ᠨᠠᠢᠮᠠᠨ ᠮᠤᠵᠢ ᠤᠷᠤᠨ ᠤ ᠪᠠᠭᠠᠴᠤᠳ ᠬᠡᠤᠭᠡᠳ ᠤᠨ ᠮᠤᠩᠭᠤᠯ ᠤᠷᠳᠤ ᠶᠢᠨ ᠲᠠᠭᠤᠤ ᠶᠢᠨ ᠨᠠᠭᠠᠳᠤᠮ ᠨᠢᠵᠢᠬᠡᠷ ᠶᠠᠪᠤᠭᠳᠠᠯ᠎ᠠ
ᠨᠡᠶᠢᠲᠡᠯᠡᠭᠰᠡᠨ ᠴᠠᠭ᠄
2019/8/20
         ᠵᠢᠷᠤᠭ ᠪᠤᠯ᠂ ᠨᠠᠭᠠᠳᠤᠮ ᠳᠤ ᠤᠷᠤᠯᠴᠠᠬᠰᠠᠠ ᠡᠯ᠎ᠠ ᠭᠠᠵᠠᠷ ᠤᠨ ᠪᠠᠭᠠᠴᠤᠳ ᠬᠠᠮᠳᠤᠪᠠᠷ ᠰᠡᠭᠦᠳᠠᠷ ᠳᠠᠳᠠᠭᠤᠯᠤᠠ ᠪᠠᠶᠠᠰᠤᠯᠴᠠᠯ᠎ᠠ᠃ ︵ᠪᠠᠭᠠᠨ᠎ᠠ ᠰᠡᠬᠦᠳᠠᠷᠯᠠᠪᠠ︶        8 ᠰᠠᠷ᠎ᠠ ᠶᠢᠨ 17 — 18 ᠤ ᠡᠳᠤᠷ᠂ ᠨᠠᠢᠮᠠᠨ ᠮᠤᠵᠢ ᠤᠷᠤᠨ ᠤ ᠪᠠᠭᠠᠴᠤᠳ ᠬᠡᠤᠭᠡᠳ ᠤᠨ ᠮᠤᠩᠭᠤᠯ ᠤᠷᠳᠤ ᠶᠢᠨ ᠲᠠᠭᠤᠤ ᠶᠢᠨ ᠨᠠᠭᠠᠳᠤᠮ ᠮᠠᠨ ᠤ ᠠᠶᠢᠮᠠᠭ ᠲᠤ ᠨᠢᠵᠢᠬᠡᠷ ᠶᠠᠪᠤᠭᠳᠠᠵᠤ ᠦᠡᠭᠭᠡᠷᠡᠯ᠎ᠠ᠃        ᠲᠤᠰ ᠤᠳᠠᠭᠠᠨ ᠤ ᠤᠷᠳᠤ ᠶᠢᠨ ᠲᠠᠭᠤᠤ ᠶᠢᠨ ᠨᠠᠭᠠᠳᠤᠮ ᠢ ᠰᠢ ᠶᠢᠨ ᠫᠢᠩ ᠶᠡᠷᠤᠩᠬᠡᠢ ᠱᠦᠵᠢ ᠶᠢᠨ ᠦᠪᠦᠷ ᠮᠤᠩᠭᠤᠯ ᠳᠤ ᠲᠤᠭᠤᠷᠢᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ ᠮᠤᠩᠭᠤᠯ ᠦᠨᠳᠦᠰᠦᠳᠡᠨ ᠤ ᠤᠯᠠᠮᠵᠢᠯᠠᠯᠳᠤ ᠰᠤᠶᠤᠯ ᠢ ᠪᠠᠳᠠᠷᠠᠭᠤᠯᠵᠦ᠂ ᠲᠡᠯᠡᠬᠡᠢ ᠶᠢᠨ ᠪᠤᠳᠠᠰ ᠤᠨ ᠪᠤᠰᠤ ᠰᠤᠶᠤᠯ ᠤᠨ ᠦᠪ ᠪᠤᠯᠬᠤ ᠮᠤᠩᠭᠤᠯ ᠤᠷᠳᠤ ᠶᠢᠨ ᠲᠠᠭᠤᠤ ᠶᠢ ᠦᠪᠯᠡᠨ ᠤᠯᠠᠮᠵᠢᠯᠠᠬᠤ ᠬᠤᠶᠢᠴᠢ ᠦᠶ᠎ᠡ ᠶᠢ ᠵᠤᠷᠢᠭᠵᠢᠭᠤᠯᠬᠤ ᠵᠤᠷᠢᠯᠭ᠎ᠠ ᠪᠠᠷ ᠦᠷᠨᠢᠬᠦᠯᠦᠭᠰᠡᠠ ᠪᠠᠶᠢᠨ᠎ᠠ᠃        ᠨᠠᠭᠠᠳᠤᠮ ᠢ ᠠᠶᠢᠮᠠᠭ ᠤᠨ ᠵᠠᠬᠢᠷᠭ᠎ᠠ᠂ ᠦᠪᠦᠷ ᠮᠤᠩᠭᠤᠯ ᠤᠨ ᠤᠷᠠᠯᠢᠭ ᠤᠨ ᠲᠡᠭᠡᠳᠦ ᠰᠤᠷᠭᠠᠭᠤᠯᠢ᠂ ᠪᠡᠭᠡᠵᠢᠩ ᠤᠨ ᠶᠠᠩ ᠭᠤᠸᠠᠩ ᡁᠢ ᠯᠤ᠋ ᠨᠡᠶᠢᠳᠡ ᠶᠢᠨ ᠠᠰᠠᠷᠠᠮᠵᠢ ᠶᠢᠨ ᠰᠠᠭᠤᠷᠢ ᠮᠦᠩᠬᠦᠨ ᠤ ᠨᠡᠶᠢᠬᠡᠮᠯᠢᠭ ᠠᠴᠠ ᠭᠤᠤᠯᠯᠠᠨ ᠡᠷᠬᠢᠯᠡᠵᠦ᠂ ᠠᠶᠢᠮᠠᠭ ᠤᠨ ᠰᠤᠶᠤᠯ ᠵᠢᠭᠤᠯᠴᠢᠯᠠᠯ ᠷᠠᠳᠢᠤ᠋ ᠲᠧᠯᠸᠢᠰ ᠲᠤᠪᠴᠢᠶ᠎ᠠ᠂ ᠠᠶᠢᠮᠠᠭ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠠᠯᠠᠱᠠ ᠵᠡᠬᠦᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠠᠴᠠ ᠲᠠᠭᠠᠭᠠᠴᠢᠯᠠᠨ ᠡᠷᠬᠢᠯᠡᠪᠡ᠃        ᠨᠠᠭᠠᠳᠤᠮ ᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠯᠠᠱᠠ᠂ ᠰᠢᠯᠢ ᠶᠢᠨ ᠭᠤᠤᠯ᠂ ᠬᠦᠯᠦᠨ ᠪᠤᠶᠢᠷ᠂ ᠤᠷᠳᠤᠰ᠂ ᠤᠯᠠᠭᠠᠨᠴᠠᠪ᠂ ᠤᠯᠠᠭᠠᠨᠬᠠᠳᠠ ᠵᠡᠷᠭᠡ ᠠᠶᠢᠮᠠᠭ ᠬᠤᠳᠠ ᠪᠠ ᠬᠦᠬᠡᠨᠠᠭᠤᠷ᠂ ᠭᠠᠨᠰᠦ ᠵᠡᠷᠭᠡ ᠭᠠᠵᠠᠷ ᠤᠷᠤᠨ ᠠᠴᠠ 40 ᠤᠷᠴᠢᠮ ᠲᠠᠭᠤᠴᠢᠨ ᠬᠦᠷᠦᠯᠴᠡᠨ ᠢᠷᠡᠵᠦ ᠤᠷᠤᠯᠴᠠᠪᠠ᠃ ᠤᠷᠤᠯᠳᠤᠭᠠᠨ ᠢ A ᠲᠤᠭᠤᠶᠢᠯᠠᠩ ︵ᠵᠢᠷᠭᠤᠳᠤᠭᠠᠷ ᠤᠨ ᠠᠴᠠ ᠲᠡᠭᠡᠳᠦ ᠭᠤᠷᠪᠠ ᠶᠢᠨ ᠰᠣᠷᠤᠭᠴᠢ︶᠂ B ᠲᠤᠭᠤᠶᠢᠯᠠᠩ ︵ᠨᠢᠭᠡ ᠠᠴᠠ ᠲᠠᠪᠤᠳᠤᠭᠠᠷ ᠤᠨ ᠤ ᠰᠤᠷᠤᠭᠴᠢ︶ ᠭᠡᠵᠦ ᠬᠤᠶᠠᠷ ᠲᠤᠭᠤᠶᠢᠯᠠᠩ ᠬᠤᠪᠢᠶᠠᠵᠦ᠂ ᠬᠤᠷᠴᠠ ᠰᠢᠷᠤᠬᠦᠨ ᠲᠡᠮᠡᠴᠡᠭᠡᠨ ᠢᠶᠠᠷ ᠲᠠᠮᠵᠢᠨ A ᠲᠤᠭᠤᠶᠢᠯᠠᠩ ᠳᠤ᠂ ᠭᠠᠨᠰᠤ ᠮᠤᠵᠢ ᠶᠢᠨ ᠰᠦᠪᠸᠢ ᠶᠢᠨ ᠮᠤᠩᠭᠤᠯ ᠦᠨᠳᠤᠰᠤᠳᠠᠠ ᠤ ᠦᠪᠡᠷᠳᠡᠭᠡᠠ ᠵᠠᠰᠠᠬᠤ ᠰᠢᠶᠠᠠ ᠠᠴᠠ ᠢᠷᠡᠭᠰᠡᠠ ᠪᠤᠯᠠᠭ ᠳᠠᠷᠢᠬᠦᠯᠠᠵᠤ᠂ B ᠲᠤᠭᠤᠶᠢᠯᠠᠩ ᠳᠤ ᠰᠢᠯᠢ ᠶᠢᠨ ᠭᠤᠤᠯ ᠠᠶᠢᠮᠠᠭ ᠤᠨ ᠪᠠᠳᠮᠠᠴᠡᠴᠡᠭ ᠳᠠᠷᠢᠬᠦᠯᠡᠭᠰᠡᠠ ᠪᠠᠶᠢᠨ᠎ᠠ᠃                                         (ᠵᠣᠬᠢᠶᠠᠭᠴᠢ᠄ ᠪᠠᠭᠠᠨ᠎ᠠ    ᠲᠠᠪᠰᠢᠯᠳᠦ)
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号