ᠡᠮᠡᠭᠳᠡᠶᠢᠴᠤᠳ ᠤᠨ ᠥᠨᠳᠦᠰᠦᠳᠡᠨ ᠤ ᠭᠠᠷ ᠤᠷᠠᠯᠠᠯ ᠤᠨ ᠳᠣᠬᠠᠢ ᠣᠶᠢᠯᠠᠭᠠᠯᠳᠠ ᠶᠢ ᠳᠡᠭᠡᠭᠰᠢᠯᠡᠬᠦᠯᠬᠦ ᠪᠤᠯᠪᠠᠰᠤᠷᠠᠯ ᠤᠨ ᠠᠩᠬᠢ ᠬᠢᠴᠢᠶᠠᠯ ᠡᠬᠢᠯᠡᠪᠡ
ᠨᠡᠶᠢᠲᠡᠯᠡᠭᠰᠡᠨ ᠴᠠᠭ᠄
2019/7/9
              ᠵᠢᠷᠤᠭ ᠪᠤᠯ᠂ ᠨᠠᠷᠠᠨᠬᠤᠸᠠᠷ ᠪᠠᠭᠰᠢ ᠬᠢᠴᠢᠶᠠᠯ ᠤᠷᠤᠵᠤ ᠪᠠᠶᠢᠨ᠎ᠠ᠃         7 ᠰᠠᠷ᠎ᠠ ᠶᠢᠨ 8 ᠤ ᠡᠳᠦᠷ᠂ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠡᠮᠡᠭᠳᠡᠶᠢᠴᠤᠳ ᠤᠨ ᠬᠤᠯᠪᠤᠭᠠᠳᠤ ᠬᠤᠷᠠᠯ ᠠᠴᠠ ᠭᠤᠤᠯᠯᠠᠠ ᠡᠷᠬᠢᠯᠡᠵᠤ᠂ ᠥᠪᠤᠷ ᠮᠤᠩᠭᠤᠯ ᠤᠨ ᠮᠤᠩᠭᠤᠯ ᠡᠯᠧᠮᠧᠨ᠋ᠲ ᠰᠤᠶᠤᠯ ᠴᠤᠮᠤᠷᠯᠢᠭ ᠤᠨ ᠬᠢᠵᠠᠭᠠᠷᠳᠤ ᠺᠤᠮᠫᠠᠨᠢ ᠳᠠᠭᠠᠭᠠᠴᠢᠯᠠᠠ ᠡᠷᠬᠢᠯᠡᠭᠰᠡᠡ ᠡᠮᠡᠭᠳᠡᠶᠢᠴᠤᠳ ᠤᠨ ᠥᠨᠳᠦᠰᠦᠳᠡᠨ ᠤ ᠭᠠᠷ ᠤᠷᠠᠯᠠᠯ ᠤᠨ ᠳᠣᠬᠠᠢ ᠣᠶᠢᠯᠠᠭᠠᠯᠳᠠ ᠶᠢ ᠳᠡᠭᠡᠭᠰᠢᠯᠡᠬᠦᠯᠬᠦ ᠪᠤᠯᠪᠠᠰᠤᠷᠠᠯ ᠤᠨ ᠠᠩᠬᠢ ᠪᠠᠶᠠᠨᠬᠤᠳᠠ ᠶᠢᠨ ᠰᠥ᠋ ᠪᠠ ᠵᠤᠴᠢᠳ ᠤᠨ ᠪᠠᠭᠤᠳᠠᠯ ᠳᠤ ᠶᠠᠪᠤᠬᠳᠠᠵᠤ᠂ ᠥᠨᠳᠦᠰᠦᠳᠡᠨ ᠤ ᠰᠤᠶᠤᠯ ᠤᠷᠠᠯᠢᠬ ᠤᠨ ᠤᠯᠠᠮᠵᠢᠯᠠᠬᠴᠢ᠂ ᠤᠶᠤᠳᠠᠯ ᠬᠠᠳᠬᠤᠮᠠᠯ ᠳᠤ ᠲᠤᠷ᠎ᠠ ᠪᠠᠬ᠎ᠠ ᠲᠠᠢ 109 ᠬᠥᠮᠦᠨ ᠪᠤᠯᠪᠠᠰᠤᠷᠠᠯ ᠳᠤ ᠤᠷᠤᠯᠴᠠᠪᠠ᠃ ᠪᠤᠯᠪᠠᠰᠤᠷᠠᠯ ᠨᠢ 7 ᠰᠠᠷ᠎ᠠ ᠶᠢᠨ 9 ᠤ ᠡᠳᠦᠷ ᠪᠤᠯᠳᠠᠯ᠎ᠠ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠬᠳᠠᠬᠤ ᠪᠤᠯᠤᠨ᠎ᠠ᠃         ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠡᠮᠡᠭᠳᠡᠶᠢᠴᠤᠳ ᠤᠨ ᠬᠤᠯᠪᠤᠭᠠᠳᠤ ᠬᠤᠷᠠᠯ ᠤᠨ ᠲᠤᠰᠢᠶᠠᠯ ᠬᠠᠪᠰᠤᠷᠭᠠᠬᠰᠠᠠ ᠳᠡᠳ᠋ ᠲᠡᠷᠢᠬᠦᠯᠡᠭᠴᠢ᠂ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠤᠯᠤᠰ ᠲᠥᠷᠦ ᠶᠢᠨ ᠵᠥᠪᠯᠡᠯᠭᠡᠨ ᠤ ᠴᠢᠬᠤᠯᠠ ᠲᠤᠰᠢᠶᠠᠯᠳᠠᠨ᠂ ᠬᠥᠭᠡᠬᠤᠳᠠ ᠶᠢᠨ ᠤᠯᠤᠰ ᠲᠥᠷᠦ ᠶᠢᠨ ᠵᠥᠪᠯᠡᠯᠭᠡᠨ ᠤ ᠭᠡᠰᠢᠬᠦᠨ ᠨᠠᠷᠠᠨᠬᠤᠸᠠᠷ ᠠᠴᠠ ᠥᠨᠳᠦᠰᠦᠳᠡᠨ ᠤ ᠰᠤᠶᠤᠯ ᠢ ᠭᠡᠷᠬᠢᠨ ᠵᠥᠪ ᠢᠶᠠᠷ ᠤᠯᠠᠮᠵᠢᠯᠠᠠ ᠵᠠᠯᠭᠠᠮᠵᠢᠯᠠᠬᠤ᠂ ᠥᠨᠳᠦᠰᠦᠳᠡᠨ ᠤ ᠭᠠᠷ ᠤᠷᠠᠯᠠᠯ ᠢ ᠭᠡᠷᠬᠢᠨ ᠵᠠᠬ᠎ᠠ ᠲᠠᠯᠭᠡᠬᠦᠷ ᠲᠠᠢ ᠤᠶᠠᠯᠳᠤᠭᠤᠯᠤᠨ ᠨᠡᠩ ᠰᠠᠶᠢᠨ ᠪᠤᠷᠤᠯᠠᠭᠤᠯᠬᠤ ᠲᠤᠬᠠᠢ᠂ ᠠᠵᠢᠯ ᠤᠢᠢᠯᠠᠰ ᠪᠤᠰᠬᠠᠵᠤ ᠪᠠᠶᠢᠭ᠎ᠠ ᠡᠮᠡᠭᠳᠡᠶᠢᠴᠤᠳ ᠬᠡᠷᠬᠢᠨ ᠵᠠᠰᠠᠬ ᠤᠨ ᠤᠷᠳᠤᠨ ᠤ ᠡᠯ᠎ᠠ ᠰᠠᠯᠠᠭ᠎ᠠ ᠮᠥᠴᠢᠷ ᠤᠨ ᠬᠠᠷᠠᠭᠠᠯᠵᠠᠯ ᠤᠨ ᠲᠥᠷᠦ ᠶᠢᠨ ᠪᠤᠳᠤᠯᠭ᠎ᠠ ᠶᠢ ᠢᠯᠡᠬᠦᠦ ᠬᠥᠷᠳᠡᠵᠤ ᠲᠠᠶᠢᠯᠬᠦ᠂ ᠭᠡᠷᠬᠢᠨ ᠠᠵᠤ ᠠᠬᠤᠢᠢᠴᠢᠯᠠᠬᠰᠠᠠ ᠬᠥᠭᠵᠢᠯᠳᠡ ᠶᠢ ᠲᠥᠯᠦᠪᠵᠢᠬᠦᠯᠬᠦ᠂ ᠵᠠᠬ᠎ᠠ ᠳᠡᠯᠭᠡᠬᠦᠷ ᠤᠨ ᠡᠵᠡᠩᠨᠡᠡ ᠪᠤᠷᠤᠯᠠᠭᠤᠯᠬᠤ ᠠᠷᠭ᠎ᠠ ᠵᠡᠮ ᠢ ᠥᠷᠭᠡᠳᠭᠡᠬᠦ᠂ ᠮᠡᠳᠡᠯᠭᠡ ᠶᠢᠨ ᠥᠮᠴᠢᠯᠡᠯ ᠤᠨ ᠡᠷᠭᠡ ᠶᠢ ᠬᠠᠮᠠᠭᠠᠯᠠᠬᠤ ᠵᠡᠷᠭᠡ ᠠᠭᠤᠯᠭ᠎ᠠ ᠪᠠᠷ ᠪᠤᠯᠪᠠᠰᠤᠷᠠᠯ ᠬᠢᠭᠰᠡᠡ ᠪᠠᠶᠢᠨ᠎ᠠ᠃         ᠡᠵᠡᠨ᠎ᠠ ᠬᠤᠰᠢᠭᠤᠨ ᠠᠴᠠ ᠢᠷᠡᠭᠰᠡᠡ ᠰᠤᠪᠤᠳ ᠰᠤᠷᠪᠤᠯᠵᠢᠯᠠᠬᠴᠢ ᠳᠤ᠄ ︽ᠲᠤᠰ ᠤᠳᠠᠭᠠᠠ ᠤ ᠪᠤᠯᠪᠠᠰᠤᠷᠠᠯ ᠢᠶᠠᠷ ᠳᠠᠮᠵᠢᠨ᠂ ᠮᠤᠩᠭᠤᠯ ᠬᠤᠪᠴᠠᠰᠤ ᠵᠠᠰᠠᠯ ᠤᠨ ᠢᠷᠡᠯᠳᠡ ᠶᠢᠨ ᠲᠤᠬᠠᠢ ᠤᠢᠢᠯᠠᠭᠠᠨ ᠮᠠᠳᠠᠵᠤ᠂ ᠥᠨᠳᠦᠰᠤᠳᠡᠨ ᠤ ᠥᠪ ᠰᠤᠶᠤᠯ ᠢᠶᠠᠨ ᠬᠠᠮᠠᠭᠠᠯᠠᠠ ᠥᠪᠯᠡᠬᠦ ᠲᠠᠯ᠎ᠠ ᠪᠠᠷ ᠥᠨᠡᠭᠡᠷ ᠬᠥᠨ ᠤᠢᠢᠯᠡᠭᠠᠯᠳᠠ ᠲᠠᠢ ᠪᠤᠯᠤᠯ᠎ᠠ᠃ ᠪᠢᠳᠡ ᠲᠡᠷᠯᠢᠭ ᠤᠶᠤᠵᠤ ᠴᠢᠳᠠᠳᠠᠬ ᠪᠤᠯᠪᠠᠴᠤ ᠲᠡᠷᠯᠢᠭ ᠤᠨ ᠲᠤᠬᠠᠢ ᠰᠤᠶᠤᠯ ᠤᠨ ᠮᠡᠳᠡᠯᠭᠡ ᠲᠤᠩ ᠬᠦᠷᠦᠯᠴᠡᠬᠦ ᠦᠬᠡᠢ ᠪᠠᠶᠢᠬᠤ ᠪᠠᠨ ᠮᠠᠳᠠᠯ᠎ᠠ᠃ ᠦᠨᠳᠦᠰᠦᠳᠡᠨ ᠤ ᠭᠠᠷ ᠤᠷᠠᠯᠠᠯ ᠤᠨ ᠲᠤᠬᠠᠢ ᠣᠶᠢᠯᠠᠭᠠᠯᠳᠠ ᠪᠠᠨ ᠲᠡᠭᠡᠭᠰᠢᠯᠡᠬᠦᠯᠵᠤ᠂ ᠤᠳᠤᠮᠰᠢᠯᠳᠤ ᠰᠤᠶᠤᠯ ᠢᠶᠠᠨ ᠰᠤᠷᠴᠤ ᠡᠵᠡᠮᠰᠢᠬᠦ ᠵᠡᠪᠰᠢᠶᠠᠨ ᠤᠯᠤᠬᠰᠠᠨ ᠳᠠᠭᠠᠨ ᠲᠤᠩ ᠪᠠᠶᠠᠷᠯᠠᠵᠤ ᠪᠠᠶᠢᠨ᠎ᠠ︾ ᠭᠡᠵᠤ ᠶᠠᠷᠢᠯ᠎ᠠ᠃                                                       (ᠵᠣᠬᠢᠶᠠᠭᠴᠢ᠄ ᠡᠷᠳᠡᠨᠢᠴᠡᠴᠡᠭ)
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号