ᠨᠢᠭᠡᠳᠦᠭᠡᠷ ᠵᠦᠶᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠭᠰᠡᠨ《 ᠠᠯᠠᠱᠠ ᠠᠶᠢᠮᠠᠭ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠲᠥᠰᠦᠯ 》ᠪᠠ ᠠᠯᠠᠱᠠ ᠠᠶᠢᠮᠠᠭ ᠤᠨ ᠳᠠᠷᠣᠮᠠᠯᠯᠠᠨ ᠳᠠᠷᠬᠠᠭᠠᠭᠰᠠᠨ《 ᠠᠯᠠᠱᠠ ᠠᠶᠢᠮᠠᠭ | ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠣᠬᠠᠢ ᠬᠡᠷᠡᠭᠵᠢᠭᠦᠯᠬᠦ ᠰᠠᠨᠠᠯ 》 ᠢ ᠦᠨᠳᠦᠰᠦᠯᠡᠨ᠂ ᠲᠣᠰ | ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠶᠯ ᠠᠯᠠᠱᠠ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠪᠣᠯ ᠠᠶᠢᠮᠠᠭ | ᠤᠨ ᠵᠠᠬᠢᠷᠭ᠎ᠠ ᠶᠢᠨ ᠠᠵᠢᠯ ᠤᠨ ᠰᠠᠯᠠᠭ᠎ᠠ ᠮᠥᠴᠢᠷ ᠪᠠᠶᠢᠵᠦ᠂ ᠵᠢᠩᠬᠢᠨᠢ ᠭᠠᠵᠠᠷ ᠤᠨ ᠳᠡᠰ ᠤᠨ ᠪᠠᠶᠢᠭᠤᠯᠣᠯᠭ᠎ᠠ | ᠪᠣᠯᠤᠨ᠎ᠠ᠃ | ᠭᠤᠷᠪᠠᠳᠤᠭᠠᠷ ᠵᠦᠶᠯ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠤᠯᠤᠰ ᠤᠨ | ᠳᠣᠲᠣᠭᠠᠳᠤ ᠭᠠᠳᠠᠭᠠᠳᠤ ᠶᠢᠨ ᠠᠷᠠᠯᠵᠢᠶ᠎ᠠ᠂ ᠣᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭ᠎ᠠ᠂ ᠭᠠᠳᠠᠭᠠᠳᠤ | ᠶᠢᠨ ᠠᠷᠠᠯᠵᠢᠶᠠᠴᠢᠨ ᠤ ᠪᠡᠯᠡ ᠣᠷᠣᠭᠤᠯᠬᠤ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ | ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ | ᠬᠠᠮᠢᠶ᠎ᠠ ᠪᠦᠬᠦᠢ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠣᠷᠢᠵᠢᠭᠤᠯᠵᠦ᠂ ᠡᠭᠦᠷᠭᠡ | ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠠᠷᠠᠯᠵᠢᠶ᠎ᠠ᠂ ᠣᠯᠠᠨ | ᠤᠯᠤᠰ ᠤᠨ ᠠᠵᠤ ᠠᠬᠤᠢ ᠶᠢᠨ ᠬᠠᠮᠲᠤᠷᠠᠯᠴᠠᠭ᠎ᠠ᠂ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠯᠲᠠ | ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ | ᠬᠠᠷᠢᠭᠤᠴᠠᠯᠭ᠎ᠠ ᠨᠢ᠄ | ( ᠨᠢᠭᠡ ) ᠥᠪᠡᠷᠲᠡᠭᠡᠨ ᠵᠠᠰᠠᠬᠤ ᠣᠷᠣᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠠᠷᠠᠯᠵᠢᠶ᠎ᠠ᠂ | ᠣᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭ᠎ᠠ᠂ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠬᠤ | ᠠᠵᠢᠯ ᠤᠨ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠲᠤᠤᠱᠯᠠᠭᠤᠯᠤᠨ | ᠨᠠᠶᠢᠳᠠᠪᠣᠷᠢᠵᠢᠭᠤᠯᠵᠦ᠂ ᠪᠦᠬᠦ ᠠᠶᠢᠮᠠᠭ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠲᠤᠭᠤᠷᠪᠢᠨ ᠲᠣᠭᠲᠠᠭᠠᠨ᠎ᠠ᠃ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠬᠠᠨᠳᠤᠰᠢ ᠶᠢ ᠰᠤᠳᠤᠯᠵᠤ᠂ | ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ( ᠬᠤᠶᠠᠷ ) ᠭᠦᠶᠯᠭᠡᠭᠡᠨ ᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠲᠦᠯᠬᠢᠨ | ᠠᠬᠢᠭᠤᠯᠬᠤ ᠶᠢ ᠬᠠᠷᠢᠭᠤᠴᠠᠵᠦ᠂ ᠠᠷᠠᠯᠵᠢᠶ᠎ᠠ ᠬᠤᠳᠠᠯᠳᠣᠭᠠᠨ ᠤ ᠦᠶᠯᠡᠴᠢᠯᠡᠭᠡᠨ ᠤ ᠦᠶᠯᠡᠰ ᠪᠣᠯᠤᠨ ᠨᠡᠶᠢᠭᠡᠮ | ᠲᠣᠭᠤᠷᠢᠭ ᠤᠨ ᠬᠤᠳᠠᠯᠳᠤᠭᠠᠨ ᠤ ᠬᠥᠭᠵᠢᠯᠲᠡ ᠶᠢ ᠵᠢᠯᠣᠭᠤᠳᠤᠨ᠂ ᠳᠤᠮᠳᠠ ᠵᠢᠵᠢᠭ ᠠᠷᠠᠯᠵᠢᠶ᠎ᠠ ᠬᠤᠳᠠᠯᠳᠣᠭᠠᠨ ᠤ | ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠴᠤ᠂ | ᠭᠦᠶᠯᠭᠡᠭᠡᠨ ᠤ ᠪᠠᠷᠢᠮᠵᠢᠶᠠᠵᠢᠭᠤᠯᠤᠯᠲᠠ ᠪᠣᠯᠤᠨ ᠬᠡᠯᠬᠢᠶᠡᠵᠢᠭᠰᠡᠨ ᠡᠵᠡᠩᠨᠡᠯᠲᠡ᠂ ᠬᠤᠳᠠᠯᠳᠤᠭᠠᠨ ᠤ ᠣᠨᠴᠠ | ᠵᠥᠪᠰᠢᠶᠡᠷᠡᠯ ᠲᠠᠢ ᠡᠵᠡᠩᠨᠡᠯᠲᠡ᠂ ᠪᠠᠷᠠᠭ᠎ᠠ ᠶᠢᠨ ᠭᠦᠶᠯᠭᠡᠭᠡᠨ ᠤ ᠲᠤᠬᠢᠷᠠᠭᠤᠯᠤᠨ ᠬᠦᠷᠭᠡᠬᠦ᠂ ᠡᠯᠧᠺᠲᠷᠣᠨ | ᠬᠤᠳᠠᠯᠳᠤᠭᠠᠨ ᠤ ᠶᠠᠪᠤᠳᠠᠯ ᠵᠡᠷᠭᠡ ᠣᠳᠣ ᠦᠶ᠎ᠡ ᠶᠢᠨ ᠭᠦᠶᠯᠭᠡᠭᠡᠨ ᠤ ᠠᠷᠭ᠎ᠠ ᠮᠠᠶ᠋ᠢᠭ ᠤᠨ ᠬᠥᠭᠵᠢᠯᠲᠡ ᠶᠢ ᠲᠦᠯᠬᠢᠨ | ᠠᠬᠢᠭᠤᠯᠤᠨ᠎ᠠ᠃ | ( ᠭᠤᠷᠪᠠ ) ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠬᠤ ᠠᠷᠭ᠎ᠠ ᠬᠡᠮᠵᠢᠶ᠎ᠡ | ᠶᠢ ᠰᠤᠳᠤᠯᠤᠨ ᠳᠤᠷᠠᠳᠴᠤ᠂ ᠬᠤᠲᠠ ᠬᠥᠳᠡᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢ ᠠᠬᠢᠭᠤᠯᠤᠨ᠎ᠠ᠃ ᠡᠩ | ᠤᠨ ᠬᠡᠷᠡᠭᠯᠡᠭᠡᠨ ᠤ ᠦᠶᠯᠡᠳᠬᠦᠨ ᠤ ᠪᠥᠭᠡᠮ ᠢᠶᠠᠷ ᠪᠣᠷᠣᠯᠠᠭᠤᠯᠬᠤ ᠵᠠᠬ᠎ᠠ ᠳᠡᠯᠭᠡᠭᠦᠷ ᠤᠨ ᠳᠦᠯᠦᠪᠵᠢᠬᠦᠯᠬᠡ ᠪᠣᠯᠤᠨ | ᠬᠤᠲᠠ ᠶᠢᠨ ᠬᠤᠳᠠᠯᠳᠤᠭᠠᠨ ᠤ ᠲᠣᠤᠷ ᠴᠡᠭ ᠤᠨ ᠲᠥᠯᠥᠪᠵᠢᠭᠦᠯᠭᠡ ᠶᠢ ᠵᠢᠯᠣᠭᠤᠳᠴᠤ᠂ ᠬᠤᠳᠠᠯᠳᠤᠭᠠᠨ ᠤ | ᠦᠢᠯᠡᠰ ᠤᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠤ | ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠣᠳᠣ | ᠦᠶ᠎ᠡ ᠶᠢᠨ ᠭᠦᠶᠯᠭᠡᠭᠡᠨ ᠤ ᠲᠣᠤᠷ ᠰᠦᠯᠵᠢᠶᠡᠨ ᠤ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠠᠵᠢᠯ ᠢ ᠲᠦᠯᠬᠢᠨ | ᠠᠬᠢᠭᠤᠯᠤᠨ᠎ᠠ᠃ | ( ᠳᠦᠷᠪᠡ ) ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ ᠳᠢᠭᠯᠢᠮ ᠢ ᠲᠦᠷᠦᠭᠦᠯᠡᠨ ᠵᠣᠬᠢᠴᠠᠭᠤᠯᠬᠤ | ᠪᠠ ᠳᠦᠷᠢᠮᠵᠢᠬᠦᠯᠵᠦ᠂ ᠬᠤᠳᠠᠯᠳᠤᠭᠠᠨ ᠤ ᠢᠲᠡᠭᠡᠮᠵᠢ ᠶᠢᠨ ᠪᠣᠷᠣᠯᠠᠭᠤᠯᠭ᠎ᠠ ᠶᠢ ᠵᠢᠯᠣᠭᠤᠳᠤᠨ᠂ ᠵᠠᠬ᠎ᠠ ᠳᠡᠯᠭᠡᠭᠦᠷ ᠤᠨ | ᠦᠨᠡᠨᠴᠢ ᠢᠳᠡᠬᠡᠮᠵᠢ ᠶᠢᠨ ᠣᠯᠠᠨ ᠨᠡᠶᠢᠲᠡ ᠶᠢᠨ ᠦᠶᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠲᠦᠯᠬᠢᠨ | ᠠᠬᠢᠭᠤᠯᠣᠨ᠎ᠠ᠃ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠣᠨᠴᠣᠭᠤᠶ ᠭᠦᠶᠯᠭᠡᠭᠡᠨ ᠤ ᠠᠵᠢᠯ ᠲᠥᠷᠥᠯ ᠤᠨ | ᠬᠢᠨᠠᠨ ᠬᠠᠮᠢᠶᠠᠷᠣᠯᠳᠠ ᠶᠢᠨ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠨ᠎ᠡ᠃ ᠠᠷᠠᠯᠵᠢᠶ᠎ᠠ ᠬᠤᠳᠠᠯᠳᠣᠭᠠᠨ ᠤ | ᠦᠶᠯᠡᠴᠢᠯᠡᠭᠡᠨ ᠤ ᠦᠶᠯᠡᠰ᠂ ᠲᠣᠮᠣ ᠬᠡᠯᠪᠡᠷᠢ ᠶᠢᠨ ᠠᠷᠠᠯᠵᠢᠶ᠎ᠠ ᠬᠤᠳᠠᠯᠳᠤᠭ᠎ᠠ ( ᠴᠤᠭᠯᠠᠭᠠᠨ ᠦᠵᠡᠰᠬᠦᠯᠡᠩ ) ᠶᠢᠨ | ᠠᠶᠤᠯ ᠦᠭᠡᠢ ᠦᠶᠯᠡᠳᠪᠦᠷᠢᠯᠡᠯ ᠤᠨ ᠠᠵᠢᠯ ᠢ ᠰᠢᠮᠳᠠᠭᠤᠯᠤᠨ ᠵᠢᠯᠣᠭᠤᠳᠬᠤ ᠶᠢ ᠬᠠᠷᠢᠭᠤᠴᠠᠨ᠎ᠠ᠃ | ( ᠲᠠᠪᠤ ) ᠪᠦᠬᠦ ᠠᠶᠢᠮᠠᠭ ᠤᠨ ᠴᠢᠬᠤᠯᠠ ᠬᠡᠷᠡᠭᠯᠡᠭᠡᠨ ᠤ ᠵᠦᠶᠯ ᠤᠨ ᠵᠠᠬ᠎ᠠ ᠳᠡᠯᠭᠡᠭᠦᠷ ᠤᠨ ᠲᠣᠬᠢᠷᠠᠭᠤᠯᠭ᠎ᠠ | ᠡᠵᠡᠮᠰᠢᠯ ᠪᠠ ᠴᠢᠬᠤᠯᠠ ᠦᠶᠯᠡᠳᠪᠦᠷᠢᠯᠡᠯ ᠤᠨ ᠬᠡᠷᠡᠭᠰᠡᠯ ᠤᠨ ᠭᠦᠶᠯᠭᠡᠭᠡᠨ ᠤ ᠬᠠᠮᠢᠶᠠᠷᠤᠯᠲᠠ ᠶᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠠᠮᠢᠳᠣᠷᠠᠯ ᠤᠨ ᠵᠠᠪᠠᠯ ᠬᠡᠷᠡᠭᠰᠡᠬᠦ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ | ᠪᠠᠴᠢᠮ ᠪᠠᠶᠢᠳᠠᠯ ᠢ ᠠᠷᠭᠠᠴᠠᠭᠠᠬᠤ ᠳᠠᠪᠠᠭ᠎ᠠ ᠶᠢ ᠪᠠᠶᠢᠭᠤᠯᠤᠨ ᠪᠦᠷᠢᠨᠰᠢᠭᠦᠯᠦᠨ᠎ᠡ᠃ ᠵᠠᠬ᠎ᠠ ᠳᠡᠯᠭᠡᠭᠦᠷ ᠤᠨ ᠠᠵᠢᠯᠯᠠᠭᠠᠨ᠂ | ᠲᠠᠸᠠᠷ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠬᠢᠨᠠᠨ ᠬᠡᠮᠵᠢᠵᠦ ᠵᠠᠳᠠᠯᠤᠯᠲᠠ ᠬᠢᠨ᠎ᠡ᠃ ᠳᠠᠸᠠᠷ ᠤᠨ ᠦᠨ᠎ᠡ | ᠬᠠᠩᠰᠢ ᠶᠢᠨ ᠮᠡᠳᠡᠭᠡ ᠵᠠᠩᠭᠢ ᠶᠢ ᠪᠠᠶᠢᠴᠠᠭᠠᠨ ᠵᠠᠳᠠᠯᠵᠤ᠂ ᠲᠥᠰᠦᠭᠡᠯᠡᠵᠦ ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ | ᠬᠥᠲᠥᠯᠥᠨ ᠵᠢᠯᠣᠭᠤᠳᠣᠨ᠎ᠠ᠃ ᠮᠢᠬᠠᠨ ᠤ ᠵᠦᠶᠯ ᠵᠡᠷᠭᠡ ᠴᠢᠬᠤᠯᠠ ᠬᠡᠷᠡᠭᠯᠡᠭᠡᠨ ᠤ ᠵᠦᠶᠯ ᠤᠨ ᠨᠥᠭᠡᠴᠡᠯᠡᠯ ᠤᠨ | ᠬᠠᠮᠢᠶᠠᠷᠤᠯᠲᠠ ᠪᠠ ᠵᠠᠬ᠎ᠠ ᠳᠡᠯᠭᠡᠭᠦᠷ ᠤᠨ ᠳᠣᠬᠢᠷᠠᠭᠤᠯᠣᠯᠭᠠ ᠡᠵᠡᠮᠳᠡᠯ ᠢ ᠬᠠᠷᠢᠭᠤᠴᠠᠨ᠎ᠠ᠃ ᠪᠣᠯᠪᠠᠰᠣᠷᠠᠭᠤᠯᠣᠭᠰᠠᠨ | ᠳᠣᠰᠣᠨ ᠤ ᠭᠦᠶᠯᠭᠡᠭᠡ ᠶᠢ ᠬᠠᠤᠯᠢ ᠶᠣᠰᠣᠭᠠᠷ ᠬᠢᠨᠠᠨ ᠬᠠᠮᠢᠶᠠᠷᠣᠨ᠎ᠠ᠃ | ( ᠵᠢᠷᠭᠤᠭ᠎ᠠ ) ᠭᠠᠳᠠᠭᠠᠳᠤ ᠠᠷᠠᠯᠵᠢᠶᠠᠨ ᠤ ᠨᠡᠮᠡᠭᠳᠡᠯ ᠤᠨ ᠠᠷᠭ᠎ᠠ ᠮᠠᠶ᠋ᠢᠭ ᠢ ᠬᠤᠪᠢᠷᠠᠭᠤᠯᠬᠤ ᠶᠢ | ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠠᠷᠠᠯᠵᠢᠶ᠎ᠠ ᠶᠢ ᠠᠬᠢᠭᠤᠯᠬᠤ | ᠠᠵᠢᠯᠯᠠᠭ᠎ᠠ ᠪᠣᠯᠤᠨ ᠭᠠᠳᠠᠭᠠᠳᠤ ᠠᠷᠠᠯᠵᠢᠶ᠎ᠠ ᠶᠢ ᠠᠬᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠂ | ᠥᠪᠡᠷᠲᠡᠭᠡᠨ ᠵᠠᠰᠠᠬᠤ ᠣᠷᠣᠨ ᠢ ᠬᠠᠮᠵᠢᠨ ᠤᠯᠤᠰ ᠤᠨ ᠭᠠᠳᠠᠭᠠᠳᠤ ᠠᠷᠠᠯᠵᠢᠶᠠᠨ ᠤ ᠬᠠᠮᠢᠶ᠎ᠠ ᠪᠦᠬᠦᠢ ᠲᠠᠸᠠᠷ᠂ | ᠮᠡᠷᠭᠡᠵᠢᠯ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠥᠯᠥᠪᠯᠡᠭᠡ ᠶᠢᠨ ᠬᠠᠮᠢᠶᠠᠷᠤᠯᠲᠠ ᠶᠢᠨ | ᠬᠠᠮᠢᠶ᠎ᠠ ᠪᠦᠬᠦᠢ ᠠᠵᠢᠯ ᠢ ᠬᠠᠤᠯᠢ ᠶᠣᠰᠣᠭᠠᠷ ᠰᠠᠶᠢᠲᠤᠷ ᠬᠢᠨ᠎ᠡ᠃ ᠤᠯᠤᠰ ᠤᠨ ᠭᠠᠳᠠᠭᠠᠳᠤ ᠮᠡᠷᠭᠡᠵᠢᠯ ᠤᠨ | ᠠᠷᠠᠯᠵᠢᠶ᠎ᠠ᠂ ᠭᠠᠳᠠᠭᠠᠳᠤ ᠭᠠᠷᠭᠠᠯᠲᠠ ᠶᠢᠨ ᠵᠠᠬᠢᠷᠤᠨ ᠡᠵᠡᠮᠳᠡᠬᠦ ᠵᠢᠴᠢ ᠮᠡᠷᠭᠡᠵᠢᠯ᠂ ᠢᠵᠢ ᠪᠦᠷᠢᠨ ᠲᠥᠬᠦᠭᠡᠷᠦᠮᠵᠢ ᠶᠢ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠵᠣᠷᠢᠭᠵᠢᠭᠤᠯᠬᠤ ᠠᠷᠠᠯᠵᠢᠶᠠᠨ ᠤ ᠲᠥᠷᠦ ᠶᠢᠨ | ᠪᠣᠳᠣᠯᠭ᠎ᠠ ᠪᠠ ᠪᠣᠯᠪᠠᠰᠤᠷᠠᠭᠤᠯᠬᠤ ᠠᠷᠠᠯᠵᠢᠶᠠᠨ ᠤ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠦᠨ᠎ᠡ᠃ ᠭᠠᠳᠠᠭᠠᠳᠤ | ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠶᠢ ᠪᠠᠷᠢᠮᠵᠢᠶᠠᠵᠢᠭᠤᠯᠬᠤ ᠠᠵᠢᠯ ᠢ ᠲᠦᠯᠬᠢᠨ | ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠢ ᠬᠠᠮᠵᠢᠨ ᠮᠡᠷᠭᠡᠵᠢᠯ ᠣᠷᠣᠭᠤᠯᠬᠤ᠂ ᠲᠥᠬᠦᠭᠡᠷᠦᠮᠵᠢ ᠶᠢ | ᠭᠠᠳᠠᠭᠠᠳᠤ ᠠᠴᠠ ᠣᠷᠣᠭᠤᠯᠬᠤ᠂ ᠤᠯᠤᠰ ᠠᠴᠠ ᠭᠠᠳᠠᠭᠠᠳᠤ ᠳᠤ ᠭᠠᠷᠭᠠᠬᠤ ᠶᠢ ᠬᠢᠵᠠᠭᠠᠷᠯᠠᠬᠤ ᠮᠡᠷᠭᠡᠵᠢᠯ ᠳᠤ ᠬᠠᠤᠯᠢ | ᠶᠣᠰᠣᠭᠠᠷ ᠬᠢᠨᠠᠯᠲᠠ ᠲᠠᠯᠪᠢᠬᠤ ᠬᠠᠮᠢᠶ᠎ᠠ ᠪᠦᠬᠦᠢ ᠠᠵᠢᠯ ᠢ ᠰᠠᠶᠢᠲᠤᠷ ᠬᠢᠨ᠎ᠡ᠃ ᠲᠣᠭᠲᠠᠭᠠᠭᠰᠠᠨ ᠡᠷᠬᠡ ᠮᠡᠳᠡᠯ ᠤᠨ | ᠬᠡᠪᠴᠢᠶ᠎ᠡ ᠶᠣᠰᠣᠭᠠᠷ ᠥᠪᠡᠷᠲᠡᠭᠡᠨ ᠵᠠᠰᠠᠬᠤ ᠣᠷᠣᠨ ᠢ ᠬᠠᠮᠵᠢᠨ ᠬᠤᠳᠠᠯᠳᠤᠭᠠᠨ ᠤ ᠶᠠᠪᠤᠳᠠᠯ ᠤᠨ ᠶᠠᠮᠤᠨ ᠠᠴᠠ | ᠡᠷᠬᠡ ᠣᠯᠭᠤᠭᠰᠠᠨ ᠲᠠᠷᠬᠠᠯᠲᠠ ᠶᠢ ᠰᠡᠷᠭᠡᠶᠢᠯᠡᠬᠦ ᠵᠡᠷᠭᠡ ᠤᠯᠤᠰ ᠤᠨ ᠠᠮᠤᠷ ᠲᠦᠪᠰᠢᠨ ᠲᠠᠢ ᠬᠤᠯᠪᠣᠭᠳᠠᠬᠤ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠵᠥᠪᠰᠢᠶᠡᠷᠡᠯ ᠤᠨ ᠦᠨᠡᠮᠯᠡᠯ ᠤᠨ ᠬᠠᠮᠢᠶᠠᠷᠤᠯᠲᠠ ᠶᠢᠨ | ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠨ᠎ᠡ᠃ | ( ᠳᠣᠯᠤᠭ᠎ᠠ ) ᠤᠯᠤᠰ ᠤᠨ ᠦᠶᠯᠡᠴᠢᠯᠡᠭᠡᠨ ᠤ ᠠᠷᠠᠯᠵᠢᠶ᠎ᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ | ᠬᠡᠷᠡᠭᠵᠢᠭᠦᠯᠬᠦ ᠶᠢᠨ ᠬᠠᠮᠲᠤ ᠬᠠᠮᠢᠶ᠎ᠠ ᠪᠦᠬᠦᠢ ᠠᠵᠢᠯ ᠢ ᠥᠷᠨᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ | ᠲᠠᠢ ᠬᠠᠮᠲᠤᠷᠠᠨ ᠦᠢᠯᠡᠴᠢᠯᠡᠭᠡ ᠶᠢ ᠭᠠᠳᠠᠭᠠᠳᠤ ᠳᠤ ᠭᠠᠷᠭᠠᠬᠤ ᠪᠠ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ | ᠶᠢ ᠠᠬᠢᠭᠤᠯᠬᠤ ᠤᠯᠤᠰ ᠤᠨ ᠳᠦᠯᠦᠪᠵᠢᠬᠦᠯᠬᠡ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠠᠷᠭ᠎ᠠ | ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠢᠯᠡᠴᠢᠯᠡᠭᠡ ᠶᠢ ᠭᠠᠳᠠᠭᠰᠢ | ᠳᠠᠭᠠᠭᠠᠴᠢᠯᠠᠭᠤᠯᠬᠤ ᠲᠠᠪᠴᠠᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠪᠦᠬᠦ ᠠᠶᠢᠮᠠᠭ ᠤᠨ ᠬᠤᠷᠠᠯ | ᠦᠵᠡᠰᠬᠦᠯᠡᠩ ᠤᠨ ᠦᠢᠯᠡᠰ ᠢ ᠠᠬᠢᠭᠤᠯᠬᠤ ᠪᠠ ᠬᠠᠮᠢᠶᠠᠷᠬᠤ ᠠᠵᠢᠯ ᠢ ᠡᠭᠦᠷᠭᠡᠯᠡᠵᠦ᠂ ᠨᠠᠮ ᠵᠠᠰᠠᠭ ᠤᠨ | ᠪᠠᠶᠢᠭᠤᠯᠣᠯᠭ᠎ᠠ ᠶᠢᠨ ᠬᠢᠯᠢ ᠳᠣᠲᠣᠷ᠎ᠠ ᠦᠵᠡᠭᠦᠯᠦᠯᠭᠡ ᠶᠢᠨ ᠠᠵᠢᠯᠯᠠᠭ᠎ᠠ ᠡᠷᠬᠢᠯᠡᠬᠦ ᠶᠢ ᠵᠢᠯᠣᠭᠤᠳᠤᠨ᠎ᠠ᠃ | ( ᠨᠠᠶᠮᠠ ) ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠠᠶᠢᠮᠠᠭ ᠳᠣᠳᠣᠷᠠᠬᠢ ᠤᠯᠤᠰ ᠤᠨ | ᠢᠯᠭᠠᠯ ( ᠭᠠᠵᠠᠷ ᠣᠷᠣᠨ ) ᠲᠠᠢ ᠬᠤᠯᠪᠣᠭᠳᠠᠬᠤ ᠣᠷᠣᠨ ᠨᠤᠲᠤᠭ ᠤᠨ ᠬᠤᠭᠤᠷᠣᠨᠳᠣᠬᠢ ᠠᠵᠤ ᠠᠬᠤᠶ | ᠠᠷᠠᠯᠵᠢᠶᠠᠨ ᠤ ᠬᠠᠷᠢᠴᠠᠭ᠎ᠠ ᠳᠠᠬᠢ ᠬᠠᠮᠢᠶ᠎ᠠ ᠪᠦᠬᠦᠢ ᠬᠡᠷᠡᠭ ᠶᠠᠪᠤᠳᠠᠯ ᠢ ᠰᠢᠢᠳᠪᠦᠷᠢᠯᠡᠬᠦ ᠳᠤ ᠣᠷᠣᠯᠴᠠᠵᠤ᠂ ᠳᠤᠮᠳᠠᠳᠤ | ᠤᠯᠤᠰ ᠲᠤ ᠰᠠᠭᠤᠭ᠎ᠠ ᠭᠠᠳᠠᠭᠠᠳᠤ ᠤᠯᠤᠰ ᠤᠨ ᠠᠯᠪᠠᠨ ᠤ ᠠᠷᠠᠯᠵᠢᠶ᠎ᠠ ᠬᠤᠳᠠᠯᠳᠤᠭᠠᠨ ᠤ ᠶᠠᠪᠤᠳᠠᠯ ᠤᠨ | ᠪᠠᠶᠢᠭᠤᠯᠤᠮᠵᠢ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠲᠥᠯᠥᠭᠡᠯᠡᠬᠦ ᠪᠠᠶᠢᠭᠤᠯᠤᠮᠵᠢ ᠪᠣᠯᠤᠨ ᠮᠠᠨ ᠤ ᠤᠯᠤᠰ | ᠤᠨ ᠭᠠᠳᠠᠭᠠᠳᠤ ᠳᠤ ᠰᠠᠭᠤᠭ᠎ᠠ ᠡᠯᠴᠢᠨ ᠰᠠᠶᠢᠳ ( ᠺᠤᠨᠰᠦ᠋ᠯ ) ᠤᠨ ᠭᠠᠵᠠᠷ ᠤᠨ ᠠᠷᠠᠯᠵᠢᠶ᠎ᠠ ᠡᠷᠬᠢᠯᠡᠬᠦ ᠭᠠᠵᠠᠷ ᠲᠠᠢ | ᠬᠠᠷᠢᠯᠴᠠᠨ᠎ᠠ᠃ | ( ᠶᠢᠰᠦ ) ᠮᠠᠨ ᠤ ᠤᠯᠤᠰ ᠤᠨ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠣᠯᠳᠠ ᠳᠤ ᠣᠷᠣᠬᠤ | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ ᠨᠠᠶᠢᠳᠠᠪᠤᠷᠢᠵᠢᠭᠤᠯᠬᠤ | ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠢ ᠬᠠᠮᠵᠢᠨ ᠬᠠᠮᠢᠶ᠎ᠠ | ᠪᠦᠬᠦᠢ ᠠᠵᠢᠯ ᠢ ᠦᠷᠨᠢᠬᠦᠯᠦᠨ᠎ᠡ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠷᠬᠡ ᠲᠡᠭᠰᠢ | ᠠᠷᠠᠯᠵᠢᠶ᠎ᠠ ᠶᠢᠨ ᠬᠠᠮᠢᠶ᠎ᠠ ᠪᠦᠬᠦᠢ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ ᠥᠪᠡᠷᠲᠡᠭᠡᠨ ᠵᠠᠰᠠᠬᠤ ᠣᠷᠣᠨ ᠤ | ᠠᠯᠠᠱᠠ ᠠᠶᠢᠮᠠᠭ ᠲᠠᠢ ᠬᠤᠯᠪᠣᠭᠳᠠᠭᠰᠠᠨ ᠠᠵᠤ ᠠᠬᠤᠶ ᠠᠷᠠᠯᠵᠢᠶᠠᠨ ᠤ ᠬᠡᠯᠡᠯᠴᠡᠭᠡ ᠳᠤ ᠲᠣᠭᠲᠠᠭᠠᠯ ᠶᠣᠰᠣᠭᠠᠷ | ᠣᠷᠣᠯᠴᠠᠨ᠎ᠠ᠃ | ( ᠠᠷᠪᠠ ) ᠠᠯᠠᠱᠠ ᠠᠶᠢᠮᠠᠭ ᠤᠨ ᠭᠠᠳᠠᠭᠠᠳᠤ ᠠᠵᠤ ᠠᠬᠤᠢ ᠶᠢᠨ ᠬᠤᠷᠰᠢᠯᠴᠠᠭᠠᠨ ᠤ ᠠᠵᠢᠯ ᠢ | ᠬᠠᠷᠢᠭᠤᠴᠠᠵᠤ᠂ ᠮᠣᠩᠭᠤᠯ ᠤᠯᠤᠰ ᠪᠣᠯᠤᠨ《 ᠨᠢᠭᠡ ᠪᠦᠰᠡ ᠨᠢᠭᠡ ᠵᠠᠮ 》ᠳᠠᠭᠠᠤ ᠶᠢᠨ ᠤᠯᠤᠰ ᠯᠤᠭ᠎ᠠ ᠶᠢᠨ | ᠠᠵᠤ ᠠᠬᠤᠶ ᠠᠷᠠᠯᠵᠢᠶᠠᠨ ᠤ ᠬᠤᠷᠰᠢᠯᠴᠠᠭ᠎ᠠ ᠶᠢ ᠴᠢᠩᠭᠠᠳᠬᠠᠨ᠎ᠠ᠃ ᠤᠯᠤᠰ ᠤᠨ ᠭᠠᠳᠠᠭᠠᠳᠤ ᠠᠵᠤ ᠠᠬᠤᠢ ᠶᠢᠨ | ᠲᠠᠯ᠎ᠠ ᠪᠠᠷ ᠬᠠᠮᠲᠤᠷᠠᠨ ᠠᠵᠢᠯᠯᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠭᠠᠳᠠᠭᠠᠳᠤ ᠳᠤ ᠪᠠᠷᠢᠯᠭ᠎ᠠ ᠶᠢᠨ | ᠠᠵᠢᠯ ᠳᠠᠭᠠᠭᠠᠴᠢᠯᠠᠬᠤ᠂ ᠭᠠᠳᠠᠭᠰᠢ ᠬᠥᠳᠡᠯᠮᠦᠷᠢ ᠦᠶᠯᠡᠴᠢᠯᠡᠭᠡ ᠲᠣᠮᠢᠯᠠᠬᠤ᠂ ᠬᠢᠯᠢ ᠶᠢᠨ ᠭᠠᠳᠠᠨᠠᠬᠢ ᠡᠬᠢ ᠪᠠᠶᠠᠯᠢᠭ | ᠤᠨ ᠲᠠᠯ᠎ᠠ ᠪᠠᠷ ᠬᠠᠮᠲᠤᠷᠠᠨ ᠠᠵᠢᠯᠯᠠᠬᠤ᠂ ᠭᠠᠳᠠᠭᠠᠳᠤ ᠳᠤ ᠪᠡᠯᠡ ᠣᠷᠣᠭᠤᠯᠵᠤ ᠠᠵᠤ ᠠᠬᠤᠶᠢᠯᠠᠯ ᠡᠷᠬᠢᠯᠡᠬᠦ | ( ᠮᠥᠩᠭᠦᠨ ᠭᠦᠶᠯᠭᠡᠭᠡᠨ ᠤ ᠠᠵᠤ ᠠᠬᠤᠶᠢᠯᠠᠯ ᠪᠠᠭᠲᠠᠬᠤ ᠦᠭᠡᠢ ) ᠶᠢ ᠬᠠᠤᠯᠢ ᠶᠣᠰᠣᠭᠠᠷ ᠬᠠᠮᠢᠶᠠᠷᠤᠨ᠎ᠠ᠃ | ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠪᠦᠬᠦ ᠠᠶᠢᠮᠠᠭ ᠤᠨ ᠭᠠᠳᠠᠭᠠᠳᠤ ᠳᠤ ᠲᠤᠰᠠᠯᠠᠮᠵᠢ | ᠦᠵᠡᠭᠦᠯᠬᠦ ᠠᠵᠢᠯ ᠤᠨ ᠡᠭᠦᠷᠭᠡ ᠬᠠᠷᠢᠭᠤᠴᠠᠯᠭ᠎ᠠ ᠪᠣᠯᠤᠨ ᠤᠯᠤᠰ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ | ᠳᠤ ᠲᠤᠰᠠᠯᠠᠮᠵᠢ ᠦᠵᠡᠭᠦᠯᠬᠦ ᠲᠥᠷᠥᠯ ᠵᠦᠶᠯ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | ( ᠠᠷᠪᠠᠨ ᠨᠢᠭᠡ ) ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠬᠤ ᠠᠵᠢᠯ ᠢ ᠵᠢᠯᠣᠭᠤᠳᠤᠨ | ᠬᠠᠮᠢᠶᠠᠷᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠠᠳᠠᠭᠠᠳᠤ ᠶᠢᠨ ᠠᠷᠠᠯᠵᠢᠶᠠᠴᠢᠨ ᠤ ᠪᠡᠯᠡ | ᠣᠷᠣᠭᠤᠯᠤᠯᠲᠠ ᠶᠢ ᠠᠰᠢᠭᠯᠠᠬᠤ ᠲᠥᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠪᠠ ᠬᠥᠭᠵᠢᠯᠲᠡ ᠶᠢᠨ ᠲᠥᠯᠥᠪᠵᠢᠭᠦᠯᠭᠡ | ᠶᠢ ᠲᠣᠭᠲᠠᠭᠠᠨ᠎ᠠ᠃ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠢ ᠪᠠᠶᠢᠭᠤᠯᠬᠤ᠂ | ᠬᠤᠪᠢᠷᠠᠭᠤᠯᠬᠤ ᠵᠡᠷᠭᠡ ᠵᠦᠶᠯᠡᠰ ᠢ ᠳᠠᠩᠰᠠᠯᠠᠬᠤ ᠠᠵᠢᠯ ᠢ ᠬᠠᠤᠯᠢ ᠶᠣᠰᠣᠭᠠᠷ ᠡᠭᠦᠷᠭᠡᠯᠡᠨ᠎ᠡ᠃ ᠭᠠᠳᠠᠭᠠᠳᠤ ᠶᠢᠨ | ᠠᠷᠠᠯᠵᠢᠶᠠᠴᠢᠨ ᠤ ᠪᠡᠯᠡ ᠣᠷᠣᠭᠤᠯᠤᠯᠲᠠ ᠶᠢ ᠠᠬᠢᠭᠤᠯᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠭᠠᠳᠠᠭᠠᠳᠤ | ᠶᠢᠨ ᠠᠷᠠᠯᠵᠢᠶᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠬᠤᠯᠪᠣᠭᠳᠠᠯ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ᠂ ᠭᠡᠷ᠎ᠡ ᠳᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠠᠤᠯᠢ ᠶᠣᠰᠣᠭᠠᠷ ᠬᠢᠨᠠᠯᠲᠠ ᠲᠠᠯᠪᠢᠨ | ᠪᠠᠶᠢᠴᠠᠭᠠᠬᠤ ᠶᠢᠨ ᠬᠠᠮᠲᠤ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠶᠳᠪᠦᠷᠢᠯᠡᠨ᠎ᠡ᠃ ᠥᠪᠡᠷᠲᠡᠭᠡᠨ | ᠵᠠᠰᠠᠬᠤ ᠣᠷᠣᠨ ᠢ ᠬᠠᠮᠵᠢᠨ ᠤᠯᠤᠰ ᠤᠨ ᠲᠡᠰ ᠤᠨ ᠠᠵᠤ ᠠᠬᠤᠶ ᠶᠢᠨ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ | ᠬᠢᠯᠢ ︵ᠬᠢᠯᠢ ᠠᠯᠤᠰᠯᠠᠭᠰᠠᠨ︶ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠬᠤᠯᠪᠣᠭᠳᠠᠯ ᠪᠦᠬᠦᠢ | ᠠᠵᠢᠯ ᠢ ᠰᠠᠶᠢᠲᠤᠷ ᠬᠢᠨ᠎ᠡ᠃ | ︵ᠠᠷᠪᠠᠨ ᠬᠤᠶᠠᠷ︶ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ | ( ᠠᠷᠪᠠᠨ ᠭᠤᠷᠪᠠ ) ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | 1. ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠵᠠᠬ᠎ᠠ ᠳᠡᠯᠭᠡᠭᠦᠷ ᠤᠨ ᠠᠵᠤ | ᠠᠬᠤᠢ ᠶᠢᠨ ᠡᠮᠬᠢ ᠳᠢᠭᠯᠢᠮ᠂ ᠠᠷᠢᠬᠢᠨ ᠤ ᠵᠦᠶᠯ ᠤᠨ ᠭᠦᠶᠯᠭᠡᠭᠡᠨ᠂ ᠡᠮ ᠤᠨ ᠵᠦᠶᠯ ᠤᠨ ᠭᠦᠶᠯᠭᠡᠭᠡᠨ ᠤ | ᠬᠠᠮᠢᠶᠠᠷᠤᠯᠲᠠ ᠵᠡᠷᠭᠡ ᠲᠠᠯ᠎ᠠ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | ( 1 ) ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢ ᠶᠢᠨ | ᠣᠯᠠᠨ ᠨᠡᠶᠢᠲᠡ ᠶᠢᠨ ᠦᠶᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠵᠡᠷᠭᠡ ᠵᠠᠬ᠎ᠠ ᠳᠡᠯᠭᠡᠭᠦᠷ ᠤᠨ ᠠᠵᠤ ᠠᠬᠤᠢ | ᠶᠢᠨ ᠡᠮᠬᠢ ᠳᠢᠭᠯᠢᠮ ᠤᠨ ᠬᠠᠮᠢᠶ᠎ᠠ ᠪᠦᠬᠦᠢ ᠠᠵᠢᠯ ᠢ ᠲᠦᠷᠦᠭᠦᠯᠡᠨ ᠠᠬᠢᠭᠤᠯᠬᠤ ᠶᠢ ᠬᠠᠷᠢᠭᠤᠴᠠᠨ᠎ᠠ᠃ ᠠᠷᠢᠬᠢᠨ ᠤ | ᠵᠦᠶᠯ ᠤᠨ ᠭᠦᠶᠯᠭᠡᠭᠡᠨ ᠤ ᠬᠥᠭᠵᠢᠯᠲᠡ ᠶᠢᠨ ᠳᠦᠯᠦᠪᠵᠢᠬᠦᠯᠬᠡ ᠪᠣᠯᠤᠨ ᠲᠥᠷᠥ ᠶᠢᠨ ᠪᠣᠳᠣᠯᠭ᠎ᠠ ᠶᠢ ᠲᠤᠭᠤᠷᠪᠢᠨ | ᠲᠣᠭᠲᠠᠭᠠᠬᠤ ᠶᠢ ᠬᠠᠷᠢᠭᠤᠴᠠᠨ᠎ᠠ᠃ ᠡᠮ ᠤᠨ ᠵᠦᠶᠯ ᠤᠨ ᠬᠦᠢᠯᠭᠡᠭᠡᠨ ᠤ ᠬᠦᠷᠢᠶ᠎ᠡ ᠶᠢᠨ ᠬᠥᠭᠵᠢᠯᠲᠡ ᠶᠢᠨ | ᠳᠦᠯᠦᠪᠵᠢᠬᠦᠯᠬᠡ ᠪᠠ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠬᠤ ᠶᠢ ᠬᠠᠷᠢᠭᠤᠴᠠᠨ᠎ᠠ᠃ | ( 2 ) ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠨᠢ ᠡᠵᠡᠩᠨᠡᠭᠴᠢᠳ ᠤᠨ | ᠭᠠᠭᠴᠠᠭᠠᠷ ᠡᠵᠡᠮᠰᠢᠯ ᠢ ᠡᠰᠡᠷᠭᠦᠴᠡᠬᠦ ᠳᠦᠪᠯᠡᠷᠡᠩᠬᠦᠢ ᠬᠠᠤᠯᠢ ᠬᠡᠷᠡᠭᠵᠢᠭᠦᠯᠦᠯᠲᠡ ᠶᠢ ᠬᠠᠷᠢᠭᠤᠴᠠᠵᠤ᠂ ᠠᠯᠠᠱᠠ | ᠠᠶᠢᠮᠠᠭ ᠤᠨ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠳᠤ ᠬᠠᠯᠳᠠᠭᠰᠠᠨ ᠪᠠ ᠬᠠᠭᠤᠷᠮᠠᠭ ᠴᠢᠨᠠᠷ | ᠮᠠᠭᠤᠳᠠᠢ ᠲᠠᠸᠠᠷ ᠲᠤ ᠴᠣᠬᠢᠯᠲᠠ ᠥᠭᠬᠦ ᠳᠣᠰᠬᠠᠢ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ | ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ᠠᠷᠢᠬᠢᠨ ᠤ ᠵᠦᠶᠯ ᠤᠨ ᠭᠦᠶᠯᠭᠡᠭᠡᠨ ᠤ ᠬᠢᠨᠠᠨ ᠬᠠᠮᠢᠶᠠᠷᠣᠯᠳᠠ ᠪᠠ | ᠠᠷᠢᠬᠢᠨ ᠤ ᠵᠦᠶᠯ ᠢᠳᠡᠭᠡᠨ ᠤ ᠠᠮᠣᠷ ᠳᠦᠪᠰᠢᠨ ᠢ ᠬᠠᠷᠢᠭᠤᠴᠠᠨ᠎ᠠ᠃ ᠡᠮ ᠤᠨ ᠵᠦᠶᠯ ᠤᠨ ᠭᠦᠶᠯᠭᠡᠭᠡᠨ ᠤ | ᠬᠥᠭᠵᠢᠯᠲᠡ ᠶᠢᠨ ᠳᠦᠯᠦᠪᠵᠢᠬᠦᠯᠬᠡ ᠪᠣᠯᠤᠨ ᠲᠥᠷᠥ ᠶᠢᠨ ᠪᠣᠳᠣᠯᠭ᠎ᠠ ᠶᠢ ᠬᠠᠮᠵᠢᠨ ᠬᠡᠷᠡᠭᠵᠢᠭᠦᠯᠬᠦ ᠶᠢ ᠬᠠᠷᠢᠭᠤᠴᠠᠵᠤ᠂ | ᠡᠮ ᠤᠨ ᠵᠦᠶᠯ ᠤᠨ ᠭᠦᠶᠯᠭᠡᠭᠡᠨ ᠤ ᠬᠢᠨᠠᠨ ᠬᠠᠮᠢᠶᠠᠷᠤᠯᠲᠠ ᠶᠢ ᠬᠠᠷᠢᠭᠤᠴᠠᠨ᠎ᠠ᠃ | 2. ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠠᠩᠭᠠᠨ ᠪᠣᠷᠣᠯᠠᠭᠤᠯᠬᠤ ᠬᠤᠷᠰᠢᠶ᠎ᠠ ᠯᠤᠭ᠎ᠠ | ᠶᠢᠨ ᠴᠢᠬᠤᠯᠠ ᠬᠡᠷᠡᠭᠯᠡᠭᠡᠨ ᠤ ᠵᠦᠶᠯ ᠤᠨ ᠨᠥᠭᠡᠴᠡᠯᠡᠨ ᠬᠠᠮᠢᠶᠠᠷᠬᠤ ᠲᠠᠯ᠎ᠠ ᠪᠠᠷ ᠬᠢ ᠡᠭᠦᠷᠭᠡ ᠬᠠᠷᠢᠭᠤᠴᠠᠯᠭ᠎ᠠ ᠶᠢᠨ | ᠬᠤᠪᠢᠶᠠᠷᠢᠯᠠᠯ᠃ | ( 1 ) ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠮᠢᠬᠠᠨ ᠤ ᠵᠦᠶᠯ ᠢ ᠨᠦᠭᠡᠴᠡᠯᠡᠬᠦ ᠳᠣᠬᠠᠢ | ᠬᠠᠮᠢᠶᠠᠷᠤᠯᠲᠠ ᠶᠢ ᠬᠠᠷᠢᠭᠤᠴᠠᠨ᠎ᠠ᠃ | ( 2 ) ᠬᠠᠩᠭᠠᠨ ᠪᠣᠷᠣᠯᠠᠭᠤᠯᠬᠤ ᠬᠤᠷᠰᠢᠶ᠎ᠠ ᠨᠢ ᠬᠢᠯᠢ ᠶᠢᠨ ᠣᠷᠣᠨ ᠳᠤ ᠪᠣᠷᠣᠯᠠᠭᠤᠯᠬᠤ ᠴᠠᠢ ᠶᠢ | ᠨᠥᠭᠡᠴᠡᠯᠡᠬᠦ ᠳᠣᠬᠠᠢ ᠬᠠᠮᠢᠶᠠᠷᠤᠯᠲᠠ ᠶᠢ ᠬᠠᠷᠢᠭᠤᠴᠠᠨ᠎ᠠ᠃ | ( 3 ) ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠪᠤᠰᠤᠳ ᠴᠢᠬᠤᠯᠠ ᠬᠡᠷᠡᠭᠯᠡᠭᠡᠨ ᠤ | ᠵᠦᠶᠯ ᠢ ᠨᠥᠭᠡᠴᠡᠯᠡᠬᠦ ᠳᠣᠬᠠᠢ ᠬᠠᠮᠢᠶᠠᠷᠤᠯᠲᠠ ᠶᠢ ᠬᠠᠷᠢᠭᠤᠴᠠᠨ᠎ᠠ᠃ | ᠳᠥᠷᠪᠡᠳᠦᠭᠡᠷ ᠵᠦᠶᠯ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠳᠤ ᠳᠣᠤᠷᠠᠬᠢ | ᠮᠡᠲᠦ ᠳᠣᠲᠣᠭᠠᠳᠤ ᠪᠠᠶᠢᠭᠤᠯᠤᠮᠵᠢ ᠶᠢ ᠳᠣᠬᠢᠷᠠᠭᠤᠯᠣᠨ᠎ᠠ᠄ | ( ᠨᠢᠭᠡ ) ᠠᠯᠪᠠᠨ ᠭᠡᠷ᠃ ᠪᠠᠶᠢᠭᠤᠯᠤᠯᠭ᠎ᠠ ᠶᠢᠨ ᠡᠳᠦᠷ ᠲᠤᠲᠤᠮ ᠤᠨ ᠠᠵᠢᠯ ᠤᠨ ᠶᠠᠪᠣᠭᠳᠠᠬᠤ ᠶᠢ | ᠬᠠᠷᠢᠭᠤᠴᠠᠵᠤ᠂ ᠬᠤᠷᠠᠯ ᠢ ᠵᠣᠬᠢᠶᠠᠨ ᠪᠠᠶᠢᠭᠤᠯᠬᠤ᠂ ᠠᠯᠪᠠᠨ ᠪᠢᠴᠢᠭ ᠤᠨ ᠬᠠᠮᠢᠶᠠᠷᠤᠯᠲᠠ᠂ ᠪᠢᠴᠢᠭ ᠮᠠᠲ᠋ᠧᠷᠢᠶᠠᠯ | ᠲᠤᠭᠤᠷᠪᠢᠬᠤ᠂ ᠮᠡᠳᠡᠭᠡ ᠵᠠᠩᠭᠢ ᠤᠬᠠᠭᠤᠯᠭ᠎ᠠ᠂ ᠨᠢᠭᠤᠴᠠ ᠮᠠᠲ᠋ᠧᠷᠢᠶᠠᠯ ᠪᠠ ᠨᠢᠭᠤᠴᠠ ᠶᠢ ᠬᠠᠮᠠᠭᠠᠯᠠᠬᠤ ᠵᠡᠷᠭᠡ ᠠᠵᠢᠯ | ᠢ ᠡᠭᠦᠷᠭᠡᠯᠡᠨ᠎ᠡ᠃ ᠪᠠᠶᠢᠭᠤᠯᠤᠯᠭ᠎ᠠ ᠶᠢᠨ ᠳᠦᠷᠢᠮ ᠤᠨ ᠪᠠᠶᠢᠭᠤᠯᠤᠯᠲᠠ᠂ ᠡᠳ᠋ ᠤᠨ ᠶᠠᠪᠣᠳᠠᠯ ᠤᠨ ᠬᠠᠮᠢᠶᠠᠷᠣᠯᠳᠠ ᠶᠢᠨ | ᠠᠵᠢᠯ ᠢ ᠬᠠᠷᠢᠭᠤᠴᠠᠨ᠎ᠠ᠃ ᠪᠠᠶᠢᠭᠤᠯᠤᠯᠭ᠎ᠠ ᠬᠢᠭᠡᠳ ᠬᠠᠷᠢᠶ᠎ᠠ ᠨᠢᠭᠡᠴᠡ ᠶᠢᠨ ᠢᠶᠠᠨ ᠨᠠᠮ ᠪᠠ ᠣᠯᠠᠨ ᠲᠦᠮᠡᠨ᠂ | ᠰᠠᠬᠢᠯᠭ᠎ᠠ ᠪᠠᠳᠣ ᠶᠢ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ ᠪᠠᠶᠢᠭᠤᠯᠤᠯᠭ᠎ᠠ ᠵᠢᠴᠢ ᠬᠠᠷᠢᠶ᠎ᠠ ᠨᠢᠭᠡᠴᠡ ᠶᠢᠨ | ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯ ᠠᠴᠠ ᠪᠠᠨ ᠠᠮᠠᠷᠠᠭᠰᠠᠳ ᠪᠠᠭᠤᠭᠰᠠᠳ ᠤᠨ | ᠦᠶᠯᠡᠴᠢᠯᠡᠭᠡᠨ ᠤ ᠬᠠᠮᠢᠶᠠᠷᠤᠯᠲᠠ᠂ ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠪᠣᠯᠤᠨ ᠬᠠᠷᠠᠯᠲᠠ ᠶᠢᠨ ᠬᠢᠨᠠᠨ | ᠰᠢᠯᠭᠠᠯᠲᠠ ᠵᠡᠷᠭᠡ ᠠᠵᠢᠯ ᠢ ᠬᠠᠷᠢᠭᠤᠴᠠᠨ᠎ᠠ᠃ ᠭᠠᠳᠠᠭᠠᠳᠤ ᠶᠢᠨ ᠬᠥᠮᠦᠨ ᠤ ᠳᠤᠮᠳᠠᠳᠤ ᠤᠯᠤᠰ ᠲᠤ ᠢᠷᠡᠵᠦ | ᠬᠤᠳᠠᠯᠳᠤᠭᠠᠨ ᠤ ᠶᠠᠪᠤᠳᠠᠯ ᠤᠨ ᠠᠵᠢᠯᠯᠠᠭ᠎ᠠ ᠶᠢᠨ ᠤᠷᠢᠯᠭ᠎ᠠ ᠶᠢᠨ ᠵᠠᠬᠢᠳᠠᠯ ᠢ ᠬᠢᠨᠠᠨ ᠬᠠᠷᠭᠤᠭᠤᠯᠬᠤ ᠠᠵᠢᠯ ᠢ | ᠬᠠᠷᠢᠭᠤᠴᠠᠨ᠎ᠠ᠃ ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠣᠯᠤᠨ | ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠬᠠᠨᠳᠤᠰᠢ ᠶᠢ ᠰᠤᠳᠤᠯᠬᠤ ᠶᠢᠨ ᠬᠠᠮᠲᠤ ᠴᠢᠬᠤᠯᠠ ᠶᠡᠭᠡ | ᠠᠰᠠᠭᠤᠳᠠᠯ ᠤᠨ ᠲᠤᠬᠠᠶ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠬᠤᠯᠪᠣᠭᠳᠠᠯ ᠪᠦᠬᠦᠢ | ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠰᠤᠳᠤᠯᠤᠨ ᠲᠤᠭᠤᠷᠪᠢᠵᠤ᠂ ᠳᠦᠷᠢᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ᠂ ᠳᠠᠩᠰᠠᠯᠠᠬᠤ ᠠᠵᠢᠯ ᠢ ᠡᠭᠦᠷᠭᠡᠯᠡᠨ᠎ᠡ᠃ ᠵᠠᠰᠠᠭ | ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠡᠭᠦᠷᠭᠡᠯᠡᠨ᠎ᠡ᠃ ᠪᠠᠶᠢᠭᠤᠯᠣᠯᠭ᠎ᠠ | ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠠᠶᠢᠮᠠᠭ ᠤᠨ ᠳᠣᠲᠣᠭᠠᠳᠤᠬᠢ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠬᠠᠷᠢᠭᠤᠴᠠᠨ᠎ᠠ᠃ ᠪᠦᠬᠦ ᠠᠶᠢᠮᠠᠭ | ᠤᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠲᠥᠯᠥᠪᠯᠡᠭᠡ ᠶᠢ ᠵᠣᠬᠢᠶᠠᠨ ᠪᠠᠶᠢᠭᠤᠯᠤᠨ ᠳᠣᠭᠤᠷᠪᠢᠨᠠ᠃ | ᠤᠯᠤᠰ ᠤᠨ ᠳᠣᠲᠣᠭᠠᠳᠤ ᠭᠠᠳᠠᠭᠠᠳᠤ ᠶᠢᠨ ᠠᠷᠠᠯᠵᠢᠶ᠎ᠠ᠂ ᠭᠠᠳᠠᠭᠠᠳᠤ ᠠᠵᠤ ᠠᠬᠤᠢ ᠶᠢᠨ ᠬᠠᠮᠲᠤᠷᠠᠯᠴᠠᠭ᠎ᠠ᠂ | ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠯᠲᠠ ᠶᠢᠨ ᠠᠵᠢᠯᠯᠠᠭᠠᠨ ᠤ ᠪᠠᠶᠢᠳᠠᠯ ᠢ ᠬᠤᠷᠢᠶᠠᠩᠭᠤᠶᠢᠯᠠᠨ | ᠵᠠᠳᠠᠯᠤᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠤᠯᠤᠰ᠂ ᠥᠪᠡᠷᠲᠡᠭᠡᠨ ᠵᠠᠰᠠᠬᠤ ᠣᠷᠣᠨ᠂ | ᠠᠶᠢᠮᠠᠭ ᠤᠨ ᠰᠢᠰᠲ᠋ᠧᠮᠵᠢᠭᠦᠯᠦᠨ ᠬᠠᠮᠢᠶᠠᠷᠴᠤ ᠪᠦᠬᠦᠢ ᠡᠯ᠎ᠡ ᠲᠥᠷᠥᠯ ᠤᠨ ᠲᠤᠰᠬᠠᠶ ᠳᠦᠷᠦᠯ ᠤᠨ ᠪᠡᠯᠡ ᠮᠥᠩᠭᠦ | ᠶᠢᠨ ᠬᠡᠷᠡᠭᠯᠡᠯᠲᠡ ᠬᠢᠭᠡᠳ ᠡᠳ᠋ ᠤᠨ ᠶᠠᠪᠣᠳᠠᠯ ᠤᠨ ᠬᠠᠮᠢᠶᠠᠷᠣᠯᠳᠠ ᠶᠢᠨ ᠠᠵᠢᠯ ᠢ ᠬᠠᠷᠢᠭᠤᠴᠠᠨ᠎ᠠ᠃ ᠪᠠᠶᠢᠭᠤᠯᠣᠯᠭ᠎ᠠ | ᠶᠢᠨ ᠫᠤᠷᠲ᠋ᠧᠯ ᠰᠦᠯᠵᠢᠶ᠎ᠡ᠂ ᠡᠯᠧᠺᠲᠷᠣᠨ ᠵᠠᠰᠠᠭ ᠤᠨ ᠶᠠᠪᠤᠳᠠᠯ ᠪᠠ ᠮᠡᠳᠡᠭᠡ ᠵᠠᠩᠬᠢᠴᠢᠯᠠᠯᠳᠠ ᠶᠢᠨ ᠬᠠᠮᠢᠶᠠᠷᠤᠯᠲᠠ ᠶᠢ | ᠬᠠᠷᠢᠭᠤᠴᠠᠨ᠎ᠠ᠃ | ( ᠬᠤᠶᠠᠷ ) ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠶᠢᠨ ᠰᠠᠯᠠᠭ᠎ᠠ᠃ ᠵᠠᠬ᠎ᠠ ᠳᠡᠯᠭᠡᠭᠦᠷ | ᠤᠨ ᠰᠢᠰᠲ᠋ᠧᠮᠵᠢ ᠶᠢᠨ ᠪᠠᠶᠢᠭᠤᠯᠤᠯᠲᠠ ᠪᠣᠯᠤᠨ ᠬᠤᠲᠠ ᠬᠥᠳᠡᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢ | ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠦᠷᠦᠭᠦᠯᠡᠨ ᠨᠠᠶᠢᠳᠠᠪᠣᠷᠢᠵᠢᠭᠤᠯᠣᠨ᠎ᠠ᠃ ᠨᠡᠶᠢᠭᠡᠮ | ᠲᠣᠭᠤᠷᠢᠭ ᠤᠨ ᠬᠤᠳᠠᠯᠳᠤᠭᠠᠨ ᠤ ᠦᠢᠯᠡᠰ ᠤᠨ ᠬᠥᠭᠵᠢᠯᠲᠡ ᠶᠢ ᠵᠢᠯᠣᠭᠤᠳᠴᠤ᠂ ᠬᠤᠳᠠᠯᠳᠤᠭᠠᠨ ᠤ ᠲᠣᠤᠷ ᠴᠡᠭ | ᠤᠨ ᠲᠥᠯᠥᠪᠵᠢᠭᠦᠯᠭᠡ ᠶᠢᠨ ᠰᠠᠨᠠᠭᠤᠯᠭ᠎ᠠ ᠶᠢ ᠳᠤᠷᠠᠳᠤᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠭᠦᠶᠯᠭᠡᠭᠡᠨ᠂ ᠬᠦᠯᠳᠡᠭᠡᠭᠰᠡᠨ ᠬᠡᠯᠬᠢᠶᠡᠲᠦ ᠪᠠᠷᠠᠭ᠎ᠠ ᠶᠢᠨ ᠭᠦᠶᠯᠭᠡᠭᠡᠨ ᠵᠡᠷᠭᠡ ᠰᠠᠭᠤᠷᠢ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠦᠢᠯᠡᠳᠪᠦᠷᠢᠯᠡᠯ ᠪᠣᠷᠣᠯᠠᠭᠤᠯᠭ᠎ᠠ ᠶᠢ ᠵᠠᠯᠭᠠᠯᠳᠣᠭᠤᠯᠬᠤ ᠪᠠ ᠳᠠᠷᠢᠶᠠᠯᠠᠩ | ᠴᠢᠯᠦᠭᠡᠳᠦ ᠳᠡᠯᠬᠡᠬᠦᠷ ᠢ ᠵᠣᠯᠭᠠᠯᠴᠠᠭᠤᠯᠬᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ | ᠣᠷᠣᠭᠤᠯᠬᠤ ᠠᠵᠢᠯ ᠢ ᠠᠬᠢᠭᠤᠯᠤᠨ᠎ᠠ᠃ ᠮᠠᠰᠢᠨ ᠲᠡᠷᠭᠡᠨ ᠤ ᠭᠦᠶᠯᠭᠡᠭᠡᠨ ᠤ ᠠᠵᠢᠯ ᠲᠥᠷᠥᠯ ᠢ ᠬᠢᠨᠠᠵᠤ | ᠬᠠᠮᠢᠶᠠᠷᠤᠨ᠎ᠠ᠃ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ ᠳᠢᠭᠯᠢᠮ ᠢ ᠴᠡᠭᠴᠡᠯᠡᠨ ᠳᠦᠷᠢᠮᠵᠢᠬᠦᠯᠬᠦ ᠠᠵᠢᠯ ᠢ | ᠲᠦᠷᠦᠭᠦᠯᠡᠨ ᠬᠢᠵᠦ᠂ ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ | ᠲᠦᠯᠬᠢᠨ ᠠᠬᠢᠭᠤᠯᠵᠤ᠂ ᠢᠲᠡᠭᠡᠮᠵᠢ ᠶᠢᠨ ᠪᠣᠷᠣᠯᠠᠭᠤᠯᠭ᠎ᠠ ᠶᠢ ᠠᠬᠢᠭᠤᠯᠤᠨ᠂ ᠬᠤᠳᠠᠯᠳᠤᠭᠠᠨ ᠤ ᠶᠠᠪᠤᠳᠠᠯ ᠤᠨ | ᠬᠦᠷᠢᠶᠡᠨ ᠤ ᠦᠨᠡᠨᠴᠢ ᠢᠲᠡᠭᠡᠮᠵᠢ ᠶᠢᠨ ᠣᠯᠠᠨ ᠨᠡᠶᠢᠲᠡ ᠶᠢᠨ ᠦᠶᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ | ᠲᠦᠯᠬᠢᠨ ᠠᠬᠢᠭᠤᠯᠤᠨ᠎ᠠ᠃ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢ ᠵᠢᠯᠣᠭᠤᠳᠤᠨ᠎ᠠ᠃ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠰᠣᠯᠢᠯᠴᠠᠬᠤ ᠦᠢᠯᠡ | ᠠᠵᠢᠯᠯᠠᠭ᠎ᠠ ᠶᠢ ᠳᠦᠷᠢᠮᠵᠢᠬᠦᠯᠵᠦ᠂ ᠰᠢᠭᠤᠳ ᠪᠣᠷᠣᠯᠠᠭᠤᠯᠭ᠎ᠠ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ | ᠢ ᠬᠠᠷᠢᠭᠤᠴᠠᠨ᠎ᠠ᠃ ᠡᠮ ᠤᠨ ᠵᠦᠶᠯ ᠤᠨ ᠭᠦᠶᠯᠭᠡᠭᠡᠨ ᠤ ᠬᠥᠭᠵᠢᠯᠲᠡ ᠶᠢᠨ ᠳᠦᠯᠦᠪᠵᠢᠬᠦᠯᠬᠡ ᠪᠣᠯᠤᠨ ᠲᠥᠷᠥ ᠶᠢᠨ | ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠨ᠎ᠠ᠃ ᠳᠣᠲᠣᠭᠠᠳᠤ ᠠᠷᠠᠯᠵᠢᠶᠠᠨ ᠤ ᠭᠦᠶᠯᠭᠡᠭᠡᠨ ᠤ | ᠬᠥᠭᠵᠢᠯᠲᠡ ᠶᠢᠨ ᠲᠥᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠬᠦᠯᠦᠯᠳᠡ ᠶᠢ | ᠲᠦᠯᠬᠢᠨ ᠠᠬᠢᠭᠤᠯᠤᠨ᠎ᠠ᠃ ᠳᠣᠲᠣᠭᠠᠳᠤ ᠠᠷᠠᠯᠵᠢᠶᠠᠨ ᠤ ᠭᠦᠶᠯᠭᠡᠭᠡᠨ ᠢ ᠠᠬᠢᠭᠤᠯᠬᠤ ᠰᠢᠰᠲ᠋ᠧᠮᠵᠢ ᠶᠢᠨ | ᠪᠠᠶᠢᠭᠤᠯᠤᠯᠲᠠ ᠪᠣᠯᠤᠨ ᠪᠠᠷᠢᠮᠵᠢᠶᠠᠵᠢᠭᠤᠯᠬᠤ ᠠᠵᠢᠯ ᠢ ᠬᠠᠷᠢᠭᠤᠴᠠᠨ᠎ᠠ᠃ ᠬᠤᠳᠠᠯᠳᠤᠭᠠᠨ ᠤ ᠶᠠᠪᠤᠳᠠᠯ ᠤᠨ ᠬᠦᠷᠢᠶᠡᠨ | ᠳᠠᠬᠢ ᠳᠠᠬᠢᠨ ᠪᠣᠢ ᠪᠣᠯᠬᠤ ᠡᠬᠢ ᠪᠠᠶᠠᠯᠢᠭ ᠢ ᠡᠭᠡᠭᠦᠯᠦᠨ ᠬᠤᠷᠢᠶᠠᠬᠤ ᠪᠠ ᠡᠨᠧᠷᠭᠢ ᠠᠷᠪᠢᠯᠠᠨ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ ᠵᠢᠯᠣᠭᠤᠳᠤᠨ᠎ᠠ᠃ ᠬᠡᠯᠬᠢᠶᠡᠵᠢᠭᠰᠡᠨ ᠡᠵᠡᠩᠨᠡᠯᠲᠡ᠂ ᠪᠠᠷᠠᠭ᠎ᠠ | ᠶᠢᠨ ᠭᠦᠶᠯᠭᠡᠭᠡᠨ ᠤ ᠲᠤᠬᠢᠷᠠᠭᠤᠯᠤᠨ ᠬᠦᠷᠭᠡᠬᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠣᠳᠣ ᠦᠶ᠎ᠡ ᠶᠢᠨ | ᠭᠦᠶᠯᠭᠡᠭᠡᠨ ᠤ ᠠᠷᠭ᠎ᠠ ᠮᠠᠶ᠋ᠢᠭ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠦᠨ᠎ᠡ ᠬᠠᠶᠠᠵᠤ ᠬᠤᠳᠠᠯᠳᠤᠬᠤ᠂ | ᠬᠤᠳᠠᠯᠳᠤᠭᠠᠨ ᠤ ᠣᠨᠴᠠ ᠵᠥᠪᠰᠢᠶᠡᠷᠡᠭᠰᠡᠨ ᠡᠵᠡᠩᠨᠡᠯᠲᠡ ᠵᠡᠷᠭᠡ ᠶᠢ ᠬᠠᠤᠯᠢ ᠶᠣᠰᠣᠭᠠᠷ ᠬᠠᠮᠢᠶᠠᠷᠤᠨ᠎ᠠ᠃ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ | ᠲᠣᠭᠲᠠᠭᠠᠵᠤ᠂ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠬᠠᠮᠢᠶ᠎ᠠ ᠪᠦᠬᠦᠢ ᠮᠡᠷᠭᠡᠵᠢᠯ ᠤᠨ | ᠪᠠᠷᠢᠮᠵᠢᠶ᠎ᠠ ᠶᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠨ᠎ᠠ᠃ ᠰᠦᠯᠵᠢᠶᠡᠨ ᠤ ᠵᠢᠵᠢᠭᠯᠡᠨ ᠪᠣᠷᠣᠯᠠᠭᠤᠯᠣᠭᠰᠠᠨ | ᠳᠣᠬᠠᠢ ᠲᠤᠭ᠎ᠠ ᠪᠦᠷᠢᠳᠬᠡᠯ ᠪᠠ ᠦᠨᠡᠯᠡᠯᠲᠡ ᠶᠢᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠦᠨ᠎ᠡ᠃ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠦᠶᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ | ᠬᠤᠳᠠᠯᠳᠤᠭᠠᠨ ᠤ ᠶᠠᠪᠤᠳᠠᠯ ᠤᠨ ᠲᠣᠮᠣ ᠳ᠋ᠠᠶᠢᠲ᠋ᠠ ᠶᠢᠨ ᠴᠤᠭᠯᠠᠷᠠᠯ ᠪᠠ ᠮᠡᠳᠡᠭᠡ ᠵᠠᠩᠭᠢ ᠨᠡᠶᠢᠲᠡᠯᠡᠬᠦ ᠶᠢ ᠬᠠᠷᠢᠭᠤᠴᠠᠨ᠎ᠠ᠃ | ᠪᠦᠬᠦ ᠠᠶᠢᠮᠠᠭ ᠤᠨ ᠬᠤᠷᠠᠯ ᠦᠵᠡᠰᠬᠦᠯᠡᠩ ᠤᠨ ᠦᠢᠯᠡᠰ ᠢ ᠠᠬᠢᠭᠤᠯᠬᠤ ᠪᠠ ᠬᠠᠮᠢᠶᠠᠷᠬᠤ ᠠᠵᠢᠯ ᠢ ᠬᠠᠷᠢᠭᠤᠴᠠᠵᠤ᠂ | ᠨᠠᠮ ᠵᠠᠰᠠᠭ ᠤᠨ ᠪᠠᠶᠢᠭᠤᠯᠣᠯᠭ᠎ᠠ ᠶᠢᠨ ᠬᠢᠯᠢ ᠳᠣᠲᠣᠷ᠎ᠠ ᠦᠵᠡᠭᠦᠯᠦᠯᠭᠡ ᠶᠢᠨ ᠠᠵᠢᠯᠯᠠᠭ᠎ᠠ ᠡᠷᠬᠢᠯᠡᠬᠦ ᠶᠢ ᠵᠢᠯᠣᠭᠤᠳᠤᠨ᠎ᠠ᠃ | ᠠᠷᠠᠯᠵᠢᠶ᠎ᠠ ᠬᠤᠳᠠᠯᠳᠤᠭᠠᠨ ᠤ ᠦᠶᠯᠡᠴᠢᠯᠡᠭᠡᠨ ᠤ ᠦᠶᠯᠡᠰ ( ᠢᠳᠡᠭᠡᠨ ᠤᠮᠳᠠᠭᠠᠨ᠂ ᠬᠤᠨᠤᠭ ᠪᠠᠭᠤᠳᠠᠯ ᠤᠨ | ᠦᠶᠯᠡᠰ ᠪᠠᠭᠲᠠᠨ᠎ᠠ ) ᠤᠨ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ( ᠭᠤᠷᠪᠠ ) ᠵᠠᠬ᠎ᠠ ᠳᠡᠯᠭᠡᠭᠦᠷ ᠤᠨ ᠠᠵᠢᠯᠯᠠᠭᠠᠨ ᠪᠠ ᠬᠡᠷᠡᠭᠯᠡᠭᠡ ᠶᠢ ᠠᠬᠢᠭᠤᠯᠬᠤ ᠰᠠᠯᠠᠭ᠎ᠠ᠃ ᠵᠠᠬ᠎ᠠ | ᠳᠡᠯᠭᠡᠭᠦᠷ ᠤᠨ ᠠᠵᠢᠯᠯᠠᠭᠠᠨ ᠤ ᠳᠣᠬᠢᠷᠠᠭᠤᠯᠣᠯᠭᠠ ᠡᠵᠡᠮᠳᠡᠯ ᠪᠠ ᠬᠡᠷᠡᠭᠯᠡᠭᠡ ᠶᠢ ᠠᠬᠢᠭᠤᠯᠬᠤ ᠲᠠᠯ᠎ᠠ ᠶᠢᠨ ᠲᠥᠷᠥ ᠶᠢᠨ | ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠪᠦᠬᠦ ᠠᠶᠢᠮᠠᠭ | ᠤᠨ ᠵᠠᠬ᠎ᠠ ᠳᠡᠯᠭᠡᠭᠦᠷ ᠤᠨ ᠠᠵᠢᠯᠯᠠᠭᠠᠨ ᠤ ᠬᠢᠨᠠᠨ ᠬᠡᠮᠵᠢᠯᠲᠡ ᠪᠠ ᠳᠣᠲᠣᠭᠠᠳᠤ ᠠᠷᠠᠯᠵᠢᠶᠠᠨ ᠤ ᠲᠤᠭ᠎ᠠ ᠪᠦᠷᠢᠳᠬᠡᠯ | ᠤᠨ ᠠᠵᠢᠯ ᠢ ᠬᠠᠷᠢᠭᠤᠴᠠᠨ᠎ᠠ᠃ ᠴᠢᠬᠤᠯᠠ ᠬᠡᠷᠡᠭᠯᠡᠭᠡᠨ ᠤ ᠵᠦᠶᠯ ᠤᠨ ᠵᠠᠬ᠎ᠠ ᠳᠡᠯᠭᠡᠭᠦᠷ ᠤᠨ ᠳᠣᠬᠢᠷᠠᠭᠤᠯᠣᠯᠭᠠ | ᠡᠵᠡᠮᠳᠡᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠮᠢᠳᠣᠷᠠᠯ ᠤᠨ ᠵᠠᠪᠠᠯ ᠬᠡᠷᠡᠭᠰᠡᠬᠦ ᠵᠦᠢᠯ ᠤᠨ ᠵᠠᠬ᠎ᠠ ᠳᠡᠯᠭᠡᠭᠦᠷ | ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠣᠯᠳᠠ ᠶᠢᠨ ᠳᠣᠭᠳᠠᠴᠠ ᠶᠢ ᠪᠠᠶᠢᠭᠤᠯᠤᠨ | ᠪᠦᠷᠢᠨᠰᠢᠬᠦᠯᠦᠨ᠎ᠡ᠃ ᠮᠢᠬᠠᠨ ᠤ ᠲᠥᠷᠥᠯ ᠵᠡᠷᠭᠡ ᠴᠢᠬᠤᠯᠠ ᠲᠠᠸᠠᠷ ᠢ ᠨᠦᠬᠡᠴᠡᠯᠡᠬᠦ ᠳᠣᠬᠠᠢ ᠬᠠᠮᠢᠶᠠᠷᠣᠯᠳᠠ ᠶᠢ | ᠬᠠᠷᠢᠭᠤᠴᠠᠨ᠎ᠠ᠃ ᠪᠣᠯᠪᠠᠰᠣᠷᠠᠭᠤᠯᠣᠭᠰᠠᠨ ᠳᠣᠰᠣ ᠵᠡᠷᠭᠡ ᠴᠢᠬᠤᠯᠠ ᠲᠠᠸᠠᠷ ᠪᠣᠯᠤᠨ ᠦᠶᠯᠡᠳᠪᠦᠷᠢᠯᠡᠯ ᠤᠨ ᠬᠡᠷᠡᠭᠰᠡᠯ | ᠤᠨ ᠭᠦᠶᠯᠭᠡᠭᠡᠨ ᠤ ᠬᠠᠮᠢᠶᠠᠷᠤᠯᠲᠠ ᠵᠢᠴᠢ ᠠᠵᠢᠯ ᠲᠥᠷᠥᠯ ᠤᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠠᠷᠢᠬᠢᠨ | ᠤ ᠵᠦᠶᠯ ᠤᠨ ᠭᠦᠶᠯᠭᠡᠭᠡᠨ ᠤ ᠬᠥᠭᠵᠢᠯᠲᠡ ᠶᠢ ᠠᠬᠢᠭᠤᠯᠬᠤ ᠳᠦᠯᠦᠪᠵᠢᠬᠦᠯᠬᠡ ᠪᠣᠯᠤᠨ ᠲᠥᠷᠥ ᠶᠢᠨ ᠪᠣᠳᠣᠯᠭ᠎ᠠ ᠶᠢ | ᠵᠣᠬᠢᠶᠠᠨ ᠪᠠᠶᠢᠭᠤᠯᠤᠨ ᠲᠤᠭᠤᠷᠪᠢᠵᠤ᠂ ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠬᠡᠷᠡᠭᠯᠡᠭᠡ ᠶᠢ ᠠᠬᠢᠭᠤᠯᠬᠤ | ᠠᠵᠢᠯ ᠢ ᠬᠠᠷᠢᠭᠤᠴᠠᠨ᠎ᠠ᠃ | ( ᠳᠦᠷᠪᠡ ) ᠭᠠᠳᠠᠭᠠᠳᠤ ᠠᠷᠠᠯᠵᠢᠶᠠᠨ ᠤ ᠰᠠᠯᠠᠭ᠎ᠠ᠃ ᠭᠠᠳᠠᠭᠠᠳᠤ ᠠᠷᠠᠯᠵᠢᠶᠠᠨ ᠤ ᠬᠥᠭᠵᠢᠯᠲᠡ ᠶᠢ | ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠦᠷᠦᠭᠦᠯᠡᠨ ᠲᠤᠤᠱᠯᠠᠭᠤᠯᠤᠨ ᠨᠠᠶᠢᠳᠠᠪᠣᠷᠢᠵᠢᠭᠤᠯᠣᠨ᠎ᠠ᠃ | ᠴᠢᠬᠤᠯᠠ ᠠᠵᠤ ᠦᠶᠯᠡᠳᠪᠦᠷᠢ ᠶᠢᠨ ᠦᠶᠯᠡᠳᠬᠦᠨ᠂ ᠲᠦᠭᠦᠬᠡᠶ ᠮᠠᠲ᠋ᠧᠷᠢᠶᠠᠯ᠂ ᠲᠠᠷᠢᠶᠠᠯᠠᠩ ᠤᠨ ᠴᠢᠬᠤᠯᠠ | ᠪᠦᠲᠦᠭᠡᠭᠳᠡᠬᠦᠨ ᠢ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠶᠡᠷᠦᠩᠬᠡᠶ ᠬᠡᠮᠵᠢᠶ᠎ᠡ ᠪᠣᠯᠤᠨ | ᠭᠠᠳᠠᠭᠠᠳᠣ ᠳᠤ ᠭᠠᠷᠭᠠᠬᠤ ᠳᠠᠸᠠᠷ ᠤᠨ ᠳᠤᠭ᠎ᠠ ᠬᠡᠮᠵᠢᠶ᠎ᠡ ᠶᠢ ᠳᠣᠬᠢᠷᠠᠭᠤᠯᠬᠤ᠂ ᠪᠣᠭᠤᠮᠲᠠ ᠶᠢᠨ ᠭᠠᠶᠢᠯᠢ ᠶᠢᠨ | ᠬᠡᠮᠵᠢᠶ᠎ᠡ ᠶᠢ ᠳᠣᠬᠢᠷᠠᠭᠤᠯᠬᠤ ᠵᠢᠯ ᠤᠨ ᠲᠥᠯᠥᠪᠯᠡᠭᠡ ᠶᠢ ᠬᠡᠷᠡᠭᠵᠢᠭᠦᠯᠦᠨ᠎ᠡ᠃ ᠤᠯᠤᠰ ᠤᠨ ᠮᠠᠰᠢᠨ ᠴᠠᠬᠢᠯᠭᠠᠨ ᠤ | ᠦᠶᠯᠡᠳᠬᠦᠨ ( ᠣᠯᠠᠨ ᠤᠯᠤᠰ ᠠᠴᠠ ᠳᠠᠭᠠᠭᠠᠴᠢᠯᠠᠯᠲᠠ ᠵᠠᠷᠯᠠᠬᠤ ᠪᠠᠭᠲᠠᠨ᠎ᠠ ) ᠪᠣᠯᠤᠨ ᠳᠡᠭᠡᠳᠦ ᠰᠢᠨ᠎ᠡ ᠮᠡᠷᠭᠡᠵᠢᠯ | ᠤᠨ ᠦᠶᠯᠡᠳᠬᠦᠨ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ᠂ ᠢᠵᠢ ᠪᠦᠷᠢᠨ ᠲᠥᠬᠦᠭᠡᠷᠦᠮᠵᠢ ᠶᠢ | ᠭᠠᠳᠠᠭᠠᠳᠤ ᠳᠤ ᠭᠠᠷᠭᠠᠬᠤ᠂ ᠲᠠᠷᠬᠠᠬᠤ ᠶᠢ ᠰᠡᠷᠭᠡᠶᠢᠯᠡᠬᠦ ᠵᠡᠷᠭᠡ ᠤᠯᠤᠰ ᠤᠨ ᠠᠮᠤᠷ ᠲᠦᠪᠰᠢᠨ ᠲᠠᠢ ᠬᠤᠯᠪᠣᠭᠳᠠᠬᠤ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ᠂ ᠡᠳ᠋ᠰᠢᠬᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ | ᠬᠠᠮᠢᠶᠠᠷᠤᠯᠲᠠ ᠵᠡᠷᠭᠡ ᠲᠥᠷᠥ ᠶᠢᠨ ᠪᠣᠳᠣᠯᠭ᠎ᠠ ᠪᠣᠯᠤᠨ ᠬᠤᠯᠪᠣᠭᠳᠠᠯ ᠪᠦᠬᠦᠢ ᠭᠠᠷᠴᠠᠭ ᠢ ᠬᠡᠷᠡᠭᠵᠢᠭᠦᠯᠵᠦ᠂ | ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠥᠪᠡᠷᠲᠡᠭᠡᠨ ᠵᠠᠰᠠᠬᠤ ᠣᠷᠣᠨ ᠢ ᠬᠠᠮᠵᠢᠨ ᠬᠤᠳᠠᠯᠳᠤᠭᠠᠨ | ᠤ ᠶᠠᠪᠤᠳᠠᠯ ᠤᠨ ᠶᠠᠮᠤᠨ ᠤ ᠡᠷᠬᠡ ᠣᠯᠭᠤᠭᠰᠠᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠠᠸᠠᠷ | ᠤᠨ ᠵᠥᠪᠰᠢᠶᠡᠷᠡᠯ ᠤᠨ ᠦᠨᠡᠮᠯᠡᠯ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠨ᠎ᠡ᠃ | ᠭᠠᠳᠠᠭᠠᠳᠤ ᠠᠷᠠᠯᠵᠢᠶᠠᠨ ᠤ ᠡᠵᠡᠩᠨᠡᠭᠴᠢ ᠶᠢᠨ ᠳᠠᠩᠰᠠᠯᠠᠭᠤᠯᠤᠨ ᠲᠡᠮᠳᠡᠭᠯᠡᠬᠦ ᠶᠢ ᠬᠠᠤᠯᠢ ᠶᠣᠰᠣᠭᠠᠷ ᠬᠠᠷᠢᠭᠤᠴᠠᠨ᠎ᠠ᠃ | ᠪᠦᠬᠦ ᠠᠶᠢᠮᠠᠭ ᠤᠨ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠥᠭᠵᠢᠯᠲᠡ ᠶᠢᠨ ᠠᠵᠢᠯ ᠢ | ᠲᠦᠷᠦᠭᠦᠯᠡᠨ ᠠᠬᠢᠭᠤᠯᠤᠨ᠎ᠠ᠃ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠯᠤᠭ᠎ᠠ ᠬᠤᠯᠪᠣᠭᠳᠠᠬᠤ | ᠠᠵᠢᠯ ᠢ ᠬᠠᠷᠢᠭᠤᠴᠠᠨ᠎ᠠ᠃ ᠲᠣᠭᠲᠠᠭᠠᠯ ᠶᠣᠰᠣᠭᠠᠷ ᠪᠦᠬᠦ ᠠᠶᠢᠮᠠᠭ ᠤᠨ ᠦᠢᠯᠡᠴᠢᠯᠡᠭᠡᠨ ᠤ ᠠᠷᠠᠯᠵᠢᠶ᠎ᠠ᠂ ᠮᠡᠷᠭᠡᠵᠢᠯ | ᠤᠨ ᠠᠷᠠᠯᠵᠢᠶ᠎ᠠ᠂ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠬᠠᠮᠢᠶ᠎ᠠ ᠪᠦᠬᠦᠢ ᠲᠥᠷᠦ ᠶᠢᠨ ᠪᠣᠳᠣᠯᠭ᠎ᠠ | ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ( ᠲᠠᠪᠤ ) ᠭᠠᠳᠠᠭᠠᠳᠤ ᠳᠤ ᠪᠡᠯᠡ ᠣᠷᠣᠭᠤᠯᠬᠤ ᠪᠠ ᠠᠵᠤ ᠠᠬᠤᠢ ᠶᠢᠨ ᠬᠠᠮᠳᠣᠷᠠᠯᠴᠠᠭᠠᠨ ᠤ ᠠᠵᠢᠯ ᠤᠨ | ᠰᠠᠯᠠᠭ᠎ᠠ᠃ ᠭᠠᠳᠠᠭᠠᠳᠤ ᠶᠢᠨ ᠪᠡᠯᠡ ᠮᠥᠩᠭᠦ ᠶᠢ ᠠᠰᠢᠭᠯᠠᠬᠤ ᠤᠯᠤᠰ ᠤᠨ ᠲᠥᠷᠥ ᠶᠢᠨ ᠪᠣᠳᠣᠯᠭ᠎ᠠ ᠶᠢ | ᠲᠤᠤᠱᠯᠠᠭᠤᠯᠤᠨ ᠬᠡᠷᠡᠭᠵᠢᠭᠦᠯᠦᠨ᠎ᠡ᠃ ᠪᠦᠬᠦ ᠠᠶᠢᠮᠠᠭ ᠤᠨ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠬᠤ | ᠳᠦᠯᠦᠪᠵᠢᠬᠦᠯᠬᠡ᠂ ᠪᠡᠯᠡ ᠣᠷᠣᠭᠤᠯᠤᠯᠲᠠ ᠶᠢ ᠠᠬᠢᠭᠤᠯᠬᠤ ᠪᠠ ᠬᠠᠮᠢᠶᠠᠷᠬᠤ ᠠᠵᠢᠯ ᠢ ᠬᠠᠷᠢᠭᠤᠴᠠᠨ᠎ᠠ᠃ ᠭᠠᠳᠠᠭᠠᠳᠤ | ᠶᠢᠨ ᠠᠷᠠᠯᠵᠢᠶᠠᠴᠢᠨ ᠤ ᠪᠡᠯᠡ ᠣᠷᠣᠭᠤᠯᠤᠯᠲᠠ ᠶᠢ ᠬᠠᠤᠯᠢ ᠶᠣᠰᠣᠭᠠᠷ ᠬᠠᠮᠢᠶᠠᠷᠴᠤ᠂ ᠭᠠᠳᠠᠭᠠᠳᠤ ᠪᠡᠯᠡ ᠶᠢᠨ ᠠᠵᠤ | ᠠᠬᠤᠶᠢᠯᠠᠯ ᠢ ᠪᠠᠶᠢᠭᠤᠯᠬᠤ᠂ ᠬᠤᠪᠢᠷᠠᠭᠤᠯᠬᠤ ᠶᠠᠪᠤᠳᠠᠯ ᠢ ᠬᠠᠤᠯᠢ ᠶᠣᠰᠣᠭᠠᠷ ᠳᠠᠩᠰᠠᠯᠠᠨ᠎ᠠ᠃ ᠥᠪᠡᠷᠲᠡᠭᠡᠨ ᠵᠠᠰᠠᠬᠤ | ᠣᠷᠣᠨ ᠢ ᠬᠠᠮᠵᠢᠨ ᠤᠯᠤᠰ ᠤᠨ ᠲᠡᠰ ᠤᠨ ᠠᠵᠤ ᠠᠬᠤᠶ ᠶᠢᠨ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠢᠯᠢ ︵ | ᠬᠢᠯᠢ ᠠᠯᠤᠰᠯᠠᠭᠰᠠᠨ︶ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠬᠠᠮᠢᠶ᠎ᠠ ᠪᠦᠬᠦᠢ ᠠᠵᠢᠯ ᠢ | ᠰᠠᠶᠢᠲᠤᠷ ᠬᠢᠨ᠎ᠡ᠃ ᠭᠠᠳᠠᠭᠠᠳᠤ ᠳᠤ ᠪᠡᠯᠡ ᠣᠷᠣᠭᠤᠯᠬᠤ᠂ ᠭᠠᠳᠠᠭᠠᠳᠤ ᠳᠤ ᠪᠠᠷᠢᠯᠭ᠎ᠠ ᠳᠠᠭᠠᠭᠠᠴᠢᠯᠠᠬᠤ᠂ | ᠬᠥᠳᠡᠯᠮᠦᠷᠢ ᠦᠶᠯᠡᠴᠢᠯᠡᠭᠡᠨ ᠤ ᠬᠠᠮᠲᠤᠷᠠᠯᠴᠠᠭ᠎ᠠ᠂ ᠬᠢᠯᠢ ᠶᠢᠨ ᠭᠠᠳᠠᠨᠠᠬᠢ ᠡᠬᠢ ᠪᠠᠶᠠᠯᠢᠭ ᠤᠨ ᠬᠠᠮᠲᠤᠷᠠᠯᠴᠠᠭ᠎ᠠ ᠵᠢᠴᠢ | ᠲᠤᠭ᠎ᠠ ᠪᠦᠷᠢᠳᠬᠡᠯ ᠤᠨ ᠠᠵᠢᠯ ᠢ ᠬᠠᠤᠯᠢ ᠶᠣᠰᠣᠭᠠᠷ ᠬᠠᠮᠢᠶᠠᠷᠴᠤ᠂ ᠬᠢᠨᠠᠯᠲᠠ ᠲᠠᠯᠪᠢᠨ᠎ᠠ᠃ ᠪᠦᠬᠦ ᠠᠶᠢᠮᠠᠭ ᠤᠨ | ᠠᠵᠤ ᠠᠬᠤᠶᠢᠯᠠᠯ ᠤᠨ ᠭᠠᠳᠠᠭᠠᠳᠤ ᠯᠤᠭ᠎ᠠ ᠶᠢᠨ ᠬᠥᠳᠡᠯᠮᠦᠷᠢ ᠦᠢᠯᠡᠴᠢᠯᠡᠭᠡᠨ ᠤ ᠬᠤᠷᠰᠢᠨ ᠡᠵᠡᠩᠨᠡᠬᠦ ᠬᠢᠷᠢ ᠭᠡᠮ ᠤᠨ | ᠵᠥᠪᠰᠢᠶᠡᠷᠡᠯ ᠢ ᠬᠠᠤᠯᠢ ᠶᠣᠰᠣᠭᠠᠷ ᠬᠠᠷᠢᠭᠤᠴᠠᠨ᠎ᠠ᠃ ᠭᠠᠳᠠᠭᠰᠢ ᠬᠥᠳᠡᠯᠮᠦᠷᠢ ᠦᠶᠯᠡᠴᠢᠯᠡᠭᠡ ᠲᠣᠮᠢᠯᠠᠬᠤ ᠪᠠ ᠬᠢᠯᠢ | ᠶᠢᠨ ᠭᠠᠳᠠᠨ᠎ᠠ ᠠᠵᠢᠯ ᠣᠯᠤᠭᠰᠠᠳ ᠤᠨ ᠡᠷᠬᠡ ᠠᠰᠢᠭ ᠢ ᠬᠠᠮᠠᠭᠠᠯᠠᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ | ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠠᠯᠠᠱᠠ ᠠᠶᠢᠮᠠᠭ ᠲᠠᠢ ᠬᠤᠯᠪᠣᠭᠳᠠᠭᠰᠠᠨ ᠭᠠᠳᠠᠭᠠᠳᠤ | ᠠᠷᠠᠯᠵᠢᠶᠠᠨ ᠤ ᠬᠡᠯᠡᠯᠴᠡᠭᠡᠷ ᠬᠢᠬᠦ ᠪᠠ ᠵᠥᠪᠳᠡᠯᠴᠡᠬᠦ ᠬᠠᠮᠢᠶ᠎ᠠ ᠪᠦᠬᠦᠢ ᠠᠵᠢᠯ ᠳᠤ ᠣᠷᠣᠯᠴᠠᠵᠤ᠂ ᠥᠪᠡᠷᠲᠡᠭᠡᠨ | ᠵᠠᠰᠠᠬᠤ ᠣᠷᠣᠨ ᠢ ᠬᠠᠮᠵᠢᠨ ᠬᠢᠯᠢ ᠶᠢᠨ ᠭᠠᠳᠠᠨᠠᠬᠢ ᠠᠵᠤ ᠠᠬᠤᠶ ᠠᠷᠠᠯᠵᠢᠶᠠᠨ ᠤ ᠬᠠᠮᠲᠤᠷᠠᠯᠴᠠᠭᠠᠨ ᠤ ᠣᠷᠣᠨ ᠤ | ᠪᠦᠲᠦᠭᠡᠨ ᠪᠠᠶᠢᠭᠤᠯᠤᠯᠲᠠ ᠶᠢᠨ ᠳᠣᠬᠠᠢ ᠬᠠᠮᠢᠶ᠎ᠠ ᠪᠦᠬᠦᠢ ᠠᠵᠢᠯ ᠢ ᠰᠠᠶᠢᠲᠤᠷ ᠬᠢᠨ᠎ᠡ᠃ ᠪᠦᠬᠦ ᠠᠶᠢᠮᠠᠭ ᠤᠨ | ᠭᠠᠳᠠᠭᠠᠳᠤ ᠳᠤ ᠲᠤᠰᠠᠯᠠᠮᠵᠢ ᠦᠵᠡᠭᠦᠯᠬᠦ ᠠᠵᠢᠯ ᠤᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠠᠵᠤ ᠠᠬᠤᠶᠢᠯᠠᠯ | ᠤᠨ ᠭᠠᠳᠠᠭᠠᠳᠤ ᠳᠤ ᠲᠤᠰᠠᠯᠠᠮᠵᠢ ᠦᠵᠡᠭᠦᠯᠬᠦ ᠬᠢᠷᠢ ᠭᠡᠮ ᠤᠨ ᠠᠩᠬᠠᠨ ᠤ ᠬᠢᠨᠠᠯᠲᠠ ᠬᠢᠬᠦ ᠪᠠ ᠳᠡᠭᠡᠭᠰᠢ ᠮᠡᠳᠡᠭᠦᠯᠬᠦ | ᠠᠵᠢᠯ ᠢ ᠬᠠᠷᠢᠭᠤᠴᠠᠨ᠎ᠠ᠃ | ᠵᠢᠷᠭᠤᠳᠤᠭᠠᠷ ᠵᠦᠶᠯ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠬᠠᠷᠢᠶ᠎ᠠ ᠠᠵᠢᠯ | ᠦᠢᠯᠡᠰ ᠤᠨ ᠨᠢᠭᠡᠴᠡ ᠶᠢᠨ ᠳᠣᠬᠢᠷᠠᠭᠤᠯᠣᠯᠳᠠ᠂ ᠡᠭᠦᠷᠭᠡ ᠬᠠᠷᠢᠭᠤᠴᠠᠯᠭ᠎ᠠ ᠪᠣᠯᠤᠨ ᠣᠷᠣᠨ ᠳᠤᠭ᠎ᠠ ᠶᠢᠨ ᠳᠣᠬᠠᠢ | ᠬᠡᠷᠡᠭ ᠶᠠᠪᠤᠳᠠᠯ ᠢ ᠠᠰᠳᠠᠭᠠᠨ ᠳᠣᠭᠳᠠᠭᠠᠨ᠎ᠠ᠃ | ᠳᠣᠯᠣᠳᠤᠭᠠᠷ ᠵᠦᠶᠯ ᠲᠣᠰ ᠲᠣᠭᠲᠠᠭᠠᠯ ᠤᠨ ᠳᠠᠶᠢᠯᠪᠣᠷᠢᠯᠠᠯᠳᠠ ᠶᠢ ᠭᠦᠶᠴᠡᠳᠬᠡᠬᠦ ᠠᠵᠢᠯ ᠢ ᠠᠶᠢᠮᠠᠭ | ᠤᠨ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠣᠭᠠᠨ ᠤ ᠬᠤᠷᠢᠶᠠᠨ ᠤ ᠠᠯᠪᠠᠨ ᠭᠡᠷ ᠠᠴᠠ | ᠬᠠᠷᠢᠭᠤᠴᠠᠵᠤ᠂ ᠲᠣᠬᠢᠷᠠᠭᠤᠯᠤᠯᠲᠠ ᠬᠢᠬᠦ ᠶᠢ ᠠᠶᠢᠮᠠᠭ ᠤᠨ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ | ᠲᠣᠭᠠᠨ ᠤ ᠬᠤᠷᠢᠶᠠᠨ ᠤ ᠠᠯᠪᠠᠨ ᠭᠡᠷ ᠠᠴᠠ ᠲᠣᠭᠲᠠᠭᠠᠭᠰᠠᠨ ᠳᠡᠰ ᠳᠠᠷᠠᠭᠠᠯᠠᠯ ᠢᠶᠠᠷ ᠭᠦᠶᠴᠡᠳᠬᠡᠨ᠎ᠡ᠃ | ᠨᠠᠶᠮᠠᠳᠤᠭᠠᠷ ᠵᠦᠶᠯ ᠲᠤᠰ ᠲᠣᠭᠲᠠᠭᠠᠯ ᠢ 2019 ᠣᠨ ᠤ 3 ᠰᠠᠷ᠎ᠠ ᠶᠢᠨ 28 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ | ᠰᠦᠯᠵᠢᠶᠡᠨ ᠤ ᠬᠠᠶ᠋ᠢᠭ᠄ http://swj.als.gov.cn/ | |