ᠨᠢᠭᠡᠳᠦᠭᠡᠷ ᠵᠦᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠭᠰᠡᠨ ︽ᠠᠯᠠᠱᠠ ᠠᠶᠢᠮᠠᠭ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠲᠥᠰᠦᠯ︾ ᠪᠠ ᠠᠯᠠᠱᠠ ᠠᠶᠢᠮᠠᠭ ᠤᠨ ᠳᠠᠷᠣᠮᠠᠯᠯᠠᠨ ᠳᠠᠷᠬᠠᠭᠠᠭᠰᠠᠨ ︽ᠠᠯᠠᠱᠠ ᠠᠶᠢᠮᠠᠭ ᠤᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ | ᠲᠣᠭᠲᠠᠭᠠᠪᠠ᠃ | ᠬᠤᠶᠠᠳᠤᠭᠠᠷ ᠵᠦᠢᠯ ᠠᠯᠠᠱᠠ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ | ᠲᠣᠪᠴᠢᠶ᠎ᠠ ᠪᠣᠯ ᠠᠯᠠᠱᠠ ᠠᠶᠢᠮᠠᠭ ᠤᠨ ᠵᠠᠬᠢᠷᠭ᠎ᠠ ᠶᠢᠨ ᠠᠵᠢᠯ ᠤᠨ ᠰᠠᠯᠠᠭ᠎ᠠ ᠮᠥᠴᠢᠷ ᠪᠠᠶᠢᠵᠦ᠂ ᠵᠢᠩᠬᠢᠨᠢ ᠭᠠᠵᠠᠷ ᠤᠨ | ᠳᠡᠰ ᠤᠨ ᠪᠠᠶᠢᠭᠤᠯᠣᠯᠭ᠎ᠠ ᠪᠣᠯᠣᠨ᠎ᠠ᠃ | ᠭᠤᠷᠪᠠᠳᠤᠭᠠᠷ ᠵᠦᠢᠯ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ | ᠲᠣᠪᠴᠢᠶ᠎ᠠ ᠨᠢ ᠨᠠᠮ ᠤᠨ ᠲᠥᠪ ᠬᠤᠷᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠠᠵᠢᠯ ᠶᠢᠨ | ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ | ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠳᠣ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ | ᠨᠠᠶᠢᠳᠠᠪᠣᠷᠢᠵᠢᠭᠤᠯᠵᠦ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠶᠠᠪᠤᠴᠠ ᠳᠤ ᠠᠵᠤ ᠦᠢᠯᠡᠳᠪᠦᠷᠢ ᠪᠠ | ᠮᠡᠳᠡᠭᠡ ᠵᠠᠩᠬᠢᠴᠢᠯᠠᠯᠳᠠ ᠶᠢᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄ | ︵ᠨᠢᠭᠡ︶ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠮᠠᠶ᠋ᠢᠭ ᠤᠨ ᠠᠵᠤ | ᠦᠢᠯᠡᠳᠪᠦᠷᠢᠵᠢᠯᠳᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠣᠯᠤᠨ ᠲᠥᠷᠥ ᠶᠢᠨ ᠪᠣᠳᠣᠯᠭ᠎ᠠ ᠶᠢ | ᠲᠤᠤᠱᠯᠠᠭᠤᠯᠤᠨ᠂ ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ | ᠲᠣᠭᠲᠠᠭᠠᠯ ᠢ ᠲᠤᠤᠱᠯᠠᠭᠤᠯᠤᠨ ᠨᠠᠶᠢᠳᠠᠪᠣᠷᠢᠵᠢᠭᠤᠯᠵᠦ᠂ ᠠᠯᠠᠱᠠ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠳᠡ ᠶᠢᠨ ᠠᠬᠢᠴᠠ ᠳᠤᠮᠳᠠᠬᠢ ᠴᠢᠬᠤᠯᠠ | ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠠᠵᠤ ᠦᠢᠯᠡᠰ ᠤᠨ ᠪᠦᠲᠦᠴᠡ ᠶᠢᠨ ᠪᠠᠶᠢᠯᠳᠤᠬᠤ | ᠪᠣᠳᠣᠯᠭ᠎ᠠ ᠶᠢᠨ ᠴᠢᠨᠠᠷᠲᠠᠶ ᠲᠣᠬᠢᠷᠠᠭᠤᠯᠤᠯᠲᠠ ᠬᠢᠬᠦ ᠪᠠ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠲᠦᠯᠬᠢᠨ | ᠠᠬᠢᠭᠤᠯᠤᠨ᠎ᠠ᠃ | ︵ᠬᠤᠶᠠᠷ︶ ᠠᠯᠠᠱᠠ ᠠᠶᠢᠮᠠᠭ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ | ᠪᠠᠶᠢᠳᠠᠯ ᠢ ᠬᠢᠨᠠᠨ ᠬᠡᠮᠵᠢᠵᠦ ᠵᠠᠳᠠᠯᠤᠯᠲᠠ ᠬᠢᠵᠦ᠂ ᠬᠠᠮᠢᠶ᠎ᠠ ᠪᠦᠬᠦᠢ ᠮᠡᠳᠡᠭᠡ ᠵᠠᠩᠭᠢ ᠶᠢ ᠨᠡᠶᠢᠲᠡᠯᠡᠨ᠂ ᠲᠥᠰᠦᠭᠡᠯᠡᠵᠦ | ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠥᠨ ᠵᠢᠯᠣᠭᠤᠳᠴᠤ᠂ ᠠᠵᠢᠯ ᠲᠥᠷᠥᠯ ᠤᠨ ᠠᠵᠢᠯᠯᠠᠭᠠᠨ ᠤ | ᠬᠥᠭᠵᠢᠯᠲᠡ ᠶᠢᠨ ᠳᠤᠮᠳᠠᠬᠢ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠶᠢᠨ ᠬᠠᠮᠲᠤ | ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠠᠵᠤ ᠦᠢᠯᠡᠳᠪᠦᠷᠢ ᠶᠢᠨ ᠠᠵᠢᠯᠯᠠᠭᠠᠨ ᠳᠠᠬᠢ ᠨᠡᠭᠦᠷᠡᠰᠦ | ᠴᠠᠬᠢᠯᠭᠠᠨ ᠴᠢᠯᠠᠭᠤᠨ ᠲᠣᠰᠣ ᠲᠡᠭᠡᠭᠡᠪᠦᠷᠢ ᠶᠢ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠪᠦᠬᠦ | ᠣᠷᠣᠨ ᠤ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠴᠠᠬᠢᠯᠭᠠᠨ ᠭᠠᠷᠭᠠᠬᠤ ᠬᠡᠮᠵᠢᠶ᠎ᠡ ᠶᠢᠨ ᠵᠢᠱᠢᠭᠰᠡᠨ | ᠲᠣᠬᠢᠷᠠᠭᠤᠯᠭ᠎ᠠ ᠡᠵᠡᠮᠳᠡᠯ ᠤᠨ ᠬᠠᠷᠠᠯᠲᠠ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠪᠦᠲᠦᠭᠡᠨ | ᠪᠠᠶᠢᠭᠤᠯᠤᠯᠲᠠ ᠶᠢᠨ ᠲᠥᠰᠦᠯ ᠬᠢᠭᠡᠳ ᠵᠢᠯ ᠤᠨ ᠬᠡᠷᠡᠭᠵᠢᠭᠦᠯᠬᠦ ᠲᠥᠯᠥᠪᠯᠡᠭᠡ ᠶᠢ ᠲᠤᠤᠱᠯᠠᠭᠤᠯᠤᠨ | ᠨᠠᠶᠢᠳᠠᠪᠣᠷᠢᠵᠢᠭᠤᠯᠣᠨ᠎ᠠ᠃ | ︵ᠭᠤᠷᠪᠠ︶ ᠪᠦᠬᠦ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠣᠭᠲᠠᠮᠠᠯ | ᠬᠥᠷᠥᠩᠭᠡ ᠶᠢᠨ ᠣᠷᠣᠭᠤᠯᠣᠯᠳᠠ ᠶᠢᠨ ᠬᠡᠪᠴᠢᠶ᠎ᠡ ᠪᠣᠯᠤᠨ ᠴᠢᠭᠯᠡᠯ᠂ ᠠᠶᠢᠮᠠᠭ ᠤᠨ ᠡᠳ᠋ ᠤᠨ ᠵᠠᠰᠠᠭ ᠤᠨ ᠴᠢᠨᠠᠷᠲᠠᠶ | ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠲᠣᠬᠢᠷᠠᠭᠤᠯᠬᠤ ᠰᠠᠨᠠᠭᠤᠯᠭ᠎ᠠ ᠳᠣᠷᠠᠳᠬᠤ ᠶᠢ ᠬᠠᠷᠢᠭᠤᠴᠠᠨ᠂ | ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠪᠡᠯᠡ ᠣᠷᠣᠭᠤᠯᠤᠯᠲᠠ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠷᠢᠶᠠᠯᠠᠭᠳᠠᠬᠤ | ᠲᠥᠷᠥᠯ ᠵᠦᠢᠯ ᠢ ᠬᠢᠨᠠᠨ ᠬᠠᠷᠭᠤᠭᠤᠯᠵᠤ ᠮᠡᠳᠡᠭᠦᠯᠦᠨ᠂ ᠪᠦᠬᠦ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ | ᠵᠠᠩᠬᠢᠴᠢᠯᠠᠯᠳᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ | ᠵᠥᠪᠰᠢᠶᠡᠷᠡᠵᠦ᠂ ᠳᠠᠩᠰᠠᠯᠠᠨ᠎ᠠ᠃ ᠠᠵᠤ ᠦᠢᠯᠡᠳᠪᠦᠷᠢ ᠶᠢᠨ ᠲᠥᠷᠥᠯ ᠵᠦᠢᠯ ᠤᠨ ᠠᠷᠠᠯᠵᠢᠶᠠᠴᠢᠨ ᠤᠷᠢᠬᠤ ᠠᠵᠢᠯ ᠢ | ᠬᠠᠷᠢᠭᠤᠴᠠᠨ᠎ᠠ᠃ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠠᠵᠤ ᠦᠢᠯᠡᠰ᠂ ᠭᠤᠤᠯᠳᠠᠯᠭ᠎ᠠ ᠲᠠᠢ | ᠠᠵᠤ ᠠᠬᠤᠶᠢᠯᠠᠯ ᠤᠨ ᠠᠵᠢᠯᠯᠠᠭᠠᠨ ᠪᠠ ᠵᠣᠬᠢᠴᠠᠭᠤᠯᠭ᠎ᠠ ᠶᠢ ᠵᠢᠯᠣᠭᠤᠳᠤᠨ᠎ᠠ᠃ | ︵ᠳᠦᠷᠪᠡ︶ ᠪᠦᠬᠦ ᠠᠶᠢᠮᠠᠭ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶ᠎ᠠ ᠪᠦᠬᠦᠢ | ᠠᠵᠢᠯ ᠢ ᠬᠠᠷᠢᠭᠤᠴᠠᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠠᠵᠢᠯ ᠢ ᠵᠢᠯᠣᠭᠤᠳᠤᠨ᠎ᠠ᠃ ᠬᠦᠷᠢᠶᠡᠯᠡᠩ ᠲᠣᠭᠤᠷᠢᠭ ᠤᠨ ᠠᠵᠢᠯᠯᠠᠭᠠᠨ ᠤ ᠬᠢᠨᠠᠨ ᠬᠡᠮᠵᠢᠬᠦ | ᠲᠠᠪᠴᠠᠩ ᠤᠨ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠬᠦ ᠠᠵᠢᠯ ᠢ ᠬᠠᠷᠢᠭᠤᠴᠠᠨ᠎ᠠ᠃ ᠪᠦᠬᠦ ᠠᠶᠢᠮᠠᠭ ᠤᠨ ᠠᠵᠤ | ᠦᠢᠯᠡᠳᠪᠦᠷᠢ ᠶᠢᠨ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ ᠲᠣᠭᠤᠷᠢᠭ︶ ᠤᠨ ᠬᠠᠮᠢᠶᠠᠷᠤᠯᠲᠠ ᠪᠠ | ᠵᠣᠬᠢᠴᠠᠭᠤᠯᠭ᠎ᠠ ᠦᠢᠯᠡᠴᠢᠯᠡᠭᠡ ᠶᠢ ᠡᠭᠦᠷᠭᠡᠯᠡᠵᠦ᠂ ᠠᠵᠤ ᠦᠢᠯᠡᠳᠪᠦᠷᠢ ᠶᠢᠨ ᠨᠡᠭᠡᠭᠡᠯᠲᠡ ᠶᠢᠨ ᠲᠣᠭᠤᠷᠢᠭ | ︵ᠬᠦᠷᠢᠶᠡᠯᠡᠩ ᠲᠣᠭᠤᠷᠢᠭ︶ ᠤᠨ ᠭᠤᠶᠤᠴᠢᠯᠠᠨ ᠮᠡᠳᠡᠭᠦᠯᠬᠦ᠂ ᠬᠢᠨᠠᠨ ᠵᠥᠪᠰᠢᠶᠡᠷᠡᠬᠦ᠂ ᠰᠠᠭᠤᠷᠢ ᠳᠦᠭᠦᠭᠡᠷᠦᠮᠵᠢ ᠶᠢᠨ | ᠪᠦᠲᠦᠭᠡᠨ ᠪᠠᠶᠢᠭᠤᠯᠤᠯᠲᠠ᠂ ᠲᠣᠬᠢᠷᠠᠭᠤᠯᠬᠤ᠂ ᠪᠦᠷᠢᠳᠬᠡᠬᠦ᠂ ᠬᠢᠨᠠᠨ ᠰᠢᠯᠭᠠᠵᠤ ᠦᠨᠡᠯᠡᠬᠦ ᠵᠡᠷᠭᠡ ᠠᠵᠢᠯ ᠢ | ᠬᠠᠷᠢᠭᠤᠴᠠᠨ᠎ᠠ᠃ | ︵ᠲᠠᠪᠤ︶ ᠠᠯᠠᠱᠠ ᠠᠶᠢᠮᠠᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠶᠡᠷᠦᠩᠬᠡᠶ ᠳᠦᠯᠦᠪᠵᠢᠬᠦᠯᠬᠡ ᠪᠣᠯᠤᠨ ᠠᠵᠤ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ | ᠦᠨᠳᠦᠰᠦᠯᠡᠨ᠂ ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢᠨ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠪᠣᠯᠤᠨ ᠠᠵᠤ ᠦᠢᠯᠡᠰ ᠤᠨ ᠪᠦᠲᠦᠴᠡ ᠶᠢ ᠳᠣᠭᠢᠷᠠᠭᠤᠯᠬᠤ ᠰᠠᠨᠠᠭᠤᠯᠭ᠎ᠠ ᠶᠢ ᠳᠤᠷᠠᠳᠤᠨ᠎ᠠ᠃ | ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠵᠢᠯ ᠤᠨ ᠬᠥᠭᠵᠢᠯᠲᠡ ᠶᠢᠨ ᠲᠥᠯᠥᠪᠯᠡᠭᠡ ᠶᠢ ᠲᠤᠭᠤᠷᠪᠢᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠤᠤᠯᠳᠠᠯᠭ᠎ᠠ ᠲᠠᠢ ᠠᠵᠢᠯ ᠲᠥᠷᠥᠯ ᠳᠤ | ᠵᠥᠪᠰᠢᠶᠡᠷᠡᠨ ᠣᠷᠣᠭᠤᠯᠬᠤ ᠳᠦᠷᠢᠮ ᠢ ᠲᠤᠤᠱᠯᠠᠭᠤᠯᠤᠨ ᠨᠠᠶᠢᠳᠠᠪᠣᠷᠢᠵᠢᠭᠤᠯᠵᠦ᠂ ᠠᠵᠤ ᠦᠢᠯᠡᠳᠪᠦᠷᠢ ᠶᠢᠨ | ᠪᠠᠶᠢᠷᠢᠰᠢᠭᠤᠯᠣᠯᠳᠠ ᠶᠢ ᠳᠣᠬᠢᠷᠠᠭᠤᠯᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ | ᠬᠦᠷᠢᠶᠡᠨ ᠳᠠᠬᠢ ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠠᠶᠢᠮᠠᠭ ᠤᠨ ᠳᠠᠪᠣᠰᠣᠨ ᠤ ᠦᠢᠯᠡᠰ ᠤᠨ | ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ | ᠬᠠᠤᠯᠢ ᠶᠣᠰᠣᠭᠠᠷ ᠭᠦᠢᠴᠡᠳᠬᠡᠨ᠎ᠡ᠃ ᠪᠦᠬᠦ ᠠᠶᠢᠮᠠᠭ ᠤᠨ ᠠᠷᠠᠳ ᠤᠨ ᠬᠡᠷᠡᠭᠯᠡᠭᠡᠨ ᠤ ᠳᠡᠯᠪᠡᠷᠡᠬᠦ ᠪᠣᠳᠠᠰ ᠤᠨ | ᠠᠶᠣᠯᠬᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢ ᠬᠠᠷᠢᠭᠤᠴᠠᠨ᠎ᠠ᠃ | ︵ᠵᠢᠷᠭᠤᠭ᠎ᠠ︶ ᠠᠵᠤ ᠦᠢᠯᠡᠳᠪᠦᠷᠢ ᠶᠢᠨ ᠪᠣᠬᠢᠷᠲᠤᠯ ᠥᠬᠡᠶ ᠬᠥᠭᠵᠢᠯᠲᠡ ᠶᠢ ᠵᠢᠯᠣᠭᠤᠳᠤᠨ᠎ᠠ᠃ ᠠᠯᠠᠱᠠ | ᠠᠶᠢᠮᠠᠭ ᠤᠨ ᠠᠵᠤ ᠦᠢᠯᠡᠳᠪᠦᠷᠢ ᠶᠢᠨ ᠡᠨᠧᠷᠭᠢ ᠶᠢ ᠠᠷᠪᠢᠯᠠᠬᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ | ᠰᠠᠶᠢᠨ ᠳᠤᠷ᠎ᠠ ᠶᠢᠨ ᠮᠠᠶ᠋ᠢᠭ ᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠲᠥᠷᠥ ᠶᠢᠨ ᠪᠣᠳᠣᠯᠭ᠎ᠠ ᠵᠢᠴᠢ | ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠬᠠᠮᠢᠶᠠᠷᠤᠯᠲᠠ ᠶᠢ ᠡᠭᠦᠷᠭᠡᠯᠡᠵᠦ᠂ ᠳᠦᠷᠢᠮ ᠠᠴᠠ ᠵᠥᠷᠢᠴᠡᠨ ︽ᠡᠨᠧᠷᠬᠢ | ᠵᠠᠷᠣᠴᠠᠭᠤᠯᠣᠭᠰᠠᠨ︾ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠪᠦᠬᠦ | ᠠᠶᠢᠮᠠᠭ ᠤᠨ ᠠᠵᠤ ᠦᠢᠯᠡᠳᠪᠦᠷᠢ ᠶᠢᠨ ᠡᠨᠧᠷᠭᠢ ᠶᠢᠨ ᠬᠠᠮᠢᠶᠠᠷᠤᠨ ᠡᠵᠡᠮᠳᠡᠬᠦ ᠲᠥᠪ ᠤᠨ ᠲᠥᠷᠥᠯ ᠵᠦᠢᠯ ᠢ | ᠭᠤᠶᠤᠴᠢᠯᠠᠨ ᠮᠡᠳᠡᠭᠦᠯᠬᠦ ᠶᠢ ᠵᠣᠬᠢᠶᠠᠨ ᠪᠠᠶᠢᠭᠤᠯᠵᠤ᠂ ᠪᠦᠬᠦ ᠠᠶᠢᠮᠠᠭ ᠤᠨ ᠠᠵᠤ ᠦᠢᠯᠡᠳᠪᠦᠷᠢ ᠶᠢᠨ ᠲᠥᠷᠥᠯ | ᠵᠦᠢᠯ ᠤᠨ ᠡᠨᠧᠷᠭᠢ ᠶᠢᠨ ᠬᠠᠮᠢᠶᠠᠷᠤᠨ ᠡᠵᠡᠮᠳᠡᠬᠦ ᠲᠥᠪ ᠤᠨ ᠬᠢᠨᠠᠨ ᠬᠠᠮᠢᠶᠠᠷᠤᠯᠲᠠ ᠶᠢ ᠬᠠᠷᠢᠭᠤᠴᠠᠨ᠎ᠠ᠃ ᠠᠵᠤ | ᠦᠢᠯᠡᠳᠪᠦᠷᠢ ᠶᠢᠨ ᠪᠣᠬᠢᠷᠲᠤᠯ ᠦᠭᠡᠢ ᠬᠥᠭᠵᠢᠯᠲᠡ ᠶᠢᠨ ᠴᠢᠬᠤᠯᠠ ᠶᠡᠭᠡ ᠵᠢᠱᠢᠶ᠎ᠡ ᠦᠵᠡᠭᠦᠯᠬᠦ ᠲᠥᠷᠥᠯ ᠵᠦᠢᠯ ᠪᠠ | ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ | ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠶᠢ ᠬᠢᠨᠠᠨ | ᠪᠠᠶᠢᠴᠠᠭᠠᠬᠤ ᠠᠵᠢᠯ ᠢ ᠬᠠᠷᠢᠭᠤᠴᠠᠨ᠎ᠠ᠃ | ︵ᠳᠣᠯᠤᠭ᠎ᠠ︶ ᠠᠵᠤ ᠦᠢᠯᠡᠳᠪᠦᠷᠢ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠬᠡᠨ ᠤ | ᠦᠢᠯᠡᠰ ᠤᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠵᠤ᠂ ᠮᠡᠷᠭᠡᠵᠢᠯ ᠤᠨ ᠰᠢᠨ᠎ᠡ ᠶᠢ | ᠡᠭᠦᠳᠬᠦ ᠪᠠ ᠦᠢᠯᠡᠳᠪᠦᠷᠢᠯᠡᠯ ᠵᠢᠭᠠᠨ ᠰᠣᠷᠭᠠᠯᠳᠠ ᠰᠣᠳᠣᠯᠭᠠᠨ ᠬᠡᠷᠡᠭᠯᠡᠭᠡ ᠶᠢ ᠬᠠᠷᠢᠯᠴᠠᠨ ᠤᠶᠠᠯᠳᠤᠭᠤᠯᠬᠤ ᠶᠢ | ᠲᠦᠯᠬᠢᠨ ᠠᠬᠢᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠠᠵᠤ ᠦᠢᠯᠡᠳᠪᠦᠷᠢ ᠪᠠ | ᠮᠡᠳᠡᠭᠡ ᠵᠠᠩᠭᠢᠴᠢᠯᠠᠯᠲᠠ ᠶᠢᠨ ᠠᠵᠤ ᠦᠢᠯᠡᠰ ᠤᠨ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ | ᠴᠢᠬᠤᠯᠠ ᠶᠡᠭᠡ ᠲᠤᠰᠬᠠᠶ ᠳᠦᠷᠦᠯ ᠵᠦᠢᠯ ᠳᠤ ᠣᠷᠣᠯᠴᠠᠵᠤ᠂ ᠬᠠᠮᠢᠶ᠎ᠠ ᠪᠦᠬᠦᠢ ᠰᠢᠨᠵᠢᠯᠡᠬᠦ ᠣᠬᠠᠭᠠᠨ ᠤ ᠰᠣᠳᠣᠯᠭᠠᠨ | ᠤ ᠦᠷ᠎ᠡ ᠪᠦᠳᠦᠭᠡᠯ ᠤᠨ ᠠᠵᠤ ᠦᠢᠯᠡᠰᠵᠢᠯᠲᠡ ᠶᠢ ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ ᠶᠢᠨ ᠠᠵᠢᠯ | ᠲᠥᠷᠥᠯ ᠤᠨ ᠶᠠᠰᠤ ᠴᠢᠨᠠᠷ ᠤᠨ ᠬᠠᠮᠢᠶᠠᠷᠤᠯᠲᠠ ᠪᠠ ᠨᠡᠷᠡᠲᠦ ᠲᠡᠮᠳᠡᠭᠲᠦ ᠶᠢ ᠪᠤᠶᠢᠵᠢᠭᠤᠯᠬᠤ ᠶᠢ ᠵᠢᠯᠣᠭᠤᠳᠤᠨ᠎ᠠ᠃ | ︵ᠨᠠᠢᠮᠠ︶ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ | ᠵᠣᠬᠢᠶᠠᠨ ᠪᠠᠶᠢᠭᠤᠯᠤᠨ ᠵᠣᠬᠢᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠲᠣᠨᠣᠭᠯᠠᠯ ᠤᠨ ᠬᠥᠭᠵᠢᠯᠲᠡ | ᠪᠠ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠳᠦᠯᠦᠪᠵᠢᠬᠦᠯᠬᠡ᠂ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ | ᠨᠠᠶᠢᠳᠠᠪᠣᠷᠢᠵᠢᠭᠤᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠭᠤᠤᠯᠳᠠᠯᠭ᠎ᠠ ᠲᠠᠢ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠲᠦᠰᠢᠭᠯᠡᠨ ᠬᠤᠯᠪᠣᠭᠳᠠᠯ ᠪᠦᠬᠦᠢ ᠴᠢᠬᠤᠯᠠ ᠶᠡᠭᠡ ᠲᠤᠰᠬᠠᠶ | ᠳᠦᠷᠦᠯ ᠵᠦᠢᠯ ᠤᠨ ᠬᠡᠷᠡᠭᠵᠢᠭᠦᠯᠦᠯᠲᠡ ᠶᠢ ᠵᠣᠬᠢᠴᠠᠭᠤᠯᠵᠤ᠂ ᠮᠡᠷᠭᠡᠵᠢᠯ ᠲᠣᠨᠣᠭᠯᠠᠯ ᠢ ᠤᠯᠤᠰ ᠲᠠᠭᠠᠨ | ᠦᠢᠯᠡᠳᠪᠦᠷᠢᠯᠡᠬᠦ ᠶᠢ ᠲᠦᠯᠬᠢᠨ ᠠᠬᠢᠭᠤᠯᠵᠤ᠂ ᠣᠷᠣᠭᠤᠯᠣᠨ ᠠᠪᠴᠢᠷᠠᠭᠰᠠᠨ ᠮᠡᠷᠭᠡᠵᠢᠯ ᠲᠣᠨᠣᠭᠯᠠᠯ ᠢ ᠰᠢᠩᠭᠡᠭᠡᠨ | ᠠᠪᠴᠤ ᠰᠢᠨ᠎ᠡ ᠶᠢ ᠡᠭᠦᠳᠬᠦ ᠶᠢ ᠵᠢᠯᠣᠭᠤᠳᠤᠨ᠂ ᠰᠢᠨ᠎ᠡ ᠪᠠᠷ ᠪᠣᠢ ᠪᠣᠯᠤᠭᠰᠠᠨ ᠠᠵᠤ ᠦᠢᠯᠡᠰ ᠤᠨ ᠬᠥᠭᠵᠢᠯᠲᠡ ᠶᠢ | ᠲᠦᠯᠬᠢᠨ ᠠᠬᠢᠭᠤᠯᠤᠨ᠎ᠠ᠃ | ︵ᠶᠢᠰᠦ︶ ᠠᠵᠤ ᠦᠢᠯᠡᠳᠪᠦᠷᠢ ᠶᠢᠨ ᠬᠦᠷᠢᠶᠡᠨ ᠤ ᠮᠡᠳᠡᠭᠡ ᠵᠠᠩᠬᠢᠴᠢᠯᠠᠯᠳᠠ ᠶᠢᠨ ᠠᠵᠢᠯ ᠢ | ᠬᠠᠷᠢᠭᠤᠴᠠᠨ᠎ᠠ᠃ ᠮᠡᠳᠡᠭᠡ ᠵᠠᠩᠬᠢᠴᠢᠯᠠᠯᠳᠠ ᠪᠠ ᠠᠵᠤ ᠦᠢᠯᠡᠳᠪᠦᠷᠢᠵᠢᠯᠳᠡ ᠶᠢᠨ ᠠᠭᠤᠰᠣᠯᠴᠠᠭᠰᠠᠨ ᠬᠦᠭᠵᠢᠯᠳᠡ ᠶᠢ | ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠵᠦᠭᠡᠯᠡᠨ ᠳᠣᠨᠤᠭ ᠤᠨ ᠦᠢᠯᠡᠰ᠂ | ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ | ᠡᠵᠡᠮᠳᠡᠯ ᠤᠨ ᠲᠣᠤᠷ ᠰᠦᠯᠵᠢᠶ᠎ᠡ ᠪᠠ ᠮᠡᠳᠡᠭᠡ ᠵᠠᠩᠬᠢ ᠶᠢᠨ ᠰᠢᠰᠲ᠋ᠧᠮ ᠤᠨ ᠠᠮᠣᠷ ᠳᠦᠪᠰᠢᠨ ᠢ ᠬᠠᠷᠢᠭᠤᠴᠠᠨ᠎ᠠ᠃ | ᠴᠢᠮᠡᠭᠡ ᠬᠤᠯᠪᠣᠭᠠᠨ ᠤ ᠲᠣᠤᠷ ᠰᠦᠯᠵᠢᠶ᠎ᠡ ᠶᠢᠨ ᠰᠠᠭᠤᠷᠢ ᠳᠦᠭᠦᠭᠡᠷᠦᠮᠵᠢ ᠶᠢᠨ ᠲᠥᠯᠥᠪᠵᠢᠭᠦᠯᠭᠡ ᠶᠢᠨ ᠪᠦᠲᠦᠭᠡᠨ | ᠪᠠᠶᠢᠭᠤᠯᠤᠯᠲᠠ ᠶᠢ ᠵᠢᠯᠣᠭᠤᠳᠤᠨ᠎ᠠ᠃ ᠰᠦᠯᠵᠢᠶᠡᠨ ᠤ ᠡᠬᠢ ᠪᠠᠶᠠᠯᠢᠭ ᠢ ᠬᠠᠮᠲᠤ ᠪᠠᠷ ᠪᠠᠶᠢᠭᠤᠯᠵᠤ ᠬᠠᠮᠲᠤ ᠪᠠᠷ | ᠡᠳ᠋ᠯᠡᠬᠦ ᠶᠢ ᠵᠢᠯᠣᠭᠤᠳᠤᠨ ᠵᠣᠬᠢᠴᠠᠭᠤᠯᠤᠨ᠎ᠠ᠃ | ︵ᠠᠷᠪᠠ︶ ᠳᠤᠮᠳᠠ ᠵᠢᠵᠢᠭ ᠠᠵᠤ ᠠᠬᠤᠶᠢᠯᠠᠯ ᠬᠢᠭᠡᠳ ᠨᠡᠶᠢᠲᠡ ᠶᠢᠨ ᠥᠮᠴᠢᠯᠡᠯ ᠤᠨ ᠪᠤᠰᠤ ᠠᠵᠤ | ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠬᠤᠷᠸ᠎ᠠ ᠵᠢᠯᠣᠭᠤᠳᠣᠯᠭ᠎ᠠ ᠶᠢ ᠬᠠᠷᠢᠭᠤᠴᠠᠨ᠎ᠠ᠃ ᠤᠯᠤᠰ | ᠪᠠ ᠥᠪᠡᠷᠲᠡᠭᠡᠨ ᠵᠠᠰᠠᠬᠤ ᠣᠷᠣᠨ ᠤ ᠳᠤᠮᠳᠠ ᠵᠢᠵᠢᠭ ᠠᠵᠤ ᠠᠬᠤᠶᠢᠯᠠᠯ ᠪᠣᠯᠤᠨ ᠨᠡᠶᠢᠲᠡ ᠶᠢᠨ ᠥᠮᠴᠢᠯᠡᠯ ᠤᠨ ᠪᠤᠰᠤ | ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ | ᠪᠣᠯᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ | ︵ᠠᠷᠪᠠᠨ ᠨᠢᠭᠡ︶ ᠠᠵᠢᠯ ᠲᠥᠷᠥᠯ ᠤᠨ ᠳᠣᠲᠣᠷᠠᠬᠢ ᠠᠶᠣᠯᠬᠦᠢ ᠦᠢᠯᠡᠳᠪᠦᠷᠢᠯᠡᠯ ᠤᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠬᠤᠶᠠᠷ︶ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ | ︵ᠠᠷᠪᠠᠨ ᠭᠤᠷᠪᠠ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | 1. ᠠᠶᠢᠮᠠᠭ ᠤᠨ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ | ᠵᠠᠩᠬᠢᠴᠢᠯᠠᠯᠳᠠ ᠶᠢᠨ ᠬᠤᠷᠢᠶᠠᠨ ᠤ ᠠᠯᠪᠠᠨ ᠭᠡᠷ ᠯᠤᠭ᠎ᠠ ᠶᠢᠨ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ | ᠬᠤᠪᠢᠶᠠᠷᠢᠯᠠᠯ᠃ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠣᠪᠴᠢᠶ᠎ᠠ ᠨᠢ ᠠᠵᠤ | ᠦᠢᠯᠡᠳᠪᠦᠷᠢ ᠶᠢᠨ ᠬᠦᠷᠢᠶᠡᠨ ᠳᠠᠬᠢ ᠮᠡᠳᠡᠭᠡ ᠵᠠᠩᠬᠢᠴᠢᠯᠠᠯᠳᠠ ᠶᠢᠨ ᠠᠵᠢᠯ ᠢ ᠬᠠᠷᠢᠭᠤᠴᠠᠵᠤ᠂ ᠠᠵᠤ | ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠬᠥᠭᠵᠢᠯᠲᠡ ᠶᠢ ᠲᠦᠯᠬᠢᠨ ᠠᠬᠢᠭᠤᠯᠵᠤ᠂ ᠴᠢᠮᠡᠭᠡ ᠬᠤᠯᠪᠣᠭᠠᠨ ᠤ | ᠰᠦᠯᠵᠢᠶᠡᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠰᠦᠯᠵᠢᠶᠡᠨ ᠤ ᠡᠬᠢ ᠪᠠᠶᠠᠯᠢᠭ ᠢ | ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠵᠢᠯᠣᠭᠤᠳᠤᠨ ᠵᠣᠬᠢᠴᠠᠭᠤᠯᠤᠨ᠎ᠠ᠃ ᠠᠶᠢᠮᠠᠭ ᠤᠨ ᠨᠠᠮ ᠤᠨ | ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠬᠢᠴᠢᠯᠠᠯᠳᠠ ᠶᠢᠨ ᠬᠤᠷᠢᠶᠠᠨ ᠤ ᠠᠯᠪᠠᠨ ᠭᠡᠷ ᠨᠢ | ᠪᠦᠬᠦ ᠠᠶᠢᠮᠠᠭ ᠤᠨ ᠮᠡᠳᠡᠭᠡ ᠵᠠᠩᠬᠢᠴᠢᠯᠠᠯᠳᠠ ᠶᠢ ᠠᠬᠢᠭᠤᠯᠬᠤ ᠠᠵᠢᠯ ᠢ ᠬᠠᠷᠢᠭᠤᠴᠠᠨ᠎ᠠ᠃ | 2. ᠠᠶᠢᠮᠠᠭ ᠤᠨ ᠡᠨᠧᠷᠭᠢ ᠶᠢᠨ ᠲᠣᠪᠴᠢᠶ᠎ᠠ ᠯᠤᠭ᠎ᠠ ᠶᠢᠨ ᠬᠤᠯᠪᠣᠭᠳᠠᠯ ᠪᠦᠬᠦᠢ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ᠃ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ | ᠲᠣᠪᠴᠢᠶ᠎ᠠ ᠨᠢ ᠠᠶᠢᠮᠠᠭ ᠤᠨ ᠡᠨᠧᠷᠭᠢ ᠶᠢᠨ ᠲᠣᠪᠴᠢᠶ᠎ᠠ ᠲᠠᠢ ᠵᠦᠪᠳᠡᠯᠴᠡᠵᠦ ᠪᠦᠬᠦ ᠣᠷᠣᠨ ᠤ ᠴᠠᠬᠢᠯᠭᠠᠨ ᠭᠠᠷᠭᠠᠬᠤ | ᠠᠵᠤ ᠠᠬᠤᠶᠢᠯᠠᠯ ᠤᠨ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠶᠢᠨ ᠵᠢᠱᠢᠯᠲᠡ ᠶᠢᠨ ᠬᠤᠭᠤᠴᠠᠭᠠᠨ ᠤ | ᠲᠣᠬᠢᠷᠠᠭᠤᠯᠭ᠎ᠠ ᠡᠵᠡᠮᠳᠡᠯ ᠪᠠ ᠬᠠᠷᠠᠯᠲᠠ ᠲᠥᠯᠥᠪᠯᠡᠭᠡ ᠶᠢ ᠲᠤᠤᠱᠯᠠᠭᠤᠯᠤᠨ ᠨᠠᠶᠢᠳᠠᠪᠣᠷᠢᠵᠢᠭᠤᠯᠬᠤ ᠶᠢᠨ ᠬᠠᠮᠲᠤ | ᠬᠢᠨᠠᠯᠲᠠ ᠲᠠᠯᠪᠢᠨ ᠬᠡᠷᠡᠭᠵᠢᠭᠦᠯᠵᠦ᠂ ᠪᠦᠬᠦ ᠣᠷᠣᠨ ᠤ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠪᠦᠲᠦᠭᠡᠨ | ᠪᠠᠶᠢᠭᠤᠯᠤᠯᠲᠠ ᠶᠢᠨ ᠲᠥᠰᠦᠯ ᠢ ᠲᠤᠤᠱᠯᠠᠭᠤᠯᠤᠨ ᠨᠠᠶᠢᠳᠠᠪᠣᠷᠢᠵᠢᠭᠤᠯᠵᠦ᠂ ᠴᠠᠬᠢᠯᠭᠠᠨ ᠬᠦᠴᠦᠨ ᠤ ᠵᠠᠬ᠎ᠠ | ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃ | 3. ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ ᠯᠤᠭ᠎ᠠ ᠶᠢᠨ ᠬᠤᠯᠪᠣᠭᠳᠠᠯ | ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ | ᠵᠠᠩᠬᠢᠴᠢᠯᠠᠯᠳᠠ ᠶᠢᠨ ᠲᠣᠪᠴᠢᠶ᠎ᠠ ᠨᠢ ᠮᠡᠳᠡᠭᠡ ᠵᠠᠩᠬᠢᠴᠢᠯᠠᠯᠳᠠ ᠪᠠ ᠠᠵᠤ ᠦᠢᠯᠡᠳᠪᠦᠷᠢᠵᠢᠯᠳᠡ ᠶᠢᠨ | ᠠᠭᠤᠰᠣᠯᠴᠠᠭᠰᠠᠨ ᠬᠦᠭᠵᠢᠯᠳᠡ ᠶᠢ ᠠᠬᠢᠭᠤᠯᠬᠤ ᠶᠢ ᠬᠠᠷᠢᠭᠤᠴᠠᠨ᠎ᠠ᠃ ᠠᠵᠤ ᠦᠢᠯᠡᠳᠪᠦᠷᠢ ᠶᠢᠨ ᠢᠨᠲ᠋ᠧᠷ | ᠰᠦᠯᠵᠢᠶ᠎ᠡ᠂ ᠵᠦᠭᠡᠯᠡᠨ ᠳᠣᠨᠤᠭ ᠤᠨ ᠦᠢᠯᠡᠰ᠂ ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠰ ᠤᠨ | ᠬᠥᠭᠵᠢᠯᠲᠡ ᠶᠢ ᠠᠬᠢᠭᠤᠯᠤᠨ᠎ᠠ᠃ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ ᠨᠢ | ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢᠨ ᠪᠠᠶᠢᠭᠤᠯᠤᠯᠲᠠ᠂ ᠠᠵᠢᠯᠯᠠᠭᠠᠨ᠂ ᠬᠠᠮᠢᠶᠠᠷᠤᠯᠲᠠ ᠶᠢ | ᠬᠠᠷᠢᠭᠤᠴᠠᠨ᠎ᠠ᠃ | ᠳᠥᠷᠪᠡᠳᠦᠭᠡᠷ ᠵᠦᠢᠯ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ | ᠲᠣᠪᠴᠢᠶ᠎ᠠ ᠳᠤ ᠳᠣᠤᠷᠠᠬᠢ ᠮᠡᠲᠦ ᠳᠣᠲᠣᠭᠠᠳᠤ ᠪᠠᠶᠢᠭᠤᠯᠤᠮᠵᠢ ᠶᠢ ᠳᠣᠬᠢᠷᠠᠭᠤᠯᠣᠨ᠎ᠠ᠄ | ︵ᠨᠢᠭᠡ︶ ᠠᠯᠪᠠᠨ ᠭᠡᠷ᠃ ᠪᠠᠶᠢᠭᠤᠯᠤᠯᠭ᠎ᠠ ᠶᠢᠨ ᠡᠳᠦᠷ ᠲᠤᠲᠤᠮ ᠤᠨ ᠡᠷᠭᠢᠯᠲᠡ ᠶᠢᠨ ᠠᠵᠢᠯ ᠢ | ᠬᠠᠷᠢᠭᠤᠴᠠᠨ᠎ᠠ᠃ ᠪᠠᠶᠢᠭᠤᠯᠤᠯᠭ᠎ᠠ ᠶᠢᠨ ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠪᠠ ᠠᠵᠢᠯ ᠤᠨ | ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢ ᠵᠣᠬᠢᠶᠠᠨ ᠪᠠᠶᠢᠭᠤᠯᠬᠤ ᠶᠢᠨ ᠬᠠᠮᠲᠤ ᠬᠢᠨᠠᠯᠲᠠ ᠲᠠᠯᠪᠢᠨ | ᠬᠡᠷᠡᠭᠵᠢᠭᠦᠯᠦᠨ᠎ᠡ᠃ ᠮᠡᠳᠡᠭᠡ ᠵᠠᠩᠭᠢ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠬᠦᠢᠴᠡᠳᠬᠡᠬᠦᠯᠬᠦ᠂ ᠳᠠᠩᠰᠠ | ᠡᠪᠬᠡᠮᠡᠯ᠂ ᠨᠢᠭᠤᠴᠠ ᠮᠠᠲ᠋ᠧᠷᠢᠶᠠᠯ᠂ ᠵᠠᠬᠢᠳᠠᠯ ᠰᠤᠷᠪᠤᠯᠵᠢᠯᠠᠯ᠂ ᠨᠢᠭᠤᠴᠠ ᠶᠢ ᠬᠠᠮᠠᠭᠠᠯᠠᠬᠤ᠂ ᠡᠳ᠋ ᠤᠨ ᠶᠠᠪᠤᠳᠠᠯ᠂ | ᠡᠳ᠋ ᠬᠥᠷᠥᠩᠭᠡ ᠶᠢᠨ ᠬᠠᠮᠢᠶᠠᠷᠤᠯᠲᠠ᠂ ᠵᠠᠰᠠᠭ ᠤᠨ ᠶᠠᠪᠤᠳᠠᠯ ᠢ ᠢᠯᠡ ᠪᠠᠶᠢᠯᠭᠠᠬᠤ ᠵᠡᠷᠭᠡ ᠠᠵᠢᠯ ᠢ ᠬᠠᠷᠢᠭᠤᠴᠠᠨ᠎ᠠ᠃ | ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠴᠢᠨᠠᠷᠲᠠᠶ ᠬᠤᠯᠪᠣᠭᠳᠠᠯ ᠪᠦᠬᠦᠢ ᠬᠠᠤᠯᠢ ᠲᠣᠭᠲᠠᠭᠠᠯ᠂ | ᠳᠦᠷᠢᠮ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠪᠠᠶᠢᠭᠤᠯᠤᠯᠭ᠎ᠠ ᠶᠢᠨ ᠴᠢᠬᠤᠯᠠ ᠪᠢᠴᠢᠭ | ᠮᠠᠲ᠋ᠧᠷᠢᠶᠠᠯ᠂ ᠶᠡᠷᠦᠩᠬᠡᠶᠢᠯᠡᠭᠰᠡᠨ ᠴᠢᠨᠠᠷᠲᠠᠶ ᠡᠬᠡ ᠪᠢᠴᠢᠭ ᠲᠤᠭᠤᠷᠪᠢᠬᠤ ᠠᠵᠢᠯ ᠢ ᠬᠠᠷᠢᠭᠤᠴᠠᠨ᠎ᠠ᠃ ᠳᠦᠷᠢᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠪᠠ ᠭᠤᠤᠯᠴᠢ | ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢ ᠬᠠᠷᠢᠭᠤᠴᠠᠨ᠎ᠠ᠃ ᠠᠵᠤ ᠠᠬᠤᠶᠢᠯᠠᠯ ᠤᠨ ᠨᠡᠶᠢᠭᠡᠮ ᠤᠨ | ᠬᠠᠷᠢᠭᠤᠴᠠᠯᠭ᠎ᠠ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠣᠯᠢᠵᠢᠯ | ᠤᠨ ᠵᠠᠰᠠᠭ ᠤᠨ ᠣᠷᠳᠣᠨ ᠤ ᠪᠠᠶᠢᠭᠤᠯᠤᠯᠲᠠ ᠪᠠ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯ ᠢ ᠬᠠᠷᠢᠭᠤᠴᠠᠨ᠎ᠠ᠃ | ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠡᠭᠦᠷᠭᠡᠯᠡᠨ᠎ᠡ᠃ | ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠪᠠᠶᠢᠭᠤᠯᠤᠯᠭ᠎ᠠ ᠪᠠ ᠬᠠᠷᠢᠶ᠎ᠠ ᠨᠢᠭᠡᠴᠡ ᠶᠢᠨ ᠢᠶᠠᠨ | ᠪᠠᠶᠢᠭᠤᠯᠤᠮᠵᠢ ᠶᠢᠨ ᠣᠷᠣᠨ ᠲᠤᠭ᠎ᠠ᠂ ᠬᠥᠳᠡᠯᠮᠦᠷᠢ ᠴᠠᠯᠢᠩ ᠵᠡᠷᠭᠡ ᠠᠵᠢᠯ ᠢ ᠬᠠᠷᠢᠭᠤᠴᠠᠨ᠎ᠠ᠃ ᠪᠠᠶᠢᠭᠤᠯᠤᠯᠭ᠎ᠠ ᠶᠢᠨ | ᠵᠠᠰᠠᠭ ᠵᠠᠬᠢᠷᠭᠠᠨ ᠤ ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ᠃ | ︵ᠬᠤᠶᠠᠷ︶ ᠠᠵᠤ ᠠᠬᠤᠢ ᠶᠢᠨ ᠠᠵᠢᠯᠯᠠᠭᠠᠨ ᠤ ᠰᠠᠯᠠᠭ᠎ᠠ᠃ ᠪᠦᠬᠦ ᠠᠶᠢᠮᠠᠭ ᠤᠨ ᠠᠵᠤ | ᠦᠢᠯᠡᠳᠪᠦᠷᠢ ᠶᠢᠨ ᠠᠵᠢᠯᠯᠠᠭᠠᠨ ᠤ ᠡᠳᠦᠷ ᠲᠤᠲᠤᠮ ᠤᠨ ᠬᠢᠨᠠᠨ ᠬᠡᠮᠵᠢᠬᠦ ᠪᠠ ᠵᠠᠳᠠᠯᠬᠤ ᠠᠵᠢᠯ ᠢ ᠡᠭᠦᠷᠭᠡᠯᠡᠵᠦ᠂ | ᠲᠥᠰᠦᠭᠡᠯᠡᠵᠦ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠨ᠂ ᠠᠵᠤ ᠦᠢᠯᠡᠳᠪᠦᠷᠢ ᠶᠢᠨ ᠠᠵᠢᠯᠯᠠᠭᠠᠨ ᠤ ᠳᠤᠮᠳᠠᠬᠢ | ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠬᠦ ᠶᠢ ᠵᠣᠬᠢᠶᠠᠨ ᠪᠠᠶᠢᠭᠤᠯᠵᠦ᠂ ᠲᠥᠷᠥ ᠶᠢᠨ | ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ ᠠᠵᠢᠯ ᠢ | ᠵᠣᠬᠢᠴᠠᠭᠤᠯᠬᠤ ᠶᠢ ᠬᠠᠷᠢᠭᠤᠴᠠᠨ᠎ᠠ᠃ ᠠᠵᠤ ᠦᠢᠯᠡᠳᠪᠦᠷᠢ ᠶᠢᠨ ᠠᠵᠢᠯᠯᠠᠭᠠᠨ ᠳᠠᠬᠢ ᠨᠡᠭᠦᠷᠡᠰᠦ ᠴᠠᠬᠢᠯᠭᠠᠨ ᠴᠢᠯᠠᠭᠤᠨ | ᠲᠣᠰᠣ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠣᠬᠢᠴᠠᠭᠤᠯᠭ᠎ᠠ ᠶᠢ ᠡᠭᠦᠷᠭᠡᠯᠡᠨ᠎ᠡ᠃ ᠪᠦᠬᠦ ᠣᠷᠣᠨ ᠤ ᠵᠢᠯ ᠤᠨ | ᠴᠠᠬᠢᠯᠭᠠᠨ ᠭᠠᠷᠭᠠᠬᠤ ᠬᠡᠮᠵᠢᠶ᠎ᠡ ᠶᠢᠨ ᠵᠢᠱᠢᠯᠳᠡ ᠶᠢᠨ ᠬᠤᠭᠤᠴᠠᠭᠠᠨ ᠤ ᠡᠵᠡᠮᠳᠡᠯ ᠤᠨ ᠬᠠᠷᠠᠯᠳᠠ᠂ ᠴᠠᠬᠢᠯᠭᠠᠨ | ᠬᠦᠴᠦᠨ ᠤ ᠵᠠᠬ᠎ᠠ ᠳᠡᠯᠭᠡᠭᠦᠷ ᠤᠨ ᠪᠦᠳᠦᠬᠡᠨ ᠪᠠᠶᠢᠭᠤᠯᠣᠯᠳᠠ ᠶᠢᠨ ᠳᠦᠰᠦᠯ ᠵᠢᠴᠢ ᠬᠡᠷᠡᠭᠵᠢᠬᠦᠯᠬᠦ ᠳᠦᠯᠦᠪᠯᠡᠭᠡ ᠶᠢ | ᠳᠣᠣᠱᠯᠠᠭᠤᠯᠣᠨ ᠨᠠᠶᠢᠳᠠᠪᠣᠷᠢᠵᠢᠭᠤᠯᠵᠦ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠠᠵᠢᠯᠯᠠᠭᠠᠨ ᠳᠣᠮᠳᠠᠬᠢ | ᠴᠢᠬᠤᠯᠠ ᠶᠡᠭᠡ ᠠᠰᠠᠭᠤᠳᠠᠯ ᠢ ᠵᠣᠬᠢᠴᠠᠭᠤᠯᠣᠨ ᠰᠢᠢᠳᠪᠦᠷᠢᠯᠡᠨ᠎ᠡ᠃ ᠠᠵᠦ ᠦᠢᠯᠡᠳᠪᠦᠷᠢ ᠶᠢᠨ ᠴᠠᠬᠢᠯᠭᠠᠨ ᠬᠦᠴᠦᠨ | ᠤ ᠬᠡᠷᠡᠭᠯᠡᠭᠡ ᠶᠢᠨ ᠳᠠᠯ᠎ᠠ ᠶᠢᠨ ᠬᠠᠮᠢᠶᠠᠷᠣᠯᠳᠠ ᠶᠢ ᠬᠠᠷᠢᠭᠤᠴᠠᠨ᠎ᠠ᠃ | ︵ᠭᠤᠷᠪᠠ︶ ᠪᠡᠯᠡ ᠣᠷᠣᠭᠤᠯᠤᠯᠲᠠ ᠲᠥᠯᠥᠪᠵᠢᠭᠦᠯᠭᠡ ᠶᠢᠨ ᠰᠠᠯᠠᠭ᠎ᠠ ︵︽ᠬᠢᠮᠢ ᠶᠢᠨ ᠵᠡᠪᠰᠡᠭ ᠢ | ᠴᠠᠭᠠᠵᠠᠯᠠᠬᠤ ᠨᠡᠶᠢᠲᠡ ᠶᠢᠨ ᠭᠡᠷ᠎ᠡ︾ ᠶᠢ ᠬᠦᠢᠴᠡᠳᠬᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ︶᠃ | ᠠᠯᠠᠱᠠ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠬᠥᠭᠵᠢᠯᠲᠡ ᠶᠢᠨ | ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠪᠦᠬᠦ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠣᠭᠲᠠᠮᠠᠯ ᠬᠥᠷᠥᠩᠭᠡ ᠪᠡᠯᠡ ᠣᠷᠣᠭᠤᠯᠣᠯᠳᠠ ᠶᠢᠨ ᠬᠡᠪᠴᠢᠶ᠎ᠡ ᠪᠣᠯᠤᠨ ᠴᠢᠭᠯᠡᠯ ᠵᠢᠴᠢ | ᠠᠶᠢᠮᠠᠭ ᠤᠨ ᠡᠳ᠋ ᠤᠨ ᠵᠠᠰᠠᠭ ᠤᠨ ᠴᠢᠨᠠᠷᠲᠠᠶ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠲᠣᠬᠢᠷᠠᠭᠤᠯᠬᠤ | ᠰᠠᠨᠠᠭᠤᠯᠭ᠎ᠠ ᠶᠢ ᠳᠤᠷᠠᠳᠤᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠥᠷᠥ ᠶᠢᠨ ᠶᠠᠪᠤᠳᠠᠯ ᠤᠨ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠤ ᠬᠠᠷᠢᠶᠠᠯᠠᠭᠳᠠᠬᠤ ᠲᠥᠷᠥᠯ ᠵᠦᠢᠯ ᠢ ᠬᠢᠨᠠᠨ ᠬᠠᠷᠭᠤᠭᠤᠯᠵᠤ ᠮᠡᠳᠡᠭᠦᠯᠦᠨ᠂ ᠪᠦᠬᠦ ᠠᠶᠢᠮᠠᠭ ᠤᠨ ᠠᠵᠤ | ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠳᠣᠭᠳᠠᠮᠠᠯ ᠬᠦᠷᠦᠩᠬᠡ ᠶᠢᠨ ᠪᠡᠯᠡ ᠣᠷᠣᠭᠤᠯᠤᠯᠲᠠ ᠶᠢᠨ ᠲᠥᠷᠥᠯ | ᠵᠦᠢᠯ ᠢ ᠬᠢᠨᠠᠨ ᠵᠥᠪᠰᠢᠶᠡᠷᠡᠵᠦ᠂ ᠳᠠᠩᠰᠠᠯᠠᠨ᠎ᠠ᠃ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ | ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠵᠢᠯᠣᠭᠤᠳᠴᠤ᠂ ᠠᠵᠤ ᠦᠢᠯᠡᠳᠪᠦᠷᠢ ᠪᠠ | ᠮᠡᠳᠡᠭᠡ ᠵᠠᠩᠬᠢᠴᠢᠯᠠᠯᠳᠠ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠵᠣᠬᠢᠴᠠᠭᠤᠯᠬᠤ ᠠᠵᠢᠯ ᠢ | ᠬᠠᠷᠢᠭᠤᠴᠠᠨ᠎ᠠ᠃ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠬᠠᠶᠢᠯᠤᠭᠤᠯᠬᠤ᠂ ᠪᠠᠷᠢᠯᠭ᠎ᠠ ᠶᠢᠨ ᠮᠠᠲ᠋ᠧᠷᠢᠶᠠᠯ ᠵᠡᠷᠭᠡ | ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠣᠷᠢᠵᠢᠭᠤᠯᠵᠦ᠂ | ᠥᠪᠡᠷᠲᠡᠭᠡᠨ ᠵᠠᠰᠠᠬᠤ ᠣᠷᠣᠨ ᠤ ᠲᠦᠭᠦᠬᠡᠶ ᠮᠠᠲ᠋ᠧᠷᠢᠶᠠᠯ ᠤᠨ ᠠᠵᠤ ᠦᠢᠯᠡᠳᠪᠦᠷᠢ ᠶᠢᠨ ᠬᠥᠭᠵᠢᠯᠲᠡ ᠶᠢᠨ | ᠳᠦᠯᠦᠪᠵᠢᠬᠦᠯᠭᠡ᠂ ᠮᠡᠷᠭᠡᠵᠢᠯ ᠤᠨ ᠳᠦᠷᠢᠮᠵᠢᠯ᠂ ᠪᠠᠷᠢᠮᠵᠢᠶ᠎ᠠ ᠶᠢ ᠲᠤᠤᠱᠯᠠᠭᠤᠯᠤᠨ ᠨᠠᠶᠢᠳᠠᠪᠣᠷᠢᠵᠢᠭᠤᠯᠣᠨ᠎ᠠ᠃ | ᠥᠪᠡᠷᠲᠡᠭᠡᠨ ᠵᠠᠰᠠᠬᠤ ᠣᠷᠣᠨ ᠤ ᠲᠦᠭᠦᠬᠡᠶ ᠮᠠᠲ᠋ᠧᠷᠢᠶᠠᠯ ᠤᠨ ᠠᠵᠤ ᠦᠢᠯᠡᠳᠪᠦᠷᠢ ᠳᠤ ᠵᠥᠪᠰᠢᠶᠡᠷᠡᠨ ᠣᠷᠣᠭᠤᠯᠬᠤ | ᠳᠦᠷᠢᠮ ᠢ ᠨᠠᠶᠢᠳᠠᠪᠤᠷᠢᠵᠢᠭᠤᠯᠤᠨ᠎ᠠ᠃ ᠬᠤᠪᠣᠷ ᠰᠢᠷᠣᠶ ᠶᠢᠨ ᠠᠵᠢᠯ ᠲᠥᠷᠥᠯ ᠤᠨ ᠬᠠᠮᠢᠶ᠎ᠠ ᠪᠦᠬᠦᠢ ᠠᠵᠢᠯ ᠢ | ᠵᠣᠬᠢᠴᠠᠭᠤᠯᠤᠨ᠎ᠠ᠃ ︽ᠬᠢᠮᠢ ᠶᠢᠨ ᠵᠡᠪᠰᠡᠭ ᠢ ᠴᠠᠭᠠᠵᠠᠯᠠᠬᠤ ᠨᠡᠶᠢᠲᠡ ᠶᠢᠨ ᠭᠡᠷ᠎ᠡ︾ ᠶᠢ ᠬᠡᠷᠡᠭᠵᠢᠬᠦᠯᠬᠦ ᠶᠢ ᠵᠣᠬᠢᠶᠠᠨ | ᠪᠠᠶᠢᠭᠤᠯᠤᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠠᠵᠢᠯ | ᠲᠥᠷᠥᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠲᠣᠨᠣᠭᠯᠠᠯ ᠤᠨ ᠠᠵᠤ ᠦᠢᠯᠡᠳᠪᠦᠷᠢ ᠶᠢᠨ | ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠬᠥᠭᠵᠢᠯᠲᠡ ᠶᠢᠨ ᠰᠡᠳᠬᠢᠴᠡ ᠪᠠ ᠲᠥᠷᠦ ᠶᠢᠨ | ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ | ᠭᠤᠤᠯᠳᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠲᠦᠰᠢᠭᠯᠡᠨ ᠬᠤᠯᠪᠣᠭᠳᠠᠯ ᠪᠦᠬᠦᠢ ᠴᠢᠬᠤᠯᠠ | ᠶᠡᠭᠡ ᠲᠤᠰᠬᠠᠶ ᠳᠦᠷᠦᠯ ᠵᠦᠢᠯ ᠤᠨ ᠬᠡᠷᠡᠭᠵᠢᠭᠦᠯᠦᠯᠲᠡ ᠶᠢ ᠵᠣᠬᠢᠴᠠᠭᠤᠯᠤᠨ᠎ᠠ᠃ ᠣᠶᠣᠨᠴᠢ ᠦᠢᠯᠡᠳᠬᠦ ᠦᠢᠯᠡᠰ ᠤᠨ | ᠬᠥᠭᠵᠢᠯᠲᠡ ᠶᠢ ᠲᠦᠯᠬᠢᠨ ᠠᠬᠢᠭᠤᠯᠵᠤ᠂ ᠮᠡᠷᠭᠡᠵᠢᠯ ᠲᠣᠨᠣᠭᠯᠠᠯ ᠤᠨ ᠮᠡᠷᠭᠡᠵᠢᠯ ᠢ ᠣᠷᠣᠭᠤᠯᠵᠤ ᠢᠷᠡᠬᠦ᠂ ᠰᠢᠩᠭᠡᠭᠡᠨ | ᠠᠪᠬᠤ ᠪᠠ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠤᠨ᠎ᠠ᠃ ᠴᠡᠷᠢᠭ ᠠᠷᠠᠳ ᠢ | ᠣᠶᠠᠯᠳᠣᠭᠤᠯᠣᠨ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠠᠬᠢᠭᠤᠯᠬᠤ ᠶᠢ ᠬᠠᠷᠢᠭᠤᠴᠠᠨ᠎ᠠ᠃ ᠬᠥᠩᠭᠡᠨ ᠠᠵᠤ | ᠦᠢᠯᠡᠳᠪᠦᠷᠢ᠂ ᠨᠡᠬᠡᠮᠡᠯ᠂ ᠢᠳᠡᠭᠡᠨ᠂ ᠡᠮ ᠡᠮᠨᠡᠯᠭᠡ ᠵᠡᠷᠭᠡ ᠬᠡᠷᠡᠭᠯᠡᠭᠡᠨ ᠤ ᠵᠦᠢᠯ ᠤᠨ ᠠᠵᠤ ᠦᠢᠯᠡᠳᠪᠦᠷᠢ ᠶᠢᠨ | ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠠᠵᠢᠯ ᠲᠥᠷᠥᠯ ᠤᠨ ᠬᠥᠭᠵᠢᠯᠲᠡ ᠶᠢᠨ | ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠦᠢᠯᠡᠴᠢᠯᠡᠬᠡᠨ ᠤ ᠬᠡᠯᠪᠡᠷᠢ ᠶᠢᠨ ᠦᠢᠯᠡᠳᠬᠦ ᠦᠢᠯᠡᠰ ᠪᠠ ᠠᠵᠤ ᠦᠢᠯᠡᠳᠪᠦᠷᠢ ᠶᠢᠨ ᠵᠢᠷᠤᠭ ᠲᠥᠯᠥᠪᠯᠡᠭᠡ ᠶᠢᠨ | ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠠᠵᠤ ᠦᠢᠯᠡᠳᠪᠦᠷᠢ ᠶᠢᠨ ᠲᠥᠷᠥᠯ ᠵᠦᠢᠯ ᠤᠨ ᠠᠷᠠᠯᠵᠢᠶᠠᠴᠢᠨ ᠤᠷᠢᠬᠤ | ᠠᠵᠢᠯ ᠢ ᠬᠠᠷᠢᠭᠤᠴᠠᠨ᠎ᠠ᠃ | ︵ᠳᠦᠷᠪᠡ︶ ᠠᠵᠤ ᠠᠬᠤᠶᠢᠯᠠᠯ ᠤᠨ ᠬᠥᠭᠵᠢᠯᠲᠡ ᠬᠢᠭᠡᠳ ᠠᠵᠤ ᠦᠢᠯᠡᠳᠪᠦᠷᠢ ᠶᠢᠨ ᠡᠨᠧᠷᠭᠢ | ᠠᠷᠪᠢᠯᠠᠬᠤ ᠰᠠᠯᠠᠭ᠎ᠠ᠃ ᠳᠤᠮᠳᠠ ᠵᠢᠵᠢᠭ ᠠᠵᠤ ᠠᠬᠤᠶᠢᠯᠠᠯ ᠵᠢᠴᠢ ᠨᠡᠶᠢᠲᠡ ᠶᠢᠨ ᠥᠮᠴᠢᠯᠡᠯ ᠤᠨ ᠪᠤᠰᠤ ᠠᠵᠤ | ᠠᠬᠤᠢ ᠶᠢᠨ ᠬᠤᠷᠸ᠎ᠠ ᠵᠢᠯᠣᠭᠤᠳᠤᠯᠭ᠎ᠠ᠂ ᠶᠡᠷᠦᠩᠬᠡᠶᠢᠯᠡᠭᠰᠡᠨ ᠵᠣᠬᠢᠴᠠᠭᠤᠯᠭ᠎ᠠ ᠪᠠ ᠦᠢᠯᠡᠴᠢᠯᠡᠭᠡ ᠶᠢ ᠬᠠᠷᠢᠭᠤᠴᠠᠨ᠎ᠠ᠃ | ᠳᠤᠮᠳᠠ ᠵᠢᠵᠢᠭ ᠠᠵᠤ ᠠᠬᠤᠶᠢᠯᠠᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠰᠠᠭᠤᠷᠢᠨ ᠭᠠᠵᠠᠷ | ᠪᠠ ᠣᠯᠠᠨ ᠨᠡᠶᠢᠲᠡ ᠶᠢᠨ ᠦᠢᠯᠡᠴᠢᠯᠡᠬᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠳᠤᠮᠳᠠ ᠵᠢᠵᠢᠭ | ᠠᠵᠤ ᠠᠬᠤᠶᠢᠯᠠᠯ ᠵᠢᠴᠢ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠠᠵᠢᠯᠯᠠᠭᠠᠨ ᠢ ᠬᠢᠨᠠᠨ ᠬᠡᠮᠵᠢᠵᠦ | ᠵᠠᠳᠠᠯᠤᠯᠲᠠ ᠬᠢᠬᠦ ᠶᠢ ᠬᠠᠷᠢᠭᠤᠴᠠᠨ᠎ᠠ᠃ ᠪᠦᠬᠦ ᠠᠶᠢᠮᠠᠭ ᠤᠨ ᠳᠤᠮᠳᠠ ᠪᠠᠭ᠎ᠠ ᠠᠵᠤ ᠠᠬᠤᠶᠢᠯᠠᠯ ᠤᠨ ᠭᠠᠳᠠᠭᠠᠳᠤ ᠲᠠᠢ | ᠠᠵᠤ ᠠᠬᠤᠶ ᠮᠡᠷᠭᠡᠵᠢᠯ ᠤᠨ ᠰᠣᠯᠢᠯᠴᠠᠭ᠎ᠠ ᠬᠢᠬᠦ ᠪᠠ ᠬᠠᠮᠲᠤᠷᠠᠨ ᠠᠵᠢᠯᠯᠠᠬᠤ ᠶᠢ ᠵᠣᠬᠢᠶᠠᠨ ᠪᠠᠶᠢᠭᠤᠯᠤᠨ | ᠵᠢᠯᠣᠭᠤᠳᠤᠨ᠎ᠠ᠃ ᠲᠣᠭᠲᠠᠭᠠᠯ ᠶᠣᠰᠣᠭᠠᠷ ᠳᠤᠮᠳᠠ ᠵᠢᠵᠢᠭ ᠠᠵᠤ ᠠᠬᠤᠶᠢᠯᠠᠯ ᠤᠨ ᠪᠡᠯᠡ ᠳᠣᠬᠢᠷᠠᠭᠤᠯᠬᠤ ᠳᠠᠭᠠᠭᠠᠨ | ᠪᠠᠳᠣᠯᠠᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ | ᠡᠨᠧᠷᠭᠢ ᠠᠷᠪᠢᠯᠠᠬᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠪᠣᠬᠢᠷᠲᠤᠯ ᠦᠭᠡᠢ ᠦᠢᠯᠡᠳᠬᠦ | ᠰᠢᠰᠲ᠋ᠧᠮᠵᠢ ᠶᠢᠨ ᠪᠠᠶᠢᠭᠤᠯᠤᠯᠲᠠ ᠪᠠ ᠰᠠᠶᠢᠨ ᠳᠤᠷ᠎ᠠ ᠶᠢᠨ ᠬᠡᠯᠪᠡᠷᠢ ᠶᠢᠨ ᠴᠡᠪᠡᠷ ᠦᠢᠯᠡᠳᠪᠦᠷᠢᠯᠡᠯ ᠢ ᠠᠬᠢᠭᠤᠯᠬᠤ | ᠲᠥᠷᠦ ᠶᠢᠨ ᠪᠣᠳᠣᠯᠭ᠎ᠠ ᠪᠠ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ | ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠠᠮᠢᠶᠠᠷᠤᠯᠲᠠ ᠶᠢ ᠡᠭᠦᠷᠭᠡᠯᠡᠵᠦ᠂ | ᠲᠣᠭᠲᠠᠭᠠᠯ ᠠᠴᠠ ᠵᠥᠷᠢᠴᠡᠨ ︽ᠡᠨᠧᠷᠬᠢ ᠵᠠᠷᠣᠴᠠᠭᠤᠯᠣᠭᠰᠠᠨ︾ ᠬᠢᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ | ᠪᠠᠶᠢᠴᠠᠭᠠᠨ ᠰᠢᠢᠳᠪᠦᠷᠢᠯᠡᠨ᠎ᠡ᠃ ᠪᠦᠬᠦ ᠠᠶᠢᠮᠠᠭ ᠤᠨ ᠠᠵᠤ ᠦᠢᠯᠡᠳᠪᠦᠷᠢ ᠶᠢᠨ ᠡᠨᠧᠷᠭᠢ ᠶᠢᠨ ᠬᠠᠮᠢᠶᠠᠷᠤᠨ ᠡᠵᠡᠮᠳᠡᠬᠦ | ᠲᠥᠪ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠶᠢ ᠵᠣᠬᠢᠶᠠᠨ ᠪᠠᠶᠢᠭᠤᠯᠵᠤ᠂ ᠪᠦᠬᠦ ᠠᠶᠢᠮᠠᠭ ᠤᠨ ᠠᠵᠤ | ᠦᠢᠯᠡᠳᠪᠦᠷᠢ ᠶᠢᠨ ᠲᠥᠷᠥᠯ ᠵᠦᠢᠯ ᠤᠨ ᠡᠨᠧᠷᠭᠢ ᠶᠢᠨ ᠬᠠᠮᠢᠶᠠᠷᠤᠨ ᠡᠵᠡᠮᠳᠡᠬᠦ ᠲᠥᠪ ᠤᠨ ᠬᠢᠨᠠᠨ ᠬᠠᠮᠢᠶᠠᠷᠤᠯᠲᠠ ᠶᠢ | ᠬᠠᠷᠢᠭᠤᠴᠠᠨ᠎ᠠ᠃ ᠠᠵᠤ ᠦᠢᠯᠡᠳᠪᠦᠷᠢ ᠶᠢᠨ ᠪᠣᠬᠢᠷᠲᠤᠯ ᠦᠭᠡᠢ ᠬᠥᠭᠵᠢᠯᠲᠡ ᠶᠢᠨ ᠴᠢᠬᠤᠯᠠ ᠶᠡᠭᠡ ᠵᠢᠱᠢᠶ᠎ᠡ | ᠦᠵᠡᠭᠦᠯᠬᠦ ᠲᠥᠷᠥᠯ ᠵᠦᠢᠯ ᠵᠢᠴᠢ ᠡᠨᠧᠷᠭᠢ ᠠᠷᠪᠢᠯᠠᠬᠤ ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ | ᠲᠥᠬᠦᠭᠡᠷᠦᠮᠵᠢ᠂ ᠰᠢᠨ᠎ᠡ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠠᠵᠢᠯ ᠢ ᠥᠷᠨᠢᠭᠦᠯᠦᠨ᠎ᠡ᠃ ᠠᠵᠤ | ᠦᠢᠯᠡᠳᠪᠦᠷᠢ ᠶᠢᠨ ᠶᠡᠷᠦ ᠶᠢᠨ ᠬᠡᠷᠡᠭᠯᠡᠬᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ | ᠠᠰᠢᠭᠯᠠᠬᠤ ᠶᠢ ᠲᠦᠯᠬᠢᠨ ᠠᠬᠢᠭᠤᠯᠤᠨ᠎ᠠ᠃ ᠳᠠᠬᠢᠨ ᠪᠣᠢ ᠪᠣᠯᠬᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠪᠠ | ᠠᠵᠤ ᠦᠢᠯᠡᠰ ᠤᠨ ᠬᠥᠭᠵᠢᠯᠲᠡ ᠶᠢ ᠵᠢᠯᠣᠭᠤᠳᠤᠨ ᠠᠬᠢᠭᠤᠯᠤᠨ᠎ᠠ᠃ | ︵ᠲᠠᠪᠤ︶ ᠠᠵᠢᠯ ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ ︵ᠳᠠᠪᠣᠰᠣᠨ ᠤ ᠦᠢᠯᠡᠰ ᠠᠷᠠᠳ ᠤᠨ | ᠬᠡᠷᠡᠭᠯᠡᠭᠡᠨ ᠤ ᠳᠡᠯᠪᠡᠴᠢᠬᠦ ᠠᠵᠢᠯ ᠤᠨ ᠮᠡᠳᠡᠭᠡ ᠵᠠᠩᠬᠢᠴᠢᠯᠠᠯᠳᠠ ᠶᠢᠨ ᠰᠠᠯᠠᠭ᠎ᠠ︶᠃ ᠳᠠᠪᠣᠰᠣᠨ ᠤ ᠦᠢᠯᠡᠰ ᠤᠨ | ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠰᠤᠳᠤᠯᠤᠨ ᠲᠣᠭᠲᠠᠭᠠᠵᠤ᠂ ᠪᠦᠬᠦ ᠠᠶᠢᠮᠠᠭ ᠤᠨ ᠳᠠᠪᠣᠰᠣᠨ ᠤ | ᠦᠢᠯᠡᠰ ᠤᠨ ᠬᠥᠭᠵᠢᠯᠲᠡ ᠶᠢᠨ ᠳᠦᠯᠦᠪᠵᠢᠬᠦᠯᠬᠡ ᠪᠠ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠬᠠᠷᠢᠭᠤᠴᠠᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠬᠦᠯᠦᠨ᠎ᠡ᠃ ᠪᠦᠬᠦ ᠠᠶᠢᠮᠠᠭ ᠤᠨ ᠢᠳᠡᠰᠢᠨ ᠤ ᠳᠠᠪᠣᠰᠣ ᠶᠢ | ᠦᠢᠯᠡᠳᠪᠦᠷᠢᠯᠡᠬᠦ ᠪᠥᠭᠡᠮ ᠢᠶᠠᠷ ᠪᠣᠷᠣᠯᠠᠭᠤᠯᠬᠤ ᠶᠢ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠪᠠ ᠠᠵᠢᠯ | ᠲᠥᠷᠥᠯ ᠤᠨ ᠬᠢᠨᠠᠨ ᠬᠠᠮᠢᠶᠠᠷᠤᠯᠲᠠ ᠶᠢ ᠬᠠᠷᠢᠭᠤᠴᠠᠨ᠎ᠠ᠃ ᠳᠠᠪᠣᠰᠣᠨ ᠤ ᠦᠢᠯᠡᠰ ᠤᠨ ᠪᠠᠶᠢᠭᠤᠯᠤᠯ ᠤᠨ | ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠠᠵᠢᠯ ᠢ ᠲᠦᠯᠬᠢᠨ ᠠᠬᠢᠭᠤᠯᠤᠨ᠎ᠠ᠃ ᠪᠦᠬᠦ ᠠᠶᠢᠮᠠᠭ ᠤᠨ ᠠᠷᠠᠳ ᠤᠨ | ᠬᠡᠷᠡᠭᠯᠡᠭᠡᠨ ᠤ ᠳᠡᠯᠪᠡᠴᠢᠬᠦ ᠠᠵᠢᠯ ᠲᠥᠷᠥᠯ ᠤᠨ ᠦᠢᠯᠡᠳᠪᠦᠷᠢᠯᠡᠯ᠂ ᠪᠣᠷᠣᠯᠠᠭᠤᠯᠭ᠎ᠠ ᠶᠢᠨ ᠭᠤᠭᠴᠤᠭ᠎ᠠ ᠶᠢᠨ | ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠠᠷᠠᠳ ᠤᠨ ᠬᠡᠷᠡᠭᠯᠡᠭᠡᠨ ᠤ ᠳᠡᠯᠪᠡᠴᠢᠬᠦ ᠪᠣᠳᠠᠰ ᠢ ᠦᠢᠯᠡᠳᠪᠦᠷᠢᠯᠡᠬᠦ᠂ | ᠪᠣᠷᠣᠯᠠᠭᠤᠯᠤᠨ ᠬᠤᠳᠠᠯᠳᠤᠬᠤ ᠠᠮᠣᠷ ᠳᠦᠪᠰᠢᠨ ᠤ ᠬᠢᠨᠠᠨ ᠬᠠᠮᠢᠶᠠᠷᠤᠯᠲᠠ ᠶᠢ ᠬᠠᠷᠢᠭᠤᠴᠠᠨ᠎ᠠ᠃ ᠠᠷᠠᠳ ᠤᠨ | ᠬᠡᠷᠡᠭᠯᠡᠭᠡᠨ ᠤ ᠳᠡᠯᠪᠡᠴᠢᠬᠦ ᠠᠵᠢᠯ ᠲᠥᠷᠥᠯ ᠤᠨ ᠦᠢᠯᠡᠳᠬᠦᠨ ᠤ ᠪᠦᠲᠦᠴᠡ ᠶᠢᠨ ᠲᠣᠬᠢᠷᠠᠭᠤᠯᠤᠯᠲᠠ ᠪᠠ | ᠮᠡᠷᠭᠡᠵᠢᠯ ᠤᠨ ᠳᠠᠪᠰᠢᠯᠲᠠ ᠶᠢᠨ ᠠᠵᠢᠯ ᠢ ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ ᠪᠠ ᠮᠡᠳᠡᠭᠡ ᠵᠠᠩᠭᠢ ᠶᠢᠨ | ᠮᠡᠷᠭᠡᠵᠢᠯ ᠤᠨ ᠦᠢᠯᠡᠴᠢᠯᠡᠬᠡᠨ ᠤ ᠦᠢᠯᠡᠰ ᠤᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠶᠢ | ᠬᠠᠷᠢᠭᠤᠴᠠᠨ᠎ᠠ᠃ ᠠᠵᠢᠯ ᠲᠥᠷᠥᠯ ᠤᠨ ᠶᠠᠰᠤ ᠴᠢᠨᠠᠷ᠂ ᠪᠠᠷᠢᠮᠵᠢᠶᠠᠵᠢᠭᠤᠯᠤᠯᠲᠠ᠂ ᠮᠡᠳᠡᠯᠭᠡ ᠶᠢᠨ ᠪᠦᠲᠦᠭᠡᠭᠳᠡᠬᠦᠨ ᠤ | ᠦᠮᠴᠢᠯᠡᠯ ᠤᠨ ᠡᠷᠬᠡ᠂ ᠨᠡᠷᠡᠲᠦ ᠲᠡᠮᠳᠡᠭᠲᠦ ᠶᠢᠨ ᠪᠠᠶᠢᠭᠤᠯᠤᠯᠲᠠ ᠪᠠ ᠰᠢᠨ᠎ᠡ ᠮᠡᠷᠭᠡᠵᠢᠯ ᠢ ᠳᠡᠯᠭᠡᠷᠡᠭᠦᠯᠦᠨ | ᠬᠡᠷᠡᠭᠯᠡᠬᠦ ᠶᠢ ᠵᠢᠯᠣᠭᠤᠳᠤᠨ᠎ᠠ᠃ ᠠᠵᠤ ᠦᠢᠯᠡᠳᠪᠦᠷᠢ ᠶᠢᠨ ᠠᠵᠢᠯ ᠲᠥᠷᠥᠯ ᠤᠨ ᠮᠡᠷᠭᠡᠵᠢᠯ ᠤᠨ ᠳᠦᠷᠢᠮᠵᠢᠯ ᠢ | ᠲᠣᠭᠲᠠᠭᠠᠬᠤ ᠪᠠ ᠬᠡᠷᠡᠭᠵᠢᠭᠦᠯᠬᠦ ᠠᠵᠢᠯ ᠳᠤ ᠣᠷᠣᠯᠴᠠᠨ᠎ᠠ᠃ ᠡᠯᠧᠺᠲᠷᠣᠨ ᠦᠢᠯᠡᠳᠬᠦ ᠦᠢᠯᠡᠰ ᠤᠨ | ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠡᠯᠧᠺᠲᠷᠣᠨ ᠦᠢᠯᠡᠳᠬᠦ ᠦᠢᠯᠡᠰ ᠤᠨ ᠠᠵᠢᠯᠯᠠᠭᠠᠨ ᠤ ᠵᠠᠳᠠᠯᠤᠯᠲᠠ ᠶᠢ | ᠬᠠᠷᠢᠭᠤᠴᠠᠨ᠎ᠠ᠃ ᠠᠵᠤ ᠦᠢᠯᠡᠳᠪᠦᠷᠢ ᠶᠢᠨ ᠮᠡᠳᠡᠭᠡ ᠵᠠᠩᠬᠢᠴᠢᠯᠠᠯᠳᠠ ᠶᠢᠨ ᠳᠦᠯᠦᠪᠵᠢᠬᠦᠯᠬᠡ ᠪᠠ ᠲᠥᠷᠦ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ ᠠᠵᠤ ᠦᠢᠯᠡᠳᠪᠦᠷᠢ ᠶᠢᠨ ᠬᠦᠷᠢᠶ᠎ᠡ ᠴᠠᠷ᠎ᠠ ᠳᠠᠬᠢ | ᠮᠡᠳᠡᠭᠡ ᠵᠠᠩᠬᠢᠴᠢᠯᠠᠯᠳᠠ ᠵᠢᠴᠢ ᠮᠡᠳᠡᠭᠡ ᠵᠠᠩᠬᠢ ᠶᠢᠨ ᠠᠮᠣᠷ ᠳᠦᠪᠰᠢᠨ᠂ ᠡᠯᠧᠺᠲᠷᠣᠨ ᠬᠤᠳᠠᠯᠳᠤᠭᠠᠨ ᠤ ᠶᠠᠪᠤᠳᠠᠯ᠂ | ᠡᠯᠧᠺᠲᠷᠣᠨ ᠢᠶᠠᠷ ᠭᠡᠷᠡᠴᠢᠯᠡᠬᠦ ᠠᠵᠢᠯ ᠢ ᠡᠭᠦᠷᠭᠡᠯᠡᠨ᠎ᠡ᠃ ᠠᠵᠤ ᠦᠢᠯᠡᠳᠪᠦᠷᠢ ᠶᠢᠨ ᠲᠣᠭᠠᠴᠢᠯᠠᠭᠰᠠᠨ᠂ | ᠣᠶᠤᠨᠴᠢᠯᠠᠭᠰᠠᠨ᠂ ᠰᠦᠯᠵᠢᠶᠡᠵᠢᠭᠰᠡᠨ ᠬᠡᠷᠡᠭᠯᠡᠯᠲᠡ ᠶᠢ ᠵᠢᠯᠣᠭᠤᠳᠤᠨ᠎ᠠ᠃ ᠠᠵᠤ ᠦᠢᠯᠡᠳᠪᠦᠷᠢ ᠶᠢᠨ ᠬᠦᠷᠢᠶᠡᠨ ᠳᠠᠬᠢ | ᠮᠡᠳᠡᠭᠡ ᠵᠠᠩᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠪᠦᠬᠦ ᠠᠶᠢᠮᠠᠭ ᠤᠨ ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠰᠠᠭᠤᠷᠢ | ᠲᠥᠬᠦᠭᠡᠷᠦᠮᠵᠢ ᠶᠢᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠶᠢ ᠵᠣᠬᠢᠴᠠᠭᠤᠯᠤᠨ᠎ᠠ᠃ ᠴᠢᠮᠡᠭᠡ ᠬᠤᠯᠪᠣᠭᠠᠨ ᠤ | ᠰᠦᠯᠵᠢᠶ᠎ᠡ᠂ ᠷᠠᠳᠢᠣ᠋ ᠨᠡᠪᠲᠡᠷᠡᠭᠦᠯᠭᠡ ᠲᠧᠯᠸᠢᠰ ᠤᠨ ᠰᠦᠯᠵᠢᠶ᠎ᠡ ᠪᠣᠯᠤᠨ ᠺᠣᠮᠫᠢᠦ᠋ᠲ᠋ᠧᠷ ᠤᠨ ᠰᠦᠯᠵᠢᠶ᠎ᠡ ᠶᠢ | ᠠᠭᠤᠰᠤᠯᠴᠠᠭᠤᠯᠤᠨ ᠬᠥᠭᠵᠢᠭᠦᠯᠬᠦ ᠶᠢ ᠵᠢᠯᠣᠭᠤᠳᠤᠨ᠎ᠠ᠃ | ︵ᠵᠢᠷᠭᠤᠭ᠎ᠠ︶ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠯᠠᠭ᠎ᠠ᠃ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠳᠦᠯᠦᠪᠵᠢᠬᠦᠯᠬᠡ ᠪᠠ ᠲᠥᠷᠥ ᠶᠢᠨ ᠪᠣᠳᠣᠯᠭ᠎ᠠ | ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ | ᠪᠠᠶᠢᠭᠤᠯᠬᠤ᠂ ᠳᠡᠰ ᠳᠡᠪᠰᠢᠭᠦᠯᠬᠦ᠂ ᠲᠣᠭᠤᠷᠢᠭ ᠢ ᠥᠷᠭᠡᠳᠬᠡᠬᠦ᠂ ᠣᠷᠣᠨ ᠪᠠᠶᠢᠷᠢ ᠲᠣᠬᠢᠷᠠᠭᠤᠯᠬᠤ ᠵᠡᠷᠭᠡ | ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠭᠤᠤᠯᠳᠠᠯᠭ᠎ᠠ ᠲᠠᠢ ᠬᠦᠷᠢᠶᠡᠯᠡᠩ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠵᠢᠯᠣᠭᠤᠳᠴᠤ᠂ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠠᠵᠢᠯᠯᠠᠭᠠᠨ ᠢ ᠬᠢᠨᠠᠨ ᠬᠡᠮᠵᠢᠬᠦ᠂ ᠬᠢᠨᠠᠨ ᠰᠢᠯᠭᠠᠵᠤ ᠦᠨᠡᠯᠡᠬᠦ ᠵᠡᠷᠭᠡ ᠠᠵᠢᠯ ᠢ ᠡᠭᠦᠷᠭᠡᠯᠡᠨ᠎ᠡ᠃ | ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠠᠯᠪᠠᠨ ᠭᠡᠷ᠃ ᠪᠠᠶᠢᠭᠤᠯᠣᠯᠭ᠎ᠠ | ︵ᠰᠢᠰᠲ᠋ᠧᠮ ᠤᠨ ᠨᠠᠮ ᠤᠨ ᠠᠵᠢᠯ ᠤᠨ ᠬᠤᠷᠢᠶ᠎ᠠ᠂ ᠪᠠᠶᠢᠭᠤᠯᠤᠯᠭ᠎ᠠ ᠶᠢᠨ ᠨᠠᠮ ᠤᠨ ᠬᠤᠷᠢᠶ᠎ᠠ᠂ ᠨᠠᠮ ᠤᠨ ᠶᠡᠷᠦᠩᠬᠡᠶ | ᠡᠭᠦᠷ᠂ ᠨᠠᠮ ᠤᠨ ᠡᠭᠦᠷ︶ ᠵᠢᠴᠢ ᠲᠡᠭᠦᠨ ᠤ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠳᠠ ᠶᠢᠨ ᠠᠵᠢᠯ ᠢ ᠬᠠᠷᠢᠭᠤᠴᠠᠨ᠎ᠠ᠃ ᠪᠠᠶᠢᠭᠤᠯᠤᠯᠭ᠎ᠠ ᠶᠢᠨ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠪᠠᠶᠢᠭᠤᠯᠤᠯᠭ᠎ᠠ ᠪᠣᠯᠤᠨ ᠬᠠᠷᠢᠶ᠎ᠠ | ᠨᠢᠭᠡᠴᠡ ᠶᠢᠨ ᠢᠶᠠᠨ ᠺᠠᠳ᠋ᠷ ᠠᠵᠢᠯᠳᠠᠨ ᠤ ᠶᠠᠪᠣᠳᠠᠯ ᠣᠨ ᠤ ᠬᠢᠨᠠᠨ ᠰᠢᠯᠭᠠᠯᠳᠠ ᠵᠡᠷᠭᠡ ᠠᠵᠢᠯ ᠢ ᠬᠠᠷᠢᠭᠤᠴᠠᠨ᠎ᠠ᠃ | ᠪᠠᠶᠢᠭᠤᠯᠤᠯᠭ᠎ᠠ ᠶᠢᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ | ᠺᠠᠳ᠋ᠷᠴᠤᠳ ᠤᠨ ᠠᠵᠢᠯ ᠢ ᠬᠠᠷᠢᠭᠤᠴᠠᠵᠤ᠂ ᠬᠠᠷᠢᠶ᠎ᠠ ᠨᠢᠭᠡᠴᠡ ᠶᠢᠨ ᠢᠶᠠᠨ ᠠᠵᠢᠯ ᠠᠴᠠ ᠪᠠᠨ ᠰᠠᠯᠵᠤ ᠠᠮᠠᠷᠠᠭᠰᠠᠨ ᠪᠠ | ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠠᠵᠢᠯ ᠢ ᠵᠢᠯᠣᠭᠤᠳᠤᠨ᠎ᠠ᠃ ᠳᠣᠪᠴᠢᠶ᠎ᠠ ᠪᠠᠶᠢᠭᠤᠯᠣᠯᠭ᠎ᠠ ᠶᠢᠨ | ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ | ᠲᠠᠪᠤᠳᠤᠭᠠᠷ ᠵᠦᠢᠯ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ | ᠲᠣᠪᠴᠢᠶ᠎ᠠ ᠶᠢᠨ ᠪᠠᠶᠢᠭᠤᠯᠣᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 14 ᠪᠠᠶᠢᠵᠤ᠂ 1ᠲᠣᠪᠴᠢᠶᠠᠨ ᠳᠠᠷᠤᠭ᠎ᠠ᠂ | 3 ᠳᠡᠳ᠋ ᠲᠣᠪᠴᠢᠶᠠᠨ ᠳᠠᠷᠤᠭ᠎ᠠ ᠪᠣᠶ︔ ᠰᠠᠯᠠᠭᠠᠨ ᠳᠠᠷᠤᠭ᠎ᠠ ᠶᠢᠨ ᠲᠡᠰ ᠤᠨ ᠲᠤᠰᠢᠶᠠᠯ ᠤᠨ ᠲᠤᠭ᠎ᠠ 8 ᠬᠥᠮᠦᠨ | ︵7 ᠵᠢᠩᠬᠢᠨᠢ 1 ᠳᠡᠳ᠋︶᠃ | ᠵᠢᠷᠭᠤᠳᠤᠭᠠᠷ ᠵᠦᠢᠯ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ | ᠲᠣᠪᠴᠢᠶ᠎ᠠ ᠳᠤ ᠬᠠᠷᠢᠶᠠᠯᠠᠭᠳᠠᠬᠤ ᠠᠵᠢᠯ ᠦᠢᠯᠡᠰ ᠤᠨ ᠨᠢᠭᠡᠴᠡ ᠶᠢᠨ ᠳᠣᠬᠢᠷᠠᠭᠤᠯᠣᠯᠳᠠ᠂ ᠡᠭᠦᠷᠭᠡ ᠬᠠᠷᠢᠭᠤᠴᠠᠯᠭ᠎ᠠ | ᠪᠠ ᠣᠷᠣᠨ ᠲᠤᠭ᠎ᠠ ᠶᠢᠨ ᠳᠣᠬᠠᠢ ᠬᠡᠷᠡᠭ ᠶᠠᠪᠣᠳᠠᠯ ᠢ ᠠᠰᠳᠠᠭᠠᠨ ᠳᠣᠭᠳᠠᠭᠠᠨ᠎ᠠ᠃ | ᠳᠣᠯᠣᠳᠤᠭᠠᠷ ᠵᠦᠢᠯ ᠲᠣᠰ ᠲᠣᠭᠲᠠᠭᠠᠯ ᠤᠨ ᠳᠠᠶᠢᠯᠪᠣᠷᠢᠯᠠᠯᠳᠠ ᠶᠢ ᠬᠦᠢᠴᠡᠳᠬᠡᠬᠦ ᠠᠵᠢᠯ ᠢ | ᠠᠶᠢᠮᠠᠭ ᠤᠨ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠣᠭᠠᠨ ᠤ ᠬᠤᠷᠢᠶᠠᠨ ᠤ ᠠᠯᠪᠠᠨ ᠭᠡᠷ ᠠᠴᠠ | ᠬᠠᠷᠢᠭᠤᠴᠠᠵᠤ᠂ ᠲᠣᠬᠢᠷᠠᠭᠤᠯᠤᠯᠲᠠ ᠬᠢᠬᠦ ᠶᠢ ᠠᠶᠢᠮᠠᠭ ᠤᠨ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ | ᠲᠣᠭᠠᠨ ᠤ ᠬᠤᠷᠢᠶᠠᠨ ᠤ ᠠᠯᠪᠠᠨ ᠭᠡᠷ ᠠᠴᠠ ᠲᠣᠭᠲᠠᠭᠠᠭᠰᠠᠨ ᠳᠡᠰ ᠳᠠᠷᠠᠭᠠᠯᠠᠯ ᠢᠶᠠᠷ ᠬᠦᠢᠴᠡᠳᠬᠡᠨ᠎ᠡ᠃ | ᠨᠠᠢᠮᠠᠳᠣᠭᠠᠷ ᠵᠦᠢᠯ ᠲᠤᠰ ᠲᠣᠭᠲᠠᠭᠠᠯ ᠢ 2019 ᠣᠨ ᠤ 3 ᠰᠠᠷ᠎ᠠ ᠶᠢᠨ 27 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ | ᠰᠦᠯᠵᠢᠶᠡᠨ ᠤ ᠬᠠᠶ᠋ᠢᠭ᠄ http://gxj.als.gov.cn/ |