ᠠᠯᠠᠱᠠ ᠠᠶᠢᠮᠠᠭ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠬᠡᠦᠬᠡᠳ ᠤᠨ ᠴᠡᠴᠡᠷᠯᠢᠭ ᠲᠤ ᠣᠷᠣᠬᠤ ᠳᠤ ᠬᠦᠴᠢᠷ ᠪᠠᠶᠢᠬᠤ ᠠᠰᠠᠭᠤᠳᠠᠯ ᠢ ᠰᠢᠢᠳᠪᠦᠷᠢᠯᠡᠵᠤ ᠪᠠᠶᠢᠨ᠎ᠠ
ᠨᠡᠶᠢᠲᠡᠯᠡᠭᠰᠡᠨ ᠴᠠᠭ᠄
2019/8/2
        ᠤᠢᠢᠷ᠎ᠠ ᠳᠤ᠂ ᠮᠠᠨ ᠤ ᠠᠶᠢᠮᠠᠭ ᠠᠯᠪᠠᠨ ᠠᠴᠠ ᠪᠠᠶᠢᠭᠤᠯᠣᠭᠰᠠᠨ ᠬᠡᠤᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠢ ᠵᠣᠷᠢᠭᠵᠢᠭᠤᠯᠤᠨ ᠬᠥᠭᠵᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠡᠤᠬᠡᠳ ᠤᠨ ᠴᠡᠴᠡᠷᠯᠢᠭ ᠲᠤ ᠣᠷᠣᠬᠤ ᠳᠤ ᠬᠦᠴᠢᠷ ᠪᠠᠶᠢᠬᠤ ᠠᠰᠠᠭᠤᠳᠠᠯ ᠢ ᠰᠢᠢᠳᠪᠦᠷᠢᠯᠡᠵᠤ᠂ ᠬᠡᠤᠬᠡᠳ ᠲᠤ ᠥᠨᠳᠥᠷ ᠶᠠᠰᠤ ᠴᠢᠨᠠᠷ ᠲᠠᠢ ᠰᠣᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠬᠦᠷᠲᠡᠭᠡᠵᠤ ᠪᠠᠶᠢᠨ᠎ᠠ᠃         ᠠᠯᠠᠱᠨ ᠵᠡᠭᠦᠨ ᠬᠤᠰᠢᠭᠤᠨ ᠤ ᠳᠣᠯᠣᠳᠤᠭᠠᠷ ᠬᠡᠤᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠢ ᠳᠤ᠂ ᠬᠦᠷᠢᠶᠡᠯᠡᠩ ᠲᠣᠭᠤᠷᠢᠭ ᠤᠨ ᠭᠤᠤᠯ ᠴᠣᠭᠴᠠ ᠶᠢᠨ ᠪᠠᠷᠢᠯᠭ᠎ᠠ ᠨᠢᠭᠡᠨᠲᠡ ᠳᠠᠭᠤᠰᠴᠤ᠂ ᠠᠵᠢᠯᠴᠢᠳ ᠢᠵᠢ ᠪᠦᠷᠢᠳᠦᠭᠦᠯᠬᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠪᠠᠨ ᠱᠠᠯᠠᠪᠳᠠᠨ ᠬᠢᠵᠦ ᠪᠠᠶᠢᠯ᠎ᠠ᠃ ᠬᠡᠤᠬᠡᠳ ᠤᠨ ᠴᠡᠴᠡᠷᠯᠢᠭ ᠤᠨ ᠡᠵᠡᠯᠡᠬᠦ ᠭᠠᠵᠠᠷ ᠨᠢ 1 ᠲᠦᠮᠡᠨ ᠲᠡᠭᠰᠢ ᠳᠥᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠢ ᠨᠢ 5800 ᠲᠡᠭᠰᠢ ᠳᠥᠷᠪᠡᠯᠵᠢᠨ ᠮᠧᠲᠷ᠂ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ ᠨᠢ 1700 ᠲᠦᠮᠡᠨ ᠲᠥᠭᠦᠷᠢᠭ ᠪᠠᠶᠢᠵᠤ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ 12 ᠵᠢᠭᠠᠨ ᠰᠤᠷᠭᠠᠬᠤ ᠠᠩᠭᠢ ᠲᠣᠬᠢᠷᠠᠭᠤᠯᠵᠤ᠂ 360 ᠬᠡᠤᠬᠡᠳ ᠢ ᠪᠠᠭᠲᠠᠭᠠᠬᠤ ᠪᠤᠯᠤᠨ᠎ᠠ᠃ ᠡᠨᠡ ᠨᠢ ᠡᠷᠭᠢᠨ ᠲᠣᠭᠤᠷᠢᠨ ᠤ ᠱᠠᠩ ᠬᠤᠢ ᠰᠠᠭᠤᠭᠠᠯᠢ ᠲᠣᠭᠤᠷᠢᠭ᠂ ᠯᠦ ᠾᠧ ᠶᠤᠸᠠᠨ ᠰᠠᠭᠤᠭᠠᠯᠢ ᠲᠣᠭᠤᠷᠢᠭ ᠪᠤᠯᠤᠨ ᠢ ᠾᠧ ᠰᠠᠭᠤᠭᠠᠯᠢ ᠲᠤᠭᠤᠷᠢᠭ ᠤᠨ ᠬᠡᠤᠬᠡᠳ ᠤᠨ ᠴᠡᠴᠡᠷᠯᠢᠭ ᠲᠤ ᠣᠷᠣᠬᠤ ᠠᠰᠠᠭᠤᠳᠠᠯ ᠢ ᠰᠢᠢᠳᠪᠦᠷᠢᠯᠡᠬᠦ ᠪᠤᠯᠤᠨ᠎ᠠ᠃         ᠤᠢᠢᠯᠠᠭᠠᠬᠰᠠᠠ ᠢᠶᠠᠷ᠂ ᠠᠯᠠᠱᠨ ᠵᠡᠭᠦᠨ ᠬᠤᠰᠢᠭᠤᠨ ᠤ ᠳᠣᠯᠣᠳᠤᠭᠠᠷ ᠬᠡᠤᠬᠡᠳ ᠤᠨ ᠴᠡᠴᠡᠷᠯᠢᠭ ᠢ ᠡᠨᠡ ᠵᠢᠯ ᠠᠰᠢᠭᠯᠠᠯᠲᠠ ᠳᠤ ᠣᠷᠣᠭᠤᠯᠵᠤ᠂ ᠬᠤᠶᠠᠷᠬᠤᠳᠳᠤᠭ ᠤᠨ ᠬᠦᠳᠡᠭᠡ ᠶᠢᠨ ᠬᠡᠤᠬᠡᠳ ᠤᠨ ᠴᠡᠴᠡᠷᠯᠢᠭ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠠᠵᠢᠯ ᠢ ᠡᠨᠡ ᠵᠢᠯ ᠪᠦᠬᠦᠨ ᠢ ᠪᠡᠶᠡᠯᠡᠬᠦᠯᠦᠨ᠂ ᠠᠯᠠᠱᠨ ᠵᠡᠭᠦᠨ ᠬᠤᠰᠢᠭᠤᠨ ᠤ ᠵᠢᠷᠭᠤᠳᠤᠭᠠᠷ ᠬᠡᠤᠬᠡᠳ ᠤᠨ ᠴᠡᠴᠡᠷᠯᠢᠭ᠂ ᠤᠯᠠᠭᠠᠨᠪᠤᠬ᠎ᠠ ᠬᠡᠤᠬᠡᠳ ᠤᠨ ᠴᠡᠴᠡᠷᠯᠢᠭ᠂ ᠡᠵᠡᠨ᠎ᠡ ᠬᠤᠰᠢᠭᠤᠨ ᠤ ᠬᠤᠶᠠᠳᠤᠭᠠᠷ ᠬᠡᠤᠬᠡᠳ ᠤᠨ ᠴᠡᠴᠡᠷᠯᠢᠭ ᠢ ᠶᠠᠭ ᠪᠠᠶᠢᠭᠤᠯᠵᠤ᠂ ᠵᠢᠱᠢᠯᠲᠡ ᠪᠠᠷ 2020 ᠣᠨ ᠳᠤ ᠠᠰᠢᠭᠯᠠᠯᠲᠠ ᠳᠤ ᠣᠷᠣᠭᠤᠯᠤᠨ᠎ᠠ᠃ ᠡᠨᠡ ᠵᠢᠯ᠂ ᠮᠠᠨ ᠤ ᠠᠶᠢᠮᠠᠭ 5 ᠰᠠᠭᠤᠷᠢ ᠠᠯᠪᠠᠨ ᠠᠴᠠ ᠪᠠᠶᠢᠭᠤᠯᠣᠭᠰᠠᠨ ᠬᠡᠤᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠠ ᠥᠷᠭᠡᠳᠬᠡᠨ ᠪᠠᠶᠢᠭᠤᠯᠬᠤ ᠪᠠᠷ ᠲᠥᠯᠥᠪᠯᠡᠵᠦ᠂ ᠰᠢᠨ᠎ᠡ ᠪᠠᠷ ᠪᠠᠶᠢᠭᠤᠯᠤᠭᠰᠠᠨ ᠪᠠ ᠥᠷᠭᠡᠳᠬᠡᠨ ᠪᠠᠶᠢᠭᠤᠯᠤᠭᠰᠠᠨ ᠬᠡᠤᠬᠡᠳ ᠤᠨ ᠴᠡᠴᠡᠷᠯᠢᠭ ᠨᠢ ᠡᠯ᠎ᠡ ᠭᠠᠵᠠᠷ ᠤᠨ ᠬᠡᠤᠬᠡᠳ ᠤᠨ ᠴᠡᠴᠡᠷᠯᠢᠭ ᠤᠨ ᠭᠠᠵᠠᠷ ᠵᠦᠶ ᠶᠢᠨ ᠪᠠᠶᠢᠷᠢᠰᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠤᠨ᠂ ᠬᠡᠤᠬᠡᠳ ᠲᠤ ᠴᠢᠨᠠᠷ ᠰᠠᠶᠢᠲᠠᠶ ᠰᠣᠷᠬᠤ ᠨᠠᠰᠤᠨ ᠠᠴᠠ ᠡᠮᠤᠨᠡᠬᠢ ᠰᠤᠷᠭᠠᠨ ᠬᠥᠮᠤᠵᠢᠯ ᠬᠥᠷᠳᠡᠭᠡᠬᠦ ᠪᠤᠯᠤᠨ᠎ᠠ᠃         ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠹᠧᠩ ᠶᠢᠩ ᠽᠦᠨ ᠰᠤᠷᠪᠤᠯᠵᠢᠯᠠᠬᠴᠢ ᠳᠤ᠄ ︽ᠣᠳᠣ ᠪᠣᠯᠲᠠᠯ᠎ᠠ᠂ ᠮᠠᠨ ᠤ ᠠᠶᠢᠮᠠᠭ ᠤᠨ ᠰᠢᠨ᠎ᠡ ᠪᠠᠷ ᠪᠠᠶᠢᠭᠤᠯᠵᠤ᠂ ᠠᠵᠢᠯᠯᠠᠭᠤᠯᠵᠤ ᠪᠠᠶᠢᠭ᠎ᠠ ᠠᠯᠪᠠᠨ ᠠᠴᠠ  ᠪᠠᠶᠢᠭᠤᠯᠣᠭᠰᠠᠨ ᠬᠡᠤᠬᠡᠳ ᠤᠨ ᠴᠡᠴᠡᠷᠯᠢᠭ 16 ᠪᠠᠶᠢᠵᠤ᠂ ᠪᠦᠬᠦ ᠠᠶᠢᠮᠠᠭ ᠤᠨ 13 ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠤᠨ 8 ᠴᠡᠴᠡᠷᠯᠢᠭ ᠢ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠢᠶᠠᠷ ᠲᠣᠭᠲᠠᠭᠠᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠤᠨ ᠬᠠᠷᠢᠴᠠᠯ ᠨᠢ 82% ᠢ ᠲᠠᠪᠠᠭᠰᠠᠨ ᠪᠠᠶᠢᠨ᠎ᠠ︾ ᠬᠡᠵᠤ ᠶᠠᠷᠢᠪᠠ᠃         ᠮᠠᠨ ᠤ ᠠᠶᠢᠮᠠᠭ ᠪᠠᠰᠠ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠢ ᠲᠡᠳᠬᠦᠨ ᠳᠡᠮᠵᠢᠬᠦ ᠠᠷᠭ᠎ᠠ ᠬᠡᠮᠵᠢᠶ᠎ᠡ ᠶᠢ ᠪᠦᠷᠢᠨᠰᠢᠭᠦᠯᠤᠨ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠤᠨ ᠬᠠᠷᠢᠴᠠᠯ ᠢ ᠤᠯᠠᠮ ᠲᠡᠭᠡᠭᠰᠢᠯᠡᠬᠦᠯᠵᠤ᠂ ᠭᠠᠵᠠᠷ ᠰᠢᠷᠣᠶ ᠶᠢ ᠵᠦᠶ ᠵᠣᠬᠢᠰᠲᠠᠶ ᠬᠡᠷᠡᠭᠯᠡᠬᠦ᠂ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠤᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠳᠦᠷᠢᠮᠵᠢᠬᠦᠯᠵᠦ᠂ ᠰᠠᠭᠤᠷᠢ ᠲᠥᠬᠦᠭᠡᠷᠤᠮᠵᠢ ᠶᠢᠨ ᠨᠥᠬᠦᠴᠡᠯ ᠢ ᠲᠠᠰᠤᠷᠠᠯᠲᠠ ᠥᠬᠡᠶ ᠰᠠᠶᠢᠵᠢᠷᠠᠭᠤᠯᠬᠤ ᠪᠠ ᠠᠰᠠᠷᠠᠨ ᠬᠥᠮᠦᠵᠢᠭᠦᠯᠬᠦ ᠬᠢᠷᠢ ᠲᠥᠪᠰᠢᠨ ᠢ ᠳᠡᠭᠡᠭᠰᠢᠯᠡᠭᠦᠯᠤᠨ᠂ ᠬᠡᠤᠬᠡᠳ ᠲᠤ ᠥᠨᠳᠥᠷ ᠶᠠᠰᠤ ᠴᠢᠨᠠᠷ ᠲᠠᠢ ᠰᠣᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠬᠦᠷᠲᠡᠭᠡᠬᠦ ᠪᠠᠷ ᠪᠤᠢ᠃                                                      ( ᠵᠣᠬᠢᠶᠠᠭᠴᠢ᠄ ᠡᠷᠳᠡᠨᠢᠴᠡᠴᠡᠭ)
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号