ ᠬᠢᠨᠠᠨ ᠬᠠᠮᠢᠶᠠᠷᠬᠤ ᠪᠠ ᠬᠢᠨᠠᠨ ᠪᠠᠶᠢᠴᠠᠭᠠᠵᠤ᠂ ᠪᠦᠬᠦ | ᠠᠶᠢᠮᠠᠭ ᠤᠨ ᠷᠠᠳᠢᠣ᠋ ᠲᠧᠯᠸᠢᠰ ᠤᠨ ᠫᠷᠤᠭ᠍ᠷᠠᠮ ᠢ ᠬᠢᠨᠠᠨ ᠰᠣᠨᠣᠰᠴᠤ ᠬᠢᠨᠠᠨ ᠦᠵᠡᠵᠦ᠂ ᠷᠠᠳᠢᠣ᠋ ᠲᠧᠯᠸᠢᠰ ᠤᠨ | ᠫᠷᠤᠭ᠍ᠷᠠᠮ ᠢ ᠦᠨᠡᠯᠡᠬᠦ ᠠᠵᠢᠯ ᠢ ᠵᠢᠯᠣᠭᠤᠳᠤᠨ ᠬᠡᠷᠡᠭᠵᠢᠭᠦᠯᠵᠦ᠂ ᠷᠠᠳᠢᠣ᠋ ᠲᠧᠯᠸᠢᠰ ᠤᠨ ᠵᠠᠷ ᠨᠡᠪᠲᠡᠷᠡᠭᠦᠯᠭᠡ ᠶᠢ | ᠵᠢᠯᠣᠭᠤᠳᠤᠨ ᠬᠢᠨᠠᠨ ᠬᠠᠮᠢᠶᠠᠷᠤᠨ᠎ᠠ᠃ | (ᠠᠷᠪᠠᠨ ᠬᠤᠶᠠᠷ)ᠪᠥᠬᠦ ᠠᠶᠢᠮᠠᠭ ᠤᠨ ᠷᠠᠳᠢᠣ᠋ ᠲᠧᠯᠸᠢᠰ ᠤᠨ ᠪᠠᠶᠢᠭᠤᠯᠤᠮᠵᠢ ᠶᠢᠨ ᠬᠠᠮ | ᠵᠠᠭᠤᠴᠢᠯᠠᠭᠤᠷ ᠤᠨ ᠪᠠᠶᠢᠭᠤᠯᠤᠯᠲᠠ ᠥᠷᠨᠢᠭᠦᠯᠬᠦ ᠶᠢ ᠵᠢᠯᠣᠭᠤᠳᠴᠤ᠂ ᠪᠥᠬᠦ ᠠᠶᠢᠮᠠᠭ ᠤᠨ ᠷᠠᠳᠢᠣ᠋ ᠲᠧᠯᠸᠢᠰ ᠬᠢᠭᠡᠳ | ᠰᠢᠨ᠎ᠡ ᠵᠠᠭᠤᠴᠢᠯᠠᠭᠤᠷ ᠰᠢᠨ᠎ᠡ ᠮᠡᠷᠭᠡᠵᠢᠯ ᠰᠢᠨ᠎ᠡ ᠠᠵᠢᠯ ᠳᠦᠷᠦᠯ ᠤᠨ ᠬᠡᠯᠪᠡᠷᠢ ᠪᠠᠶᠢᠳᠠᠯ ᠤᠨ ᠰᠢᠨ᠎ᠡ ᠶᠢ | ᠡᠭᠦᠳᠬᠦ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠷᠠᠳᠢᠣ᠋ ᠲᠧᠯᠸᠢᠰ ᠤᠨ ᠲᠣᠤᠷ ᠬᠢᠭᠡᠳ ᠴᠠᠬᠢᠯᠭᠠᠨ | ᠬᠤᠯᠪᠣᠭᠠᠨ ᠤ ᠰᠦᠯᠵᠢᠶ᠎ᠡ᠂ ᠢᠨᠲ᠋ᠧᠷ ᠰᠦᠯᠵᠢᠶ᠎ᠡ ᠭᠤᠷᠪᠠᠨ ᠰᠦᠯᠵᠢᠶ᠎ᠡ ᠶᠢ ᠠᠭᠤᠰᠤᠯᠴᠠᠭᠤᠯᠬᠤ ᠬᠤᠯᠪᠣᠭᠳᠠᠯ | ᠪᠦᠬᠦᠢ ᠠᠵᠢᠯ ᠢ ᠵᠣᠬᠢᠴᠠᠭᠤᠯᠤᠨ ᠠᠬᠢᠭᠤᠯᠤᠨ᠎ᠠ᠃ | (ᠠᠷᠪᠠᠨ ᠭᠤᠷᠪᠠ) ᠪᠦᠬᠦ ᠠᠶᠢᠮᠠᠭ ᠤᠨ ᠷᠠᠳᠢᠣ᠋ ᠲᠧᠯᠸᠢᠰ ᠤᠨ ᠰᠢᠰᠲ᠋ᠧᠮ ᠤᠨ ᠴᠢᠬᠤᠯᠠ ᠶᠡᠭᠡ | ᠢᠨᠵᠧᠨᠧᠷᠢᠩ᠂ ᠭᠤᠤᠯᠳᠠᠯᠭ᠎ᠠ ᠲᠠᠢ ᠰᠠᠭᠤᠷᠢ ᠳᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ | ᠠᠶᠣᠯᠬᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠪᠥᠬᠦ ᠠᠶᠢᠮᠠᠭ ᠤᠨ ᠷᠠᠳᠢᠣ᠋ | ᠲᠧᠯᠸᠢᠰ ᠤᠨ ᠰᠢᠰᠲ᠋ᠧᠮ ᠤᠨ ᠰᠠᠭᠠᠳ ᠦᠬᠡᠢ ᠨᠡᠪᠲᠡᠷᠡᠭᠦᠯᠬᠦ᠂ ᠭᠡᠨᠡᠳᠲᠡ ᠶᠢᠨ ᠬᠡᠷᠡᠭ ᠢ ᠰᠡᠷᠭᠡᠶᠢᠯᠡᠨ ᠰᠢᠢᠳᠪᠦᠷᠢᠯᠡᠬᠦ | ᠪᠠ ᠬᠠᠮᠠᠭᠠᠯᠠᠬᠤ ᠠᠵᠢᠯ ᠢ ᠵᠢᠯᠣᠭᠤᠳᠤᠨ ᠵᠣᠬᠢᠴᠠᠭᠤᠯᠤᠨ᠎ᠠ᠃ ᠪᠥᠬᠦ ᠠᠶᠢᠮᠠᠭ ᠤᠨ ᠷᠠᠳᠢᠣ᠋ ᠲᠧᠯᠸᠢᠰ ᠤᠨ | ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠵᠢᠯᠣᠭᠤᠳᠴᠤ ᠪᠠᠶᠢᠭᠠᠳ ᠠᠶᠣᠯᠬᠦᠢ ᠦᠢᠯᠡᠳᠪᠦᠷᠢᠯᠡᠯ ᠤᠨ ᠤᠬᠠᠭᠤᠯᠭ᠎ᠠ | ᠬᠥᠮᠦᠵᠢᠯ ᠢ ᠥᠷᠨᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠠᠶᠣᠯᠬᠦᠢ | ᠦᠢᠯᠡᠳᠪᠦᠷᠢᠯᠡᠯ ᠤᠨ ᠴᠢᠬᠤᠯᠠ ᠶᠡᠭᠡ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠳᠤ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠨ᠎ᠠ᠃ | (ᠠᠷᠪᠠᠨ ᠳᠦᠷᠪᠡ) ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯ ᠪᠣᠯᠤᠨ | ᠮᠦᠽᠧᠶ ᠶᠢᠨ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ᠂ ᠳᠦᠷᠢᠮ ᠲᠣᠭᠲᠠᠭᠠᠯ ᠢ ᠲᠤᠤᠱᠯᠠᠭᠤᠯᠤᠨ | ᠨᠠᠶᠢᠳᠠᠪᠤᠷᠢᠵᠢᠭᠤᠯᠤᠨ᠎ᠠ᠃ ᠪᠦᠬᠦ ᠠᠶᠢᠮᠠᠭ ᠤᠨ ᠲᠡᠤᠬᠡ ᠶᠢᠨ ᠳᠤᠷᠠᠰᠬᠠᠯᠲᠤ ᠵᠦᠢᠯ ᠪᠣᠯᠤᠨ ᠮᠦᠽᠧᠶ ᠶᠢᠨ ᠠᠵᠢᠯ | ᠦᠢᠯᠡᠰ ᠤᠨ ᠬᠥᠭᠵᠢᠯᠲᠡ ᠶᠢᠨ ᠳᠦᠯᠦᠪᠵᠢᠬᠦᠯᠬᠡ ᠪᠣᠯᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠣᠬᠢᠶᠠᠨ | ᠪᠠᠶᠢᠭᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠰᠣᠶᠣᠯ ᠤᠨ ᠥᠪ ᠢ | ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠯᠤᠭ᠎ᠠ ᠬᠤᠯᠪᠣᠭᠳᠠᠬᠤ ᠠᠵᠢᠯ ᠢ ᠬᠠᠷᠢᠭᠤᠴᠠᠨ᠎ᠠ᠃ ᠲᠡᠤᠬᠡ ᠶᠢᠨ | ᠳᠤᠷᠠᠰᠬᠠᠯᠲᠤ ᠵᠦᠢᠯ ᠤᠨ ᠡᠬᠢ ᠰᠣᠷᠪᠣᠯᠵᠢ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ | ᠠᠶᠢᠮᠠᠭ ᠤᠨ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠠᠵᠢᠯ ᠢ ᠵᠣᠬᠢᠴᠠᠭᠤᠯᠤᠨ ᠵᠢᠯᠣᠭᠤᠳᠴᠤ᠂ | ᠲᠡᠤᠬᠡ ᠶᠢᠨ ᠳᠤᠷᠠᠰᠬᠠᠯᠲᠤ ᠵᠦᠢᠯ ᠤᠨ ᠬᠠᠤᠯᠢ ᠠᠴᠠ ᠵᠥᠷᠢᠴᠡᠭᠰᠡᠨ ᠬᠦᠨᠳᠦ ᠶᠡᠭᠡ ᠬᠡᠷᠡᠭ ᠢ ᠬᠠᠤᠯᠢ ᠶᠣᠰᠣᠭᠠᠷ | ᠰᠢᠮᠳᠠᠭᠤᠯᠣᠨ ᠪᠠᠶᠢᠴᠠᠭᠠᠵᠤ ᠰᠢᠮᠳᠠᠭᠤᠯᠣᠨ ᠬᠦᠢᠴᠡᠳᠭᠡᠬᠦᠯᠬᠦ ᠶᠢ ᠵᠣᠬᠢᠶᠠᠨ ᠪᠠᠶᠢᠭᠤᠯᠵᠦ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠮᠵᠢᠯᠴᠠᠨ ᠲᠡᠤᠬᠡ ᠶᠢᠨ ᠳᠤᠷᠠᠰᠬᠠᠯᠲᠤ ᠵᠦᠢᠯ ᠤᠨ ᠶᠠᠯᠠᠲᠤ ᠬᠡᠷᠡᠭ ᠢ ᠪᠠᠶᠢᠴᠠᠭᠠᠨ | ᠰᠢᠢᠳᠪᠦᠷᠢᠯᠡᠨ᠎ᠡ᠃ ᠳᠡᠯᠡᠬᠡᠶ ᠶᠢᠨ ᠰᠣᠶᠣᠯ ᠤᠨ ᠥᠪ ᠢ ᠬᠠᠮᠠᠭᠠᠯᠠᠬᠤ᠂ ᠬᠠᠮᠢᠶᠠᠷᠬᠤ ᠶᠢ ᠵᠢᠯᠣᠭᠤᠳᠬᠤ ᠪᠠ ᠬᠢᠨᠠᠬᠤ | ᠠᠵᠢᠯ ᠢ ᠬᠠᠷᠢᠭᠤᠴᠠᠵᠤ᠂ ᠳᠡᠯᠡᠬᠡᠶ ᠶᠢᠨ ᠰᠣᠶᠣᠯ ᠤᠨ ᠥᠪ ᠢ ᠭᠤᠶᠤᠴᠢᠯᠠᠨ ᠮᠡᠳᠡᠭᠦᠯᠬᠦ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠲᠡᠤᠬᠡ ᠰᠣᠶᠣᠯ ᠤᠨ ᠨᠡᠷᠡᠲᠦ | ᠬᠤᠲᠠ᠂ ᠤᠯᠠᠮᠵᠢᠯᠠᠯᠲᠤ ᠲᠣᠰᠬᠤᠨ᠂ ᠲᠡᠤᠬᠡ ᠰᠣᠶᠣᠯ ᠤᠨ ᠵᠡᠭᠡᠯᠢ ᠲᠣᠭᠤᠷᠢᠭ ᠢ ᠬᠠᠮᠠᠭᠠᠯᠠᠬᠤ ᠪᠠ ᠬᠢᠨᠠᠨ | ᠬᠠᠮᠢᠶᠠᠷᠬᠤ ᠠᠵᠢᠯ ᠢ ᠬᠠᠷᠢᠭᠤᠴᠠᠨ᠎ᠠ᠃ ᠪᠦᠬᠦ ᠠᠶᠢᠮᠠᠭ ᠤᠨ ᠳᠡᠣᠬᠡ ᠶᠢᠨ ᠳᠣᠷᠠᠰᠬᠠᠯᠳᠣ ᠵᠦᠢᠯ ᠬᠠᠭᠤᠴᠢ | ᠰᠣᠳᠣᠯᠣᠯ ᠤᠨ ᠠᠵᠢᠯ ᠢ ᠵᠢᠯᠣᠭᠤᠳᠬᠤ ᠪᠠ ᠬᠠᠮᠢᠶᠠᠷᠴᠦ᠂ ᠴᠢᠬᠤᠯᠠ ᠶᠡᠭᠡ ᠲᠡᠤᠬᠡ ᠶᠢᠨ ᠳᠤᠷᠠᠰᠬᠠᠯᠲᠤ ᠵᠦᠢᠯ ᠤᠨ | ᠬᠠᠮᠠᠭᠠᠯᠠᠯᠲᠠ ᠪᠠ ᠬᠠᠭᠤᠴᠢ ᠰᠣᠳᠣᠯᠣᠯ ᠤᠨ ᠳᠦᠷᠦᠯ ᠵᠦᠢᠯ ᠤᠨ ᠭᠡᠷᠡᠭᠵᠢᠬᠦᠯᠦᠯᠳᠡ ᠶᠢ ᠵᠣᠬᠢᠶᠠᠨ ᠪᠠᠶᠢᠭᠤᠯᠤᠨ | ᠵᠣᠬᠢᠴᠠᠭᠤᠯᠵᠤ᠂ ᠪᠦᠬᠦ ᠤᠯᠤᠰ ᠤᠨ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ | ᠨᠢᠭᠡᠴᠡ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯ ᠤᠨ | ᠬᠠᠮᠠᠭᠠᠯᠠᠯᠲᠠ ᠶᠢᠨ ᠨᠢᠭᠡᠴᠡ ᠶᠢ ᠬᠢᠨᠠᠨ ᠬᠠᠷᠭᠤᠭᠤᠯᠵᠤ ᠲᠠᠨᠢᠯᠴᠠᠭᠤᠯᠬᠤ ᠪᠠ ᠠᠶᠢᠮᠠᠭ ᠤᠨ ᠱᠠᠲᠤᠨ ᠤ | ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠡ ᠶᠢ ᠲᠣᠭᠲᠠᠭᠠᠬᠤ | ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠪᠦᠬᠦ ᠠᠶᠢᠮᠠᠭ ᠤᠨ ᠲᠡᠤᠬᠡ ᠶᠢᠨ ᠳᠤᠷᠠᠰᠬᠠᠯᠲᠤ ᠵᠦᠢᠯ ᠪᠣᠯᠤᠨ | ᠮᠦᠽᠧᠶ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ | ᠠᠬᠢᠭᠤᠯᠬᠤ ᠶᠢ ᠬᠠᠷᠢᠭᠤᠴᠠᠵᠤ᠂ ᠪᠦᠬᠦ ᠠᠶᠢᠮᠠᠭ ᠤᠨ ᠲᠡᠤᠬᠡ ᠶᠢᠨ ᠳᠤᠷᠠᠰᠬᠠᠯᠲᠤ ᠵᠦᠢᠯ ᠪᠣᠯᠤᠨ ᠮᠦᠽᠧᠶ ᠶᠢᠨ | ᠲᠤᠬᠠᠶᠢᠯᠠᠭᠰᠠᠨ ᠠᠵᠢᠯ ᠢ ᠵᠢᠯᠣᠭᠤᠳᠤᠨ᠂ ᠮᠦᠽᠧᠶ ᠶᠢᠨ ᠬᠤᠭᠤᠷᠣᠨᠳᠣᠬᠢ ᠰᠣᠯᠢᠯᠴᠠᠭ᠎ᠠ ᠬᠢᠭᠡᠳ ᠬᠤᠷᠰᠢᠯᠴᠠᠭ᠎ᠠ ᠶᠢ | ᠵᠣᠬᠢᠴᠠᠭᠤᠯᠤᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠪᠦᠬᠦ ᠠᠶᠢᠮᠠᠭ ᠤᠨ ᠲᠡᠤᠬᠡ ᠶᠢᠨ | ᠳᠤᠷᠠᠰᠬᠠᠯᠲᠤ ᠵᠦᠢᠯ ᠪᠣᠯᠤᠨ ᠮᠦᠽᠧᠶ ᠶᠢᠨ ᠬᠤᠯᠪᠣᠭᠳᠠᠯ ᠪᠦᠬᠦᠢ ᠬᠢᠨᠠᠨ ᠬᠠᠷᠭᠤᠭᠤᠯᠬᠤ᠂ ᠬᠢᠨᠠᠨ ᠵᠥᠪᠰᠢᠶᠡᠷᠡᠬᠦ | ᠬᠡᠷᠡᠭ ᠶᠠᠪᠤᠳᠠᠯ ᠵᠢᠴᠢ ᠬᠠᠮᠢᠶ᠎ᠠ ᠪᠦᠬᠦᠢ ᠬᠢᠷᠢ ᠬᠡᠮ ᠢ ᠬᠢᠨᠠᠨ ᠳᠣᠭᠳᠠᠭᠠᠬᠤ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠤᠬᠠᠭᠤᠯᠭ᠎ᠠ ᠶᠢᠨ ᠠᠵᠢᠯ ᠢ ᠵᠣᠬᠢᠶᠠᠨ | ᠪᠠᠶᠢᠭᠤᠯᠤᠨ ᠵᠢᠯᠣᠭᠤᠳᠤᠨ᠎ᠠ᠃ ᠲᠡᠤᠬᠡ ᠶᠢᠨ ᠳᠤᠷᠠᠰᠬᠠᠯᠲᠤ ᠵᠦᠢᠯ ᠪᠠ ᠮᠦᠽᠧᠶ ᠶᠢᠨ ᠰᠢᠨᠵᠢᠯᠡᠬᠦ ᠤᠬᠠᠭᠠᠨ | ᠮᠡᠷᠭᠡᠵᠢᠯ᠂ ᠮᠡᠳᠡᠭᠡ ᠵᠠᠩᠬᠢᠴᠢᠯᠠᠯᠳᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ | ᠨᠠᠶᠢᠳᠠᠪᠣᠷᠢᠵᠢᠭᠤᠯᠣᠯᠳᠠ ᠶᠢ ᠲᠦᠯᠬᠢᠨ ᠠᠬᠢᠭᠤᠯᠵᠤ᠂ ᠴᠢᠬᠤᠯᠠ ᠶᠡᠭᠡ ᠲᠡᠤᠬᠡ ᠶᠢᠨ ᠳᠤᠷᠠᠰᠬᠠᠯᠲᠤ ᠵᠦᠢᠯ ᠢ | ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠢᠨᠵᠧᠨᠧᠷᠢᠩ ᠢ ᠵᠣᠬᠢᠶᠠᠨ ᠪᠠᠶᠢᠭᠤᠯᠤᠨ | ᠥᠷᠨᠢᠭᠦᠯᠵᠦ᠂ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠣᠯᠠᠷᠢᠭᠤᠯᠬᠤ ᠪᠠ ᠳᠡᠯᠭᠡᠷᠡᠭᠦᠯᠬᠦ ᠶᠢ ᠠᠬᠢᠭᠤᠯᠤᠨ᠎ᠠ᠃ ᠲᠣᠭᠲᠠᠭᠠᠯ ᠶᠣᠰᠣᠭᠠᠷ ᠲᠡᠤᠬᠡ ᠶᠢᠨ | ᠳᠤᠷᠠᠰᠬᠠᠯᠲᠤ ᠵᠦᠢᠯ ᠪᠠ ᠮᠦᠽᠧᠶ ᠶᠢᠨ ᠣᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠵᠢᠴᠢ ᠰᠢᠶᠠᠩᠭᠠᠩ | ᠣᠣᠮᠧᠨ ᠲᠠᠶᠢᠸᠠᠨ ᠤ ᠭᠠᠵᠠᠷ ᠣᠷᠣᠨ ᠲᠠᠢ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠶᠢ ᠠᠬᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠢ ᠬᠠᠮᠵᠢᠨ ᠲᠡᠤᠬᠡ ᠶᠢᠨ ᠳᠤᠷᠠᠰᠬᠠᠯᠲᠤ ᠵᠦᠢᠯ ᠤᠨ ᠬᠢᠯᠢ ᠪᠠᠷ ᠣᠷᠣᠭᠤᠯᠵᠤ ᠭᠠᠷᠭᠠᠬᠤ | ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠨ᠎ᠡ᠃ | (ᠠᠷᠪᠠᠨ ᠲᠠᠪᠤ) ᠪᠦᠬᠦ ᠠᠶᠢᠮᠠᠭ ᠤᠨ ᠰᠣᠶᠣᠯ᠂ ᠵᠢᠭᠤᠯᠴᠢᠯᠠᠯ᠂ ᠷᠠᠳᠢᠣ᠋ ᠲᠧᠯᠸᠢᠰ᠂ ᠰᠦᠯᠵᠢᠶᠡᠨ ᠤ | ᠦᠵᠡᠭᠦᠯᠵᠦ ᠰᠣᠨᠣᠰᠬᠠᠬᠤ ᠠᠵᠢᠯ ᠲᠥᠷᠥᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠵᠢᠯᠣᠭᠤᠳᠤᠨ᠎ᠠ᠃ | (ᠠᠷᠪᠠᠨ ᠵᠢᠷᠭᠤᠭ᠎ᠠ)ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ | ᠳᠥᠷᠪᠡᠳᠦᠭᠡᠷ ᠵᠦᠢᠯ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ ᠳᠤ | ᠳᠣᠤᠷᠠᠬᠢ ᠮᠡᠲᠦ ᠳᠣᠲᠣᠭᠠᠳᠤ ᠪᠠᠶᠢᠭᠤᠯᠤᠮᠵᠢ ᠳᠣᠬᠢᠷᠠᠭᠤᠯᠣᠨ᠎ᠠ᠄ | (ᠨᠢᠭᠡ )ᠠᠯᠪᠠᠨ ᠭᠡᠷ᠃ ᠪᠠᠶᠢᠭᠤᠯᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ | ᠶᠡᠷᠦᠩᠬᠡᠶᠢᠯᠡᠭᠰᠡᠨ ᠴᠢᠨᠠᠷᠲᠠᠶ ᠡᠬᠡ ᠪᠢᠴᠢᠭ ᠲᠤᠭᠤᠷᠪᠢᠬᠤ᠂ ᠮᠡᠳᠡᠭᠡ ᠵᠠᠩᠭᠢ᠂ ᠠᠮᠤᠷ ᠲᠦᠪᠰᠢᠨ᠂ ᠵᠠᠬᠢᠳᠠᠯ | ᠰᠤᠷᠪᠤᠯᠵᠢᠯᠠᠯ᠂ ᠨᠢᠭᠤᠴᠠ ᠶᠢ ᠬᠠᠮᠠᠭᠠᠯᠠᠬᠤ᠂ ᠵᠠᠰᠠᠭ ᠤᠨ ᠶᠠᠪᠤᠳᠠᠯ ᠢ ᠢᠯᠡ ᠪᠠᠶᠢᠯᠭᠠᠬᠤ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ᠂ ᠠᠮᠤᠷ ᠲᠦᠪᠰᠢᠨ ᠢ ᠬᠠᠮᠠᠭᠠᠯᠠᠬᠤ᠂ ᠰᠠᠨᠠᠭᠤᠯᠭ᠎ᠠ ᠳᠤᠷᠠᠳᠤᠯᠭ᠎ᠠ ᠶᠢ ᠬᠦᠢᠴᠡᠳᠭᠡᠬᠦ | ᠵᠡᠷᠭᠡ ᠠᠵᠢᠯ ᠢ ᠡᠭᠦᠷᠭᠡᠯᠡᠨ᠎ᠡ᠃ ᠪᠠᠶᠢᠭᠤᠯᠣᠯᠭ᠎ᠠ ᠶᠢᠨ ᠡᠯᠧᠺᠲᠷᠣᠨ ᠵᠠᠰᠠᠭ ᠤᠨ ᠶᠠᠪᠤᠳᠠᠯ ᠪᠠ ᠮᠡᠳᠡᠭᠡ | ᠵᠠᠩᠬᠢᠴᠢᠯᠠᠯᠳᠠ ᠶᠢᠨ ᠪᠠᠶᠢᠭᠤᠯᠤᠯᠲᠠ ᠶᠢ ᠵᠢᠯᠣᠭᠤᠳᠤᠨ ᠵᠣᠬᠢᠴᠠᠭᠤᠯᠤᠨ᠎ᠠ᠃ ᠪᠠᠶᠢᠭᠤᠯᠤᠯᠭ᠎ᠠ ᠵᠢᠴᠢ ᠬᠠᠷᠢᠶ᠎ᠠ ᠪᠦᠬᠦᠢ | ᠠᠵᠢᠯ ᠦᠢᠯᠡᠰ ᠤᠨ ᠨᠢᠭᠡᠴᠡ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠨᠢᠭᠡᠳᠦᠯᠲᠡᠶ ᠲᠥᠯᠥᠪᠯᠡᠨ | ᠵᠣᠬᠢᠴᠠᠭᠤᠯᠤᠨ᠎ᠠ᠃ ᠰᠣᠶᠣᠯ ᠪᠠ ᠵᠢᠭᠤᠯᠴᠢᠯᠠᠯ ᠤᠨ ᠳᠦᠷᠢᠮ ᠤᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃ | ᠪᠠᠶᠢᠴᠠᠭᠠᠨ ᠰᠤᠳᠤᠯᠤᠯᠲᠠ ᠥᠷᠨᠢᠭᠦᠯᠬᠦ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ | ᠰᠣᠶᠣᠯ ᠪᠠ ᠵᠢᠭᠤᠯᠴᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠰᠣᠶᠣᠯ᠂ ᠵᠢᠭᠤᠯᠴᠢᠯᠠᠯ ᠪᠠ ᠷᠠᠳᠢᠣ᠋ ᠲᠧᠯᠸᠢᠰ ᠤᠨ ᠬᠦᠷᠢᠶ᠎ᠡ ᠴᠡᠷ᠎ᠠ ᠶᠢᠨ | ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢᠨ ᠠᠵᠢᠯ ᠢ ᠡᠭᠦᠷᠭᠡᠯᠡᠨ᠎ᠡ᠃ ᠷᠠᠳᠢᠣ᠋ ᠲᠧᠯᠸᠢᠰ ᠤᠨ ᠰᠢᠰᠲ᠋ᠧᠮ ᠤᠨ | ︽ᠳᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠵᠢᠯ ᠢ ᠲᠦᠯᠬᠢᠨ ᠠᠬᠢᠭᠤᠯᠤᠨ᠎ᠠ᠃ | ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ | ᠡᠭᠦᠷᠭᠡᠯᠡᠨ᠎ᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ | ᠵᠣᠬᠢᠴᠠᠭᠤᠯᠤᠨ᠎ᠠ᠃ ᠬᠠᠮᠢᠶ᠎ᠠ ᠪᠦᠬᠦᠢ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠭᠡᠷᠡᠴᠢᠯᠡᠭᠡ ᠰᠣᠨᠣᠰᠬᠤ᠂ | ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ᠂ ᠭᠠᠳᠠᠭᠠᠳᠤ ᠳᠤ ᠬᠤᠯᠪᠣᠭᠳᠠᠬᠤ | ᠬᠠᠤᠯᠢ ᠴᠠᠭᠠᠵᠠ ᠶᠢᠨ ᠬᠡᠷᠡᠭ ᠶᠠᠪᠤᠳᠠᠯ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠡᠷᠭᠡ ᠠᠵᠢᠯ ᠢ ᠡᠭᠦᠷᠭᠡᠯᠡᠨ᠎ᠡ᠃ | (ᠬᠤᠶᠠᠷ )ᠡᠳ᠋ ᠤᠨ ᠶᠠᠪᠤᠳᠠᠯ ᠤᠨ ᠬᠢᠨᠠᠨ ᠪᠤᠳᠤᠬᠤ ᠰᠠᠯᠠᠭ᠎ᠠ᠃ ᠰᠠᠯᠠᠭ᠎ᠠ ᠮᠥᠴᠢᠷ ᠤᠨ ᠲᠥᠰᠦᠪ | ᠪᠣᠯᠤᠨ ᠬᠠᠮᠢᠶ᠎ᠠ ᠪᠦᠬᠦᠢ ᠡᠳ᠋ ᠤᠨ ᠵᠠᠰᠠᠭ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠪᠠᠶᠢᠭᠤᠯᠣᠯᠭ᠎ᠠ ᠶᠢᠨ ᠡᠳ᠋ ᠤᠨ ᠶᠠᠪᠤᠳᠠᠯ᠂ ᠡᠳ᠋ ᠬᠥᠷᠥᠩᠭᠡ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠪᠠᠶᠢᠭᠤᠯᠤᠯᠭ᠎ᠠ | ᠵᠢᠴᠢ ᠬᠠᠷᠢᠶ᠎ᠠ ᠨᠢᠭᠡᠴᠡ ᠶᠢᠨ ᠢᠶᠠᠨ ᠳᠣᠲᠣᠭᠠᠳᠤ ᠶᠢᠨ ᠬᠢᠨᠠᠨ ᠪᠣᠳᠣᠯᠳᠠ᠂ ᠵᠠᠰᠠᠭ ᠤᠨ ᠣᠷᠳᠣᠨ ᠤ ᠬᠤᠳᠠᠯᠳᠤᠨ | ᠠᠪᠬᠤ ᠠᠵᠢᠯ ᠢ ᠬᠠᠷᠢᠭᠤᠴᠠᠨ᠎ᠠ᠃ ᠬᠠᠷᠢᠶ᠎ᠠ ᠨᠢᠭᠡᠴᠡ ᠶᠢᠨ ᠢᠶᠠᠨ ᠡᠳ᠋ ᠤᠨ ᠶᠠᠪᠤᠳᠠᠯ᠂ ᠡᠳ᠋ ᠬᠥᠷᠥᠩᠭᠡ ᠶᠢᠨ | ᠬᠠᠮᠢᠶᠠᠷᠤᠯᠲᠠ ᠶᠢ ᠵᠢᠯᠣᠭᠤᠳᠴᠤ᠂ ᠬᠢᠨᠠᠯᠲᠠ ᠲᠠᠯᠪᠢᠨ᠎ᠠ᠃ ᠪᠦᠬᠦ ᠠᠶᠢᠮᠠᠭ ᠤᠨ ᠰᠣᠶᠣᠯ᠂ ᠲᠡᠤᠬᠡ ᠶᠢᠨ | ᠳᠤᠷᠠᠰᠬᠠᠯᠲᠤ ᠵᠦᠢᠯ᠂ ᠵᠢᠭᠤᠯᠴᠢᠯᠠᠯ ᠪᠠ ᠷᠠᠳᠢᠣ᠋ ᠲᠧᠯᠸᠢᠰ ᠤᠨ ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠨ᠎ᠠ᠃ | ᠪᠦᠬᠦ ᠠᠶᠢᠮᠠᠭ ᠤᠨ ᠭᠤᠣᠯᠳᠠᠯᠭ᠎ᠠ ᠵᠢᠴᠢ ᠦᠨᠳᠦᠰᠦᠨ ᠱᠠᠲᠤᠨ ᠤ ᠰᠣᠶᠣᠯ᠂ ᠵᠢᠭᠤᠯᠴᠢᠯᠠᠯ ᠪᠠ ᠷᠠᠳᠢᠣ᠋ ᠲᠧᠯᠸᠢᠰ ᠤᠨ | ᠳᠣᠨᠤᠭ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃ | (ᠭᠤᠷᠪᠠ)ᠣᠯᠠᠨ ᠨᠡᠶᠢᠲᠡ ᠶᠢᠨ ᠦᠢᠯᠡᠴᠢᠯᠡᠬᠡᠨ ᠤ ᠰᠠᠯᠠᠭ᠎ᠠ᠃ ᠰᠣᠶᠣᠯ ᠪᠠ ᠵᠢᠭᠤᠯᠴᠢᠯᠠᠯ ᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠵᠢᠴᠢ ᠣᠯᠠᠨ ᠨᠡᠶᠢᠲᠡ ᠶᠢᠨ ᠰᠣᠶᠣᠯ ᠤᠨ ᠦᠢᠯᠡᠰ ᠤᠨ | ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠪᠦᠬᠦ ᠠᠶᠢᠮᠠᠭ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ᠂ ᠵᠢᠭᠤᠯᠴᠢᠯᠠᠯ ᠤᠨ ᠣᠯᠠᠨ | ᠨᠡᠶᠢᠲᠡ ᠶᠢᠨ ᠦᠢᠯᠡᠴᠢᠯᠡᠭᠡ ᠶᠢ ᠵᠢᠯᠣᠭᠤᠳᠬᠤ᠂ ᠵᠣᠬᠢᠴᠠᠭᠤᠯᠬᠤ ᠪᠠ ᠠᠬᠢᠭᠤᠯᠬᠤ ᠠᠵᠢᠯ ᠢ ᠡᠭᠦᠷᠭᠡᠯᠡᠨ᠎ᠡ᠃ ᠪᠦᠬᠦ | ᠠᠶᠢᠮᠠᠭ ᠤᠨ ᠰᠣᠶᠣᠯ᠂ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠷᠢᠮᠵᠢᠶ᠎ᠠ ᠶᠢ ᠲᠤᠭᠤᠷᠪᠢᠨ | ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠣᠳᠣᠷᠢᠳᠣᠮᠵᠢ ᠶᠢᠨ ᠴᠢᠨᠠᠷᠳᠠᠢ᠂ ᠵᠢᠱᠢᠶ᠎ᠡ | ᠦᠵᠡᠭᠦᠯᠬᠦ ᠴᠢᠨᠠᠷᠲᠠᠶ ᠰᠣᠶᠣᠯ᠂ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠬᠡᠨ ᠤ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠦᠨ᠎ᠡ᠃ ᠣᠯᠠᠨ ᠲᠦᠮᠡᠨ ᠤ ᠰᠣᠶᠣᠯ᠂ ᠴᠥᠭᠡᠨ ᠲᠣᠭᠠᠲᠤ ᠦᠨᠳᠦᠰᠦᠲᠡᠨ ᠤ ᠰᠣᠶᠣᠯ᠂ | ᠨᠠᠰᠤᠨ ᠳᠤ ᠦᠯᠦ ᠬᠦᠷᠦᠭᠰᠡᠳ ᠤᠨ ᠰᠣᠶᠣᠯ ᠪᠣᠯᠤᠨ ᠨᠠᠰᠤᠲᠠᠶᠢᠴᠤᠳ ᠤᠨ ᠰᠣᠶᠣᠯ ᠤᠨ ᠠᠵᠢᠯ ᠢ ᠵᠢᠯᠣᠭᠤᠳᠤᠨ᠎ᠠ᠃ | ᠨᠣᠮ ᠤᠨ ᠰᠠᠩ᠂ ᠰᠣᠶᠣᠯ ᠤᠨ ᠣᠷᠳᠣᠨ ︵ᠥᠷᠲᠡᠭᠡ︶᠂ ᠦᠵᠡᠰᠬᠦᠯᠡᠩ ᠤᠨ ᠣᠷᠳᠣᠨ ᠤ ᠠᠵᠢᠯ ᠪᠣᠯᠤᠨ | ᠦᠨᠳᠦᠰᠦᠨ ᠱᠠᠲᠤᠨ ᠤ ᠶᠡᠷᠦᠩᠬᠡᠶᠢᠯᠡᠭᠰᠡᠨ ᠴᠢᠨᠠᠷᠲᠠᠶ ᠰᠣᠶᠣᠯ ᠤᠨ ᠦᠢᠯᠡᠴᠢᠯᠡᠬᠡᠨ ᠤ ᠲᠥᠪ ᠤᠨ ᠪᠠᠶᠢᠭᠤᠯᠤᠯᠲᠠ ᠶᠢ | ᠵᠢᠯᠣᠭᠤᠳᠤᠨ᠎ᠠ᠃ ᠣᠯᠠᠨ ᠨᠡᠶᠢᠲᠡ ᠵᠢᠨᠲ᠋ᠣᠭᠠᠴᠢᠯᠠᠭᠰᠠᠨ ᠰᠣᠶᠣᠯ ᠪᠠ ᠳᠡᠣᠬᠡᠨ ᠰᠣᠷᠪᠣᠯᠵᠢ ᠪᠢᠴᠢᠭ ᠢ ᠬᠠᠮᠠᠭᠠᠯᠠᠬᠤ | ᠠᠵᠢᠯ ᠢ ᠵᠢᠯᠣᠭᠤᠳᠤᠨ᠎ᠠ᠃ ᠠᠷᠠᠳ ᠤᠨ ᠤᠷᠠᠯᠢᠭ ᠤᠨ ᠦᠯᠦᠬᠡᠢ ᠪᠣᠯᠤᠨ ᠰᠣᠶᠣᠯ ᠤᠨ ᠰᠠᠶᠢᠨ ᠳᠤᠷ᠎ᠠ ᠶᠢᠨ | ᠦᠢᠯᠡᠴᠢᠯᠡᠬᠡᠨ ᠤ ᠡᠩᠨᠡᠭᠡᠨ ᠤ ᠪᠠᠶᠢᠭᠤᠯᠤᠯᠲᠠ ᠶᠢ ᠵᠢᠯᠣᠭᠤᠳᠤᠨ᠎ᠠ᠃ | (ᠳᠦᠷᠪᠡ) ᠤᠷᠠᠯᠢᠭ ᠤᠨ ᠰᠠᠯᠠᠭ᠎ᠠ᠃ ᠳᠠᠭᠤᠤ ᠬᠥᠭᠵᠢᠮ᠂ ᠪᠥᠵᠢᠭ᠂ ᠳᠠᠭᠤᠣᠷᠢ᠂ ᠰᠢ ᠵᠦᠴᠦᠭᠡ᠂ | ᠤᠷᠠᠨ ᠵᠢᠷᠤᠭ ᠵᠡᠷᠭᠡ ᠤᠳᠬ᠎ᠠ ᠤᠷᠠᠯᠢᠭ ᠤᠨ ᠦᠢᠯᠡᠰ ᠪᠠ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ | ᠳᠦᠯᠦᠪᠵᠢᠬᠦᠯᠬᠡ᠂ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠠᠶᠢᠮᠠᠭ ᠤᠨ ᠤᠷᠠᠯᠢᠭ ᠤᠨ ᠵᠣᠬᠢᠶᠠᠨ ᠪᠦᠲᠦᠭᠡᠯᠭᠡ ᠶᠢ | ᠵᠢᠯᠣᠭᠤᠳᠤᠨ᠂ ᠭᠤᠣᠯ ᠰᠡᠳᠦᠪᠲᠦ ᠤᠷᠠᠯᠢᠭ ᠤᠨ ᠵᠣᠬᠢᠶᠠᠨ ᠪᠦᠲᠦᠭᠡᠯᠭᠡ ᠶᠢᠨ ᠲᠥᠷᠥᠯ ᠵᠦᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠢᠯᠡᠷᠡᠭᠦᠯᠦᠭᠰᠡᠨ᠂ | ᠣᠳᠣᠷᠢᠳᠣᠮᠵᠢ ᠶᠢᠨ ᠴᠢᠨᠠᠷᠳᠠᠢ ᠲᠥᠯᠥᠭᠡᠯᠡᠬᠦ ᠴᠢᠨᠠᠷᠲᠠᠢ ᠵᠢᠱᠢᠶ᠎ᠡ ᠦᠵᠡᠭᠦᠯᠬᠦ ᠴᠢᠨᠠᠷᠲᠠᠢ ᠤᠳᠬ᠎ᠠ ᠤᠷᠠᠯᠢᠭ ᠤᠨ | ᠪᠦᠲᠦᠭᠡᠯ ᠢ ᠲᠡᠳᠬᠦᠨ ᠳᠠᠮᠵᠢᠨ᠎ᠠ᠃ ᠬᠠᠷᠢᠶ᠎ᠠ ᠪᠦᠬᠦᠢ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ︵ | ᠤᠯᠠᠭᠠᠨᠮᠥ᠋ᠴᠢᠷ︶ ᠤᠨ ᠲᠤᠬᠠᠶᠢᠯᠠᠭᠰᠠᠨ ᠠᠵᠢᠯ ᠤᠨ ᠪᠠᠶᠢᠭᠤᠯᠤᠯᠲᠠ ᠪᠠ ᠳᠣᠲᠣᠭᠠᠳᠤ ᠶᠢᠨ ᠬᠠᠮᠢᠶᠠᠷᠤᠯᠲᠠ ᠶᠢ | ᠵᠢᠯᠣᠭᠤᠳᠤᠨ᠎ᠠ᠃ ᠪᠦᠬᠦ ᠠᠶᠢᠮᠠᠭ ᠤᠨ ᠴᠢᠨᠠᠷᠲᠠᠶ ᠤᠷᠠᠯᠢᠭ ᠤᠨ ᠳᠣᠭᠯᠠᠯᠳᠠ᠂ ᠦᠵᠡᠭᠦᠯᠦᠯᠭᠡ ᠵᠢᠴᠢ ᠴᠢᠬᠤᠯᠠ ᠶᠡᠭᠡ | ᠤᠳᠬ᠎ᠠ ᠤᠷᠠᠯᠢᠭ ᠤᠨ ᠠᠵᠢᠯᠯᠠᠭ᠎ᠠ ᠶᠢ ᠵᠢᠯᠣᠭᠤᠳᠤᠨ ᠵᠣᠬᠢᠴᠠᠭᠤᠯᠤᠨ᠎ᠠ᠃ ᠪᠦᠬᠦ ᠠᠶᠢᠮᠠᠭ ᠤᠨ ᠴᠢᠬᠤᠯᠠ ᠶᠡᠭᠡ | ᠰᠣᠶᠣᠯ ᠪᠠ ᠵᠢᠭᠤᠯᠴᠢᠯᠠᠯ ᠤᠨ ᠪᠠᠶᠠᠷ ᠳᠤᠷᠠᠰᠬᠠᠯ ᠤᠨ ᠠᠵᠢᠯᠯᠠᠭ᠎ᠠ ᠶᠢ ᠲᠣᠭᠲᠠᠭᠠᠯ ᠶᠣᠰᠣᠭᠠᠷ ᠳᠠᠭᠠᠭᠠᠴᠢᠯᠠᠨ | ᠭᠦᠢᠴᠡᠳᠬᠡᠨ᠎ᠡ᠃ | (ᠲᠠᠪᠤ )ᠤᠬᠠᠭᠤᠯᠬᠤ ᠰᠠᠯᠠᠭ᠎ᠠ᠃ ᠵᠠᠰᠠᠭ ᠤᠨ ᠣᠷᠳᠣᠨ᠂ ᠠᠷᠠᠳ ᠤᠨ ᠳᠤᠮᠳᠠᠬᠢ ᠵᠢᠴᠢ ᠣᠯᠠᠨ | ᠤᠯᠤᠰ ᠤᠨ ᠵᠣᠬᠢᠶᠠᠨ ᠪᠠᠶᠢᠭᠤᠯᠤᠯᠲᠠ ᠶᠢᠨ ᠰᠣᠶᠣᠯ ᠪᠠ ᠵᠢᠭᠤᠯᠴᠢᠯᠠᠯ ᠤᠨ ᠬᠦᠷᠢᠶᠡᠨ ᠳᠠᠬᠢ ᠰᠣᠯᠢᠯᠴᠠᠭ᠎ᠠ | ᠬᠠᠮᠲᠤᠷᠠᠯᠴᠠᠭ᠎ᠠ ᠶᠢᠨ ᠬᠠᠮᠢᠶ᠎ᠠ ᠪᠦᠬᠦᠢ ᠬᠡᠷᠡᠭ ᠶᠠᠪᠤᠳᠠᠯ ᠢ ᠡᠭᠦᠷᠭᠡᠯᠡᠨ᠎ᠡ᠃ ᠰᠣᠨᠢᠨ᠂ ᠷᠠᠳᠢᠣ᠋ ᠲᠧᠯᠸᠢᠰ᠂ ᠸᠢᠴᠠᠲ᠂ | ᠪᠢᠴᠢᠯ ᠪᠦᠷᠭᠡ ︵ᠰᠦᠯᠵᠢᠶ᠎ᠡ︶ ᠵᠡᠷᠭᠡ ᠤᠯᠠᠮᠵᠢᠯᠠᠯᠲᠤ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ ᠤᠨ ᠲᠠᠪᠴᠠᠩ ᠢ | ᠬᠦᠢᠴᠡᠳ ᠠᠰᠢᠭᠯᠠᠠ᠂ ᠤᠯᠤᠰ ᠤᠨ ᠳᠣᠲᠣᠭᠠᠳᠤ ᠶᠢᠨ ᠰᠣᠶᠣᠯ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ | ᠤᠬᠠᠭᠤᠯᠤᠨ ᠳᠡᠯᠭᠡᠷᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠰᠣᠶᠣᠯ ᠪᠠ ᠵᠢᠭᠤᠯᠴᠢᠯᠠᠯ ᠤᠨ | ᠭᠠᠳᠠᠭᠠᠳᠤ ᠯᠤᠭ᠎ᠠ ᠵᠢᠴᠢ ᠰᠢᠶᠠᠩᠭᠠᠩ ᠣᠣᠮᠧᠨ ᠳᠠᠶᠢᠸᠠᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢᠨ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ ᠰᠣᠶᠣᠯ ᠪᠠ ᠵᠢᠭᠤᠯᠴᠢᠯᠠᠯ ᠤᠨ | ᠭᠠᠳᠠᠭᠠᠳᠤ ᠯᠤᠭ᠎ᠠ ᠵᠢᠴᠢ ᠰᠢᠶᠠᠩᠭᠠᠩ ᠣᠣᠮᠧᠨ ᠳᠠᠶᠢᠸᠠᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢᠨ ᠠᠵᠢᠯ ᠢ | ᠵᠢᠯᠣᠭᠤᠳᠤᠨ ᠬᠠᠮᠢᠶᠠᠷᠤᠨ᠎ᠠ᠃ ᠲᠣᠮᠣ ᠬᠡᠯᠪᠡᠷᠢ ᠶᠢᠨ ᠰᠣᠶᠣᠯ ᠪᠠ ᠵᠢᠭᠤᠯᠴᠢᠯᠠᠯ ᠢ ᠭᠠᠳᠠᠭᠠᠳᠤ ᠵᠢᠴᠢ ᠰᠢᠶᠠᠩᠭᠠᠩ | ᠣᠣᠮᠧᠨ ᠳᠠᠶᠢᠸᠠᠨ ᠲᠠᠢ ᠰᠣᠯᠢᠯᠴᠠᠬᠤ᠂ ᠤᠬᠠᠭᠤᠯᠬᠤ ᠪᠠ ᠳᠡᠯᠭᠡᠷᠡᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃ | ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠰᠣᠶᠣᠯ ᠪᠠ ᠵᠢᠭᠤᠯᠴᠢᠯᠠᠯ ᠤᠨ ᠳᠣᠮᠳᠠᠳᠣ ᠭᠠᠳᠠᠭᠠᠳᠣ ᠶᠢᠨ | ᠬᠠᠮᠳᠣᠷᠠᠯᠴᠠᠭ᠎ᠠ ᠵᠢᠴᠢ ᠪᠤᠰᠤᠳ ᠬᠤᠷᠰᠢᠬᠤ ᠪᠢᠴᠢᠭ ᠮᠠᠲ᠋ᠧᠷᠢᠶᠠᠯ ᠢ ᠵᠦᠪᠳᠡᠨ ᠲᠣᠭᠲᠠᠬᠤ ᠠᠵᠢᠯ ᠢ ᠳᠠᠭᠠᠭᠠᠴᠢᠯᠠᠨ | ᠬᠦᠢᠴᠡᠳᠬᠡᠨ᠎ᠡ᠃ ᠪᠥᠬᠦ ᠠᠶᠢᠮᠠᠭ ᠤᠨ ᠴᠢᠨᠠᠷᠲᠠᠶ ᠷᠠᠳᠢᠣ᠋ ᠲᠧᠯᠸᠢᠰ ᠤᠨ ᠭᠤᠤᠯ ᠰᠡᠳᠦᠪᠲᠦ ᠤᠬᠠᠭᠤᠯᠭ᠎ᠠ᠂ ᠲᠤᠰᠬᠠᠶ | ᠰᠡᠳᠦᠪᠲᠦ ᠤᠬᠠᠭᠤᠯᠭ᠎ᠠ ᠪᠠ ᠴᠢᠬᠤᠯᠠ ᠶᠡᠭᠡ ᠤᠬᠠᠭᠤᠯᠭ᠎ᠠ ᠶᠢᠨ ᠠᠵᠢᠯᠯᠠᠭ᠎ᠠ ᠵᠢᠴᠢ ᠬᠦᠨᠳᠦ ᠶᠡᠭᠡ ᠭᠡᠨᠡᠳᠲᠡ ᠶᠢᠨ | ᠬᠡᠷᠡᠭ ᠢ ᠮᠡᠳᠡᠭᠡᠯᠡᠬᠦ ᠪᠠ ᠪᠠᠴᠢᠮ ᠪᠠᠶᠢᠳᠠᠯ ᠢ ᠠᠷᠭᠠᠴᠠᠭᠠᠨ ᠨᠡᠪᠲᠡᠷᠡᠭᠦᠯᠬᠦ ᠶᠢ ᠵᠢᠯᠣᠭᠤᠳᠤᠨ ᠵᠣᠬᠢᠴᠠᠭᠤᠯᠤᠨ᠎ᠠ᠃ ᠪᠦᠬᠦ | ᠠᠶᠢᠮᠠᠭ ᠤᠨ ᠷᠠᠳᠢᠣ᠋ ᠲᠧᠯᠸᠢᠰ ᠤᠨ ᠫᠷᠣᠭ᠍ᠷᠠᠮ ᠢ ᠵᠣᠬᠢᠶᠠᠨ ᠪᠦᠲᠦᠭᠡᠵᠦ ᠪᠣᠯᠪᠠᠰᠣᠷᠠᠭᠤᠯᠬᠤ ᠶᠢ ᠵᠢᠯᠣᠭᠤᠳᠴᠤ᠂ ᠪᠦᠬᠦ | ᠠᠶᠢᠮᠠᠭ ᠤᠨ ᠷᠠᠳᠢᠣ᠋ ᠲᠧᠯᠸᠢᠰ ᠤᠨ ᠫᠷᠣᠭ᠍ᠷᠠᠮ ᠤᠨ ᠠᠭᠤᠯᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | ᠪᠦᠬᠦ ᠠᠶᠢᠮᠠᠭ ᠤᠨ ᠴᠢᠬᠤᠯᠠ ᠶᠡᠭᠡ ᠤᠨᠤᠯ ᠤᠨ ᠹᠢᠯᠢᠮ᠂ ᠪᠠᠷᠢᠮᠲᠠᠲᠤ ᠹᠢᠯᠢᠮ᠂ ᠲᠧᠯᠸᠢᠰ ᠺᠠᠷᠲ᠋ᠣᠨ ᠺᠢᠨᠣ᠋ ᠶᠢ | ᠵᠣᠬᠢᠶᠠᠨ ᠪᠦᠲᠦᠭᠡᠬᠦ ᠦᠢᠯᠡᠳᠪᠦᠷᠢᠯᠡᠬᠦ ᠪᠠ ᠨᠡᠪᠲᠡᠷᠡᠭᠦᠯᠬᠦ ᠶᠢ ᠵᠢᠯᠣᠭᠤᠳᠤᠨ ᠬᠢᠨᠠᠨ ᠬᠠᠮᠢᠶᠠᠷᠤᠨ᠎ᠠ᠃ ᠪᠦᠬᠦ | ᠠᠶᠢᠮᠠᠭ ᠤᠨ ᠷᠠᠳᠢᠣ᠋ ᠲᠧᠯᠸᠢᠰ ᠤᠨ ᠨᠡᠪᠲᠡᠷᠡᠭᠦᠯᠭᠡ ᠶᠢᠨ ᠠᠭᠤᠯᠭ᠎ᠠ ᠶᠢᠨ ᠵᠥᠪ ᠣᠨᠣᠪᠴᠢᠲᠠᠢ ᠤᠳᠤᠷᠢᠳᠤᠮᠵᠢ ᠪᠠ | ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠬᠢᠨᠠᠨ ᠬᠠᠮᠢᠶᠠᠷᠤᠨ᠎ᠠ᠃ ᠲᠣᠰ ᠰᠠᠯᠠᠭ᠎ᠠ ᠮᠥᠴᠢᠷ ᠤᠨ ᠢᠶᠠᠨ | ᠰᠣᠨᠢᠨ ᠮᠡᠳᠡᠭᠡ ᠤᠬᠠᠭᠤᠯᠭ᠎ᠠ᠂ ᠰᠣᠨᠢᠨ ᠮᠡᠳᠡᠭᠡ ᠨᠡᠶᠢᠲᠡᠯᠡᠬᠦ ᠠᠵᠢᠯ ᠢ ᠬᠠᠷᠢᠭᠤᠴᠠᠨ᠎ᠠ᠃ | (ᠵᠢᠷᠭᠤᠭ᠎ᠠ) ᠰᠣᠶᠣᠯ ᠤᠨ ᠥᠪ ᠤᠨ ᠰᠠᠯᠠᠭ᠎ᠠ᠃ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ | ᠲᠥᠷᠦ ᠶᠢᠨ ᠪᠣᠳᠣᠯᠭ᠎ᠠ ᠪᠠ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ | ᠬᠡᠷᠡᠭᠵᠢᠭᠦᠯᠦᠨ᠎ᠡ᠃ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠪᠣᠳᠠᠰ ᠤᠨ ᠪᠤᠰᠤ ᠰᠣᠶᠣᠯ ᠤᠨ | ᠥᠪ ᠤᠨ ᠪᠠᠶᠢᠴᠠᠭᠠᠯᠲᠠ ᠬᠢᠬᠦ᠂ ᠲᠡᠮᠳᠡᠭᠯᠡᠬᠦ᠂ ᠮᠡᠳᠡᠭᠦᠯᠬᠦ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠪᠣᠳᠠᠰ ᠤᠨ | ᠪᠤᠰᠤ ᠰᠣᠶᠣᠯ ᠤᠨ ᠥᠪ ᠤᠨ ᠳᠠᠩᠰᠠ ᠡᠪᠬᠡᠮᠡᠯ ᠵᠢᠴᠢ ᠬᠠᠮᠢᠶ᠎ᠠ ᠪᠦᠬᠦᠢ ᠳ᠋ᠠᠶᠢᠲ᠋ᠠ ᠬᠥᠮᠥᠷᠭᠡ ᠶᠢᠨ ᠪᠠᠶᠢᠭᠤᠯᠤᠯᠲᠠ ᠶᠢ | ᠬᠠᠮᠵᠢᠯᠴᠠᠨ ᠠᠬᠢᠭᠤᠯᠤᠨ᠎ᠠ᠃ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠤ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠦᠨ ᠮᠠᠨᠳᠤᠭᠤᠯᠬᠤ | ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠣᠳᠠᠰ ᠤᠨ ᠪᠤᠰᠤ ᠰᠣᠶᠣᠯ ᠤᠨ ᠥᠪ ᠢ ᠰᠤᠳᠤᠯᠬᠤ᠂ | ᠤᠬᠠᠭᠤᠯᠬᠤ ᠪᠠ ᠤᠯᠠᠮᠵᠢᠯᠠᠬᠤ ᠠᠵᠢᠯ ᠢ ᠵᠣᠬᠢᠶᠠᠨ ᠪᠠᠶᠢᠭᠤᠯᠤᠨ᠎ᠠ᠃ ᠪᠦᠬᠦ ᠠᠶᠢᠮᠠᠭ ᠤᠨ ᠲᠡᠤᠬᠡ ᠶᠢᠨ ᠳᠤᠷᠠᠰᠬᠠᠯᠲᠤ | ᠵᠦᠢᠯ ᠤᠨ ᠡᠬᠢ ᠪᠠᠶᠠᠯᠢᠭ ᠡᠳ᠋ ᠬᠥᠷᠥᠩᠭᠡ ᠶᠢᠨ ᠮᠡᠳᠡᠭᠡ ᠵᠠᠩᠬᠢᠴᠢᠯᠠᠯᠳᠠ ᠶᠢᠨ ᠬᠠᠮᠢᠶᠠᠷᠤᠯᠲᠠ ᠶᠢᠨ ᠲᠠᠪᠴᠠᠩ ᠤᠨ | ᠪᠠᠶᠢᠭᠤᠯᠤᠯᠲᠠ ᠶᠢ ᠬᠠᠷᠢᠭᠤᠴᠠᠨ᠎ᠠ᠃ ᠲᠡᠤᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠪᠠ ᠬᠡᠷᠡᠭ ᠢ ᠪᠠᠶᠢᠴᠠᠭᠠᠨ ᠰᠢᠢᠳᠪᠦᠷᠢᠯᠡᠬᠦ ᠬᠤᠯᠪᠣᠭᠳᠠᠯ ᠪᠦᠬᠦᠢ ᠲᠣᠭᠲᠠᠭᠠᠯ ᠢ ᠬᠢᠨᠠᠯᠲᠠ ᠲᠠᠯᠪᠢᠨ | ᠬᠡᠷᠡᠭᠵᠢᠭᠦᠯᠦᠨ᠎ᠡ᠃ ᠪᠥᠬᠦ ᠠᠶᠢᠮᠠᠭ ᠤᠨ ᠲᠡᠤᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ᠂ ᠲᠡᠤᠬᠡ ᠶᠢᠨ ᠳᠤᠷᠠᠰᠬᠠᠯᠲᠤ ᠵᠦᠢᠯ ᠪᠠ ᠮᠦᠽᠧᠶ ᠶᠢᠨ ᠠᠮᠤᠷ ᠲᠦᠪᠰᠢᠨ ᠤ ᠠᠵᠢᠯ ᠢ ᠰᠢᠮᠳᠠᠭᠤᠯᠤᠨ | ᠪᠠᠶᠢᠴᠠᠭᠠᠵᠤ ᠰᠢᠮᠳᠠᠭᠤᠯᠤᠨ ᠬᠦᠢᠴᠡᠳᠬᠡᠬᠦᠯᠬᠦ ᠶᠢ ᠬᠠᠷᠢᠭᠤᠴᠠᠵᠤ᠂ ᠬᠡᠷᠡᠭ ᠲᠤ ᠬᠤᠯᠪᠣᠭᠳᠠᠭᠰᠠᠨ ᠲᠡᠤᠬᠡ ᠶᠢᠨ | ᠳᠤᠷᠠᠰᠬᠠᠯᠲᠤ ᠵᠦᠢᠯ ᠤᠨ ᠬᠢᠨᠠᠨ ᠲᠣᠭᠲᠠᠭᠠᠵᠤ ᠦᠨᠡᠯᠡᠨ ᠵᠢᠱᠢᠬᠦ ᠬᠤᠯᠪᠣᠭᠳᠠᠯ ᠪᠦᠬᠦᠢ ᠠᠵᠢᠯ ᠢ ᠲᠣᠭᠲᠠᠭᠠᠯ | ᠶᠣᠰᠣᠭᠠᠷ ᠵᠢᠯᠣᠭᠤᠳᠴᠤ ᠬᠢᠨᠠᠨ ᠬᠠᠮᠢᠶᠠᠷᠤᠨ᠎ᠠ᠃ ᠪᠦᠬᠦ ᠠᠶᠢᠮᠠᠭ ᠤᠨ ᠴᠢᠨᠠᠷᠲᠠᠢ ᠲᠡᠤᠬᠡ ᠶᠢᠨ ᠳᠤᠷᠠᠰᠬᠠᠯᠲᠤ | ᠵᠦᠢᠯ ᠤᠨ ᠬᠦᠨᠳᠦ ᠶᠡᠭᠡ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠪᠠ ᠰᠢᠮᠳᠠᠭᠤᠯᠣᠨ | ᠬᠦᠢᠴᠡᠳᠭᠡᠬᠦᠯᠬᠦ ᠶᠢ ᠵᠣᠬᠢᠶᠠᠨ ᠪᠠᠶᠢᠭᠤᠯᠣᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ | ᠲᠡᠤᠬᠡ ᠶᠢᠨ ᠳᠤᠷᠠᠰᠬᠠᠯᠲᠤ ᠵᠦᠢᠯ ᠤᠨ ᠶᠠᠯᠠᠲᠤ ᠠᠵᠢᠯᠯᠠᠭ᠎ᠠ ᠳᠤ ᠴᠣᠬᠢᠯᠲᠠ ᠦᠭᠭᠦᠨ᠎ᠡ᠃ ᠪᠦᠬᠦ ᠠᠶᠢᠮᠠᠭ ᠤᠨ | ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ | ᠲᠤᠭᠤᠷᠪᠢᠨ ᠲᠣᠭᠲᠠᠭᠠᠵᠤ᠂ ᠴᠢᠬᠤᠯᠠ ᠶᠡᠭᠡ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠪᠣᠯᠤᠨ | ᠬᠠᠭᠤᠴᠢ ᠰᠣᠳᠣᠯᠣᠯ ᠤᠨ ᠲᠥᠷᠥᠯ ᠵᠦᠢᠯ ᠤᠨ ᠬᠡᠷᠡᠭᠵᠢᠭᠦᠯᠦᠯᠲᠡ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ | ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠬᠠᠮᠢᠶ᠎ᠠ ᠪᠦᠬᠦᠢ ᠬᠢᠷᠢ ᠬᠡᠮ ᠢ ᠬᠢᠨᠠᠨ ᠬᠠᠷᠭᠤᠭᠤᠯᠵᠤ | ᠮᠡᠳᠡᠭᠦᠯᠬᠦ ᠶᠢ ᠬᠠᠷᠢᠭᠤᠴᠠᠨ᠎ᠠ᠃ ᠳᠡᠯᠡᠬᠡᠶ ᠶᠢᠨ ᠰᠣᠶᠣᠯ ᠤᠨ ᠥᠪ ᠪᠣᠯᠤᠨ ᠪᠦᠬᠦ ᠤᠯᠤᠰ ᠤᠨ ᠭᠤᠤᠯᠳᠠᠯᠭ᠎ᠠ ᠲᠠᠢ | ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠳᠠ ᠶᠢᠨ ᠨᠢᠭᠡᠴᠡ ᠶᠢ ᠮᠡᠳᠡᠭᠦᠯᠬᠦ ᠠᠵᠢᠯ ᠢ ᠬᠠᠷᠢᠭᠤᠴᠠᠵᠤ᠂ | ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠳᠠ ᠶᠢᠨ | ᠨᠢᠭᠡᠴᠡ ᠶᠢ ᠠᠩᠬ᠎ᠠ ᠬᠢᠨᠠᠬᠤ᠂ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠦᠬᠦ ᠠᠶᠢᠮᠠᠭ ᠤᠨ | ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠲᠥᠷᠥᠯ ᠵᠦᠢᠯ ᠢ ᠬᠢᠨᠠᠨ ᠬᠠᠷᠭᠤᠭᠤᠯᠬᠤ᠂ ᠭᠤᠶᠤᠴᠢᠯᠠᠨ | ᠮᠡᠳᠡᠭᠦᠯᠬᠦ ᠠᠵᠢᠯ ᠢ ᠬᠠᠷᠢᠭᠤᠴᠠᠨ᠎ᠠ᠃ ᠬᠤᠪᠢᠰᠬᠠᠯᠳᠦ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠵᠤ | ᠠᠰᠢᠭᠯᠠᠬᠤ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠪᠦᠬᠦ ᠠᠶᠢᠮᠠᠭ ᠤᠨ | ᠮᠦᠽᠧᠶ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠳᠣᠭᠤᠷᠪᠢᠨ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠮᠦᠽᠸᠢ ᠳᠤ ᠬᠠᠳᠠᠭᠠᠯᠠᠵᠦ ᠪᠦᠬᠦᠢ ᠲᠡᠤᠬᠡ ᠶᠢᠨ ᠳᠤᠷᠠᠰᠬᠠᠯᠲᠤ ᠵᠦᠢᠯ ᠢ | ᠨᠡᠶᠢᠳᠡᠮ ᠪᠠᠶᠢᠴᠠᠭᠠᠬᠤ᠂ ᠬᠢᠨᠠᠨ ᠲᠣᠭᠲᠠᠭᠠᠬᠤ ᠪᠠ ᠳᠡᠰ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ | ᠥᠪᠡᠷᠲᠡᠭᠡᠨ ᠵᠠᠰᠠᠬᠤ ᠣᠷᠣᠨ ᠢ ᠬᠠᠮᠵᠢᠨ ᠲᠡᠤᠬᠡ ᠶᠢᠨ ᠳᠤᠷᠠᠰᠬᠠᠯᠲᠤ ᠵᠦᠢᠯ ᠢ ᠬᠢᠯᠢ ᠪᠠᠷ ᠣᠷᠣᠭᠤᠯᠵᠤ ᠭᠠᠷᠭᠠᠬᠤ | ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠨ᠎ᠡ᠃ ᠰᠢᠯᠵᠢᠭᠦᠯᠵᠦ ᠪᠣᠯᠬᠤ ᠲᠡᠤᠬᠡ ᠶᠢᠨ | ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠮᠡᠷᠭᠡᠵᠢᠯ ᠤᠨ ᠬᠢᠷᠢ ᠬᠡᠮ ᠢ ᠬᠢᠨᠠᠨ ᠬᠠᠷᠭᠤᠭᠤᠯᠵᠤ ᠭᠤᠶᠤᠴᠢᠯᠠᠨ | ᠮᠡᠳᠡᠭᠦᠯᠬᠦ᠂ ᠮᠦᠽᠸᠢ ᠳᠤ ᠬᠠᠳᠠᠭᠠᠯᠠᠵᠦ ᠪᠦᠬᠦᠢ ᠲᠡᠤᠬᠡ ᠶᠢᠨ ᠳᠤᠷᠠᠰᠬᠠᠯᠲᠤ ᠵᠦᠢᠯ ᠢ ᠤᠷᠢᠳᠴᠢᠯᠠᠨ ᠰᠡᠷᠭᠡᠶᠢᠯᠡᠵᠦ | ᠬᠠᠮᠠᠭᠠᠯᠠᠬᠤ ᠪᠠ ᠵᠠᠰᠠᠨ ᠰᠡᠷᠭᠦᠭᠡᠬᠦ ᠲᠥᠷᠥᠯ ᠵᠦᠢᠯ ᠢ ᠬᠢᠨᠠᠨ ᠬᠠᠷᠭᠤᠭᠤᠯᠵᠤ ᠭᠤᠶᠤᠴᠢᠯᠠᠨ ᠮᠡᠳᠡᠭᠦᠯᠬᠦ ᠶᠢ | ᠬᠠᠷᠢᠭᠤᠴᠠᠨ᠎ᠠ᠃ ᠦᠨ᠎ᠡ ᠬᠠᠶᠠᠵᠤ ᠬᠤᠳᠠᠯᠳᠤᠬᠤ ᠪᠠᠷ ᠪᠠᠶᠢᠭ᠎ᠠ ᠠᠵᠤ ᠠᠬᠤᠶᠢᠯᠠᠯ ᠤᠨ ᠦᠨ᠎ᠡ ᠬᠠᠶᠠᠵᠤ | ᠬᠤᠳᠠᠯᠳᠤᠬᠤ ᠪᠠᠷ ᠪᠠᠶᠢᠭ᠎ᠠ ᠲᠡᠤᠬᠡ ᠶᠢᠨ ᠳᠤᠷᠠᠰᠬᠠᠯᠲᠤ ᠵᠦᠢᠯ ᠢ ᠮᠡᠳᠡᠭᠦᠯᠬᠦ ᠬᠢᠷᠢ ᠬᠡᠮ ᠪᠠ ᠲᠡᠤᠬᠡ ᠶᠢᠨ | ᠳᠤᠷᠠᠰᠬᠠᠯᠲᠤ ᠵᠦᠢᠯ ᠤᠨ ᠳᠡᠯᠭᠡᠭᠦᠷ ᠪᠠᠶᠢᠭᠤᠯᠬᠤ ᠶᠢ ᠬᠢᠨᠠᠨ ᠬᠠᠷᠭᠤᠭᠤᠯᠵᠤ ᠭᠤᠶᠤᠴᠢᠯᠠᠨ ᠮᠡᠳᠡᠭᠦᠯᠬᠦ ᠠᠵᠢᠯ ᠢ | ᠬᠠᠷᠢᠭᠤᠴᠠᠨ᠎ᠠ᠃ ᠠᠷᠠᠳ ᠤᠨ ᠳᠤᠮᠳᠠᠬᠢ ᠬᠤᠪᠣᠷ ᠴᠣᠬᠠᠭ ᠦᠨ᠎ᠡ ᠪᠡᠨ᠎ᠡ ᠲᠠᠢ ᠳᠡᠣᠬᠡ ᠶᠢᠨ ᠳᠣᠷᠠᠰᠬᠠᠯᠳᠣ ᠵᠦᠢᠯ ᠢ | ᠲᠦᠷᠭᠡᠨ ᠠᠪᠤᠷᠠᠬᠤ᠂ ᠴᠤᠭᠯᠠᠭᠤᠯᠬᠤ ᠠᠵᠢᠯ ᠢ ᠵᠢᠯᠣᠭᠤᠳᠤᠨ᠎ᠠ᠃ | (ᠳᠣᠯᠤᠭ᠎ᠠ)ᠡᠬᠢ ᠪᠠᠶᠠᠯᠢᠭ ᠬᠢᠭᠡᠳ ᠠᠵᠤ ᠦᠢᠯᠡᠰ ᠤᠨ ᠬᠥᠭᠵᠢᠯᠲᠡ ᠶᠢᠨ ᠰᠠᠯᠠᠭ᠎ᠠ᠃ ᠰᠣᠶᠣᠯ ᠤᠨ | ᠠᠵᠤ ᠦᠢᠯᠡᠰ᠂ ᠵᠢᠭᠤᠯᠴᠢᠯᠠᠯ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠣᠯᠤᠨ ᠬᠥᠭᠵᠢᠯᠲᠡ ᠶᠢᠨ | ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠰᠣᠶᠣᠯ ᠤᠨ ᠠᠵᠤ ᠦᠢᠯᠡᠰ ᠤᠨ ᠬᠠᠮᠢᠶ᠎ᠠ ᠪᠦᠬᠦᠢ ᠳᠦᠷᠦᠯ ᠠᠩᠬᠢᠯᠠᠯ ᠪᠠ ᠵᠢᠭᠤᠯᠴᠢᠯᠠᠯ ᠤᠨ ᠠᠵᠤ ᠦᠢᠯᠡᠰ ᠵᠢᠴᠢ | ᠰᠢᠨ᠎ᠡ ᠠᠵᠢᠯ ᠳᠦᠷᠦᠯ ᠤᠨ ᠬᠡᠯᠪᠡᠷᠢ ᠪᠠᠶᠢᠳᠠᠯ ᠤᠨ ᠬᠥᠭᠵᠢᠯᠲᠡ ᠶᠢ ᠵᠢᠯᠣᠭᠤᠳᠤᠨ ᠠᠬᠢᠭᠤᠯᠤᠨ᠎ᠠ᠃ ᠰᠣᠶᠣᠯ᠂ | ᠵᠢᠭᠤᠯᠴᠢᠯᠠᠯ ᠬᠢᠭᠡᠳ ᠬᠤᠯᠪᠣᠭᠳᠠᠯ ᠪᠦᠬᠦᠢ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ | ᠠᠵᠤ ᠦᠢᠯᠡᠰ ᠤᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ | ᠠᠬᠢᠭᠤᠯᠤᠨ᠎ᠠ᠃ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠤᠨ ᠭᠤᠤᠯᠳᠠᠯᠭ᠎ᠠ ᠲᠠᠢ ᠦᠵᠡᠭᠦᠯᠦᠯᠭᠡ ᠶᠢᠨ | ᠴᠤᠭᠯᠠᠭᠠᠨ᠂ ᠶᠠᠷᠢᠯᠴᠠᠭᠠᠨ ᠤ ᠲᠠᠪᠴᠠᠩ ᠵᠡᠷᠭᠡ ᠠᠵᠢᠯᠯᠠᠭ᠎ᠠ ᠶᠢ ᠲᠣᠭᠲᠠᠭᠠᠯ ᠶᠣᠰᠣᠭᠠᠷ ᠵᠣᠬᠢᠴᠠᠭᠤᠯᠤᠨ | ᠵᠢᠯᠣᠭᠤᠳᠤᠨ᠎ᠠ᠃ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠰᠣᠶᠣᠯ ᠤᠨ | ᠴᠡᠴᠡᠷᠯᠢᠭ᠂ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃ ᠰᠣᠶᠣᠯ ᠪᠠ | ᠵᠢᠭᠤᠯᠴᠢᠯᠠᠯ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ᠂ ᠳᠦᠯᠦᠪᠵᠢᠬᠦᠯᠬᠡ᠂ ᠨᠡᠭᠡᠭᠡᠯᠲᠡ ᠪᠠ | ᠬᠠᠮᠠᠭᠠᠯᠠᠯᠲᠠ ᠶᠢ ᠡᠭᠦᠷᠭᠡᠯᠡᠨ᠎ᠡ᠃ ᠪᠦᠬᠦ ᠬᠢᠵᠠᠭᠠᠷ ᠤᠨ ᠵᠢᠭᠤᠯᠴᠢᠯᠠᠯ ᠪᠠ ᠳᠥᠷᠪᠡᠨ ᠤᠯᠠᠷᠢᠯ ᠤᠨ ᠵᠢᠭᠤᠯᠴᠢᠯᠠᠯ ᠢ | ᠵᠢᠯᠣᠭᠤᠳᠤᠨ ᠠᠬᠢᠭᠤᠯᠵᠤ᠂ ᠬᠤᠪᠢᠰᠬᠠᠯᠲᠤ ᠵᠢᠭᠤᠯᠴᠢᠯᠠᠯ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | ᠭᠤᠤᠯᠳᠠᠯᠭ᠎ᠠ ᠲᠠᠢ ᠵᠢᠭᠤᠯᠴᠢᠯᠠᠯ ᠤᠨ ᠣᠷᠣᠨ ᠪᠦᠰᠡ᠂ ᠬᠠᠷᠠᠯᠳᠠᠳᠣ ᠣᠷᠣᠨ᠂ ᠵᠠᠮ ᠱᠤᠭᠤᠮ ᠤᠨ | ᠲᠥᠯᠥᠪᠵᠢᠭᠦᠯᠭᠡ ᠶᠢ ᠵᠢᠯᠣᠭᠤᠳᠤᠨ᠎ᠠ᠃ ᠰᠣᠶᠣᠯ ᠪᠠ ᠵᠢᠭᠤᠯᠴᠢᠯᠠᠯ ᠤᠨ ᠪᠦᠲᠦᠭᠡᠭᠳᠡᠬᠦᠨ ᠤ ᠰᠢᠨ᠎ᠡ ᠶᠢ ᠡᠭᠦᠳᠬᠦ | ᠵᠢᠴᠢ ᠨᠡᠭᠡᠭᠡᠨ ᠬᠥᠭᠵᠢᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠰᠣᠶᠣᠯ ᠪᠠ ᠵᠢᠭᠤᠯᠴᠢᠯᠠᠯ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠳᠦᠯᠦᠪᠵᠢᠬᠦᠯᠬᠡ᠂ ᠤᠷᠠᠯᠢᠭ ᠤᠨ | ᠰᠢᠨᠵᠢᠯᠡᠬᠦ ᠤᠬᠠᠭᠠᠨ ᠤ ᠰᠤᠳᠤᠯᠭᠠᠨ ᠤ ᠳᠦᠯᠦᠪᠵᠢᠬᠦᠯᠬᠡ ᠪᠠ ᠲᠥᠷᠦ ᠶᠢᠨ ᠪᠣᠳᠣᠯᠭ᠎ᠠ ᠶᠢ ᠲᠤᠭᠤᠷᠪᠢᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠰᠣᠶᠣᠯ ᠪᠠ ᠵᠢᠭᠤᠯᠴᠢᠯᠠᠯ ᠤᠨ ᠰᠢᠨᠵᠢᠯᠡᠬᠦ | ᠤᠬᠠᠭᠠᠨ ᠤ ᠰᠣᠳᠣᠯᠭᠠᠨ ᠤ ᠠᠵᠢᠯ ᠵᠢᠴᠢ ᠦᠷ᠎ᠡ ᠪᠦᠲᠦᠭᠡᠯ ᠢ ᠳᠡᠯᠭᠡᠷᠡᠭᠦᠯᠬᠦ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠮᠡᠳᠡᠭᠡ ᠵᠠᠩᠬᠢᠴᠢᠯᠠᠯᠳᠠ᠂ | ᠪᠠᠷᠢᠮᠵᠢᠶᠠᠵᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠮᠡᠳᠡᠭᠡ ᠵᠠᠩᠭᠢ ᠶᠢᠨ ᠡᠬᠢ | ᠪᠠᠶᠠᠯᠢᠭ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠪᠠ ᠨᠡᠭᠡᠭᠡᠨ ᠠᠰᠢᠭᠯᠠᠬᠤ ᠶᠢ ᠲᠦᠯᠬᠢᠨ ᠠᠬᠢᠭᠤᠯᠤᠨ᠎ᠠ᠃ | (ᠨᠠᠢᠮᠠ)ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠰᠠᠯᠠᠭ᠎ᠠ᠃ ᠰᠣᠶᠣᠯ ᠤᠨ ᠵᠠᠬ᠎ᠠ ᠳᠡᠯᠭᠡᠭᠦᠷ ᠪᠠ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠲᠥᠷᠦ ᠶᠢᠨ ᠪᠣᠳᠣᠯᠭ᠎ᠠ ᠪᠠ ᠬᠥᠭᠵᠢᠯᠲᠡ ᠶᠢᠨ ᠲᠥᠯᠥᠪᠵᠢᠭᠦᠯᠭᠡ ᠶᠢ | ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠰᠣᠶᠣᠯ᠂ ᠵᠢᠭᠤᠯᠴᠢᠯᠠᠯ ᠪᠣᠯᠤᠨ | ᠷᠠᠳᠢᠣ᠋ ᠲᠧᠯᠸᠢᠰ ᠤᠨ ᠵᠠᠬ᠎ᠠ ᠳᠡᠯᠭᠡᠭᠦᠷ ᠤᠨ ᠡᠵᠡᠩᠨᠡᠯᠲᠡ ᠳᠤ ᠠᠵᠢᠯ ᠲᠥᠷᠥᠯ ᠤᠨ ᠬᠢᠨᠠᠨ ᠬᠠᠮᠢᠶᠠᠷᠤᠯᠲᠠ ᠬᠢᠨ᠎ᠡ᠃ | ᠰᠣᠶᠣᠯ᠂ ᠵᠢᠭᠤᠯᠴᠢᠯᠠᠯ ᠪᠠ ᠷᠠᠳᠢᠣ᠋ ᠲᠧᠯᠸᠢᠰ ᠤᠨ ᠠᠵᠢᠯ ᠲᠥᠷᠥᠯ ᠤᠨ ᠢᠲᠡᠭᠡᠮᠵᠢ ᠶᠢᠨ ᠳᠣᠭᠳᠠᠯᠴᠠᠭ᠎ᠠ ᠶᠢᠨ | ᠪᠠᠶᠢᠭᠤᠯᠤᠯᠲᠠ ᠶᠢᠨ ᠠᠵᠢᠯ ᠢ ᠡᠭᠦᠷᠭᠡᠯᠡᠨ᠎ᠡ᠃ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠵᠡᠩᠨᠡᠯᠳᠡ | ᠶᠢᠨ ᠳᠠᠯᠠᠪᠣᠷ᠂ ᠳᠣᠨᠤᠭ ᠳᠦᠭᠦᠭᠡᠷᠦᠮᠵᠢ᠂ ᠦᠢᠯᠡᠴᠢᠯᠡᠭᠡ᠂ ᠪᠦᠳᠦᠭᠡᠭᠳᠡᠬᠦᠨ ᠵᠡᠷᠭᠡ ᠶᠢᠨ ᠪᠠᠷᠢᠮᠵᠢᠶ᠎ᠠ ᠶᠢ ᠬᠢᠨᠠᠯᠲᠠ | ᠲᠠᠯᠪᠢᠨ ᠬᠡᠷᠡᠭᠵᠢᠭᠦᠯᠦᠨ᠎ᠡ᠃ ᠰᠣᠶᠣᠯ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠦᠢᠯᠡᠴᠢᠯᠡᠬᠡᠨ ᠤ ᠶᠠᠰᠤ ᠴᠢᠨᠠᠷ | ᠪᠣᠯᠤᠨ ᠠᠶᠣᠯᠬᠦᠢ ᠦᠢᠯᠡᠳᠪᠦᠷᠢᠯᠡᠯ ᠢ ᠬᠢᠨᠠᠨ ᠬᠠᠮᠢᠶᠠᠷᠤᠨ᠎ᠠ᠃ ᠵᠢᠭᠤᠯᠴᠢᠯᠠᠯ ᠤᠨ ᠠᠵᠤ ᠠᠬᠤᠢ ᠶᠢᠨ ᠠᠵᠢᠯᠯᠠᠭᠠᠨ ᠢ | ᠬᠢᠨᠠᠨ ᠬᠡᠮᠵᠢᠬᠦ᠂ ᠠᠮᠠᠷᠠᠯᠲᠠ ᠶᠢᠨ ᠡᠳᠦᠷ ᠤᠨ ᠵᠢᠭᠤᠯᠴᠢᠯᠠᠯ ᠤᠨ ᠵᠠᠬ᠎ᠠ ᠳᠡᠯᠭᠡᠭᠦᠷ᠂ ᠵᠢᠭᠤᠯᠴᠢᠯᠠᠯ ᠤᠨ ᠠᠮᠤᠷ | ᠲᠦᠪᠰᠢᠨ ᠤ ᠶᠡᠷᠦᠩᠬᠡᠶᠢᠯᠡᠭᠰᠡᠨ ᠵᠣᠬᠢᠴᠠᠭᠤᠯᠭ᠎ᠠ ᠪᠠ ᠬᠢᠨᠠᠯᠲᠠ ᠬᠠᠮᠢᠶᠠᠷᠤᠯᠲᠠ ᠶᠢ ᠡᠭᠦᠷᠭᠡᠯᠡᠨ᠎ᠡ᠃ ᠰᠣᠶᠣᠯ ᠤᠨ | ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠤᠨ ᠳᠦᠷᠢᠮᠵᠢᠯ ᠢ ᠬᠢᠨᠠᠯᠲᠠ ᠲᠠᠯᠪᠢᠨ | ᠬᠡᠷᠡᠭᠵᠢᠭᠦᠯᠦᠨ᠎ᠡ᠃ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢ | ᠡᠮᠬᠢᠯᠡᠨ ᠨᠡᠶᠢᠯᠡᠭᠦᠯᠵᠦ ᠵᠣᠬᠢᠶᠠᠨ ᠪᠠᠶᠢᠭᠤᠯᠬᠤ ᠶᠢ ᠵᠢᠯᠣᠭᠤᠳᠤᠨ ᠠᠬᠢᠭᠤᠯᠤᠨ᠎ᠠ᠃ ᠰᠣᠶᠣᠯ ᠪᠠ ᠵᠢᠭᠤᠯᠴᠢᠯᠠᠯ ᠤᠨ | ᠵᠠᠬ᠎ᠠ ᠳᠡᠯᠭᠡᠭᠦᠷ ᠤᠨ ᠢᠯᠡᠴᠢᠯᠡᠨ ᠮᠡᠳᠡᠭᠦᠯᠵᠦ ᠵᠠᠭᠠᠯᠳᠤᠯᠭ᠎ᠠ ᠬᠢᠭᠰᠡᠨ ᠶᠠᠪᠣᠳᠠᠯ ᠢ ᠵᠣᠬᠢᠴᠠᠭᠤᠯᠤᠨ ᠰᠢᠮᠳᠠᠭᠤᠯᠣᠨ | ᠬᠦᠢᠴᠡᠳᠭᠡᠬᠦᠯᠦᠨ᠎ᠡ᠃ ᠪᠦᠬᠦ ᠠᠶᠢᠮᠠᠭ ᠤᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠪᠦᠬᠦ ᠠᠶᠢᠮᠠᠭ ᠤᠨ ᠴᠢᠨᠠᠷᠲᠠᠢ᠂ ᠣᠷᠣᠨ ᠪᠦᠰᠡ | ᠠᠯᠤᠰᠯᠠᠭᠰᠠᠨ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠴᠢᠬᠤᠯᠠ ᠶᠡᠭᠡ ᠬᠡᠷᠡᠭ ᠢ ᠪᠠᠶᠢᠴᠠᠭᠠᠨ | ᠰᠢᠢᠳᠪᠦᠷᠢᠯᠡᠬᠦ ᠪᠠ ᠰᠢᠮᠳᠠᠭᠤᠯᠣᠨ ᠬᠦᠢᠴᠡᠳᠬᠡᠬᠦᠯᠬᠦ ᠶᠢ ᠵᠣᠬᠢᠶᠠᠨ ᠪᠠᠶᠢᠭᠤᠯᠤᠨ᠎ᠠ᠃ | (ᠶᠢᠰᠦ)ᠷᠠᠳᠢᠣ᠋ ᠲᠧᠯᠸᠢᠰ ᠵᠠᠭᠤᠴᠢᠯᠠᠭᠤᠷ ᠤᠨ ᠰᠠᠯᠠᠭ᠎ᠠ᠃ ᠪᠦᠬᠦ ᠠᠶᠢᠮᠠᠭ ᠤᠨ ᠷᠠᠳᠢᠣ᠋ ᠲᠧᠯᠸᠢᠰ᠂ | ᠰᠦᠯᠵᠢᠶᠡᠨ ᠤ ᠦᠵᠡᠭᠦᠯᠵᠦ ᠰᠣᠨᠣᠰᠬᠠᠬᠤ ᠫᠷᠤᠭ᠍ᠷᠠᠮ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠥᠷᠦ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠬᠦᠯᠦᠨ᠎ᠡ᠃ | ᠪᠦᠬᠦ ᠠᠶᠢᠮᠠᠭ ᠤᠨ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠭᠦᠯᠵᠦ ᠰᠣᠨᠣᠰᠬᠠᠬᠤ ᠰᠢᠨᠵᠢᠯᠡᠬᠦ ᠤᠬᠠᠭᠠᠨ | ᠮᠡᠷᠭᠡᠵᠢᠯ ᠤᠨ ᠬᠥᠭᠵᠢᠯᠲᠡ ᠶᠢᠨ ᠲᠥᠷᠦ ᠶᠢᠨ ᠪᠣᠳᠣᠯᠭ᠎ᠠ᠂ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠠᠶᠢᠮᠠᠭ ᠤᠨ ᠷᠠᠳᠢᠣ᠋ ᠲᠧᠯᠸᠢᠰ ᠤᠨ ᠮᠡᠷᠭᠡᠵᠢᠯ ᠤᠨ ᠶᠠᠰᠤ | ᠴᠢᠨᠠᠷ ᠲᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠷᠠᠳᠢᠣ᠋ ᠲᠧᠯᠸᠢᠰ ᠤᠨ ᠮᠡᠷᠭᠡᠵᠢᠯ ᠢ ᠬᠡᠮᠵᠢᠨ ᠪᠠᠶᠢᠴᠠᠭᠠᠬᠤ ᠪᠠ | ᠮᠡᠷᠭᠡᠵᠢᠯ ᠤᠨ ᠦᠷ᠎ᠡ ᠪᠦᠲᠦᠭᠡᠯ ᠤᠨ ᠬᠡᠷᠡᠭᠯᠡᠯᠲᠡ ᠶᠢ ᠤᠯᠠᠷᠢᠭᠤᠯᠬᠤ ᠠᠵᠢᠯ ᠢ ᠵᠢᠯᠣᠭᠤᠳᠤᠨ᠎ᠠ᠃ ᠪᠦᠬᠦ ᠠᠶᠢᠮᠠᠭ ᠤᠨ | ᠷᠠᠳᠢᠣ᠋ ᠲᠧᠯᠸᠢᠰ ᠨᠡᠪᠲᠡᠷᠡᠭᠦᠯᠬᠦ ᠪᠠᠶᠢᠭᠤᠯᠤᠮᠵᠢ ᠪᠠ ᠲᠤᠬᠠᠶᠢᠯᠠᠭᠰᠠᠨ ᠠᠵᠢᠯ᠂ ᠷᠠᠳᠢᠣ᠋ ᠲᠧᠯᠸᠢᠰ ᠤᠨ ᠫᠷᠣᠭ᠍ᠷᠠᠮ ᠢ | ᠨᠠᠶᠢᠷᠠᠭᠤᠯᠬᠤ ᠪᠠᠶᠢᠭᠤᠯᠤᠮᠵᠢ᠂ ᠷᠠᠳᠢᠣ᠋ ᠲᠧᠯᠸᠢᠰ ᠤᠨ ᠫᠷᠣᠭ᠍ᠷᠠᠮ ᠢ ᠳᠠᠮᠵᠢᠭᠤᠯᠬᠤ᠂ ᠤᠲᠠᠰᠤᠲᠤ ᠲᠧᠯᠸᠢᠰ ᠤᠨ | ᠰᠦᠢᠳᠬᠡᠯ ᠲᠤᠰᠢᠶᠠᠬᠤ ᠰᠤᠪᠠᠭ᠂ ᠰᠢᠯᠵᠢᠮᠡᠯ ᠲᠣᠭᠠᠴᠢᠯᠠᠭᠰᠠᠨ ᠲᠧᠯᠸᠢᠰ ᠤᠨ ᠲᠤᠬᠠᠶᠢᠯᠠᠭᠰᠠᠨ ᠠᠵᠢᠯ ᠳᠤ ᠬᠢᠨᠠᠯᠲᠠ | ᠲᠠᠯᠪᠢᠵᠤ ᠬᠠᠮᠢᠶᠠᠷᠬᠤ ᠠᠵᠢᠯ ᠢ ᠡᠭᠦᠷᠭᠡᠯᠡᠨ᠎ᠡ᠃ ᠪᠦᠬᠦ ᠠᠶᠢᠮᠠᠭ ᠤᠨ ᠲᠧᠯᠸᠢᠰ ᠵᠦᠴᠦᠭᠡ ᠶᠢᠨ ᠨᠡᠪᠲᠡᠷᠡᠭᠦᠯᠭᠡ ᠶᠢ | ᠵᠢᠯᠣᠭᠤᠳᠴᠤ᠂ ᠲᠤᠬᠢᠷᠠᠭᠤᠯᠤᠨ ᠡᠵᠡᠮᠳᠡᠨ᠎ᠡ᠃ ᠷᠠᠳᠢᠣ᠋ ᠲᠧᠯᠸᠢᠰ ᠤᠨ ᠫᠷᠣᠭ᠍ᠷᠠᠮ ᠢ ᠦᠨᠡᠯᠡᠬᠦ ᠲᠥᠷᠥ ᠶᠢᠨ | ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠣᠷᠢᠵᠢᠭᠤᠯᠵᠦ᠂ ᠷᠠᠳᠢᠣ᠋ ᠲᠧᠯᠸᠢᠰ ᠤᠨ ᠵᠠᠷ ᠮᠡᠳᠡᠭᠡ ᠨᠡᠪᠲᠡᠷᠡᠭᠦᠯᠬᠦ ᠶᠢ | ᠵᠢᠯᠣᠭᠤᠳᠴᠤ᠂ ᠬᠢᠨᠠᠨ ᠬᠠᠮᠢᠶᠠᠷᠤᠨ᠎ᠠ᠃ ᠪᠦᠬᠦ ᠠᠶᠢᠮᠠᠭ ᠤᠨ ᠷᠠᠳᠢᠣ᠋ ᠲᠧᠯᠸᠢᠰ ᠤᠨ ᠳᠠᠮᠵᠢᠭᠤᠯᠭ᠎ᠠ ᠶᠢᠨ | ᠪᠦᠷᠬᠦᠴᠡ ᠶᠢᠨ ᠰᠦᠯᠵᠢᠶ᠎ᠡ ᠪᠠ ᠬᠢᠨᠠᠨ ᠬᠡᠮᠵᠢᠬᠦ ᠬᠢᠨᠠᠨ ᠬᠠᠮᠢᠶᠠᠷᠬᠤ ᠰᠦᠯᠵᠢᠶ᠎ᠡ ᠶᠢᠨ ᠲᠥᠯᠥᠪᠵᠢᠭᠦᠯᠭᠡ ᠶᠢ | ᠲᠤᠭᠤᠷᠪᠢᠨ ᠲᠣᠭᠲᠠᠭᠠᠵᠤ᠂ ᠷᠠᠳᠢᠣ᠋ ᠲᠧᠯᠸᠢᠰ ᠤᠨ ᠤᠲᠠᠰᠤᠲᠤ᠂ ᠬᠠᠳᠬᠤᠭᠤᠷ᠂ ᠳᠠᠭᠠᠭᠤᠯᠢ ᠣᠳᠣᠨ ᠤ | ᠳᠠᠮᠵᠢᠭᠤᠯᠭ᠎ᠠ ᠶᠢᠨ ᠪᠦᠷᠬᠦᠴᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠷᠠᠳᠢᠣ᠋ | ᠲᠧᠯᠸᠢᠰ ᠤᠨ ᠰᠠᠭᠠᠳ ᠦᠬᠡᠢ ᠨᠡᠪᠲᠡᠷᠡᠭᠦᠯᠬᠦ᠂ ᠠᠶᠣᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠪᠠ ᠷᠠᠳᠢᠣ᠋ | ᠲᠧᠯᠸᠢᠰ ᠤᠨ ᠰᠠᠭᠠᠳ ᠦᠬᠡᠢ ᠨᠡᠪᠲᠡᠷᠡᠭᠦᠯᠬᠦ ᠮᠡᠷᠭᠡᠵᠢᠯ ᠤᠨ ᠪᠠᠲᠤᠯᠠᠭ᠎ᠠ ᠶᠢᠨ ᠠᠵᠢᠯ ᠢ ᠬᠠᠷᠢᠭᠤᠴᠠᠵᠤ᠂ ᠪᠦᠬᠦ | ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ | ᠬᠠᠷᠢᠭᠤᠴᠠᠨ᠎ᠠ᠃ ᠪᠥᠬᠦ ᠠᠶᠢᠮᠠᠭ ᠤᠨ ᠷᠠᠳᠢᠣ᠋ ᠲᠧᠯᠸᠢᠰ ᠤᠨ ᠣᠯᠠᠨ ᠨᠡᠶᠢᠲᠡ ᠶᠢᠨ ᠦᠢᠯᠡᠴᠢᠯᠡᠭᠡ ᠶᠢ | ᠪᠠᠷᠢᠮᠵᠢᠶᠠᠵᠢᠭᠤᠯᠬᠤ᠂ ᠳᠡᠩᠴᠡᠭᠦᠷᠢᠳᠡᠢ ᠪᠠᠶᠢᠯᠭᠠᠬᠤ ᠶᠢ ᠵᠢᠯᠣᠭᠤᠳᠤᠨ ᠠᠬᠢᠭᠤᠯᠬᠤ ᠶᠢᠨ ᠬᠠᠮᠲᠤ ᠬᠢᠨᠠᠯᠲᠠ ᠲᠠᠯᠪᠢᠨ᠎ᠠ᠃ | ᠪᠦᠬᠦ ᠠᠶᠢᠮᠠᠭ ᠤᠨ ᠷᠠᠳᠢᠣ᠋ ᠲᠧᠯᠸᠢᠰ ᠤᠨ ︽ᠡᠷᠦᠬᠡ ᠪᠣᠯᠭᠠᠨ ᠳᠤ ᠨᠡᠪᠲᠡᠷᠡᠭᠦᠯᠬᠦ︾᠂ ᠬᠢᠯᠢ ᠬᠢᠵᠠᠭᠠᠷ ᠣᠷᠣᠨ ᠪᠠ | ᠬᠤᠰᠢᠭᠤ ᠲᠣᠭᠤᠷᠢᠭ ᠤᠨ ᠷᠠᠳᠢᠣ᠋ ᠲᠧᠯᠸᠢᠰ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ | ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠫᠷᠤᠭ᠍ᠷᠠᠮ ᠤᠨ ᠣᠷᠴᠢᠭᠤᠯᠤᠨ ᠦᠢᠯᠡᠳᠬᠦ | ᠵᠡᠷᠭᠡ ᠴᠢᠬᠤᠯᠠ ᠶᠡᠭᠡ ᠢᠨᠵᠧᠨᠧᠷᠢᠩ ᠢ ᠵᠣᠬᠢᠴᠠᠭᠤᠯᠤᠨ ᠠᠬᠢᠭᠤᠯᠤᠨ᠎ᠠ᠃ ᠠᠶᠢᠮᠠᠭ ᠤᠨ ᠳᠣᠲᠣᠷ᠎ᠠ ᠨᠡᠪᠲᠡᠷᠡᠭᠦᠯᠬᠦ | ᠬᠢᠯᠢ ᠶᠢᠨ ᠭᠠᠳᠠᠨᠠᠬᠢ ᠷᠠᠳᠢᠣ᠋ ᠲᠧᠯᠸᠢᠰ ᠤᠨ ᠫᠷᠣᠭ᠍ᠷᠠᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠬᠢᠯᠢ ᠶᠢᠨ ᠭᠠᠳᠠᠨᠠᠬᠢ ᠳᠠᠭᠠᠭᠤᠯᠢ ᠣᠳᠣᠨ ᠲᠧᠯᠸᠢᠰ ᠢ ᠬᠦᠯᠢᠶᠡᠨ ᠠᠪᠬᠤ ᠳᠦᠭᠦᠭᠡᠷᠦᠮᠵᠢ ᠪᠣᠯᠤᠨ ᠬᠢᠯᠢ ᠶᠢᠨ | ᠭᠠᠳᠠᠨᠠᠬᠢ ᠳᠠᠭᠠᠭᠤᠯᠢ ᠣᠳᠣᠨ ᠲᠧᠯᠸᠢᠰ ᠤᠨ ᠫᠷᠣᠭ᠍ᠷᠠᠮ ᠢ ᠬᠦᠯᠢᠶᠡᠨ ᠠᠪᠬᠤ ᠶᠢ ᠬᠢᠨᠠᠨ ᠬᠠᠮᠢᠶᠠᠷᠤᠨ᠎ᠠ᠃ ᠷᠠᠳᠢᠣ᠋ | ᠨᠡᠪᠲᠡᠷᠡᠭᠦᠯᠭᠡ ᠲᠧᠯᠸᠢᠰ ᠰᠦᠯᠵᠢᠶᠡᠨ ᠤ ᠳᠠᠮᠵᠢᠭᠤᠯᠭ᠎ᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠮᠤᠷ | ᠲᠦᠪᠰᠢᠨ ᠢ ᠬᠢᠨᠠᠵᠤ ᠬᠠᠮᠢᠶᠠᠷᠤᠨ᠎ᠠ᠃ ᠲᠣᠪᠴᠢᠶ᠎ᠠ ᠶᠢᠨ ᠬᠠᠷᠢᠶ᠎ᠠ ᠪᠦᠬᠦᠢ ᠬᠤᠷᠢᠶ᠎ᠠ ᠥᠷᠲᠡᠭᠡ ᠶᠢᠨ ᠰᠠᠭᠠᠳ ᠦᠬᠡᠢ | ᠪᠠᠷ ᠨᠡᠪᠲᠡᠷᠡᠭᠦᠯᠬᠦ᠂ ᠮᠡᠷᠭᠡᠵᠢᠯ ᠤᠨ ᠬᠠᠮᠠᠭᠠᠯᠠᠯᠲᠠ ᠬᠠᠮᠢᠶᠠᠷᠤᠯᠲᠠ ᠶᠢ ᠬᠠᠷᠢᠭᠤᠴᠠᠵᠤ᠂ ᠪᠥᠬᠦ ᠠᠶᠢᠮᠠᠭ ᠤᠨ ᠷᠠᠳᠢᠣ᠋ | ᠲᠧᠯᠸᠢᠰ ᠤᠨ ᠰᠠᠭᠠᠳ ᠦᠬᠡᠢ ᠪᠠᠷ ᠨᠡᠪᠲᠡᠷᠡᠭᠦᠯᠬᠦ ᠰᠦᠯᠵᠢᠶᠡᠨ ᠤ ᠠᠮᠤᠷ ᠲᠦᠪᠰᠢᠨ ᠢ ᠵᠢᠯᠣᠭᠤᠳᠤᠨ ᠬᠠᠮᠢᠶᠠᠷᠤᠨ᠎ᠠ᠃ | ᠷᠠᠳᠢᠣ᠋ ᠨᠡᠪᠲᠡᠷᠡᠭᠦᠯᠭᠡ ᠲᠧᠯᠸᠢᠰ ᠤᠨ ᠬᠤᠯᠪᠣᠭᠳᠠᠯ ᠪᠦᠬᠦᠢ ᠠᠮᠤᠷ ᠲᠦᠪᠰᠢᠨ ᠤ ᠳᠦᠷᠢᠮ ᠪᠣᠯᠤᠨ ᠬᠦᠨᠳᠦ ᠶᠡᠭᠡ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠤᠭᠤᠷᠪᠢᠨ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠠᠶᠢᠮᠠᠭ ᠤᠨ ᠷᠠᠳᠢᠣ᠋ ᠲᠧᠯᠸᠢᠰ ᠤᠨ ᠤᠲᠠᠰᠤᠲᠤ᠂ | ᠳᠣᠯᠬᠢᠶᠠ ᠪᠠᠷ ᠳᠠᠮᠵᠢᠭᠤᠯᠬᠤ ᠳᠦᠭᠦᠭᠡᠷᠦᠮᠵᠢ ᠪᠣᠯᠤᠨ ᠷᠠᠳᠢᠣ᠋ ᠬᠤᠷᠢᠶ᠎ᠠ᠂ ᠲᠧᠯᠸᠢᠰ ᠬᠤᠷᠢᠶ᠎ᠠ ᠵᠡᠷᠭᠡ | ᠭᠤᠣᠯᠳᠠᠯᠭ᠎ᠠ ᠲᠠᠢ ᠨᠢᠭᠡᠴᠡ ᠶᠢᠨ ᠠᠮᠤᠷ ᠲᠦᠪᠰᠢᠨ ᠢ ᠬᠠᠮᠠᠭᠠᠯᠠᠬᠤ ᠠᠵᠢᠯ ᠢ ᠵᠢᠯᠣᠭᠤᠳᠤᠨ᠎ᠠ᠃ ᠰᠦᠯᠵᠢᠶᠡᠨ ᠤ | ᠦᠵᠡᠭᠦᠯᠵᠦ ᠰᠣᠨᠣᠰᠬᠠᠬᠤ ᠫᠷᠤᠭ᠍ᠷᠠᠮ ᠤᠨ ᠦᠢᠯᠡᠴᠢᠯᠡᠭᠡ ᠶᠢᠨ ᠬᠥᠭᠵᠢᠯᠲᠡ ᠪᠠ ᠤᠬᠠᠭᠤᠯᠭ᠎ᠠ ᠶᠢ ᠵᠢᠯᠣᠭᠤᠳᠤᠨ᠎ᠠ᠃ | ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠮᠡᠳᠡᠭᠡ ᠵᠠᠩᠬᠢ ᠶᠢᠨ ᠰᠦᠯᠵᠢᠶ᠎ᠡ᠂ I P T V ᠪᠠ | ᠣᠯᠠᠨ ᠨᠡᠶᠢᠲᠡ ᠶᠢᠨ ᠠᠴᠢᠶᠠᠯᠠᠪᠤᠷᠢ ᠶᠢᠨ ᠳᠠᠮᠵᠢᠭᠤᠯᠣᠨ ᠲᠠᠷᠬᠠᠭᠠᠭᠰᠠᠨ ᠦᠵᠡᠭᠦᠯᠵᠦ ᠰᠣᠨᠣᠰᠬᠠᠬᠤ ᠫᠷᠤᠭ᠍ᠷᠠᠮ ᠢ | ᠬᠢᠨᠠᠨ ᠬᠠᠮᠢᠶᠠᠷᠴᠤ᠂ ᠠᠭᠤᠯᠭ᠎ᠠ ᠪᠠ ᠶᠠᠰᠤ ᠴᠢᠨᠠᠷ ᠢ ᠨᠢ ᠬᠢᠨᠠᠨ ᠪᠠᠶᠢᠴᠠᠭᠠᠵᠤ᠂ ᠫᠷᠤᠭ᠍ᠷᠠᠮ ᠤᠨ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠠᠵᠢᠯ ᠢ ᠡᠭᠦᠷᠭᠡᠯᠡᠨ᠎ᠡ᠃ ᠰᠦᠯᠵᠢᠶᠡᠨ ᠤ ᠦᠵᠡᠭᠦᠯᠵᠦ ᠰᠣᠨᠣᠰᠬᠠᠬᠤ ᠫᠷᠤᠭ᠍ᠷᠠᠮ ᠤᠨ | ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠂ ᠬᠠᠣᠯᠢ ᠪᠣᠰᠣ ᠰᠦᠯᠵᠢᠶᠡᠨ ᠤ | ᠦᠵᠡᠭᠦᠯᠵᠦ ᠰᠣᠨᠣᠰᠬᠠᠬᠤ ᠫᠷᠤᠭ᠍ᠷᠠᠮ ᠤᠨ ᠦᠢᠯᠡᠴᠢᠯᠡᠬᠡᠨ ᠤ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ | ᠵᠣᠬᠢᠶᠠᠨ ᠪᠠᠶᠢᠭᠤᠯᠣᠨ ᠵᠢᠯᠣᠭᠤᠳᠣᠨ᠎ᠠ᠃ ᠪᠦᠬᠦ ᠠᠶᠢᠮᠠᠭ ᠤᠨ ᠷᠠᠳᠢᠣ᠋ ᠲᠧᠯᠸᠢᠰ ᠤᠨ ᠪᠠᠶᠢᠭᠤᠯᠤᠮᠵᠢ ᠳᠤ ᠬᠠᠮ | ᠵᠠᠭᠤᠴᠢᠯᠠᠭᠤᠷ ᠤᠨ ᠪᠠᠶᠢᠭᠤᠯᠤᠯᠲᠠ ᠥᠷᠨᠢᠭᠦᠯᠬᠦ ᠶᠢ ᠵᠢᠯᠣᠭᠤᠳᠴᠤ᠂ ᠷᠠᠳᠢᠣ᠋ ᠲᠧᠯᠸᠢᠰ ᠬᠢᠭᠡᠳ ᠰᠢᠨ᠎ᠡ | ᠵᠠᠭᠤᠴᠢᠯᠠᠭᠤᠷ ᠰᠢᠨ᠎ᠡ ᠮᠡᠷᠭᠡᠵᠢᠯ ᠰᠢᠨ᠎ᠡ ᠠᠵᠢᠯ ᠳᠦᠷᠦᠯ ᠤᠨ ᠬᠡᠯᠪᠡᠷᠢ ᠪᠠᠶᠢᠳᠠᠯ ᠤᠨ ᠰᠢᠨ᠎ᠡ ᠶᠢ ᠡᠭᠦᠳᠴᠦ | ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠭᠤᠷᠪᠠᠨ ᠰᠦᠯᠵᠢᠶᠡᠨ ᠤ ᠠᠭᠤᠰᠤᠯᠴᠠᠯ ᠢ ᠵᠣᠬᠢᠴᠠᠭᠤᠯᠤᠨ | ᠠᠬᠢᠭᠤᠯᠤᠨ᠎ᠠ᠃ | ᠪᠠᠶᠢᠭᠤᠯᠣᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠠᠯᠪᠠᠨ ᠭᠡᠷ᠃ ᠪᠠᠶᠢᠭᠤᠯᠣᠯᠭ᠎ᠠ | ︵ᠰᠢᠰᠲ᠋ᠧᠮ ᠤᠨ ᠨᠠᠮ ᠤᠨ ᠠᠵᠢᠯ ᠤᠨ ᠬᠤᠷᠢᠶ᠎ᠠ᠂ ᠪᠠᠶᠢᠭᠤᠯᠣᠯᠭ᠎ᠠ ᠶᠢᠨ ᠨᠠᠮ ᠤᠨ ᠬᠤᠷᠢᠶ᠎ᠠ᠂ ᠨᠠᠮ ᠤᠨ ᠶᠡᠷᠦᠩᠬᠡᠶ | ᠡᠭᠦᠷ᠂ ᠨᠠᠮ ᠤᠨ ᠡᠭᠦᠷ︶ ᠵᠢᠴᠢ ᠬᠠᠷᠢᠶ᠎ᠠ ᠨᠢᠭᠡᠴᠡ ᠶᠢᠨ ᠢᠶᠠᠨ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠴᠣᠭᠴᠠᠯᠠᠯᠳᠠ ᠶᠢᠨ ᠠᠵᠢᠯ ᠢ ᠬᠠᠷᠢᠭᠤᠴᠠᠨ᠎ᠠ᠃ ᠪᠠᠶᠢᠭᠤᠯᠤᠯᠭ᠎ᠠ ᠵᠢᠴᠢ ᠬᠠᠷᠢᠶ᠎ᠠ | ᠨᠢᠭᠡᠴᠡ ᠶᠢᠨ ᠢᠶᠠᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠡᠩᠨᠡᠭᠡᠨ ᠤ | ᠪᠠᠶᠢᠭᠤᠯᠤᠯᠲᠠ᠂ ᠠᠵᠢᠯ ᠠᠴᠠ ᠪᠠᠨ ᠠᠮᠠᠷᠠᠭᠰᠠᠳ ᠤᠨ ᠶᠠᠪᠣᠳᠠᠯ ᠵᠡᠷᠭᠡ ᠠᠵᠢᠯ ᠢ ᠬᠠᠷᠢᠭᠤᠴᠠᠨ᠎ᠠ᠃ ᠪᠦᠬᠦ | ᠠᠶᠢᠮᠠᠭ ᠤᠨ ᠰᠣᠶᠣᠯ᠂ ᠵᠢᠭᠤᠯᠴᠢᠯᠠᠯ ᠪᠠ ᠷᠠᠳᠢᠣ᠋ ᠲᠧᠯᠸᠢᠰ ᠤᠨ ᠬᠥᠭᠵᠢᠯᠲᠡ ᠶᠢᠨ ᠠᠵᠢᠯ ᠤᠨ ᠪᠣᠳᠠᠲᠤ ᠠᠮᠵᠢᠯᠲᠠ | ᠪᠦᠳᠦᠮᠵᠢ ᠶᠢ ᠬᠢᠨᠠᠨ ᠰᠢᠯᠭᠠᠬᠤ ᠠᠵᠢᠯ ᠢ ᠲᠦᠷᠦᠭᠦᠯᠡᠨ ᠬᠠᠷᠢᠭᠤᠴᠠᠨ᠎ᠠ᠃ ᠴᠢᠳᠠᠪᠤᠷᠢᠲᠠᠨ ᠤ ᠡᠩᠨᠡᠭᠡᠨ ᠤ | ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠰᠣᠶᠣᠯ᠂ ᠵᠢᠭᠤᠯᠴᠢᠯᠠᠯ ᠪᠠ ᠷᠠᠳᠢᠣ᠋ ᠲᠧᠯᠸᠢᠰ ᠤᠨ ᠴᠢᠳᠠᠪᠤᠷᠢᠲᠠᠨ ᠢ ᠬᠥᠮᠦᠵᠢᠭᠦᠯᠬᠦ ᠠᠵᠢᠯ ᠢ | ᠬᠠᠷᠢᠭᠤᠴᠠᠨ᠂ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠤᠯᠪᠣᠭᠳᠠᠯ ᠪᠦᠬᠦᠢ ᠲᠤᠰᠬᠠᠶ | ᠮᠡᠷᠭᠡᠵᠢᠯ ᠤᠨ ᠴᠣᠯᠠ ᠶᠢ ᠬᠢᠨᠠᠨ ᠳᠣᠭᠳᠠᠭᠠᠬᠤ ᠠᠵᠢᠯ ᠢ ᠬᠠᠷᠢᠭᠤᠴᠠᠨ᠎ᠠ᠃ ᠲᠣᠭᠲᠠᠭᠠᠭᠰᠠᠨ ᠡᠷᠬᠡ ᠮᠡᠳᠡᠯ ᠤᠨ | ᠬᠡᠪᠴᠢᠶ᠎ᠡ ᠶᠣᠰᠣᠭᠠᠷ ᠪᠦᠬᠦ ᠠᠶᠢᠮᠠᠭ ᠤᠨ ᠷᠠᠳᠢᠣ᠋ ᠲᠧᠯᠸᠢᠰ ᠤᠨ ᠨᠠᠶᠢᠷᠠᠭᠤᠯᠣᠭᠴᠢ ᠰᠤᠷᠪᠤᠯᠵᠢᠯᠠᠭᠴᠢ᠂ | ᠨᠡᠪᠲᠡᠷᠡᠭᠦᠯᠦᠭᠴᠢ ᠬᠥᠲᠥᠯᠥᠭᠴᠢ ᠶᠢᠨ ᠳᠣᠬᠠᠶᠢᠯᠠᠭᠰᠠᠨ ᠠᠵᠢᠯ ᠤᠨ ᠬᠢᠷᠢ ᠬᠡᠮ ᠪᠣᠯᠤᠨ ᠰᠦᠯᠵᠢᠶᠡᠨ ᠤ ᠦᠵᠡᠭᠦᠯᠵᠦ | ᠰᠣᠨᠣᠰᠬᠠᠬᠤ ᠫᠷᠣᠭ᠍ᠷᠠᠮ ᠤᠨ ᠳᠣᠬᠠᠶᠢᠯᠠᠭᠰᠠᠨ ᠠᠵᠢᠯᠲᠠᠨ ᠤ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ | ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠢ ᠬᠠᠮᠵᠢᠨ ᠵᠢᠭᠤᠯᠴᠢᠯᠠᠯ ᠤᠨ ᠬᠥᠲᠥᠴᠢ ᠶᠢᠨ ᠬᠢᠷᠢ ᠭᠡᠮ ᠤᠨ | ᠰᠢᠯᠭᠠᠯᠲᠠ᠂ ᠵᠢᠭᠤᠯᠴᠢᠯᠠᠯ ᠤᠨ ᠬᠥᠲᠥᠴᠢ ᠶᠢᠨ ᠲᠡᠰ ᠤᠨ ᠰᠢᠯᠭᠠᠯᠲᠠ ᠵᠡᠷᠭᠡ ᠬᠤᠯᠪᠣᠭᠳᠠᠯ ᠪᠦᠬᠦᠢ ᠠᠵᠢᠯ ᠢ | ᠰᠠᠶᠢᠲᠤᠷ ᠬᠢᠨ᠎ᠡ᠃ | ᠵᠢᠷᠭᠤᠳᠤᠭᠠᠷ ᠵᠦᠢᠯ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ ᠶᠢᠨ ᠬᠠᠷᠢᠶ᠎ᠠ | ᠪᠦᠬᠦᠢ ᠠᠵᠢᠯ ᠦᠢᠯᠡᠰ ᠤᠨ ᠨᠢᠭᠡᠴᠡ ᠶᠢᠨ ᠳᠣᠬᠢᠷᠠᠭᠤᠯᠣᠯᠳᠠ᠂ ᠡᠭᠦᠷᠭᠡ ᠬᠠᠷᠢᠭᠤᠴᠠᠯᠭ᠎ᠠ ᠪᠣᠯᠤᠨ ᠣᠷᠣᠨ ᠳᠤᠭ᠎ᠠ | ᠶᠢᠨ ᠳᠣᠬᠠᠢ ᠬᠡᠷᠡᠭ ᠶᠠᠪᠤᠳᠠᠯ ᠢ ᠠᠰᠳᠠᠭᠠᠨ ᠳᠣᠭᠳᠠᠭᠠᠨ᠎ᠠ᠃ | ᠳᠣᠯᠣᠳᠤᠭᠠᠷ ᠵᠦᠢᠯ ᠲᠣᠰ ᠲᠣᠭᠲᠠᠭᠠᠯ ᠤᠨ ᠳᠠᠶᠢᠯᠪᠣᠷᠢᠯᠠᠨ ᠬᠦᠢᠴᠡᠳᠬᠡᠬᠦ ᠠᠵᠢᠯ ᠢ ᠠᠶᠢᠮᠠᠭ ᠤᠨ | ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠣᠭᠠᠨ ᠤ ᠬᠤᠷᠢᠶ᠎ᠠ ᠶᠢᠨ ᠠᠯᠪᠠᠨ ᠭᠡᠷ ᠠᠴᠠ ᠬᠠᠷᠢᠭᠤᠴᠠᠵᠤ᠂ | ᠲᠣᠬᠢᠷᠠᠭᠤᠯᠤᠯᠲᠠ ᠬᠢᠬᠦ ᠵᠦᠢᠯ ᠢ ᠠᠶᠢᠮᠠᠭ ᠤᠨ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠣᠭᠠᠨ ᠤ | ᠬᠤᠷᠢᠶ᠎ᠠ ᠶᠢᠨ ᠠᠯᠪᠠᠨ ᠭᠡᠷ ᠠᠴᠠ ᠲᠣᠭᠲᠠᠭᠠᠭᠰᠠᠨ ᠳᠡᠰ ᠳᠠᠷᠠᠭᠠᠯᠠᠯ ᠶᠣᠰᠣᠭᠠᠷ ᠬᠦᠢᠴᠡᠳᠬᠡᠨ᠎ᠡ᠃ | ᠨᠠᠢᠮᠠᠳᠣᠭᠠᠷ ᠵᠦᠢᠯ ᠲᠤᠰ ᠲᠣᠭᠲᠠᠭᠠᠯ ᠢ 2019 ᠣᠨ ᠤ 3 ᠰᠠᠷ᠎ᠠ ᠶᠢᠨ 29 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ | ᠰᠦᠯᠵᠢᠶᠡᠨ ᠤ ᠬᠠᠶ᠋ᠢᠭ᠄ http://wlgdj.als.gov.cn |