| | 1.ᠬᠠᠳᠤᠯᠠᠩ ᠤᠨ ᠭᠠᠵᠠᠷ ᠳᠡᠭᠡᠷᠡᠬᠢ ᠴᠢᠯᠠᠭᠤ᠂ ᠰᠢᠷᠤᠢ ᠶᠢᠨ ᠣᠪᠣᠭ᠎ᠠ᠂ ᠪᠤᠲᠠ ᠮᠤᠳᠤ᠂ ᠮᠤᠳᠤᠨ | ᠬᠤᠵᠢᠰᠦ ᠵᠡᠷᠭᠡ ᠶᠢ ᠴᠡᠪᠡᠷᠯᠡᠵᠦ᠃ ᠬᠠᠳᠤᠯᠠᠩ ᠪᠡᠯᠴᠢᠭᠡᠷ ᠢ ᠪᠢᠲᠡᠭᠦᠮᠵᠢᠯᠡᠨ ᠤᠷᠭᠤᠭᠤᠯᠤᠨ᠎ᠠ᠃ | 2.ᠬᠠᠳᠤᠯᠠᠩ ᠢ ᠤᠰᠤᠯᠠᠬᠤ᠂ ᠴᠠᠰᠦ ᠴᠤᠭᠯᠠᠭᠤᠯᠬᠤ᠂ ᠤᠰᠤ ᠶᠢ ᠭᠠᠳᠠᠭᠰᠢᠯᠠᠭᠤᠯᠬᠤ᠂ ᠤᠰᠤᠨ ᠤ ᠡᠬᠢ | ᠰᠤᠷᠪᠤᠯᠵᠢ ᠶᠢ ᠨᠡᠬᠡᠬᠡᠨ ᠠᠰᠢᠭᠯᠠᠬᠤ ᠶᠢ ᠠᠩᠬᠠᠷᠴᠦ᠂ ᠬᠠᠳᠤᠯᠠᠩ ᠤᠨ ᠤᠰᠤᠨ ᠤ ᠪᠠᠶᠢᠳᠠᠯ ᠢ ᠰᠠᠶᠢᠵᠢᠷᠠᠭᠤᠯᠬᠤ ᠪᠠ | ᠲᠤᠬᠢᠷᠠᠭᠤᠯᠤᠨ᠎ᠠ᠃ | 3.ᠬᠦᠷᠦᠰᠦ ᠶᠢ ᠰᠤᠯᠠᠷᠠᠭᠤᠯᠬᠤ᠂ ᠬᠦᠶᠦᠬᠡᠨ ᠤᠷᠪᠠᠭᠤᠯᠵᠤ ᠨᠠᠷᠠᠭᠳᠠᠬᠤ᠂ ᠬᠦᠷᠦᠰᠦ ᠶᠢ ᠰᠤᠯᠠᠷᠠᠭᠤᠯᠵᠦ | ᠦᠨᠳᠦᠰᠦ ᠶᠢ ᠳᠠᠰᠤᠳᠠᠬᠤ ᠮᠡᠲᠦ ᠶᠢᠨ ᠠᠷᠭ᠎ᠠ ᠪᠠᠷ ᠬᠦᠷᠦᠰᠦ ᠰᠢᠷᠦᠢ ᠶᠢᠨ ᠬᠡᠢ ᠠᠭᠠᠷ ᠨᠡᠪᠲᠡᠷᠡᠬᠦ ᠨᠦᠬᠦᠴᠡᠯ ᠢ | ᠰᠠᠶᠢᠵᠢᠷᠠᠭᠤᠯᠤᠨ᠎ᠠ᠃ | 4.ᠤᠷᠭᠠᠨᠢᠭ ᠪᠤᠷᠳᠤᠭᠤᠷ᠂ ᠤᠷᠭᠠᠨᠢᠭ ᠪᠤᠰᠤ ᠪᠤᠷᠳᠤᠭᠤᠷ ︵ᠬᠢᠮᠢ ᠶᠢᠨ ᠪᠤᠷᠳᠤᠭᠤᠷ︶᠂ ᠪᠢᠴᠢᠯ ᠡᠯᠧᠮᠧᠨ᠋ᠲ | ᠠᠭᠤᠯᠤᠭᠰᠠᠨ ᠪᠤᠷᠳᠤᠭᠤᠷ ᠢ ᠬᠡᠷᠡᠭᠯᠡᠵᠦ᠂ ᠬᠦᠷᠦᠰᠦ ᠰᠢᠷᠤᠢ ᠳᠤ ᠰᠢᠮ᠎ᠡ ᠲᠡᠵᠢᠭᠡᠯ ᠨᠦᠬᠦᠪᠦᠷᠢᠯᠡᠨ ᠬᠠᠳᠤᠯᠠᠩ ᠤᠨ | ᠤᠷᠭᠤᠴᠠ ᠶᠢ ᠰᠠᠶᠢᠵᠢᠷᠠᠭᠤᠯᠤᠨ᠎ᠠ᠃ | 5.ᠬᠠᠳᠤᠯᠠᠩ ᠲᠠᠬᠢ ᠮᠠᠯ ᠲᠤ ᠬᠤᠤᠷᠲᠠᠢ᠂ ᠬᠦᠨᠦᠬᠡᠯᠳᠡᠢ ᠤᠷᠭᠤᠮᠠᠯ ᠢ ᠰᠡᠷᠭᠡᠶᠢᠯᠡᠨ ᠠᠷᠢᠯᠭᠠᠬᠤ ᠬᠡᠷᠡᠭᠳᠡᠢ᠃ | 6.ᠭᠠᠵᠠᠷ ᠤᠷᠤᠨ ᠳᠠᠭᠠᠨ ᠲᠤᠬᠢᠷᠠᠭᠰᠠᠨ ᠰᠢᠯᠢᠳᠡᠭ ᠴᠢᠨᠠᠷᠲᠠᠢ ᠲᠡᠵᠢᠭᠡᠯ ᠡᠪᠡᠰᠦᠨᠦ ᠦᠷ᠎ᠠ ᠶᠢ ᠰᠤᠩᠭᠤᠵᠦ᠂ | ᠰᠢᠭᠤᠳ ᠲᠠᠷᠢᠬᠤ ᠮᠠᠰᠢᠨ ᠢᠶᠠᠷ ᠲᠠᠷᠢᠬᠤ ᠪᠤᠶᠤ ᠨᠦᠬᠦᠵᠦ ᠲᠠᠷᠢᠬᠤ ᠲᠠᠢ ᠤᠶᠠᠯᠳᠤᠭᠤᠯᠤᠨ ᠪᠤᠷᠳᠤᠭᠤᠷ ᠤᠷᠤᠭᠤᠯᠵᠦ | ᠂ ᠬᠠᠳᠤᠯᠠᠩ ᠤᠨ ᠤᠷᠭᠤᠮᠠᠯ ᠤᠨ ᠪᠦᠷᠬᠦᠴᠡ ᠶᠢ ᠰᠠᠶᠢᠵᠢᠷᠠᠭᠤᠯᠤᠨ᠎ᠠ᠃ ᠦᠢᠯᠡᠳᠪᠦᠷᠢᠯᠡᠯ ᠳᠤᠮᠳᠠ ᠲᠡᠭᠡᠷ᠎ᠡ | ᠳᠤᠷᠠᠳᠤᠭᠰᠠᠨ ᠠᠵᠢᠯ ᠤᠨ ᠠᠯᠢ ᠨᠢᠬᠡ ᠶᠢ ᠨᠢ ᠴᠦ ᠤᠮᠳᠤᠭᠠᠶᠢᠯᠠᠵᠦ ᠪᠤᠯᠬᠤ ᠦᠭᠡᠢ᠃ | ᠦᠩᠭᠡᠷᠡᠭᠰᠡᠨ ᠰᠢᠭ ᠠᠰᠢᠭᠯᠠᠬᠤ ᠶᠢ ᠯᠠ ᠮᠡᠳᠡᠭᠡᠳ ᠪᠦᠲᠦᠭᠡᠨ ᠪᠠᠶᠢᠭᠤᠯᠬᠤ ᠶᠢ ᠬᠦᠩᠭᠡᠪᠴᠢᠯᠡᠬᠦ᠂ | ᠬᠤᠴᠤᠷᠤᠩᠭᠤᠢ ᠪᠦᠳᠦᠬᠦᠯᠢᠭ ᠠᠷᠭ᠎ᠠ ᠪᠠᠷ ᠡᠵᠡᠩᠨᠡᠨ ᠬᠠᠮᠢᠶᠠᠷᠬᠤ ᠦᠵᠡᠭᠳᠡᠯ ᠢ ᠦᠳᠲᠡᠷ ᠲᠦᠷᠭᠡᠨ ᠦᠭᠡᠶᠢᠰᠭᠡᠵᠦ᠂ | ᠪᠦᠳᠦᠭᠦᠯᠢᠭ ᠡᠵᠡᠩᠨᠡᠯᠲᠡ ᠠᠴᠠ ᠪᠠᠨ ᠡᠷᠴᠢᠮᠵᠢᠬᠦᠯᠦᠭᠰᠡᠨ ᠡᠵᠡᠩᠨᠡᠯᠲᠡ ᠪᠤᠯᠭᠠᠨ ᠬᠤᠪᠢᠷᠠᠭᠤᠯᠬᠤ ᠬᠡᠷᠡᠭᠳᠡᠢ᠃ | |