ᠠᠯᠠᠱᠠ ᠵᠡᠭᠦᠨ ᠬᠤᠰᠢᠭᠤᠨ ᠤ ᠮᠤᠩᠭᠤᠯ ᠦᠨᠳᠦᠰᠦᠳᠡᠨ ᠤ ᠰᠤᠷᠭᠠᠭᠤᠯᠢ ᠶᠢᠨ ᠰᠤᠷᠤᠭᠴᠢᠳ ᠲᠡᠯᠡᠬᠡᠢ ᠶᠢᠨ ᠵᠠᠯᠠᠭᠤᠴᠤᠳ ᠪᠠᠭᠠᠴᠤᠳ ᠤᠨ ᠰᠤᠶᠤᠯ ᠤᠷᠠᠯᠢᠭ ᠤᠨ ᠤᠷᠤᠯᠳᠤᠭᠠᠨ ᠳᠤ ᠠᠯᠳᠠᠨ ᠮᠧᠳᠠᠯ ᠲᠤᠰᠤᠯ᠎ᠠ
ᠨᠡᠶᠢᠲᠡᠯᠡᠭᠰᠡᠨ ᠴᠠᠭ᠄
2019/8/1
        ᠲᠤᠮᠳᠠᠳᠤ ᠮᠤᠩᠭᠤᠯ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠬᠦ ᠲᠤᠮᠳᠠᠳᠤ ᠮᠤᠩᠭᠤᠯ ᠬᠤᠶᠠᠷ ᠤᠯᠤᠰ ᠤᠨ ᠬᠠᠮᠳᠤᠷᠠᠨ ᠡᠷᠬᠢᠯᠡᠭᠰᠡᠨ ᠤᠯᠠᠨ ᠤᠯᠤᠰ ᠤᠨ ᠵᠠᠯᠠᠭᠤᠴᠤᠳ ᠪᠠᠭᠠᠴᠤᠳ ᠤᠨ ᠰᠤᠶᠤᠯ ᠤᠷᠠᠯᠢᠭ ᠤᠨ ᠤᠷᠤᠯᠳᠤᠭᠠᠨ 7 ᠰᠠᠷ᠎ᠠ ᠶᠢᠨ 23 ᠠᠴᠠ 29 ᠤ ᠡᠳᠦᠷ ᠪᠤᠯᠳᠠᠯ᠎ᠠ ᠮᠤᠩᠭᠤᠯ ᠤᠯᠤᠰ ᠤᠨ ᠤᠯᠠᠭᠠᠨᠪᠠᠭᠠᠳᠤᠷ ᠬᠤᠳᠠᠨ᠎ᠠ ᠶᠠᠪᠤᠬᠳᠠᠵᠤ᠂ ᠠᠯᠠᠱᠠ ᠠᠶᠢᠮᠠᠭ ᠤᠨ ᠠᠯᠠᠱᠠ ᠵᠡᠬᠦᠨ ᠬᠤᠰᠢᠭᠤᠨ ᠤ ᠮᠤᠩᠭᠤᠯ ᠦᠨᠳᠦᠰᠦᠳᠡᠨ ᠤ ᠰᠤᠷᠭᠠᠭᠤᠯᠢ ᠶᠢᠨ 8 ᠰᠤᠷᠤᠬᠴᠢ ᠤᠷᠤᠯᠳᠤᠭᠠᠨ ᠳᠤ ᠤᠷᠤᠯᠴᠠᠭᠠᠳ ᠠᠯᠳᠠᠨ ᠮᠧᠳᠠᠯ ᠲᠤᠰᠪᠠ᠃         ᠰᠢᠨ᠎ᠡ ᠲᠤᠮᠳᠠᠳᠤ ᠤᠯᠤᠰ ᠪᠠᠶᠢᠭᠤᠯᠤᠬᠳᠠᠬᠰᠠᠨ 70 ᠵᠢᠯ ᠤᠨ ᠤᠢ ᠪᠠ ᠲᠤᠮᠳᠠᠳᠤ ᠮᠤᠩᠭᠤᠯ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠬᠦ ᠲᠠᠰᠢᠷᠠᠮ ᠢᠶᠠᠷ᠂ ᠦᠪᠦᠷ ᠮᠤᠩᠭᠤᠯ ᠤᠨ ᠤᠷᠠᠯᠢᠭ ᠤᠨ ᠰᠤᠯᠢᠯᠴᠠᠭᠠᠨ ᠤ ᠨᠡᠶᠢᠬᠡᠮᠯᠢᠭ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠲᠤᠷᠠᠳᠤᠬᠰᠠᠨ ᠨᠢᠭᠡ ᠪᠦᠰᠠ ᠨᠢᠭᠡ ᠵᠠᠮ ᠤᠨ ᠰᠤᠶᠤᠯ ᠤᠷᠠᠯᠢᠭ ᠤᠨ ᠤᠬᠠᠭᠤᠯᠭ᠎ᠠ ᠶᠢᠨ ᠠᠵᠢᠯ ᠢ ᠭᠠᠳᠠᠭᠠᠳᠤ ᠳᠤ ᠭᠠᠷᠭᠠᠬᠤ ᠲᠤᠷᠠᠳᠤᠯᠭ᠎ᠠ ᠶᠤᠰᠤᠭᠠᠷ ᠲᠤᠰ ᠤᠳᠠᠭᠠᠨ ᠤ ᠨᠦᠬᠦᠷᠰᠡᠭ ᠠᠵᠢᠯᠯᠠᠭ᠎ᠠ ᠶᠢ ᠶᠠᠪᠤᠭᠳᠠᠭᠤᠯᠤᠭᠰᠠᠨ ᠪᠠᠶᠢᠨ᠎ᠠ᠃ ᠤᠷᠤᠯᠳᠤᠭᠠᠨ ᠳᠤ 10 ᠭᠠᠷᠤᠢ ᠤᠯᠤᠰ ᠤᠨ ᠵᠠᠯᠠᠭᠤᠴᠤᠳ ᠪᠠᠭᠠᠴᠤᠳ ᠤᠷᠤᠯᠴᠠᠨ᠂ ᠲᠠᠭᠤᠤ ᠪᠦᠵᠢᠭ᠂ ᠬᠦᠭᠵᠢᠮ᠂ ᠨᠡᠶᠢᠷᠡᠯ ᠲᠠᠭᠤᠤ᠂ ᠬᠤᠱᠤᠩ ᠵᠦᠴᠦᠭᠡ᠂ ᠬᠤᠪᠴᠠᠰᠤ ᠵᠠᠰᠠᠯ ᠤᠨ ᠦᠵᠡᠬᠦᠯᠦᠯᠭᠡ᠂ ᠤᠶᠤᠨ ᠤ ᠤᠷᠤᠯᠳᠤᠭᠠᠨ ᠵᠡᠷᠭᠡ ᠲᠦᠷᠦᠯ ᠢᠶᠠᠷ ᠶᠠᠪᠤᠬᠳᠠᠨ᠂ ᠠᠯᠠᠱᠠ ᠠᠶᠢᠮᠠᠭ ᠤᠨ ᠪᠢᠴᠢᠬᠠᠨ ᠤᠷᠤᠯᠴᠠᠬᠴᠢᠳ ᠶᠠᠳᠤᠭ᠎ᠠ ᠬᠦᠭᠵᠢᠮ ᠤᠨ ᠠᠶ᠎ᠠ ᠳᠠᠭᠤᠤ ᠶᠢᠨ ᠪᠥᠲᠥᠭᠡᠯ ᠢᠶᠠᠷ ᠢᠶᠠᠨ ᠠᠯᠳᠠᠨ ᠮᠧᠳᠠᠯ ᠲᠤᠰᠤᠬᠰᠠᠨ ᠪᠠᠶᠢᠨ᠎ᠠ᠃         ᠠᠯᠠᠱᠠ ᠵᠡᠭᠦᠨ ᠬᠤᠰᠢᠭᠤᠨ ᠤ ᠮᠤᠩᠭᠤᠯ ᠦᠨᠳᠦᠰᠦᠳᠡᠨ ᠤ ᠰᠤᠷᠭᠠᠭᠤᠯᠢ ᠶᠢᠨ ᠶᠠᠳᠤᠭ᠎ᠠ ᠶᠢᠨ ᠠᠩᠬᠢ 2016 ᠤᠨ ᠳᠤ ᠪᠠᠶᠢᠭᠤᠯᠤᠭᠳᠠᠨ᠂ ᠠᠩᠬ᠎ᠠ 10 ᠬᠦᠭᠵᠢᠮ ᠲᠠᠢ 12 ᠰᠤᠷᠤᠬᠴᠢ ᠲᠠᠢ ᠪᠠᠶᠢᠬᠰᠠᠨ ᠠᠴᠠ ᠤᠳᠤ 24 ᠬᠦᠭᠵᠢᠮ ᠲᠠᠢ 50 ᠭᠠᠷᠤᠢ ᠰᠤᠷᠤᠬᠴᠢ ᠲᠠᠢ ᠪᠤᠯᠤᠨ ᠪᠤᠵᠠᠭᠠᠶᠢᠷᠠᠬᠰᠠᠨ ᠪᠠᠶᠢᠨ᠎ᠠ᠃ ᠲᠤᠰ ᠰᠤᠷᠭᠠᠭᠤᠯᠢ ᠶᠢᠨ ᠲᠠᠭᠤᠤ ᠬᠦᠭᠵᠢᠮ ᠤᠨ ᠪᠠᠭᠰᠢ ᠰᠤᠯᠤᠩᠭ᠎ᠠ ᠪᠠ ᠭᠠᠳᠠᠨ᠎ᠠ ᠠᠴᠠ ᠤᠨᠴᠠ ᠤᠷᠢᠬᠰᠠᠨ ᠪᠠᠭᠰᠢ ᠰᠠᠷᠠᠨ᠎ᠠ ᠭᠤᠤᠯᠯᠠᠨ ᠬᠢᠴᠢᠶᠡᠯᠯᠡᠳᠡᠭ᠃ ᠲᠤᠰ ᠶᠠᠳᠤᠭ᠎ᠠ ᠶᠢᠨ ᠠᠩᠬᠢ ᠨᠢ ᠤᠷᠢᠳ ᠬᠤᠵᠢᠳ ᠦᠪᠦᠷ ᠮᠤᠩᠭᠤᠯ ᠤᠨ ᠮᠤᠩᠭᠤᠯ ᠤᠳᠤᠨ ᠲᠧᠯᠸᠢᠰ ᠤᠨ ᠪᠠᠭᠠᠴᠣᠳ ᠬᠡᠤᠬᠡᠳ ᠤᠨ ᠴᠠᠭᠠᠨ ᠰᠠᠷ᠎ᠠ ᠶᠢᠨ ᠦᠳᠡᠰᠢᠯᠡᠭᠡ᠂ ᠠᠶᠢᠮᠠᠭ᠂ ᠬᠤᠰᠢᠭᠤᠨ ᠤ ᠲᠤᠮᠤ ᠬᠡᠯᠪᠡᠷᠢ ᠶᠢᠨ ᠤᠷᠠᠨ ᠰᠠᠶᠢᠬᠠᠨ ᠤ ᠲᠤᠬᠯᠠᠯᠳᠠ ᠳᠤ ᠤᠷᠤᠯᠴᠠᠬᠰᠠᠨ ᠢᠶᠠᠷ ᠪᠠᠷᠠᠬᠤ ᠦᠬᠡᠢ᠂ ᠵᠢᠯ ᠪᠤᠯᠭᠠᠨ ᠤ ᠪᠠᠶᠠᠨᠬᠤᠳᠠ ᠶᠢᠨ ᠵᠤᠨ ᠤ ᠰᠡᠯᠡᠬᠦᠴᠡᠯ ᠤᠨ 100 ᠡᠳᠦᠷ ᠤᠨ ᠰᠤᠶᠤᠯ ᠤᠨ ᠠᠵᠢᠯᠯᠠᠭ᠎ᠠ ᠳᠤ ᠢᠳᠡᠪᠬᠢᠯᠡᠨ ᠤᠷᠤᠯᠴᠠᠵᠤ᠂ ᠰᠤᠷᠭᠠᠭᠤᠯᠢ ᠳᠠᠭᠠᠨ ᠵᠢᠯ ᠪᠤᠯᠭᠠᠨ ᠬᠠᠷᠢᠭᠤ ᠮᠡᠳᠡᠬᠦᠯᠦᠯᠳᠡ ᠶᠢᠨ ᠲᠤᠬᠯᠠᠯᠳᠠ ᠭᠠᠷᠭᠠᠳᠠᠭ ᠪᠠᠶᠢᠨ᠎ᠠ᠃          ᠲᠤᠰ ᠤᠳᠠᠭᠠᠨ ᠤ ᠠᠵᠢᠯᠯᠠᠭ᠎ᠠ ᠨᠢ ᠬᠤᠶᠠᠷ ᠤᠯᠤᠰ ᠤᠨ ᠠᠷᠠᠳ ᠲᠦᠮᠡᠨ ᠤ ᠤᠷᠳᠤ ᠬᠤᠭᠤᠴᠠᠭᠠᠨ ᠤ ᠨᠦᠬᠦᠷᠯᠡᠯ ᠢ ᠬᠠᠮᠳᠤᠪᠡᠷ ᠲᠡᠮᠳᠡᠭᠯᠡᠵᠦ᠂ ᠰᠤᠷᠤᠬᠴᠢᠳ ᠲᠤ ᠤᠯᠠᠨ ᠡᠰᠢᠳᠦ ᠰᠤᠷᠤᠯᠴᠠᠬᠤ ᠤᠷᠴᠢᠨ ᠨᠦᠬᠦᠴᠡᠯ ᠢ ᠬᠠᠨᠭ᠍ᠭᠠᠵᠤ᠂ ᠠᠮᠠᠷᠠᠯᠳᠠ ᠶᠢᠨ ᠬᠤᠭᠤᠴᠠᠭᠠᠨ ᠤ ᠠᠮᠢᠳᠤᠷᠠᠯ ᠢ ᠪᠠᠶᠠᠯᠢᠬᠵᠢᠭᠤᠯᠤᠨ᠂ ᠭᠠᠳᠠᠭᠠᠳᠤ ᠶᠢᠨ ᠵᠢᠭᠠᠨ ᠰᠤᠷᠭᠠᠬᠤ ᠠᠷᠭ᠎ᠠ ᠬᠡᠯᠪᠡᠷᠢ ᠪᠡ ᠰᠤᠷᠤᠯᠴᠠᠬᠤ ᠠᠷᠭ᠎ᠠ ᠶᠢ ᠪᠡᠶᠡᠴᠢᠯᠡᠨ ᠤᠶᠢᠯᠠᠭᠠᠭᠤᠯᠤᠨ᠂ ᠤᠯᠠᠮᠵᠢᠯᠠᠯᠳᠤ ᠰᠤᠶᠤᠯ ᠤᠷᠠᠯᠢᠭ ᠢ ᠤᠯᠠᠮᠵᠢᠯᠠᠨ ᠵᠠᠯᠭᠠᠮᠵᠢᠯᠠᠬᠤ ᠴᠢᠳᠠᠪᠤᠷᠢᠳᠠᠨ ᠢ ᠪᠤᠶᠢᠵᠢᠭᠤᠯᠤᠨ ᠬᠦᠮᠦᠵᠢᠬᠦᠯᠬᠦ ᠪᠠᠷ ᠭᠤᠤᠯ ᠵᠤᠷᠢᠯᠭ᠎ᠠ ᠪᠠᠨ ᠪᠤᠯᠭᠠᠬᠰᠠᠨ ᠪᠠᠶᠢᠨ᠎ᠠ᠃                                                    (ᠵᠣᠬᠢᠶᠠᠭᠴᠢ᠄  ᠡᠷᠳᠡᠨᠢᠴᠢᠮᠡᠭ)
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号