ᠨᠢᠭᠡᠳᠦᠭᠡᠷ ᠵᠦᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠭᠰᠡᠨ ︽ᠠᠯᠠᠱᠠ ᠠᠶᠢᠮᠠᠭ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠲᠥᠰᠦᠯ︾ ᠪᠣᠯᠤᠨ 《 ᠠᠯᠠᠱᠠ ᠠᠶᠢᠮᠠᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ | ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ ᠠᠯᠠᠱᠠ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ | ᠲᠣᠪᠴᠢᠶ᠎ᠠ ᠪᠣᠯ ᠠᠶᠢᠮᠠᠭ ᠤᠨ ᠵᠠᠬᠢᠷᠭ᠎ᠠ ᠶᠢᠨ ᠠᠵᠢᠯ ᠤᠨ ᠰᠠᠯᠠᠭ᠎ᠠ ᠮᠥᠴᠢᠷ ᠪᠠᠶᠢᠵᠦ᠂ ᠵᠢᠩᠬᠢᠨᠢ ᠭᠠᠵᠠᠷ ᠤᠨ ᠳᠡᠰ | ᠤᠨ ᠪᠠᠶᠢᠭᠤᠯᠣᠯᠭ᠎ᠠ ᠪᠣᠯᠬᠤ ᠶᠣᠮ᠂ ᠠᠯᠠᠱᠠ ᠠᠶᠢᠮᠠᠭ ᠤᠨ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ | ᠡᠷᠬᠡ ᠶᠢᠨ ᠲᠣᠪᠴᠢᠶ᠎ᠠ ᠶᠢᠨ ᠫᠠᠶᠢᠰᠠ ᠶᠢ ᠨᠡᠮᠡᠵᠦ ᠡᠯᠭᠦᠨ᠎ᠡ᠃ | ᠭᠤᠷᠪᠠᠳᠤᠭᠠᠷ ᠵᠦᠢᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠨᠢ | ᠨᠠᠮ ᠤᠨ ᠲᠥᠪ ᠬᠤᠷᠢᠶᠠᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠠᠵᠢᠯ ᠶᠢᠨ ᠲᠤᠬᠠᠶ ᠴᠢᠭᠯᠡᠯᠲᠡ | ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ | ᠬᠤᠷᠢᠶᠠᠨ ᠤ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ | ᠨᠠᠶᠢᠳᠠᠪᠣᠷᠢᠵᠢᠭᠤᠯᠵᠦ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠶᠠᠪᠤᠴᠠ ᠳᠤ ᠨᠠᠮ ᠤᠨ ᠵᠠᠬ᠎ᠠ ᠳᠡᠯᠭᠡᠭᠦᠷ ᠤᠨ | ᠬᠢᠨᠠᠨ ᠬᠠᠮᠢᠶᠠᠷᠤᠯᠲᠠ ᠶᠢᠨ ᠠᠵᠢᠯ ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄ | (ᠨᠢᠭᠡ)ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠨ ᠬᠠᠮᠢᠶᠠᠷᠤᠯᠲᠠ ᠶᠢ ᠬᠠᠷᠢᠭᠤᠴᠠᠨ᠎ᠠ᠃ ᠵᠠᠬ᠎ᠠ | ᠳᠡᠯᠭᠡᠭᠦᠷ ᠤᠨ ᠬᠢᠨᠠᠨ ᠬᠠᠮᠢᠶᠠᠷᠤᠯᠲᠠ ︵ᠡᠮ ᠤᠨ ᠵᠦᠢᠯ ᠤᠨ ᠬᠢᠨᠠᠨ ᠬᠠᠮᠢᠶᠠᠷᠤᠯᠲᠠ ᠪᠠᠭᠲᠠᠨ᠎ᠠ︶ ᠶᠢᠨ ᠬᠠᠮᠢᠶ᠎ᠠ | ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠳᠦᠷᠢᠮ ᠪᠣᠯᠤᠨ ᠪᠠᠷᠢᠮᠵᠢᠶ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠶᠠᠰᠤ ᠴᠢᠨᠠᠷ ᠢᠶᠠᠷ ᠠᠶᠢᠮᠠᠭ ᠢᠶᠠᠨ ᠬᠦᠴᠦᠷᠬᠡᠭᠵᠢᠭᠦᠯᠬᠦ ᠪᠠᠶᠢᠯᠳᠤᠬᠤ | ᠪᠣᠳᠣᠯᠭ᠎ᠠ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠪᠣᠯᠤᠨ | ᠪᠠᠷᠢᠮᠵᠢᠶᠠᠵᠢᠭᠤᠯᠬᠤ ᠪᠠᠶᠢᠯᠳᠤᠬᠤ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ | ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠠᠬ᠎ᠠ | ᠳᠡᠯᠭᠡᠭᠦᠷ ᠤᠨ ᠡᠮᠬᠢ ᠳᠢᠭᠯᠢᠮ ᠢ ᠳᠦᠷᠢᠮᠵᠢᠬᠦᠯᠦᠨ ᠬᠠᠮᠠᠭᠠᠯᠠᠵᠤ᠂ ᠦᠨᠡᠨᠴᠢ ᠢᠲᠡᠭᠡᠮᠵᠢᠲᠡᠶ᠂ ᠭᠤᠤᠯᠴᠢ ᠪᠠᠷ | ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠤᠢ ᠪᠣᠯᠭᠠᠨ᠎ᠠ᠃ | (ᠬᠤᠶᠠᠷ)ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠨᠢᠭᠡᠳᠦᠯᠲᠡᠶ ᠪᠦᠷᠢᠳᠬᠡᠨ ᠳᠠᠩᠰᠠᠯᠠᠬᠤ ᠶᠢ | ᠬᠠᠷᠢᠭᠤᠴᠠᠨ᠎ᠠ᠃ ᠡᠯ᠎ᠡ ᠲᠥᠷᠥᠯ ᠤᠨ ᠠᠵᠤ ᠠᠬᠤᠶᠢᠯᠠᠯ᠂ ᠮᠠᠯᠴᠢᠨ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ | ᠪᠣᠯᠤᠨ ᠡᠵᠡᠩᠨᠡᠯᠲᠡ ᠶᠢᠨ ᠠᠵᠢᠯᠯᠠᠭ᠎ᠠ ᠡᠷᠬᠢᠯᠡᠵᠦ ᠪᠠᠶᠢᠭ᠎ᠠ ᠨᠢᠭᠡᠴᠡ᠂ ᠦᠢᠯᠡᠳᠪᠦᠷᠢ ᠬᠤᠳᠠᠯᠳᠤᠭᠠᠨ ᠤ ᠬᠤᠪᠢ | ᠡᠷᠦᠬᠡ ᠵᠢᠴᠢ ᠡᠷᠬᠡ ᠣᠯᠭᠤᠭᠰᠠᠨ ᠬᠡᠪᠴᠢᠶᠡᠨ ᠳᠣᠲᠣᠷᠠᠬᠢ ᠭᠠᠳᠠᠭᠠᠳᠤ ᠤᠯᠤᠰ ︵ᠭᠠᠵᠠᠷ ᠣᠷᠣᠨ︶ ᠤᠨ ᠠᠵᠤ | ᠠᠬᠤᠶᠢᠯᠠᠯ ᠤᠨ ᠪᠠᠶᠢᠩᠭᠤ ᠰᠠᠭᠤᠭ᠎ᠠ ᠲᠥᠯᠥᠭᠡᠯᠡᠬᠦ ᠪᠠᠶᠢᠭᠤᠯᠤᠮᠵᠢ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢ | ᠪᠦᠷᠢᠳᠬᠡᠨ ᠳᠠᠩᠰᠠᠯᠠᠭᠤᠯᠬᠤ ᠠᠵᠢᠯ ᠢ ᠵᠢᠯᠣᠭᠤᠳᠤᠨ᠎ᠠ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠮᠡᠳᠡᠭᠡ | ᠵᠠᠩᠭᠢ ᠶᠢ ᠢᠯᠡ ᠨᠡᠶᠢᠲᠡᠯᠡᠬᠦ ᠪᠠ ᠬᠠᠮᠲᠤ ᠪᠠᠷ ᠬᠤᠪᠢᠶᠠᠯᠴᠠᠬᠤ ᠲᠣᠭᠲᠠᠴᠠ ᠶᠢ ᠪᠠᠶᠢᠭᠤᠯᠵᠤ᠂ ᠬᠤᠯᠪᠣᠭᠳᠠᠯ ᠪᠦᠬᠦᠢ | ᠮᠡᠳᠡᠭᠡ ᠵᠠᠩᠭᠢ ᠶᠢ ᠬᠠᠤᠯᠢ ᠶᠣᠰᠣᠭᠠᠷ ᠢᠯᠡ ᠨᠡᠶᠢᠲᠡᠯᠡᠬᠦ ᠪᠠ ᠬᠠᠮᠲᠤ ᠪᠠᠷ ᠡᠳ᠋ᠯᠡᠵᠦ᠂ ᠢᠲᠡᠭᠡᠮᠵᠢ ᠶᠢᠨ ᠬᠢᠨᠠᠨ | ᠬᠠᠮᠢᠶᠠᠷᠤᠯᠲᠠ ᠶᠢ ᠴᠢᠩᠭᠠᠳᠬᠠᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢᠨ ᠰᠢᠰᠲ᠋ᠧᠮᠵᠢ ᠶᠢᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | (ᠭᠤᠷᠪᠠ)ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠠᠵᠢᠯ ᠢ ᠵᠣᠬᠢᠶᠠᠨ ᠪᠠᠶᠢᠭᠤᠯᠬᠤ ᠪᠠ ᠵᠢᠯᠣᠭᠤᠳᠬᠤ ᠶᠢ ᠬᠠᠷᠢᠭᠤᠴᠠᠨ᠎ᠠ᠃ ᠪᠦᠬᠦ ᠠᠶᠢᠮᠠᠭ ᠤᠨ ᠵᠠᠬ᠎ᠠ ᠳᠡᠯᠭᠡᠭᠦᠷ ᠤᠨ | ᠬᠢᠨᠠᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢ ᠨᠢᠭᠡᠳᠬᠡᠬᠦ ᠪᠠ ᠪᠠᠶᠢᠭᠤᠯᠬᠤ ᠶᠢ | ᠵᠢᠯᠣᠭᠤᠳᠴᠤ᠂ ᠨᠢᠭᠡᠳᠦᠯᠲᠡᠢ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢ ᠬᠡᠷᠡᠭᠵᠢᠭᠦᠯᠬᠦ ᠶᠢ ᠠᠬᠢᠭᠤᠯᠤᠨ᠎ᠠ᠃ | ᠬᠠᠤᠯᠢ ᠠᠴᠠ ᠵᠥᠷᠢᠴᠡᠭᠰᠡᠨ ᠬᠦᠨᠳᠦ ᠶᠡᠭᠡ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢ ᠵᠣᠬᠢᠶᠠᠨ | ᠪᠠᠶᠢᠭᠤᠯᠵᠦ᠂ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠣᠷᠣᠨ ᠪᠦᠰᠡ ᠠᠯᠤᠰᠯᠠᠭᠰᠠᠨ ᠵᠠᠬ᠎ᠠ | ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠬᠠᠤᠯᠢ ᠠᠴᠠ ᠵᠥᠷᠢᠴᠡᠭᠰᠡᠨ ᠬᠡᠷᠡᠭ ᠢ ᠵᠣᠬᠢᠴᠠᠭᠤᠯᠤᠨ ᠵᠢᠯᠣᠭᠤᠳᠤᠨ᠎ᠠ᠃ | ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ | ᠳᠦᠷᠢᠮᠵᠢᠬᠦᠯᠦᠨ᠎ᠡ᠃ | (ᠳᠦᠷᠪᠡ)ᠭᠠᠭᠴᠠᠭᠠᠷ ᠡᠵᠡᠮᠰᠢᠯ ᠢ ᠡᠰᠡᠷᠭᠦᠴᠡᠬᠦ ᠨᠢᠭᠡᠳᠦᠯᠲᠡᠶ ᠬᠠᠤᠯᠢ ᠬᠡᠷᠡᠭᠵᠢᠭᠦᠯᠦᠯᠲᠡ ᠶᠢ | ᠬᠠᠷᠢᠭᠤᠴᠠᠨ᠎ᠠ᠃ ᠥᠷᠢᠰᠥᠯᠳᠦᠭᠡᠨ ᠤ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠨᠢᠭᠡᠳᠦᠯᠲᠡᠶ ᠲᠥᠯᠥᠪᠯᠡᠨ | ᠠᠬᠢᠭᠤᠯᠵᠤ᠂ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠳᠦᠷᠢᠮ ᠤᠨ ᠬᠡᠷᠡᠭᠵᠢᠬᠦᠯᠦᠯᠳᠡ ᠶᠢ | ᠵᠢᠯᠣᠭᠤᠳᠣᠨ᠎ᠠ᠃ ᠡᠵᠡᠩᠨᠡᠭᠴᠢᠳ ᠤᠨ ᠲᠥᠪᠯᠡᠷᠡᠭᠰᠡᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠭᠠᠭᠴᠠᠭᠠᠷ | ᠡᠵᠡᠮᠰᠢᠯ ᠢ ᠡᠰᠡᠷᠭᠦᠴᠡᠬᠦ ᠬᠢᠨᠠᠨ ᠪᠠᠶᠢᠴᠠᠭᠠᠯᠲᠠ ᠬᠢᠵᠦ᠂ ᠭᠠᠭᠴᠠᠭᠠᠷ ᠡᠵᠡᠮᠰᠢᠯ ᠤᠨ ᠬᠡᠯᠡᠯᠴᠡᠭᠡᠷ ᠲᠣᠭᠲᠠᠭᠠᠬᠤ᠂ | ᠵᠠᠬ᠎ᠠ ᠳᠡᠯᠭᠡᠭᠦᠷ ᠤᠨ ᠵᠠᠬᠢᠷᠬᠤ ᠪᠠᠶᠢᠷᠢ ᠰᠠᠭᠤᠷᠢ ᠶᠢ ᠳᠤᠷ᠎ᠠ ᠪᠠᠷ ᠢᠶᠠᠨ ᠬᠡᠷᠡᠭᠯᠡᠬᠦ ᠪᠠ ᠵᠠᠰᠠᠭ ᠵᠠᠬᠢᠷᠭᠠᠨ ᠤ ᠡᠷᠬᠡ ᠪᠠᠨ | ᠳᠤᠷ᠎ᠠ ᠪᠠᠷ ᠢᠶᠠᠨ ᠬᠡᠷᠡᠭᠯᠡᠬᠦ᠂ ᠥᠷᠢᠰᠥᠯᠳᠦᠭᠡᠨ ᠢ ᠦᠭᠡᠶᠢᠰᠬᠡᠬᠦ᠂ ᠬᠢᠵᠠᠭᠠᠷᠯᠠᠬᠤ ᠵᠢᠴᠢ ᠦᠨ᠎ᠡ ᠬᠠᠩᠰᠢ ᠶᠢᠨ | ᠭᠠᠭᠴᠠᠭᠠᠷ ᠡᠵᠡᠮᠰᠢᠯ ᠢ ᠡᠰᠡᠷᠭᠦᠴᠡᠬᠦ ᠵᠡᠷᠭᠡ ᠭᠠᠭᠴᠠᠭᠠᠷ ᠡᠵᠡᠮᠰᠢᠯ ᠢ ᠡᠰᠡᠷᠭᠦᠴᠡᠬᠦ ᠬᠠᠤᠯᠢ ᠬᠡᠷᠡᠭᠵᠢᠭᠦᠯᠬᠦ ᠠᠵᠢᠯ ᠢ | ᠬᠠᠷᠢᠭᠤᠴᠠᠨ᠎ᠠ᠃ | (ᠲᠠᠪᠤ ) ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠬᠢᠨᠠᠨ ᠬᠠᠮᠢᠶᠠᠷᠣᠯᠳᠠ ᠶᠢ ᠬᠠᠷᠢᠭᠤᠴᠠᠨ᠎ᠠ᠃ ᠵᠠᠬ᠎ᠠ | ᠳᠡᠯᠭᠡᠭᠦᠷ ᠤᠨ ᠡᠮᠬᠢ ᠵᠢᠷᠤᠮ ᠢ ᠳᠦᠷᠢᠮᠵᠢᠬᠦᠯᠦᠨ ᠬᠠᠮᠠᠭᠠᠯᠠᠵᠤ᠂ ᠵᠠᠬ᠎ᠠ ᠳᠡᠯᠭᠡᠭᠦᠷ ᠤᠨ ᠠᠷᠠᠯᠵᠢᠶ᠎ᠠ᠂ ᠰᠦᠯᠵᠢᠶᠡᠨ ᠤ | ᠲᠠᠸᠠᠷ ᠤᠨ ᠠᠷᠠᠯᠵᠢᠶ᠎ᠠ ᠵᠢᠴᠢ ᠬᠤᠯᠪᠣᠭᠳᠠᠯ ᠪᠦᠬᠦᠢ ᠦᠢᠯᠡᠴᠢᠯᠡᠬᠡᠨ ᠤ ᠠᠵᠢᠯᠯᠠᠭ᠎ᠠ ᠶᠢ ᠬᠠᠤᠯᠢ ᠶᠣᠰᠣᠭᠠᠷ ᠬᠢᠨᠠᠵᠤ | ᠬᠠᠮᠢᠶᠠᠷᠤᠨ᠎ᠠ᠃ ᠦᠨ᠎ᠡ ᠬᠠᠩᠰᠢ ᠶᠢᠨ ᠰᠦᠢᠳᠬᠡᠯ ᠬᠤᠷᠢᠶᠠᠬᠤ ᠳᠤ ᠬᠠᠤᠯᠢ ᠲᠣᠭᠲᠠᠭᠠᠯ ᠠᠴᠠ ᠵᠥᠷᠢᠴᠡᠭᠰᠡᠨ᠂ ᠵᠦᠢ | ᠶᠣᠰᠣᠨ ᠤ ᠪᠣᠰᠣ ᠦᠷᠢᠰᠦᠯᠳᠦᠬᠡᠨ᠂ ᠬᠠᠤᠯᠢ ᠠᠴᠠ ᠵᠥᠷᠢᠴᠡᠨ ᠰᠢᠭᠤᠳ ᠪᠣᠷᠣᠯᠠᠭᠤᠯᠤᠭᠰᠠᠨ᠂ ᠳᠠᠮᠵᠢᠨ | ᠪᠣᠷᠣᠯᠠᠭᠤᠯᠣᠭᠰᠠᠨ᠂ ᠲᠠᠸᠠᠷ ᠤᠨ ᠲᠡᠮᠳᠡᠭ ᠤᠨ ᠲᠤᠰᠬᠠᠶ ᠠᠰᠢᠭ ᠤᠨ ᠥᠮᠴᠢᠯᠡᠬᠦ ᠡᠷᠬᠡ ᠳᠤ ᠬᠠᠯᠳᠠᠭᠰᠠᠨ ᠪᠠ | ᠬᠠᠭᠤᠷᠮᠠᠭ ᠴᠢᠨᠠᠷ ᠮᠠᠭᠤ ᠪᠠᠷᠠᠭ᠎ᠠ ᠶᠢ ᠦᠢᠯᠡᠳᠦᠨ ᠪᠣᠷᠣᠯᠠᠭᠤᠯᠣᠭᠰᠠᠨ ᠦᠢᠯᠡ ᠠᠵᠢᠯᠯᠠᠭ᠎ᠠ ᠶᠢ ᠪᠠᠶᠢᠴᠠᠭᠠᠨ | ᠰᠢᠢᠳᠪᠦᠷᠢᠯᠡᠬᠦ ᠶᠢ ᠵᠣᠬᠢᠶᠠᠨ ᠪᠠᠶᠢᠭᠤᠯᠣᠨ ᠵᠢᠯᠣᠭᠤᠳᠣᠨ᠎ᠠ᠃ ᠵᠠᠷ ᠮᠡᠳᠡᠭᠡ ᠶᠢᠨ ᠦᠢᠯᠡᠰ ᠤᠨ ᠬᠥᠭᠵᠢᠯᠲᠡ ᠶᠢ | ᠵᠢᠯᠣᠭᠤᠳᠴᠤ᠂ ᠵᠠᠷ ᠮᠡᠳᠡᠭᠡ ᠶᠢᠨ ᠠᠵᠢᠯᠯᠠᠭ᠎ᠠ ᠶᠢ ᠬᠢᠨᠠᠵᠤ ᠬᠠᠮᠢᠶᠠᠷᠤᠨ᠎ᠠ᠃ ᠦᠨᠡᠮᠯᠡᠯ ᠦᠭᠡᠢ ᠪᠠᠷ | ᠦᠢᠯᠡᠳᠪᠦᠷᠢᠯᠡᠵᠦ ᠡᠵᠡᠩᠨᠡᠬᠦ ᠬᠠᠮᠢᠶ᠎ᠠ ᠪᠦᠬᠦᠢ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ ᠠᠯᠠᠱᠠ | ᠠᠶᠢᠮᠠᠭ ᠤᠨ ᠬᠡᠷᠡᠭᠯᠡᠭᠴᠢᠳ ᠤᠨ ᠨᠡᠶᠢᠭᠡᠮᠯᠢᠭ ᠤᠨ ᠬᠡᠷᠡᠭᠯᠡᠭᠡ ᠶᠢᠨ ᠡᠷᠬᠡ ᠠᠰᠢᠭ ᠢ ᠬᠠᠮᠠᠭᠠᠯᠠᠬᠤ ᠠᠵᠢᠯ ᠢ | ᠦᠷᠨᠢᠬᠦᠯᠬᠦ ᠶᠢ ᠵᠢᠯᠣᠭᠤᠳᠣᠨ᠎ᠠ᠃ | (ᠵᠢᠷᠭᠤᠭ᠎ᠠ)ᠬᠤᠷᠸ᠎ᠠ ᠶᠠᠰᠤ ᠴᠢᠨᠠᠷ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠶᠠᠰᠤ ᠴᠢᠨᠠᠷ ᠤᠨ | ᠬᠥᠭᠵᠢᠯᠲᠡ ᠶᠢᠨ ᠳᠦᠷᠢᠮ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ᠂ ᠨᠡᠷᠡᠲᠦ | ᠲᠡᠮᠳᠡᠭᠲᠦ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠦᠯᠬᠢᠨ ᠠᠬᠢᠭᠤᠯᠣᠨ᠎ᠠ᠃ ᠶᠠᠰᠤ ᠴᠢᠨᠠᠷ ᠤᠨ | ᠰᠠᠭᠤᠷᠢ ᠳᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠬᠢᠭᠡᠳ ᠬᠡᠷᠡᠭᠯᠡᠯᠲᠡ ᠶᠢ ᠨᠢᠭᠡᠳᠦᠯᠲᠡᠶ ᠲᠥᠯᠥᠪᠯᠡᠵᠦ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠬᠤᠯᠠ ᠶᠡᠭᠡ ᠢᠨᠵᠧᠨᠧᠷᠢᠩ ᠤᠨ ᠲᠥᠬᠦᠭᠡᠷᠦᠮᠵᠢ ᠶᠢᠨ | ᠶᠠᠰᠤ ᠴᠢᠨᠠᠷ ᠢ ᠬᠢᠨᠠᠨ ᠬᠠᠮᠢᠶᠠᠷᠬᠤ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠦᠨᠳᠦ ᠶᠡᠭᠡ ᠶᠠᠰᠤ ᠴᠢᠨᠠᠷ | ᠤᠨ ᠠᠳᠡᠯ ᠭᠡᠷᠡᠭ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ᠂ ᠳᠣᠳᠠᠭᠳᠠᠯ ᠲᠠᠢ ᠦᠢᠯᠡᠳᠬᠦᠨ ᠢ ᠡᠭᠡᠭᠦᠯᠦᠨ | ᠬᠤᠷᠢᠶᠠᠬᠤ ᠳᠦᠷᠢᠮ ᠢ ᠲᠤᠤᠱᠯᠠᠭᠤᠯᠤᠨ ᠨᠠᠶᠢᠳᠠᠪᠣᠷᠢᠵᠢᠭᠤᠯᠵᠦ᠂ ᠦᠢᠯᠡᠳᠬᠦᠨ ᠤ ᠬᠠᠭᠤᠷᠮᠠᠭ ᠢ ᠰᠡᠷᠭᠡᠶᠢᠯᠡᠬᠦ | ᠠᠵᠢᠯ ᠢ ᠬᠢᠨᠠᠨ ᠬᠠᠮᠢᠶᠠᠷᠤᠨ᠎ᠠ᠃ | (ᠳᠣᠯᠤᠭ᠎ᠠ)ᠦᠢᠯᠡᠳᠬᠦᠨ ᠤ ᠶᠠᠰᠤ ᠴᠢᠨᠠᠷ ᠤᠨ ᠠᠮᠣᠷ ᠳᠦᠪᠰᠢᠨ ᠤ ᠬᠢᠨᠠᠨ ᠬᠠᠮᠢᠶᠠᠷᠤᠯᠲᠠ ᠶᠢ | ᠬᠠᠷᠢᠭᠤᠴᠠᠨ᠎ᠠ᠃ ᠦᠢᠯᠡᠳᠬᠦᠨ ᠤ ᠶᠠᠰᠤ ᠴᠢᠨᠠᠷ ᠤᠨ ᠠᠮᠣᠷ ᠳᠦᠪᠰᠢᠨ ᠤ ᠲᠦᠭᠰᠢᠭᠦᠷᠢ ᠶᠢ ᠬᠢᠨᠠᠨ ᠡᠵᠡᠮᠳᠡᠬᠦ᠂ | ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠬᠠᠮᠢᠶᠠᠷᠤᠨ᠎ᠠ᠃ ᠪᠦᠬᠦ ᠠᠶᠢᠮᠠᠭ ᠤᠨ ᠦᠢᠯᠡᠳᠬᠦᠨ ᠤ ᠶᠠᠰᠤ | ᠴᠢᠨᠠᠷ ᠤᠨ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠨᠢᠭᠡᠳᠦᠯᠲᠡᠶ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠶᠠᠰᠤ ᠴᠢᠨᠠᠷ ᠤᠨ ᠳᠡᠰ ᠬᠤᠪᠢᠶᠠᠬᠤ ᠳᠦᠷᠢᠮ᠂ ᠶᠠᠰᠤ ᠴᠢᠨᠠᠷ ᠤᠨ ᠠᠮᠤᠷ | ᠲᠦᠪᠰᠢᠨ ᠤ ᠮᠥᠷᠳᠡᠨ ᠤᠬᠤᠴᠢᠯᠠᠬᠤ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ | ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠠᠵᠤ ᠦᠢᠯᠡᠳᠪᠦᠷᠢ ᠶᠢᠨ ᠦᠢᠯᠡᠳᠬᠦᠨ ᠤ | ᠦᠢᠯᠡᠳᠪᠦᠷᠢᠯᠡᠯ ᠤᠨ ᠵᠥᠪᠰᠢᠶᠡᠷᠡᠯ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ | (ᠨᠠᠢᠮᠠ)ᠣᠨᠴᠠ ᠲᠥᠷᠥᠯ ᠤᠨ ᠲᠥᠬᠦᠭᠡᠷᠦᠮᠵᠢ ᠶᠢᠨ ᠠᠮᠣᠷ ᠳᠦᠪᠰᠢᠨ ᠤ ᠬᠢᠨᠠᠨ ᠬᠠᠮᠢᠶᠠᠷᠤᠯᠲᠠ ᠶᠢ | ᠬᠠᠷᠢᠭᠤᠴᠠᠨ᠎ᠠ᠃ ᠣᠨᠴᠠ ᠲᠥᠷᠥᠯ ᠤᠨ ᠲᠥᠬᠦᠭᠡᠷᠦᠮᠵᠢ ᠶᠢᠨ ᠠᠮᠣᠷ ᠳᠦᠪᠰᠢᠨ ᠢ ᠬᠢᠨᠠᠨ ᠪᠠᠶᠢᠴᠠᠭᠠᠬᠤ᠂ ᠬᠢᠨᠠᠯᠲᠠ | ᠲᠠᠯᠪᠢᠬᠤ ᠠᠵᠢᠯ ᠢ ᠶᠡᠷᠦᠩᠬᠡᠶᠢᠯᠡᠨ ᠬᠠᠮᠢᠶᠠᠷᠴᠤ᠂ ᠡᠨᠧᠷᠬᠢ ᠶᠡᠭᠡ ᠵᠠᠷᠣᠴᠠᠭᠤᠯᠬᠤ ᠣᠨᠴᠠ ᠲᠥᠷᠥᠯ ᠤᠨ | ᠲᠥᠬᠦᠭᠡᠷᠦᠮᠵᠢ ᠶᠢᠨ ᠡᠨᠧᠷᠭᠢ ᠠᠷᠪᠢᠯᠠᠬᠤ ᠪᠠᠷᠢᠮᠵᠢᠶ᠎ᠠ ᠪᠣᠯᠤᠨ ᠳᠣᠯᠠᠭᠠᠯᠭ᠎ᠠ ᠶᠢᠨ ᠵᠣᠤᠬ᠎ᠠ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠶᠢ ᠬᠡᠷᠡᠭᠵᠢᠭᠦᠯᠦᠭᠰᠡᠨ ᠪᠠᠶᠢᠳᠠᠯ ᠢ ᠬᠢᠨᠠᠨ ᠪᠠᠶᠢᠴᠠᠭᠠᠨ᠎ᠠ᠃ | (ᠶᠢᠰᠦ)ᠢᠳᠡᠭᠡᠨ ᠤ ᠠᠮᠣᠷ ᠳᠦᠪᠰᠢᠨ ᠤ ᠬᠢᠨᠠᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ | ᠵᠣᠬᠢᠴᠠᠭᠤᠯᠭ᠎ᠠ ᠶᠢ ᠬᠠᠷᠢᠭᠤᠴᠠᠨ᠎ᠠ᠃ ᠢᠳᠡᠭᠡᠨ ᠤ ᠠᠮᠣᠷ ᠳᠦᠪᠰᠢᠨ ᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠲᠤᠭᠤᠷᠪᠢᠬᠤ ᠶᠢ ᠵᠣᠬᠢᠶᠠᠨ ᠪᠠᠶᠢᠭᠤᠯᠬᠤ ᠶᠢᠨ ᠬᠠᠮᠲᠤ ᠬᠡᠷᠡᠭᠵᠢᠬᠦᠯᠦᠨ᠎ᠡ᠃ ᠢᠳᠡᠭᠡᠨ ᠤ ᠠᠮᠣᠷ ᠳᠦᠪᠰᠢᠨ ᠤ ᠪᠠᠴᠢᠮ | ᠪᠠᠶᠢᠳᠠᠯ ᠢ ᠠᠷᠭᠠᠴᠠᠭᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠵᠤ᠂ ᠢᠳᠡᠭᠡᠨ ᠤ ᠠᠮᠣᠷ ᠳᠦᠪᠰᠢᠨ ᠤ | ᠬᠦᠨᠳᠦ ᠶᠡᠭᠡ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠ ᠪᠠᠶᠢᠴᠠᠭᠠᠨ ᠰᠢᠢᠳᠪᠦᠷᠢᠯᠡᠬᠦ ᠠᠵᠢᠯ ᠢ | ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠢᠳᠡᠭᠡᠨ ᠤ ᠠᠮᠣᠷ ᠳᠦᠪᠰᠢᠨ ᠤ ᠴᠢᠬᠤᠯᠠ ᠮᠡᠳᠡᠭᠡ ᠵᠠᠩᠭᠢ ᠶᠢ ᠰᠢᠭᠤᠳ | ᠮᠡᠳᠡᠭᠦᠯᠬᠦ ᠳᠦᠷᠢᠮ ᠢ ᠪᠠᠶᠢᠭᠤᠯᠤᠨ ᠪᠦᠷᠢᠨᠰᠢᠬᠦᠯᠦᠨ᠎ᠡ᠃ ᠠᠯᠠᠱᠠ ᠠᠶᠢᠮᠠᠭ ᠤᠨ ᠢᠳᠡᠭᠡᠨ ᠪᠠ ᠡᠮ ᠤᠨ ᠵᠦᠢᠯ ᠤᠨ | ᠠᠮᠤᠷ ᠲᠦᠪᠰᠢᠨ ᠤ ᠵᠥᠪᠯᠡᠯ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ | (ᠠᠷᠪᠠ)ᠢᠳᠡᠭᠡᠨ ᠤ ᠠᠮᠣᠷ ᠳᠦᠪᠰᠢᠨ ᠤ ᠬᠢᠨᠠᠨ ᠬᠠᠮᠢᠶᠠᠷᠤᠯᠲᠠ ᠶᠢ ᠬᠠᠷᠢᠭᠤᠴᠠᠨ᠎ᠠ᠃ ᠢᠳᠡᠭᠡᠨ ᠤ | ᠦᠢᠯᠡᠳᠪᠦᠷᠢᠯᠡᠯ᠂ ᠬᠦᠢᠯᠬᠡᠬᠡᠨ᠂ ᠬᠡᠷᠡᠭᠯᠡᠭᠡᠨ ᠤ ᠪᠦᠬᠦ ᠶᠠᠪᠤᠴᠠ ᠶᠢ ᠬᠠᠮᠤᠷᠤᠭᠰᠠᠨ ᠬᠢᠨᠠᠨ ᠪᠠᠶᠢᠴᠠᠭᠠᠬᠤ ᠳᠦᠷᠢᠮ | ᠪᠣᠯᠤᠨ ᠳᠠᠯᠳᠠ ᠳᠦᠭᠰᠢᠬᠦᠷᠢ ᠶᠢ ᠵᠢᠭᠰᠠᠭᠠᠨ ᠪᠠᠶᠢᠴᠠᠭᠠᠵᠤ ᠵᠠᠰᠠᠬᠤ ᠲᠣᠭᠲᠠᠴᠠ ᠶᠢ ᠪᠠᠶᠢᠭᠤᠯᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠷᠣᠨ ᠪᠦᠰᠡ ᠶᠢᠨ ᠴᠢᠨᠠᠷᠲᠠᠶ᠂ ᠰᠢᠰᠲ᠋ᠧᠮ ᠤᠨ ᠴᠢᠨᠠᠷᠲᠠᠶ ᠢᠳᠡᠭᠡᠨ ᠤ | ᠠᠮᠣᠷ ᠳᠦᠪᠰᠢᠨ ᠤ ᠲᠦᠭᠰᠢᠭᠦᠷᠢ ᠶᠢ ᠰᠡᠷᠭᠡᠶᠢᠯᠡᠨ᠎ᠡ᠃ ᠢᠳᠡᠭᠡᠨ ᠤ ᠵᠦᠢᠯ ᠤᠨ ᠦᠢᠯᠡᠳᠪᠦᠷᠢᠯᠡᠨ ᠡᠵᠡᠩᠨᠡᠭᠴᠢᠳ ᠤᠨ | ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ | ᠢᠳᠡᠭᠡᠨ ᠤ ᠵᠦᠢᠯ ᠤᠨ ᠠᠮᠤᠷ ᠲᠦᠪᠰᠢᠨ ᠤ ᠮᠥᠷᠳᠡᠨ ᠤᠬᠤᠴᠢᠯᠠᠬᠤ ᠰᠢᠰᠲ᠋ᠧᠮᠵᠢ ᠶᠢ ᠪᠦᠷᠢᠨᠰᠢᠭᠦᠯᠦᠨ᠎ᠡ᠃ | ᠢᠳᠡᠭᠡᠨ ᠤ ᠠᠮᠣᠷ ᠳᠦᠪᠰᠢᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ᠂ ᠲᠦᠭᠰᠢᠭᠦᠷᠢ ᠶᠢ ᠬᠢᠨᠠᠨ | ᠰᠢᠯᠭᠠᠬᠤ᠂ ᠬᠢᠨᠠᠨ ᠪᠠᠶᠢᠴᠠᠭᠠᠵᠤ ᠰᠢᠢᠳᠪᠦᠷᠢᠯᠡᠬᠦ ᠪᠠ ᠲᠦᠭᠰᠢᠭᠦᠷᠢ ᠶᠢ ᠰᠡᠷᠡᠮᠵᠢᠯᠡᠭᠦᠯᠬᠦ᠂ ᠲᠦᠭᠰᠢᠭᠦᠷᠢ ᠶᠢ | ᠰᠣᠯᠢᠯᠴᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠢᠳᠡᠰᠢᠨ ᠤ ᠳᠠᠪᠤᠰᠤᠨ ᠤ ᠶᠠᠰᠤ ᠴᠢᠨᠠᠷ ᠤᠨ | ᠠᠮᠤᠷ ᠲᠦᠪᠰᠢᠨ ᠤ ᠬᠢᠨᠠᠨ ᠬᠠᠮᠢᠶᠠᠷᠤᠯᠲᠠ ᠪᠠ ᠣᠨᠴᠣᠭᠤᠶ ᠢᠳᠡᠭᠡᠨ ᠤ ᠬᠢᠨᠠᠨ ᠬᠠᠮᠢᠶᠠᠷᠤᠯᠲᠠ ᠵᠡᠷᠭᠡ ᠠᠵᠢᠯ ᠢ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | (ᠠᠷᠪᠠᠨ ᠨᠢᠭᠡ )ᠬᠡᠮᠵᠢᠯᠲᠡ ᠶᠢᠨ ᠠᠵᠢᠯ ᠤᠨ ᠨᠢᠭᠡᠳᠦᠯᠲᠡᠶ ᠬᠠᠮᠢᠶᠠᠷᠣᠯᠳᠠ ᠶᠢ ᠬᠠᠷᠢᠭᠤᠴᠠᠨ᠎ᠠ᠃ | ᠤᠯᠤᠰ ᠤᠨ ᠬᠡᠮᠵᠢᠯᠲᠡ ᠶᠢᠨ ᠳᠦᠷᠢᠮ ᠢ ᠨᠠᠶᠢᠳᠠᠪᠣᠷᠢᠵᠢᠭᠤᠯᠵᠦ᠂ ᠬᠠᠤᠯᠢ ᠪᠠᠷ ᠲᠣᠭᠲᠠᠭᠠᠭᠰᠠᠨ ᠬᠡᠮᠵᠢᠯᠲᠡ ᠶᠢᠨ | ᠨᠢᠬᠡᠴᠢ ᠶᠢ ᠬᠡᠷᠡᠭᠵᠢᠭᠦᠯᠵᠦ᠂ ᠬᠡᠮᠵᠢᠯᠲᠡ ᠶᠢᠨ ᠪᠠᠭᠠᠵᠢ ᠬᠡᠷᠡᠭᠰᠡᠯ ᠵᠢᠴᠢ ᠬᠡᠮᠵᠢᠭᠳᠡᠯ ᠢ ᠳᠠᠮᠵᠢᠭᠤᠯᠬᠤ ᠪᠠ | ᠬᠠᠷᠢᠴᠠᠭᠤᠯᠬᠤ ᠠᠵᠢᠯ ᠢ ᠬᠠᠮᠢᠶᠠᠷᠤᠨ᠎ᠠ᠃ ᠳᠠᠸᠠᠷ ᠤᠨ ᠬᠡᠮᠵᠢᠶ᠎ᠡ ᠪᠠ ᠵᠠᠬ᠎ᠠ ᠳᠡᠯᠭᠡᠭᠦᠷ ᠤᠨ ᠬᠡᠮᠵᠢᠯᠲᠡ ᠶᠢᠨ ᠦᠢᠯᠡ | ᠠᠵᠢᠯᠯᠠᠭ᠎ᠠ ᠶᠢ ᠳᠦᠷᠢᠮᠵᠢᠬᠦᠯᠵᠦ᠂ ᠬᠢᠨᠠᠯᠲᠠ ᠳᠠᠯᠪᠢᠨ᠎ᠠ᠃ | (ᠠᠷᠪᠠᠨ ᠬᠤᠶᠠᠷ)ᠪᠦᠬᠦ ᠠᠶᠢᠮᠠᠭ ᠤᠨ ᠪᠠᠷᠢᠮᠵᠢᠶᠠᠵᠢᠭᠤᠯᠬᠤ ᠠᠵᠢᠯ ᠤᠨ ᠨᠢᠭᠡᠳᠦᠯᠲᠡᠶ ᠬᠠᠮᠢᠶᠠᠷᠣᠯᠳᠠ ᠪᠠ | ᠵᠢᠯᠣᠭᠤᠳᠣᠯᠭ᠎ᠠ ᠶᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠢ ᠬᠠᠮᠵᠢᠨ ᠣᠷᠣᠨ ᠨᠤᠲᠤᠭ ᠤᠨ | ᠪᠠᠷᠢᠮᠵᠢᠶ᠎ᠠ ᠶᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠨ᠎ᠡ᠃ | ᠤᠯᠤᠰ ᠤᠨ ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ᠂ ᠣᠷᠣᠨ ᠨᠤᠲᠤᠭ ᠤᠨ ᠪᠠᠷᠢᠮᠵᠢᠶ᠎ᠠ ᠶᠢ ᠬᠡᠷᠡᠭᠵᠢᠭᠦᠯᠬᠦ | ᠮᠡᠳᠡᠭᠡ ᠵᠠᠩᠭᠢ ᠶᠢ ᠬᠠᠷᠢᠭᠤ ᠲᠤᠰᠬᠠᠬᠤ ᠪᠠ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠦᠷᠨᠢᠬᠦᠯᠦᠨ᠎ᠡ᠃ | ᠪᠦᠯᠬᠦᠮ ᠤᠨ ᠪᠠᠷᠢᠮᠵᠢᠶ᠎ᠠ᠂ ᠠᠵᠤ ᠠᠬᠤᠶᠢᠯᠠᠯ ᠤᠨ ᠪᠠᠷᠢᠮᠵᠢᠶ᠎ᠠ ᠲᠣᠭᠲᠠᠭᠠᠬᠤ ᠠᠵᠢᠯ ᠢ ᠬᠠᠤᠯᠢ ᠶᠣᠰᠣᠭᠠᠷ | ᠵᠣᠬᠢᠴᠠᠭᠤᠯᠤᠨ ᠵᠢᠯᠣᠭᠤᠳᠬᠤ ᠪᠠ ᠬᠢᠨᠠᠯᠲᠠ ᠲᠠᠯᠪᠢᠨ᠎ᠠ᠃ | (ᠠᠷᠪᠠᠨ ᠭᠤᠷᠪᠠ)ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠠᠵᠢᠯ ᠢ ᠨᠢᠭᠡᠳᠦᠯᠲᠡᠶ | ᠬᠠᠮᠢᠶᠠᠷᠬᠤ ᠶᠢ ᠬᠠᠷᠢᠭᠤᠴᠠᠨ᠎ᠠ᠃ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠵᠠᠬ᠎ᠠ ᠳᠡᠯᠭᠡᠭᠦᠷ ᠢ | ᠳᠦᠷᠢᠮᠵᠢᠬᠦᠯᠦᠨ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ ᠪᠠᠶᠢᠴᠠᠭᠠᠨ | ᠰᠢᠯᠭᠠᠵᠤ ᠪᠠᠶᠢᠴᠠᠭᠠᠨ ᠰᠢᠨᠵᠢᠬᠦ ᠠᠵᠢᠯ ᠲᠥᠷᠥᠯ ᠤᠨ ᠬᠥᠭᠵᠢᠯᠲᠡ ᠶᠢ ᠵᠢᠯᠣᠭᠤᠳᠤᠨ ᠵᠣᠬᠢᠴᠠᠭᠤᠯᠤᠨ᠎ᠠ᠃ | (ᠠᠷᠪᠠᠨ ᠳᠦᠷᠪᠡ)ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠪᠥᠬᠦ ᠠᠢᠮᠠᠭ ᠤᠨ | ᠭᠡᠷᠡᠴᠢᠯᠡᠵᠦ ᠵᠥᠪᠰᠢᠶᠡᠷᠡᠬᠦ ᠬᠠᠮᠢᠶ᠎ᠠ ᠪᠦᠬᠦᠢ ᠠᠵᠢᠯ ᠢ ᠨᠢᠭᠡᠳᠦᠯᠲᠡᠶ ᠬᠠᠮᠢᠶᠠᠷᠬᠤ᠂ ᠬᠢᠨᠠᠯᠲᠠ ᠲᠠᠯᠪᠢᠬᠤ ᠪᠠ | ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠬᠤ ᠶᠢᠨ ᠬᠠᠮᠲᠤ ᠬᠠᠮᠢᠶ᠎ᠠ ᠪᠦᠬᠦᠢ ᠭᠡᠷᠡᠴᠢᠯᠡᠵᠦ ᠵᠥᠪᠰᠢᠶᠡᠷᠡᠬᠦ ᠪᠠ | ᠬᠢᠷᠢ ᠲᠡᠩᠴᠡᠬᠦ ᠶᠢ ᠦᠨᠡᠯᠡᠨ ᠲᠣᠭᠲᠠᠭᠠᠵᠤ ᠬᠢᠨᠠᠨ ᠬᠠᠮᠢᠶᠠᠷᠬᠤ ᠬᠠᠮᠢᠶ᠎ᠠ ᠪᠦᠬᠦᠢ ᠠᠵᠢᠯ ᠢ ᠲᠣᠭᠲᠠᠭᠠᠯ ᠶᠣᠰᠣᠭᠠᠷ | ᠡᠭᠦᠷᠭᠡᠯᠡᠨ᠎ᠡ᠃ | (ᠠᠷᠪᠠᠨ ᠲᠠᠪᠤ)ᠪᠦᠬᠦ ᠠᠶᠢᠮᠠᠭ ᠤᠨ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ | ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭᠠᠯᠠᠬᠤ᠂ ᠬᠠᠮᠢᠶᠠᠷᠬᠤ ᠪᠠ ᠦᠢᠯᠡᠴᠢᠯᠡᠬᠦ ᠠᠵᠢᠯ ᠢ ᠬᠠᠷᠢᠭᠤᠴᠠᠨ᠎ᠠ᠃ | ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠣᠷᠣᠨ ᠨᠤᠲᠤᠭ ᠤᠨ | ᠴᠢᠨᠠᠷᠲᠠᠶ ᠬᠤᠯᠪᠣᠭᠳᠠᠯ ᠪᠦᠬᠦᠢ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ | ᠠᠯᠠᠱᠠ ᠠᠶᠢᠮᠠᠭ ᠤᠨ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠪᠠᠶᠢᠯᠳᠤᠬᠤ ᠪᠣᠳᠣᠯᠭ᠎ᠠ ᠪᠣᠯᠤᠨ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠪᠠ ᠵᠣᠬᠢᠶᠠᠨ ᠪᠠᠶᠢᠭᠤᠯᠤᠨ ᠬᠡᠷᠡᠭᠵᠢᠬᠦᠯᠦᠨ᠎ᠡ᠃ | ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠪᠠᠷ ᠠᠶᠢᠮᠠᠭ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ | ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢ ᠬᠠᠮᠠᠭᠠᠯᠠᠬᠤ ᠰᠢᠰᠲ᠋ᠧᠮᠵᠢ ᠶᠢᠨ | ᠪᠠᠶᠢᠭᠤᠯᠤᠯᠲᠠ ᠶᠢᠨ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠬᠡᠷᠡᠭᠯᠡᠯᠲᠡ ᠶᠢ ᠠᠬᠢᠭᠤᠯᠤᠨ᠂ ᠮᠡᠳᠡᠯᠭᠡ ᠶᠢᠨ | ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠬᠠᠮᠠᠭᠠᠯᠠᠯᠲᠠ ᠪᠠ ᠮᠡᠳᠡᠭᠡ ᠵᠠᠩᠭᠢ ᠶᠢᠨ ᠣᠯᠠᠨ ᠨᠡᠶᠢᠲᠡ ᠶᠢᠨ | ᠦᠢᠯᠡᠴᠢᠯᠡᠬᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ | ᠦᠮᠴᠢᠯᠡᠯ ᠤᠨ ᠡᠷᠬᠡ ᠶᠢᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠦᠨ᠎ᠡ᠃ ᠠᠶᠢᠮᠠᠭ | ᠤᠨ ᠮᠡᠳᠡᠯᠭᠡ ᠶᠢᠨ ᠪᠦᠳᠦᠭᠡᠭᠳᠡᠬᠦᠨ ᠤ ᠦᠮᠴᠢᠯᠡᠯ ᠤᠨ ᠡᠷᠬᠡ ᠶᠢᠨ ᠲᠤᠰᠬᠠᠢ ᠲᠦᠷᠦᠯ ᠤᠨ ᠪᠡᠯᠡ ᠮᠥᠩᠭᠦ ᠶᠢ | ᠬᠠᠮᠢᠶᠠᠷᠴᠤ᠂ ᠮᠡᠳᠡᠯᠭᠡ ᠶᠢᠨ ᠪᠦᠳᠦᠭᠡᠭᠳᠡᠬᠦᠨ ᠤ ᠦᠮᠴᠢᠯᠡᠯ ᠤᠨ ᠡᠷᠬᠡ ᠶᠢ ᠤᠯᠠᠷᠢᠭᠤᠯᠬᠤ ᠴᠢᠬᠤᠯᠠ ᠶᠡᠭᠡ ᠲᠥᠷᠥᠯ | ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠳᠡᠯᠭᠡ ᠶᠢᠨ ᠪᠦᠳᠦᠭᠡᠭᠳᠡᠬᠦᠨ ᠤ ᠦᠮᠴᠢᠯᠡᠯ ᠤᠨ ᠡᠷᠬᠡ ᠶᠢ | ᠰᠢᠯᠵᠢᠭᠦᠯᠦᠨ ᠤᠯᠠᠷᠢᠭᠤᠯᠬᠤ ᠶᠢ ᠠᠬᠢᠭᠤᠯᠣᠨ᠎ᠠ᠃ ᠲᠠᠸᠠᠷ ᠤᠨ ᠲᠡᠮᠳᠡᠭ ᠤᠨ ᠲᠤᠰᠬᠠᠶ ᠠᠰᠢᠭ ᠤᠨ ᠬᠠᠤᠯᠢ | ᠬᠡᠷᠡᠭᠵᠢᠭᠦᠯᠬᠦ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠵᠢᠭᠤᠷᠠᠯᠳᠣᠭᠠᠨ ᠢ ᠰᠢᠢᠳᠪᠦᠷᠢᠯᠡᠬᠦ᠂ | ᠡᠷᠬᠡ ᠪᠠᠨ ᠬᠠᠮᠠᠭᠠᠯᠠᠬᠤ ᠳᠤ ᠲᠤᠰᠠᠯᠠᠮᠵᠢ ᠦᠵᠡᠭᠦᠯᠬᠦ ᠪᠠ ᠵᠢᠭᠤᠷᠠᠯᠳᠤᠭᠠᠨ ᠢ ᠡᠶᠡᠳᠡᠬᠦᠯᠦᠨ ᠰᠢᠢᠳᠪᠦᠷᠢᠯᠡᠬᠦ ᠶᠢ | ᠵᠢᠯᠣᠭᠤᠳᠴᠤ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ | ᠡᠷᠬᠡ ᠶᠢᠨ ᠰᠡᠷᠡᠮᠵᠢᠯᠡᠭᠦᠯᠬᠦ ᠪᠠ ᠭᠠᠳᠠᠭᠠᠳᠤ ᠳᠤ ᠬᠤᠯᠪᠣᠭᠳᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ | ᠵᠢᠯᠣᠭᠤᠳᠤᠨ᠎ᠠ᠃ | (ᠠᠷᠪᠠᠨ ᠵᠢᠷᠭᠤᠭ᠎ᠠ) ᠡᠮ ᠤᠨ ᠵᠦᠢᠯ(ᠬᠢᠲᠠᠳ ᠡᠮ᠂ ᠮᠣᠩᠭᠤᠯ ᠡᠮ ᠵᠡᠷᠭᠡ ᠦᠨᠳᠦᠰᠦᠲᠡᠨ ᠤ | ᠡᠮ ᠢ ᠪᠠᠭᠳᠠᠭᠠᠨ᠎ᠠ᠂ ᠳᠣᠣᠷ᠎ᠠ ᠠᠳᠠᠯᠢ)᠂ ᠡᠮᠴᠢᠯᠡᠭᠡᠨ ᠤ ᠪᠠᠭᠠᠵᠢ ᠬᠡᠷᠡᠭᠰᠡᠯ ᠪᠣᠯᠤᠨ ᠵᠠᠰᠠᠯ ᠴᠢᠮᠡᠭ ᠤᠨ ᠡᠳ᠋ ᠤᠨ | ᠠᠮᠣᠷ ᠳᠦᠪᠰᠢᠨ ᠤ ᠬᠢᠨᠠᠨ ᠬᠠᠮᠢᠶᠠᠷᠣᠯᠳᠠ ᠶᠢ ᠬᠠᠷᠢᠭᠤᠴᠠᠨ᠎ᠠ᠃ ᠡᠮ ᠤᠨ ᠵᠦᠢᠯ ᠤᠨ ᠬᠢᠨᠠᠨ ᠬᠠᠮᠢᠶᠠᠷᠤᠯᠲᠠ ᠶᠢᠨ | ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ᠂ | ᠳᠦᠯᠦᠪᠵᠢᠬᠦᠯᠬᠡ ᠪᠠ ᠰᠠᠯᠠᠭ᠎ᠠ ᠮᠥᠴᠢᠷ ᠤᠨ ᠬᠢᠨᠠᠨ ᠬᠠᠮᠢᠶᠠᠷᠤᠯᠲᠠ ᠶᠢᠨ ᠳᠦᠷᠢᠮ ᠤᠨ ᠬᠡᠷᠡᠭᠵᠢᠬᠦᠯᠦᠯᠳᠡ ᠳᠤ | ᠬᠢᠨᠠᠯᠲᠠ ᠳᠠᠯᠪᠢᠨ᠎ᠠ᠃ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠣᠯᠤᠨ ᠵᠠᠰᠠᠯ ᠴᠢᠮᠡᠭ ᠤᠨ ᠡᠳ᠋ ᠤᠨ | ᠰᠢᠨ᠎ᠡ ᠮᠡᠷᠭᠡᠵᠢᠯ ᠰᠢᠨ᠎ᠡ ᠦᠢᠯᠡᠳᠬᠦᠨ ᠢ ᠵᠣᠷᠢᠭᠵᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠵᠠᠰᠠᠯ ᠴᠢᠮᠡᠭ ᠤᠨ ᠡᠳ᠋ ᠤᠨ | ᠣᠨ ᠤ ᠪᠠᠷᠢᠮᠵᠢᠶ᠎ᠠ ᠪᠣᠯᠤᠨ ᠲᠥᠷᠥᠯ ᠬᠤᠪᠢᠶᠠᠨ ᠬᠠᠮᠢᠶᠠᠷᠬᠤ ᠳᠦᠷᠢᠮ ᠤᠨ ᠬᠡᠷᠡᠭᠵᠢᠬᠦᠯᠦᠯᠳᠡ ᠳᠤ ᠬᠢᠨᠠᠯᠲᠠ | ᠳᠠᠯᠪᠢᠨ᠎ᠠ᠃ ᠬᠢᠲᠠᠳ ᠡᠮ᠂ ᠮᠣᠩᠭᠤᠯ ᠡᠮ ᠤᠨ ᠪᠠᠷᠢᠮᠵᠢᠶ᠎ᠠ ᠶᠢᠨ ᠳᠦᠷᠢᠮᠵᠢᠯ ᠤᠨ ᠬᠡᠷᠡᠭᠵᠢᠬᠦᠯᠦᠯᠳᠡ ᠳᠤ ᠬᠢᠨᠠᠯᠲᠠ | ᠳᠠᠯᠪᠢᠨ᠎ᠠ᠃ ᠲᠣᠭᠲᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠦᠢᠯᠭᠡᠭᠡᠨ ᠤ ᠭᠤᠭᠴᠤᠭ᠎ᠠ ᠳᠤ ᠤᠯᠤᠰ ᠤᠨ | ᠦᠨᠳᠦᠰᠦᠨ ᠡᠮ ᠤᠨ ᠳᠦᠷᠢᠮ ᠢ ᠬᠠᠮᠵᠢᠨ ᠬᠡᠷᠡᠭᠵᠢᠭᠦᠯᠦᠨ᠎ᠡ᠃ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ | ᠪᠣᠯᠤᠨ ᠵᠠᠰᠠᠯ ᠴᠢᠮᠡᠭ ᠤᠨ ᠡᠳ᠋ ᠢ ᠵᠢᠵᠢᠭᠯᠡᠨ ᠪᠣᠷᠣᠯᠠᠭᠤᠯᠬᠤ ᠠᠵᠤ ᠠᠬᠤᠶᠢᠯᠠᠯ ᠤᠨ ᠳᠠᠩᠰᠠᠯᠠᠭᠤᠯᠬᠤ ᠪᠠ | ᠵᠥᠪᠰᠢᠶᠡᠷᠡᠬᠦ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠲᠣᠭᠲᠠᠭᠠᠯ ᠶᠣᠰᠣᠭᠠᠷ ᠡᠷᠬᠡ ᠮᠡᠳᠡᠯ ᠤᠨ | ᠬᠡᠪᠴᠢᠶ᠎ᠡ ᠶᠣᠰᠣᠭᠠᠷ ᠬᠠᠷᠢᠭᠤᠴᠠᠨ᠎ᠠ᠃ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠣᠯᠤᠨ ᠵᠠᠰᠠᠯ ᠴᠢᠮᠡᠭ | ᠤᠨ ᠡᠳ᠋ ᠤᠨ ᠳᠠᠩᠰᠠᠯᠠᠭᠤᠯᠬᠤ ᠪᠠ ᠬᠦᠢᠯᠭᠡᠭᠡᠨ ᠤ ᠬᠠᠮᠢᠶᠠᠷᠤᠯᠲᠠ ᠶᠢᠨ ᠳᠦᠷᠢᠮ ᠢ ᠵᠣᠬᠢᠶᠠᠨ ᠪᠠᠶᠢᠭᠤᠯᠤᠨ | ᠨᠠᠶᠢᠳᠠᠪᠤᠷᠢᠵᠢᠭᠤᠯᠤᠨ᠎ᠠ᠃ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠳᠥᠭᠦᠮᠴᠢᠯᠡᠬᠦ ᠠᠷᠭ᠎ᠠ | ᠬᠡᠮᠵᠢᠶ᠎ᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠣᠯᠤᠨ | ᠵᠠᠰᠠᠯ ᠴᠢᠮᠡᠭ ᠤᠨ ᠡᠳ᠋ ᠤᠨ ᠶᠠᠰᠤ ᠴᠢᠨᠠᠷ ᠤᠨ ᠬᠠᠮᠢᠶᠠᠷᠤᠯᠲᠠ ᠶᠢ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ | ᠶᠣᠰᠣᠭᠠᠷ ᠬᠠᠷᠢᠭᠤᠴᠠᠨ᠎ᠠ᠃ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠣᠯᠤᠨ ᠵᠠᠰᠠᠯ ᠴᠢᠮᠡᠭ ᠤᠨ | ᠡᠳ᠋ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮᠵᠢᠯ ᠤᠨ ᠬᠡᠷᠡᠭᠵᠢᠬᠦᠯᠦᠯᠳᠡ ᠳᠤ ᠬᠢᠨᠠᠯᠲᠠ ᠳᠠᠯᠪᠢᠵᠦ᠂ | ᠡᠵᠡᠩᠨᠡᠯᠳᠡ᠂ ᠶᠠᠰᠣ ᠴᠢᠨᠠᠷ ᠤᠨ ᠬᠠᠮᠢᠶᠠᠷᠤᠯᠲᠠ ᠶᠢᠨ ᠳᠦᠷᠢᠮᠵᠢᠯ ᠤᠨ ᠬᠡᠷᠡᠭᠯᠡᠯᠳᠡ᠂ ᠡᠵᠡᠩᠨᠡᠯᠳᠡ ᠶᠢᠨ | ᠬᠡᠷᠡᠭᠵᠢᠬᠦᠯᠦᠯᠳᠡ ᠳᠤ ᠬᠢᠨᠠᠯᠲᠠ ᠳᠠᠯᠪᠢᠬᠤ ᠶᠢ ᠵᠣᠬᠢᠶᠠᠨ ᠪᠠᠶᠢᠭᠤᠯᠣᠨ᠎ᠠ᠃ ᠡᠮ ᠤᠨ ᠵᠦᠢᠯ᠂ ᠵᠠᠰᠠᠯ ᠴᠢᠮᠡᠭ ᠤᠨ | ᠡᠳ᠋ ᠤᠨ ᠨᠠᠵᠠᠭᠠᠢ ᠲᠤᠰᠬᠠᠯ ᠪᠣᠯᠤᠨ ᠡᠮᠴᠢᠯᠡᠭᠡᠨ ᠤ ᠪᠠᠭᠠᠵᠢ ᠬᠡᠷᠡᠭᠰᠡᠯ ᠤᠨ ᠨᠠᠵᠠᠭᠠᠢ ᠬᠡᠷᠡᠭ ᠢ ᠬᠢᠨᠠᠨ ᠰᠢᠯᠭᠠᠬᠤ᠂ | ᠦᠨᠡᠯᠡᠬᠦ ᠪᠠ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠡᠮ ᠤᠨ ᠵᠦᠢᠯ᠂ ᠡᠮᠴᠢᠯᠡᠭᠡᠨ ᠤ | ᠪᠠᠭᠠᠵᠢ ᠬᠡᠷᠡᠭᠰᠡᠯ ᠪᠣᠯᠤᠨ ᠵᠠᠰᠠᠯ ᠴᠢᠮᠡᠭ ᠤᠨ ᠡᠳ᠋ ᠤᠨ ᠠᠮᠣᠷ ᠳᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ ᠡᠭᠦᠷᠭᠡᠯᠡᠨ᠎ᠡ᠃ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ | ᠪᠣᠯᠤᠨ ᠵᠠᠰᠠᠯ ᠴᠢᠮᠡᠭ ᠤᠨ ᠡᠳ᠋ ᠤᠨ ᠬᠢᠨᠠᠨ ᠪᠠᠶᠢᠴᠠᠭᠠᠯᠲᠠ ᠶᠢ ᠬᠠᠷᠢᠭᠤᠴᠠᠵᠤ᠂ ᠪᠠᠶᠢᠴᠠᠭᠠᠬᠤ᠂ ᠬᠢᠨᠠᠨ ᠪᠠᠶᠢᠴᠠᠭᠠᠬᠤ᠂ | ᠮᠥᠷᠳᠡᠨ ᠪᠠᠶᠢᠴᠠᠭᠠᠬᠤ ᠳᠦᠷᠢᠮ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠬᠡᠷᠡᠭᠵᠢᠭᠦᠯᠵᠦ᠂ ᠶᠠᠰᠤ ᠴᠢᠨᠠᠷ ᠤᠨ | ᠠᠯᠪᠠᠨ ᠵᠠᠷᠯᠠᠯ ᠢ ᠨᠡᠶᠢᠲᠡᠯᠡᠵᠦ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠭᠦᠷᠭᠡ ᠬᠠᠷᠢᠭᠤᠴᠠᠯᠭ᠎ᠠ ᠶᠢᠨ | ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠠ ᠣᠷᠣᠨ | ᠪᠦᠰᠡ ᠠᠯᠣᠰᠯᠠᠭᠰᠠᠨ ᠬᠠᠤᠯᠢ ᠬᠡᠷᠡᠭᠵᠢᠬᠦᠯᠦᠯᠳᠡ ᠶᠢᠨ ᠵᠣᠬᠢᠶᠠᠨ ᠪᠠᠶᠢᠭᠤᠯᠤᠨ ᠵᠣᠬᠢᠴᠠᠭᠤᠯᠬᠤ ᠠᠵᠢᠯ ᠢ | ᠬᠠᠷᠢᠭᠤᠴᠠᠨ᠎ᠠ᠃ ᠳᠣᠬᠠᠶᠢᠯᠠᠭᠰᠠᠨ ᠠᠵᠢᠯ ᠤᠨ ᠡᠮ ᠨᠠᠶᠢᠷᠠᠭᠴᠢ ᠶᠢᠨ ᠬᠢᠷᠢ ᠭᠡᠮ ᠤᠨ ᠬᠠᠮᠢᠶᠠᠷᠤᠯᠲᠠ ᠶᠢᠨ ᠳᠦᠷᠢᠮ ᠢ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮ ᠤᠨ ᠤᠬᠠᠭᠠᠨ ᠵᠡᠷᠭᠡ ᠬᠠᠮᠢᠶ᠎ᠠ ᠪᠦᠬᠦᠢ ᠲᠤᠰᠬᠠᠶ ᠮᠡᠷᠭᠡᠵᠢᠯ ᠤᠨ ᠴᠣᠯᠠ | ᠶᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠠᠵᠢᠯ ᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠡᠭᠦᠷᠭᠡᠯᠡᠨ᠎ᠡ᠃ | (ᠠᠷᠪᠠᠨ ᠳᠣᠯᠤᠭ᠎ᠠ)ᠡᠯ᠎ᠡ ᠬᠤᠰᠢᠭᠤ ᠣᠷᠣᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ | ᠰᠠᠯᠠᠭ᠎ᠠ ᠮᠥᠴᠢᠷ ᠢ ᠵᠢᠯᠣᠭᠤᠳᠤᠨ ᠵᠢᠵᠢᠭ ᠪᠢᠴᠢᠯ ᠠᠵᠤ ᠠᠬᠤᠶᠢᠯᠠᠯ᠂ ᠦᠢᠯᠡᠳᠪᠦᠷᠢ ᠬᠤᠳᠠᠯᠳᠤᠭᠠᠨ ᠤ ᠬᠤᠪᠢ | ᠡᠷᠦᠬᠡ᠂ ᠲᠤᠰᠬᠠᠶ ᠵᠠᠬ᠎ᠠ ᠳᠡᠯᠭᠡᠭᠦᠷ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠨ᠎ᠡ᠃ ᠡᠯ᠎ᠡ ᠬᠤᠰᠢᠭᠤ | ᠣᠷᠣᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠡᠪᠯᠡᠯ ᠤᠨ | ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ | (ᠠᠷᠪᠠᠨ ᠨᠠᠢᠮᠠ )ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ | ᠪᠣᠯᠤᠨ ᠮᠡᠳᠡᠭᠡ ᠵᠠᠩᠬᠢᠴᠢᠯᠠᠯᠳᠠ ᠶᠢᠨ ᠪᠠᠶᠢᠭᠤᠯᠤᠯᠲᠠ᠂ ᠰᠣᠨᠢᠨ ᠮᠡᠳᠡᠭᠡ ᠤᠬᠠᠭᠤᠯᠭ᠎ᠠ ᠵᠡᠷᠭᠡ ᠠᠵᠢᠯ ᠢ | ᠬᠠᠷᠢᠭᠤᠴᠠᠨ᠎ᠠ᠃ | (ᠠᠷᠪᠠ ᠶᠢᠰᠦ) ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ | (ᠬᠤᠷᠢ)ᠡᠭᠦᠷᠭᠡ ᠴᠢᠳᠠᠪᠤᠷᠢ ᠶᠢᠨ ᠬᠤᠪᠢᠷᠠᠭᠤᠯᠣᠯᠳᠠ᠃ | 1. ᠶᠠᠰᠤ ᠴᠢᠨᠠᠷ ᠤᠨ ᠳᠡᠭᠡᠭᠰᠢᠯᠡᠯᠲᠡ ᠶᠢ ᠶᠡᠬᠡᠪᠡᠷ ᠲᠦᠯᠬᠢᠨ ᠠᠬᠢᠭᠤᠯᠤᠨ᠎ᠠ᠃ ᠶᠠᠰᠤ ᠴᠢᠨᠠᠷ ᠤᠨ ᠪᠥᠬᠦ | ᠲᠠᠯ᠎ᠠ ᠶᠢᠨ ᠬᠠᠮᠢᠶᠠᠷᠤᠯᠲᠠ ᠪᠠ ᠶᠠᠰᠤ ᠴᠢᠨᠠᠷ ᠤᠨ ᠰᠠᠭᠤᠷᠢ ᠳᠦᠭᠦᠭᠡᠷᠦᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠶᠠᠰᠤ ᠴᠢᠨᠠᠷ ᠤᠨ ᠤᠷᠮᠠᠰᠢᠭᠤᠯᠬᠤ ᠳᠦᠷᠢᠮ ᠢ ᠲᠡᠭᠦᠯᠳᠡᠷᠵᠢᠭᠦᠯᠦᠨ᠂ ᠨᠡᠷᠡᠲᠦ ᠲᠡᠮᠳᠡᠭᠲᠦ ᠶᠢᠨ | ᠪᠠᠶᠢᠭᠤᠯᠤᠯᠲᠠ ᠶᠢ ᠠᠬᠢᠭᠤᠯᠤᠨ᠎ᠠ᠃ ᠠᠵᠤ ᠠᠬᠤᠶᠢᠯᠠᠯ ᠤᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ | ᠠᠳᠠᠯ ᠬᠡᠷᠡᠭ ᠢ ᠠᠯᠪᠠᠳᠠᠯᠭ᠎ᠠ ᠪᠠᠷ ᠮᠡᠳᠡᠭᠦᠯᠬᠦ ᠳᠦᠷᠢᠮ ᠵᠢᠴᠢ ᠡᠵᠡᠩᠨᠡᠭᠴᠢ ᠳᠤ ᠳᠦᠷᠦᠬᠦᠦ ᠬᠠᠷᠢᠭᠤᠴᠠᠯᠭ᠎ᠠ | ᠳᠣᠯᠭᠠᠬᠤ ᠪᠠ ᠲᠥᠯᠥᠪᠦᠷᠢ ᠶᠢ ᠤᠷᠢᠳᠠᠪᠠᠷ ᠥᠭᠬᠦ ᠳᠦᠷᠢᠮ ᠢ ᠨᠠᠶᠢᠳᠠᠪᠣᠷᠢᠵᠢᠭᠤᠯᠵᠦ᠂ ᠭᠤᠷᠪᠠᠳᠠᠬᠢ ᠡᠲᠡᠭᠡᠳ ᠤᠨ | ᠶᠠᠰᠤ ᠴᠢᠨᠠᠷ ᠤᠨ ᠦᠨᠡᠯᠡᠯᠲᠡ ᠳᠤ ᠰᠢᠨ᠎ᠡ ᠶᠢ ᠡᠭᠦᠳᠴᠦ᠂ ᠦᠢᠯᠡᠳᠪᠦᠷᠢᠯᠡᠨ ᠡᠵᠡᠩᠨᠡᠭᠴᠢ ᠶᠢᠨ ᠭᠤᠤᠯ | ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ᠂ ᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠠᠷᠭ᠎ᠠ ᠶᠢ | ᠳᠡᠯᠭᠡᠷᠡᠭᠦᠯᠦᠨ᠎ᠡ᠃ ᠠᠵᠤ ᠠᠬᠤᠶᠢᠯᠠᠯ ᠤᠨ ᠦᠢᠯᠡᠳᠬᠦᠨ ᠬᠢᠭᠡᠳ ᠦᠢᠯᠡᠴᠢᠯᠡᠭᠡᠨ ᠤ ᠪᠠᠷᠢᠮᠵᠢᠶ᠎ᠠ ᠶᠢᠨ ᠥᠪᠡᠷ ᠤᠨ | ᠢᠯᠡᠷᠬᠡᠶᠢᠯᠡᠯᠳᠡ ᠶᠢ ᠢᠯᠡ ᠪᠠᠶᠢᠯᠭᠠᠬᠤ ᠪᠠ ᠬᠢᠨᠠᠯᠳᠠ ᠳᠠᠯᠪᠢᠬᠤ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ | ᠲᠡᠷᠢᠭᠦᠨ ᠤ ᠮᠡᠷᠭᠡᠵᠢᠯ ᠪᠦᠬᠦᠢ ᠪᠦᠯᠬᠦᠮ ᠤᠨ ᠪᠠᠷᠢᠮᠵᠢᠶ᠎ᠠ ᠶᠢ ᠪᠤᠶᠢᠵᠢᠭᠤᠯᠤᠨ ᠬᠥᠭᠵᠢᠭᠦᠯᠵᠦ᠂ | ᠪᠠᠷᠢᠮᠵᠢᠶᠠᠵᠢᠭᠤᠯᠣᠯᠳᠠ ᠶᠠᠰᠤ ᠴᠢᠨᠠᠷ ᠢᠶᠠᠷ ᠠᠶᠢᠮᠠᠭ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ ᠠᠬᠢᠭᠤᠯᠤᠨ᠎ᠠ᠃ | 2. ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠭᠦᠨᠵᠡᠭᠡᠶ ᠲᠦᠯᠬᠢᠨ ᠠᠬᠢᠭᠤᠯᠣᠨ᠎ᠠ᠃ | ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ | ᠨᠡᠷᠡᠶᠢᠳᠦᠯ ᠢ ᠬᠠᠷᠭᠤᠭᠤᠯᠤᠨ ᠵᠥᠪᠰᠢᠶᠡᠷᠡᠬᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠠᠴᠠ ᠤᠬᠤᠷᠢᠨ ᠭᠠᠷᠬᠤ | ᠵᠡᠷᠭᠡ ᠳᠦᠷᠢᠮ ᠢ ᠥᠭᠡᠷᠡᠴᠢᠯᠡᠵᠦ᠂ ︽ᠬᠡᠷᠡᠴᠢ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ︽ ᠬᠡᠷᠡᠴᠢ ᠣᠯᠭᠤᠭᠰᠠᠨ ᠤ ᠳᠠᠷᠠᠭ᠎ᠠ ᠦᠨᠡᠮᠯᠡᠯ ᠢ ᠨᠢ ᠬᠠᠰᠤᠬᠤ︾ ᠶᠢ ᠲᠦᠯᠬᠢᠨ ᠠᠬᠢᠭᠤᠯᠵᠤ᠂ ᠠᠵᠤ ᠠᠬᠤᠶᠢᠯᠠᠯ | ᠨᠡᠭᠡᠭᠡᠨ ᠡᠷᠬᠢᠯᠡᠬᠦ ᠴᠠᠭ ᠢ ᠪᠣᠭᠤᠰᠢᠰᠬᠠᠨᠠ᠃ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠪᠠᠶᠢᠭᠤᠯᠤᠮᠵᠢ ᠶᠢᠨ | ᠵᠠᠬ᠎ᠠ ᠳᠡᠯᠭᠡᠭᠦᠷᠴᠢᠯᠡᠭᠰᠡᠨ ᠨᠡᠶᠢᠭᠡᠮᠴᠢᠯᠡᠭᠰᠡᠨ ᠥᠭᠡᠷᠡᠴᠢᠯᠡᠯᠲᠡ ᠶᠢ ᠲᠦᠷᠭᠡᠳᠬᠡᠨ᠎ᠡ᠃ ᠥᠪᠡᠷᠲᠡᠭᠡᠨ ᠵᠠᠰᠠᠬᠤ | ᠣᠷᠣᠨ ᠤ ᠠᠳᠠᠯᠢᠳᠬᠠᠨ ᠰᠢᠯᠭᠠᠷᠠᠭᠤᠯᠵᠤ ᠪᠠᠷᠢᠮᠵᠢᠶ᠎ᠠ ᠳᠤ ᠬᠦᠷᠦᠭᠦᠯᠬᠦ᠂ ᠦᠨᠡᠯᠡᠨ ᠲᠣᠭᠲᠠᠭᠠᠵᠤ ᠱᠠᠩᠨᠠᠬᠤ᠂ | ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠵᠡᠷᠭᠡ ᠠᠵᠢᠯᠯᠠᠭ᠎ᠠ ᠶᠢ ᠪᠠᠭᠠᠰᠬᠠᠬᠤ ᠶᠢ ᠲᠤᠤᠱᠯᠠᠭᠤᠯᠤᠨ | ᠨᠠᠶᠢᠳᠠᠪᠣᠷᠢᠵᠢᠭᠤᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠪᠠᠭᠠᠰᠬᠠᠨ᠂ ᠠᠵᠤ | ᠦᠢᠯᠡᠳᠪᠦᠷᠢ ᠶᠢᠨ ᠦᠢᠯᠡᠳᠬᠦᠨ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠢ ᠶᠡᠭᠡ ᠬᠡᠮᠵᠢᠶ᠎ᠡ ᠪᠠᠷ ᠪᠠᠭᠠᠰᠬᠠᠬᠤ | ᠠᠵᠢᠯ ᠤᠨ ᠱᠠᠭᠠᠷᠳᠠᠯᠭ᠎ᠠ ᠶᠢ ᠳᠣᠣᠱᠯᠠᠭᠤᠯᠣᠨ ᠨᠠᠶᠢᠳᠠᠪᠣᠷᠢᠵᠢᠭᠤᠯᠵᠦ᠂ ᠡᠵᠡᠩᠨᠡᠨ ᠠᠷᠠᠯᠵᠢᠶᠠᠯᠠᠬᠤ ᠣᠷᠴᠢᠨ | ᠨᠥᠬᠦᠴᠡᠯ ᠢ ᠰᠢᠯᠢᠳᠡᠭᠵᠢᠭᠦᠯᠬᠦ ᠶᠢ ᠠᠬᠢᠭᠤᠯᠤᠨ᠎ᠠ᠃ | 3. ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠬᠢᠨᠠᠨ ᠬᠠᠮᠢᠶᠠᠷᠬᠤ ᠬᠠᠷᠢᠭᠤᠴᠠᠯᠭ᠎ᠠ ᠶᠢ | ᠪᠦᠬᠦ ᠲᠠᠯ᠎ᠠ ᠪᠠᠷ ᠨᠠᠶᠢᠳᠠᠪᠣᠷᠢᠵᠢᠭᠤᠯᠵᠦ᠂ ︽ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠨ | ᠬᠠᠮᠢᠶᠠᠷᠤᠯᠲᠠ᠂ ᠬᠠᠮᠤᠭ ᠤᠨ ᠴᠢᠩᠭ᠎ᠠ ᠲᠣᠷᠭᠠᠭᠤᠯᠢ᠂ ᠬᠠᠮᠤᠭ ᠤᠨ ᠴᠢᠩᠭ᠎ᠠ ᠬᠠᠷᠢᠭᠤᠴᠠᠯᠭ᠎ᠠ ᠳᠣᠯᠭᠠᠬᠤ︾ | ᠱᠠᠭᠠᠷᠳᠠᠯᠭ᠎ᠠ ᠶᠢ ᠵᠢᠷᠤᠮᠯᠠᠨ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ᠂ ᠠᠵᠤ ᠦᠢᠯᠡᠳᠪᠦᠷᠢ ᠶᠢᠨ | ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ᠂ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ | ᠲᠦᠪᠰᠢᠨ ᠤ ᠬᠢᠨᠠᠨ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠵᠤ᠂ ᠬᠢᠨᠠᠨ ᠬᠠᠮᠢᠶᠠᠷᠣᠯᠳᠠ ᠶᠢᠨ | ᠰᠢᠰᠲ᠋ᠧᠮᠵᠢ ᠶᠢ ᠲᠡᠭᠦᠯᠳᠡᠷᠵᠢᠭᠦᠯᠦᠨ᠂ ᠬᠢᠨᠠᠨ ᠬᠠᠮᠢᠶᠠᠷᠣᠯᠳᠠ ᠶᠢᠨ ᠡᠩᠨᠡᠭᠡ ᠶᠢᠨ ᠠᠵᠢᠯ ᠮᠡᠷᠭᠡᠵᠢᠯ ᠤᠨ ᠬᠢᠷᠢ | ᠬᠡᠮᠵᠢᠶ᠎ᠡ ᠶᠢ ᠳᠡᠭᠡᠭᠰᠢᠯᠡᠭᠦᠯᠵᠦ᠂ ᠲᠤᠬᠠᠶ ᠶᠢᠨ ᠲᠠᠯᠠᠪᠠᠢ ᠶᠢᠨ ᠪᠠᠶᠢᠴᠠᠭᠠᠯᠲᠠ ᠶᠢ ᠴᠢᠩᠭᠠᠷᠠᠭᠤᠯᠤᠨ᠂ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠰᠢᠳᠬᠡᠵᠦ᠂ ᠰᠢᠰᠲ᠋ᠧᠮ ᠤᠨ ᠴᠢᠨᠠᠷᠲᠠᠶ | ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠵᠦ᠂ ᠠᠷᠠᠳ ᠣᠯᠠᠨ ᠤ ᠰᠠᠨᠠᠭ᠎ᠠ ᠠᠮᠤᠷ ᠬᠤᠳᠠᠯᠳᠤᠨ ᠠᠪᠴᠤ᠂ ᠰᠠᠨᠠᠭ᠎ᠠ | ᠠᠮᠤᠷ ᠬᠡᠷᠡᠭᠯᠡᠵᠦ᠂ ᠰᠠᠨᠠᠭ᠎ᠠ ᠠᠮᠤᠷ ᠢᠳᠡᠵᠦ᠂ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠠᠮᠤᠷ | ᠲᠦᠪᠰᠢᠨ ᠪᠥᠭᠡᠳ ᠪᠦᠲᠦᠮᠵᠢᠲᠡᠶ ᠪᠠᠶᠢᠬᠤ ᠶᠢ ᠪᠠᠲᠤᠯᠠᠨ᠎ᠠ᠃ | 4. ᠬᠡᠷᠡᠭ ᠤᠨ ᠳᠤᠮᠳᠠᠬᠢ ᠪᠠ ᠬᠡᠷᠡᠭ ᠤᠨ ᠳᠠᠷᠠᠭᠠᠬᠢ ᠬᠢᠨᠠᠨ ᠬᠠᠮᠢᠶᠠᠷᠤᠯᠲᠠ ᠶᠢ ᠴᠢᠩᠭᠠᠳᠬᠠᠨ᠎ᠠ᠃ | ᠨᠢᠭᠡᠳᠦᠯᠲᠡᠶ ᠵᠠᠬ᠎ᠠ ᠳᠡᠯᠭᠡᠭᠦᠷ ᠪᠠ ᠭᠤᠤᠯᠴᠢ ᠥᠷᠢᠰᠥᠯᠳᠦᠭᠡᠨ ᠢ ᠬᠠᠷᠰᠢᠯᠠᠭᠰᠠᠨ ᠡᠯ᠎ᠡ ᠵᠦᠢᠯ ᠤᠨ ᠲᠣᠭᠲᠠᠭᠠᠯ ᠪᠠ | ᠠᠷᠭ᠎ᠠ ᠬᠢᠳᠡᠯ ᠢ ᠳᠦᠷᠭᠡᠨ ᠴᠡᠪᠡᠷᠯᠡᠨ ᠬᠦᠴᠦᠨ ᠦᠭᠡᠢ ᠪᠣᠯᠭᠠᠵᠤ᠂ ᠭᠠᠭᠴᠠᠭᠠᠷ ᠡᠵᠡᠮᠰᠢᠯ ᠢ ᠡᠰᠡᠷᠭᠦᠴᠡᠬᠦ᠂ ᠵᠦᠢ | ᠶᠣᠰᠣᠨ ᠤ ᠪᠣᠰᠣ ᠦᠷᠢᠰᠦᠯᠳᠦᠬᠡᠨ ᠢ ᠡᠰᠡᠷᠭᠦᠴᠡᠬᠦ ᠨᠢᠭᠡᠳᠦᠯᠲᠡᠶ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠨ᠎ᠠ᠃ | ᠪᠠᠷᠢᠮᠵᠢᠶ᠎ᠠ ᠶᠢ ᠦᠨᠳᠦᠰᠦᠯᠡᠨ ᠬᠢᠨᠠᠨ ᠬᠠᠮᠢᠶᠠᠷᠬᠤ ᠶᠢ ᠴᠢᠩᠭᠠᠳᠬᠠᠵᠤ᠂ ᠲᠦᠭᠰᠢᠭᠦᠷᠢ ᠶᠢᠨ ᠬᠠᠮᠢᠶᠠᠷᠤᠯᠲᠠ ᠶᠢ | ᠴᠢᠩᠭᠠᠷᠠᠭᠤᠯᠤᠨ᠂ ︽ᠬᠤᠶᠠᠷ ᠢ ᠳᠣᠬᠢᠶᠠᠯᠳᠣᠭᠤᠯ ᠢᠶᠠᠷ᠂ ᠨᠢᠭᠡ ᠶᠢ ᠢᠯᠡ ᠪᠠᠶᠢᠯᠭᠠᠬᠤ︾ ᠪᠠ ︽ᠢᠨᠲ᠋ᠧᠷ | ᠰᠦᠯᠵᠢᠶ᠎ᠡ + ᠬᠢᠨᠠᠨ ᠬᠠᠮᠢᠶᠠᠷᠣᠯᠳᠠ︾ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠢᠨᠠᠨ ᠬᠠᠮᠢᠶᠠᠷᠤᠯᠲᠠ ᠶᠢᠨ ᠮᠡᠳᠡᠭᠡ | ᠵᠠᠩᠭᠢ ᠶᠢ ᠬᠠᠮᠲᠤᠪᠠᠷ ᠬᠤᠪᠢᠶᠠᠯᠴᠠᠬᠤ ᠶᠢ ᠲᠦᠷᠭᠡᠳᠬᠡᠨ ᠠᠬᠢᠭᠤᠯᠵᠤ᠂ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠪᠠᠷ | ᠠᠷᠭ᠎ᠠ ᠪᠠᠷᠢᠯ ᠪᠣᠯᠭᠠᠭᠰᠠᠨ᠂ ᠢᠲᠡᠭᠡᠮᠵᠢ ᠶᠢᠨ ᠬᠢᠨᠠᠨ ᠬᠠᠮᠢᠶᠠᠷᠤᠯᠲᠠ ᠪᠠᠷ ᠭᠤᠤᠯ ᠪᠣᠯᠭᠠᠭᠰᠠᠨ ᠰᠢᠨ᠎ᠡ ᠬᠡᠯᠪᠡᠷᠢ ᠶᠢᠨ | ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ᠡᠮ ᠤᠨ ᠵᠦᠢᠯ᠂ ᠡᠮᠴᠢᠯᠡᠭᠡᠨ ᠤ | ᠪᠠᠭᠠᠵᠢ ᠬᠡᠷᠡᠭᠰᠡᠯ ᠤᠨ ᠠᠮᠢ ᠨᠠᠰᠤᠨ ᠤ ᠪᠥᠬᠦ ᠦᠶᠡᠯᠡᠯ ᠤᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠣᠷᠢᠵᠢᠭᠤᠯᠵᠦ᠂ | ᠪᠥᠬᠦ ᠶᠠᠪᠤᠴᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢᠨ ᠬᠠᠮᠢᠶᠠᠷᠤᠯᠲᠠ ᠶᠢ ᠬᠡᠷᠡᠭᠵᠢᠭᠦᠯᠦᠨ᠂ | ᠬᠢᠨᠠᠨ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠰᠢᠨᠡᠴᠢᠯᠡᠵᠦ᠂ ᠢᠲᠡᠭᠡᠮᠵᠢ ᠶᠢᠨ ᠬᠢᠨᠠᠨ ᠬᠠᠮᠢᠶᠠᠷᠤᠯᠲᠠ ᠶᠢ | ᠴᠢᠩᠭᠠᠳᠬᠠᠨ᠂ ᠬᠢᠨᠠᠨ ᠬᠠᠮᠢᠶᠠᠷᠤᠯᠲᠠ ᠶᠢᠨ ᠦᠷ᠎ᠡ ᠪᠦᠳᠦᠮᠵᠢ ᠶᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ | ᠣᠯᠠᠨ ᠨᠡᠶᠢᠲᠡ ᠶᠢᠨ ᠬᠡᠷᠡᠭᠯᠡᠬᠦ ᠡᠮ ᠬᠡᠷᠡᠭᠯᠡᠬᠦ ᠪᠠᠭᠠᠵᠢ ᠬᠡᠷᠡᠭᠰᠡᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ | 5. ᠦᠢᠯᠡᠴᠢᠯᠡᠬᠡᠨ ᠤ ᠬᠢᠷᠢ ᠳᠦᠪᠰᠢᠨ ᠢ ᠳᠡᠭᠡᠭᠰᠢᠯᠡᠭᠦᠯᠦᠨ᠎ᠡ᠃ ᠬᠡᠷᠡᠭᠯᠡᠭᠴᠢᠳ ᠤᠨ ᠵᠠᠭᠠᠯᠳᠤᠯᠭ᠎ᠠ᠂ ᠶᠠᠰᠤ | ᠴᠢᠨᠠᠷ ᠲᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ᠂ ᠢᠳᠡᠭᠡᠨ ᠪᠠ ᠡᠮ ᠤᠨ ᠵᠦᠢᠯ ᠤᠨ ᠵᠠᠭᠠᠯᠳᠤᠯᠭ᠎ᠠ᠂ | ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠵᠠᠭᠠᠯᠳᠤᠯᠭ᠎ᠠ᠂ ᠦᠨ᠎ᠡ ᠬᠠᠩᠰᠢ ᠶᠢᠨ ᠢᠯᠡᠴᠢᠯᠡᠨ | ᠮᠡᠳᠡᠭᠦᠯᠬᠦ ᠲᠤᠰᠬᠠᠶ ᠱᠤᠭᠤᠮ ᠢ ᠡᠮᠬᠢᠯᠡᠨ ᠨᠡᠶᠢᠯᠡᠭᠦᠯᠬᠦ ᠶᠢ ᠲᠦᠷᠭᠡᠳᠬᠡᠨ᠎ᠡ᠃ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠵᠥᠪᠰᠢᠶᠡᠷᠡᠨ ᠣᠷᠣᠭᠤᠯᠬᠤ ᠠᠴᠠ ᠤᠬᠤᠷᠢᠨ ᠭᠠᠷᠬᠤ ᠪᠦᠬᠦ ᠶᠠᠪᠤᠴᠠ ᠶᠢ ᠳᠥᠭᠦᠮ ᠳᠥᠲᠡ | ᠪᠣᠯᠭᠠᠬᠤ ᠶᠢ ᠠᠬᠢᠭᠤᠯᠵᠤ᠂ ᠰᠢᠨ᠎ᠡ ᠮᠡᠷᠭᠡᠵᠢᠯ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ | ᠰᠢᠨ᠎ᠡ ᠵᠠᠭᠪᠤᠷ ᠤᠨ ᠬᠥᠭᠵᠢᠯᠲᠡ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠲᠣᠮᠣ ᠳ᠋ᠠᠶᠢᠲ᠋ᠠ ᠶᠢ ᠬᠡᠷᠡᠭᠯᠡᠨ | ᠵᠠᠬ᠎ᠠ ᠳᠡᠯᠭᠡᠭᠦᠷ ᠤᠨ ᠭᠤᠤᠯ ᠴᠣᠭᠴᠠ ᠳᠤ ᠦᠢᠯᠡᠴᠢᠯᠡᠬᠦ ᠶᠢ ᠴᠢᠩᠭᠠᠳᠬᠠᠵᠤ᠂ ᠦᠢᠯᠡᠳᠪᠦᠷᠢ ᠬᠤᠳᠠᠯᠳᠤᠭᠠᠨ ᠤ | ᠬᠤᠪᠢ ᠡᠷᠦᠬᠡ᠂ ᠬᠤᠪᠢ ᠶᠢᠨ ᠡᠵᠡᠩᠨᠡᠯᠳᠡ ᠶᠢᠨ ᠠᠵᠦ ᠠᠬᠤᠶᠢᠯᠠᠯ ᠪᠠ ᠶᠠᠪᠣᠳᠠᠯ ᠬᠦᠢᠴᠡᠳᠭᠡᠭᠴᠢ ᠣᠯᠠᠨ | ᠲᠦᠮᠡᠨ ᠳᠤ ᠢᠳᠡᠪᠬᠢᠲᠡᠢ ᠦᠢᠯᠡᠴᠢᠯᠡᠵᠦ᠂ ᠪᠥᠬᠦᠳᠡ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠮᠡᠨ | ᠣᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃ | 6. ᠡᠬᠢ ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠴᠤᠪᠤᠷᠠᠯ ᠢ ᠰᠢᠯᠢᠳᠡᠭᠵᠢᠭᠦᠯᠦᠨ᠂ | ᠮᠡᠳᠡᠭᠡ ᠵᠠᠩᠬᠢᠴᠢᠯᠠᠯᠳᠠ ᠶᠢᠨ ᠠᠷᠭ᠎ᠠ ᠪᠠᠷᠢᠯ ᠢ ᠪᠦᠲᠦᠮᠵᠢᠲᠡᠶ ᠠᠰᠢᠭᠯᠠᠨ᠎ᠠ᠃ ᠮᠡᠳᠡᠯᠭᠡ ᠶᠢᠨ ᠪᠦᠲᠦᠭᠡᠭᠳᠡᠬᠦᠨ ᠤ | ᠦᠮᠴᠢᠯᠡᠯ ᠤᠨ ᠡᠷᠬᠡ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠬᠡᠨ ᠤ ᠲᠠᠪᠴᠠᠩ ᠤᠨ | ᠬᠡᠷᠡᠭᠯᠡᠭᠡᠨ ᠤ ᠬᠠᠮᠢᠶᠠᠷᠤᠯᠲᠠ ᠶᠢ ᠠᠬᠢᠭᠤᠯᠵᠤ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠳᠤ ᠳᠥᠭᠦᠮ | ᠳᠥᠲᠡ ᠡᠷᠢᠵᠦ ᠬᠠᠶᠢᠬᠤ ᠠᠰᠠᠭᠤᠨ ᠯᠠᠪᠯᠠᠬᠤ ᠵᠡᠷᠭᠡ ᠦᠢᠯᠡᠴᠢᠯᠡᠭᠡ ᠬᠠᠩᠭᠠᠵᠤ᠂ ᠮᠡᠳᠡᠭᠡ ᠵᠠᠩᠭᠢ ᠶᠢ ᠦᠨ᠎ᠡ | ᠳᠦᠯᠦᠪᠦᠷᠢ ᠦᠬᠡᠢ ᠪᠠᠷ ᠬᠠᠩᠭᠠᠬᠤ ᠪᠤᠶᠤ ᠳᠣᠤᠷ᠎ᠠ ᠥᠪᠡᠷ ᠤᠨ ᠥᠷᠲᠡᠭ ᠲᠠᠢ ᠨᠡᠬᠡᠬᠡᠯᠳᠡ ᠬᠢᠬᠦ ᠶᠢ ᠪᠡᠶᠡᠯᠡᠭᠦᠯᠵᠦ᠂ | ᠪᠥᠬᠦ ᠨᠡᠶᠢᠭᠡᠮ ᠤᠨ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢ ᠬᠠᠮᠠᠭᠠᠯᠠᠬᠤ ᠪᠠ ᠲᠦᠭᠰᠢᠭᠦᠷᠢ ᠶᠢ | ᠰᠡᠷᠭᠡᠶᠢᠯᠡᠬᠦ ᠤᠬᠠᠮᠰᠠᠷ ᠢ ᠳᠡᠬᠡᠭᠰᠢᠯᠡᠬᠦᠯᠦᠨ᠎ᠡ᠃ ᠲᠠᠸᠠᠷ ᠤᠨ ᠲᠡᠮᠳᠡᠭ ᠢ ᠵᠠᠪᠳᠤᠨ ᠳᠠᠩᠰᠠᠯᠠᠭᠤᠯᠬᠤ᠂ ᠬᠡᠪ ᠤᠨ ᠪᠤᠰᠤ | ᠳᠣᠰᠬᠠᠢ ᠠᠰᠢᠭ ᠤᠨ ᠡᠷᠬᠡ ᠶᠢ ᠭᠤᠶᠣᠴᠢᠯᠠᠬᠤ ᠵᠡᠷᠭᠡ ᠦᠢᠯᠡ ᠠᠵᠢᠯᠯᠠᠭ᠎ᠠ ᠶᠢᠨ ᠢᠲᠡᠭᠡᠮᠵᠢ ᠶᠢᠨ ᠬᠢᠨᠠᠨ | ᠬᠠᠮᠢᠶᠠᠷᠤᠯᠲᠠ ᠶᠢ ᠴᠢᠩᠭᠠᠳᠬᠠᠵᠤ᠂ ᠲᠠᠸᠠᠷ ᠤᠨ ᠲᠡᠮᠳᠡᠭ ᠳᠠᠩᠰᠠᠯᠠᠭᠤᠯᠬᠤ ᠪᠠ ᠲᠠᠸᠠᠷ ᠤᠨ ᠳᠣᠰᠬᠠᠢ ᠠᠰᠢᠭ ᠤᠨ | ᠡᠷᠬᠡ ᠶᠢ ᠭᠤᠶᠣᠴᠢᠯᠠᠬᠤ ᠦᠢᠯᠡ ᠠᠵᠢᠯᠯᠠᠭ᠎ᠠ ᠶᠢ ᠳᠦᠷᠢᠮᠵᠢᠬᠦᠯᠦᠨ᠂ ᠡᠷᠬᠡᠲᠦ ᠬᠥᠮᠦᠨ ᠤ ᠬᠠᠤᠯᠢ ᠶᠣᠰᠣᠨ ᠤ ᠡᠷᠬᠡ | ᠠᠰᠢᠭ ᠢ ᠬᠠᠮᠠᠭᠠᠯᠠᠨ᠎ᠠ᠃ | (ᠬᠤᠷᠢᠨ ᠨᠢᠭᠡ )ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | 1 . ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠯᠤᠭ᠎ᠠ ᠶᠢᠨ ᠬᠤᠯᠪᠣᠭᠳᠠᠯ ᠪᠦᠬᠦᠢ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ᠃ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ | ᠨᠢ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠯᠤᠭ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ | ᠡᠷᠡᠭᠦᠤ ᠶᠢᠨ ᠬᠠᠤᠯᠢ ᠴᠠᠭᠠᠵᠠ ᠶᠢᠨ ᠠᠵᠢᠯ ᠢ ᠵᠣᠯᠭᠠᠭᠤᠯᠬᠤ ᠲᠣᠭᠲᠠᠴᠠ ᠶᠢ ᠪᠠᠶᠢᠭᠤᠯᠣᠨ᠎ᠠ᠃ ᠵᠠᠬ᠎ᠠ ᠳᠡᠯᠭᠡᠭᠦᠷ ᠤᠨ | ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠠᠯ᠎ᠠ | ᠬᠢᠭᠰᠡᠨ ᠰᠡᠵᠢᠭᠯᠡᠯᠲᠡᠶ ᠪᠠᠶᠢᠬᠤ ᠶᠢ ᠰᠡᠷᠡᠵᠦ ᠮᠡᠳᠡᠪᠡᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠠᠭ | ᠲᠤᠬᠠᠶ ᠳᠤᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠣᠯᠭ᠎ᠠ ᠳᠤ ᠰᠢᠯᠵᠢᠭᠦᠯᠦᠨ ᠬᠦᠷᠭᠡᠬᠦ ᠬᠡᠷᠡᠭᠲᠡᠶ᠂ ᠳᠣᠲᠣᠭᠠᠳᠤ ᠶᠢ | ᠬᠠᠮᠠᠭᠠᠯᠠᠬᠤ ᠪᠠᠶᠢᠭᠤᠯᠣᠯᠭ᠎ᠠ ᠦᠳᠲᠡᠷ ᠲᠦᠷᠭᠡᠨ ᠬᠢᠨᠠᠨ ᠪᠠᠶᠢᠴᠠᠭᠠᠬᠤ ᠶᠢᠨ ᠬᠠᠮᠲᠤ ᠬᠡᠷᠡᠭ ᠪᠣᠯᠭᠠᠨ ᠳᠠᠩᠰᠠᠯᠠᠬᠤ | ᠪᠤᠶᠤ ᠬᠡᠷᠡᠭ ᠪᠣᠯᠭᠠᠨ ᠳᠠᠩᠰᠠᠯᠠᠬᠤ ᠦᠭᠡᠢ ᠲᠣᠭᠲᠠᠭᠠᠯ ᠢ ᠬᠠᠤᠯᠢ ᠶᠣᠰᠣᠭᠠᠷ ᠭᠠᠷᠭᠠᠬᠤ ᠬᠡᠷᠡᠭᠲᠡᠶ᠃ ᠳᠣᠲᠣᠭᠠᠳᠤ ᠶᠢ | ᠬᠠᠮᠠᠭᠠᠯᠠᠬᠤ ᠪᠠᠶᠢᠭᠤᠯᠣᠯᠭ᠎ᠠ ᠨᠢ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠰᠢᠯᠭᠠᠨ | ᠪᠠᠶᠢᠴᠠᠭᠠᠬᠤ᠂ ᠰᠢᠯᠭᠠᠨ ᠲᠣᠭᠲᠠᠭᠠᠬᠤ᠂ ᠦᠨᠡᠯᠡᠨ ᠲᠣᠭᠲᠠᠭᠠᠬᠤ ᠵᠡᠷᠭᠡ ᠬᠠᠮᠵᠢᠯᠴᠠᠭ᠎ᠠ ᠬᠢᠯᠭᠡᠬᠦ ᠪᠠᠷ ᠬᠠᠤᠯᠢ | ᠶᠣᠰᠣᠭᠠᠷ ᠳᠡᠪᠰᠢᠭᠦᠯᠦᠭᠰᠡᠨ ᠪᠠᠶᠢᠪᠠᠯ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ | ᠬᠠᠮᠵᠢᠬᠤ ᠬᠡᠷᠡᠭᠲᠡᠶ᠃ | 2 . ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠬᠦᠳᠡᠭᠡ ᠳᠣᠰᠬᠤᠨ ᠮᠠᠯᠵᠢᠬᠤ ᠣᠷᠣᠨ ᠤ | ᠲᠣᠪᠴᠢᠶ᠎ᠠ ᠶᠢᠨ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ︵1︶ ᠠᠶᠢᠮᠠᠭ ᠤᠨ | ᠲᠠᠷᠢᠶᠠᠯᠠᠩ ᠮᠠᠯ ᠠᠵᠤ ᠠᠬᠤᠢ ᠭᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ ᠨᠢ ᠢᠳᠡᠰᠢᠨ ᠳᠤ ᠬᠡᠷᠡᠭᠰᠡᠬᠦ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠠᠷᠢᠵᠤ ᠲᠡᠵᠢᠭᠡᠬᠦ ᠭᠤᠭᠴᠤᠭ᠎ᠠ ᠠᠴᠠ ᠪᠥᠭᠡᠮ ᠢᠶᠠᠷ | ᠬᠤᠳᠠᠯᠳᠤᠬᠤ᠂ ᠵᠢᠵᠢᠭᠯᠡᠨ ᠪᠣᠷᠣᠯᠠᠭᠤᠯᠬᠤ ᠵᠠᠬ᠎ᠠ ᠳᠡᠯᠭᠡᠭᠦᠷ ᠲᠤ ᠣᠷᠣᠬᠤ ᠪᠤᠶᠤ ᠦᠢᠯᠡᠳᠪᠦᠷᠢᠯᠡᠵᠦ ᠡᠳ᠋ᠰᠢᠭᠦᠯᠬᠦ | ᠠᠵᠤ ᠠᠬᠤᠶᠢᠯᠠᠯ ᠳᠤ ᠣᠷᠣᠬᠤ ᠠᠴᠠ ᠡᠮᠦᠨᠡᠬᠢ ᠶᠠᠰᠤ ᠴᠢᠨᠠᠷ ᠤᠨ ᠠᠮᠣᠷ ᠳᠦᠪᠰᠢᠨ ᠤ ᠬᠢᠨᠠᠨ ᠬᠠᠮᠢᠶᠠᠷᠣᠯᠳᠠ ᠶᠢ | ᠬᠠᠷᠢᠭᠤᠴᠠᠨ᠎ᠠ᠃ ᠢᠳᠡᠰᠢᠨ ᠳᠤ ᠭᠡᠷᠡᠭᠰᠡᠬᠦ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠪᠥᠭᠡᠮ ᠢᠶᠠᠷ ᠪᠣᠷᠣᠯᠠᠭᠤᠯᠬᠤ᠂ ᠵᠢᠵᠢᠭᠯᠡᠨ ᠪᠣᠷᠣᠯᠠᠭᠤᠯᠬᠤ ᠵᠠᠬ᠎ᠠ ᠳᠡᠯᠭᠡᠭᠦᠷ ᠲᠤ ᠣᠷᠣᠬᠤ ᠪᠤᠶᠤ ᠦᠢᠯᠡᠳᠪᠦᠷᠢᠯᠡᠵᠦ | ᠡᠳ᠋ᠰᠢᠭᠦᠯᠬᠦ ᠠᠵᠤ ᠠᠬᠤᠶᠢᠯᠠᠯ ᠳᠤ ᠣᠷᠣᠭᠰᠠᠨ ᠤ ᠳᠠᠷᠠᠭ᠎ᠠ᠂ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠨ | ᠬᠠᠮᠢᠶᠠᠷᠤᠯᠲᠠ ᠶᠢᠨ ᠲᠣᠪᠴᠢᠶ᠎ᠠ ᠠᠴᠠ ᠬᠢᠨᠠᠨ ᠬᠠᠮᠢᠶᠠᠷᠤᠨ᠎ᠠ᠃ ︵2︶ ᠠᠶᠢᠮᠠᠭ ᠤᠨ ᠲᠠᠷᠢᠶᠠᠯᠠᠩ ᠮᠠᠯ ᠠᠵᠤ ᠠᠬᠤᠢ | ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ ᠠᠮᠢᠲᠠᠨ ᠤᠷᠭᠤᠮᠠᠯ ᠤᠨ ᠬᠢᠵᠢᠭ ᠡᠪᠡᠳᠴᠢᠨ ᠢ ᠰᠡᠷᠭᠡᠶᠢᠯᠡᠨ | ᠡᠵᠡᠮᠳᠡᠬᠦ᠂ ᠮᠠᠯ ᠵᠢᠭᠦᠷᠲᠡᠨ ᠨᠢᠲᠤᠯᠬᠤ ᠭᠤᠭᠴᠤᠭ᠎ᠠ᠂ ᠲᠦᠭᠦᠬᠡᠢ ᠰᠢᠨ᠎ᠡ ᠰᠦ ᠬᠤᠳᠠᠯᠳᠤᠨ ᠠᠪᠬᠤ ᠭᠤᠭᠴᠤᠭ᠎ᠠ | ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠨ ᠬᠠᠮᠢᠶᠠᠷᠣᠯᠳᠠ ᠶᠢ ᠬᠠᠷᠢᠭᠤᠴᠠᠨ᠎ᠠ᠃ ︵3︶ ᠬᠤᠶᠠᠷ ᠰᠠᠯᠠᠭ᠎ᠠ | ᠮᠥᠴᠢᠷ ᠤᠨ ᠬᠢᠨ ᠢᠳᠡᠭᠡᠨ ᠤ ᠠᠮᠣᠷ ᠳᠦᠪᠰᠢᠨ ᠤ ᠭᠠᠷᠤᠯᠲᠠ ᠶᠢᠨ ᠣᠷᠣᠨ ᠠᠴᠠ ᠵᠥᠪᠰᠢᠶᠡᠷᠡᠨ ᠭᠠᠷᠭᠠᠬᠤ᠂ | ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠪᠠ ᠮᠦᠷᠳᠡᠨ ᠣᠬᠤᠴᠢᠯᠠᠬᠤ ᠲᠣᠭᠲᠠᠴᠠ ᠶᠢ ᠪᠠᠶᠢᠭᠤᠯᠵᠤ᠂ | ᠵᠣᠬᠢᠴᠠᠭᠤᠯᠭ᠎ᠠ ᠬᠠᠮᠵᠢᠯᠴᠠᠭ᠎ᠠ ᠪᠠ ᠠᠵᠢᠯ ᠤᠨ ᠵᠣᠯᠭᠠᠯᠴᠠᠭ᠎ᠠ ᠪᠠᠨ ᠴᠢᠩᠭᠠᠳᠬᠠᠨ᠂ ᠬᠢᠨᠠᠨ ᠬᠠᠮᠢᠶᠠᠷᠣᠯᠳᠠ ᠶᠢᠨ | ᠨᠡᠶᠢᠯᠡᠯ ᠬᠦᠴᠦᠨ ᠢ ᠪᠦᠷᠢᠯᠳᠦᠬᠦᠯᠦᠨ᠎ᠡ᠃ | 3. ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠯᠦᠭᠡ ᠶᠢᠨ ᠬᠤᠯᠪᠣᠭᠳᠠᠯ ᠪᠦᠬᠦᠢ | ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ | ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠬᠠᠷᠢᠭᠤᠴᠠᠵᠤ᠂ ᠠᠶᠢᠮᠠᠭ ᠤᠨ ᠵᠠᠬ᠎ᠠ | ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠢᠳᠡᠭᠡᠨ ᠤ ᠠᠮᠤᠷ | ᠲᠦᠪᠰᠢᠨ ᠤ ᠲᠦᠭᠰᠢᠭᠦᠷᠢ ᠶᠢ ᠬᠢᠨᠠᠨ ᠰᠢᠯᠭᠠᠬᠤ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠦᠨ᠎ᠡ᠃ ᠠᠶᠢᠮᠠᠭ ᠤᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ | ᠰᠢᠯᠭᠠᠬᠤ ᠪᠤᠶᠤ ᠢᠳᠡᠬᠡᠨ ᠤ ᠠᠮᠣᠷ ᠳᠦᠪᠰᠢᠨ ᠤ ᠳᠠᠯᠳᠠ ᠳᠦᠭᠰᠢᠭᠦᠷᠢ ᠣᠷᠣᠰᠢᠵᠦ ᠪᠠᠶᠢᠬᠤ ᠪᠣᠯᠣᠮᠵᠢ ᠶᠢ | ᠢᠯᠡᠴᠢᠯᠡᠨ ᠮᠡᠳᠡᠭᠦᠯᠦᠭᠰᠡᠨ ᠢ ᠭᠥᠯᠢᠶᠡᠨ ᠠᠪᠬᠤ ᠪᠠᠷ ᠳᠠᠮᠵᠢᠨ ᠲᠡᠷᠡ ᠳᠠᠷᠤᠶ ᠳᠤᠨᠢ ᠰᠢᠯᠭᠠᠨ ᠪᠠᠶᠢᠴᠠᠭᠠᠯᠳᠠ ᠶᠢ | ᠵᠣᠬᠢᠶᠠᠨ ᠪᠠᠶᠢᠭᠤᠯᠬᠤ ᠪᠠ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠳᠡᠷᠡ ᠳᠠᠷᠣᠢ ᠳᠤᠨᠢ ᠦᠨᠡᠯᠡᠨ | ᠵᠢᠱᠢᠬᠦ ᠶᠢᠨ ᠬᠠᠮᠲᠤ᠂ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠳᠤ ᠢᠳᠡᠭᠡᠨ ᠤ | ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠭᠰᠡᠨ ᠦᠷ᠎ᠡ ᠳ᠋ᠦᠩ ᠢ ᠮᠡᠳᠡᠭᠳᠡᠵᠦ᠂ ᠠᠮᠤᠷ ᠲᠦᠪᠰᠢᠨ ᠪᠤᠰᠤ | ᠳ᠋ᠦᠩᠨᠡᠯᠲᠡ ᠭᠠᠷᠭᠠᠭᠰᠠᠨ ᠢᠳᠡᠭᠡᠨ ᠳᠤ᠂ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ | ᠲᠡᠷᠡ ᠳᠠᠷᠤᠶ ᠳᠤᠨᠢ ᠠᠷᠭ᠎ᠠ ᠬᠡᠮᠵᠢᠶ᠎ᠡ ᠠᠪᠬᠤ ᠬᠡᠷᠡᠭᠲᠡᠶ᠃ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠨ | ᠬᠠᠮᠢᠶᠠᠷᠤᠯᠲᠠ ᠶᠢᠨ ᠲᠣᠪᠴᠢᠶ᠎ᠠ ᠬᠢᠨᠠᠨ ᠬᠠᠮᠢᠶᠠᠷᠤᠯᠲᠠ ᠶᠢᠨ ᠠᠵᠢᠯ ᠤᠨ ᠳᠤᠮᠳᠠ ᠪᠠᠨ ᠢᠳᠡᠭᠡᠨ ᠤ ᠠᠮᠤᠷ | ᠲᠦᠪᠰᠢᠨ ᠤ ᠲᠦᠭᠰᠢᠭᠦᠷᠢ ᠶᠢᠨ ᠦᠨᠡᠯᠡᠨ ᠵᠢᠱᠢᠯᠲᠡ ᠬᠢᠬᠦ ᠴᠢᠬᠤᠯᠠᠲᠠᠶ ᠪᠠᠶᠢᠬᠤ ᠶᠢ ᠣᠯᠵᠤ ᠮᠡᠳᠡᠪᠡᠯ᠂ ᠴᠠᠭ | ᠲᠤᠬᠠᠶ ᠳᠤᠨᠢ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠰᠠᠨᠠᠭᠤᠯᠭ᠎ᠠ ᠳᠤᠷᠠᠳᠬᠤ ᠬᠡᠷᠡᠭᠲᠡᠶ᠃ | ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠨᠢ ᠠᠶᠢᠮᠠᠭ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠲᠠᠢ ᠬᠠᠮᠳᠣᠷᠠᠨ ᠴᠢᠬᠤᠯᠠ ᠶᠡᠭᠡ ᠡᠮ ᠤᠨ ᠵᠦᠢᠯ᠂ ᠵᠠᠰᠠᠯ ᠴᠢᠮᠡᠭ ᠤᠨ ᠡᠳ᠋ ᠤᠨ | ᠨᠠᠵᠠᠭᠠᠢ ᠲᠤᠰᠬᠠᠯ ᠪᠠ ᠡᠮᠴᠢᠯᠡᠭᠡᠨ ᠤ ᠪᠠᠭᠠᠵᠢ ᠬᠡᠷᠡᠭᠰᠡᠯ ᠤᠨ ᠨᠠᠵᠠᠭᠠᠢ ᠬᠡᠷᠡᠭ ᠢ ᠬᠠᠷᠢᠯᠴᠠᠨ ᠵᠠᠷᠯᠠᠨ ᠮᠡᠳᠡᠭᠳᠡᠬᠦ | ᠲᠣᠭᠲᠠᠴᠠ ᠪᠠ ᠬᠠᠮᠲᠤᠷᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠣᠨ᠎ᠠ᠃ | 4 . ᠡᠵᠡᠨ᠎ᠡ ᠪᠣᠭᠤᠮᠲᠠ ᠯᠤᠭ᠎ᠠ ᠶᠢᠨ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | ︵1︶ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠪᠣᠯᠤᠨ ᠡᠵᠡᠨ᠎ᠡ ᠪᠣᠭᠤᠮᠲᠠ | ᠲᠣᠭᠲᠠᠴᠠ ᠪᠠᠶᠢᠭᠤᠯᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠯ᠎ᠡ ᠲᠥᠷᠥᠯ ᠤᠨ ᠲᠠᠸᠠᠷ | ᠪᠣᠯᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠢᠳᠡᠭᠡᠨ᠂ ᠵᠠᠰᠠᠯ ᠴᠢᠮᠡᠭ ᠤᠨ ᠡᠳ᠋ ᠢ ᠳᠠᠪᠬᠤᠷ | ᠰᠢᠯᠭᠠᠨ ᠪᠠᠶᠢᠴᠠᠭᠠᠬᠤ᠂ ᠳᠠᠪᠬᠤᠷ ᠰᠦᠢᠳᠬᠡᠯ ᠬᠤᠷᠢᠶᠠᠬᠤ᠂ ᠳᠠᠪᠬᠤᠷ ᠰᠢᠳᠬᠡᠨ ᠲᠣᠷᠭᠠᠬᠤ ᠠᠴᠠ ᠵᠠᠶᠢᠯᠠᠰᠬᠢᠵᠦ᠂ | ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠶ᠃ ︵2︶ ᠪᠣᠭᠤᠮᠲᠠ ᠶᠢᠨ ᠰᠠᠯᠠᠭ᠎ᠠ ᠮᠥᠴᠢᠷ | ᠭᠠᠳᠠᠭᠠᠳᠤ ᠠᠴᠠ ᠣᠷᠣᠭᠤᠯᠬᠤ ᠢᠳᠡᠭᠡᠨ ᠤ ᠠᠮᠣᠷ ᠳᠦᠪᠰᠢᠨ ᠤ ᠬᠢᠨᠠᠨ ᠬᠠᠮᠢᠶᠠᠷᠤᠯᠲᠠ ᠶᠢ ᠬᠠᠷᠢᠭᠤᠴᠠᠨ᠎ᠠ᠃ | ᠭᠠᠳᠠᠭᠠᠳᠤ ᠠᠴᠠ ᠣᠷᠣᠭᠤᠯᠤᠭᠰᠠᠨ ᠢᠳᠡᠭᠡᠨ ᠵᠢᠴᠢ ᠢᠳᠡᠭᠡᠨ ᠲᠠᠢ ᠬᠤᠯᠪᠣᠭᠳᠠᠬᠤ ᠦᠢᠯᠡᠳᠬᠦᠨ ᠨᠢ ᠮᠠᠨ ᠤ | ᠤᠯᠤᠰ ᠤᠨ ᠢᠳᠡᠭᠡᠨ ᠤ ᠠᠮᠣᠷ ᠳᠦᠪᠰᠢᠨ ᠤ ᠲᠤᠬᠠᠶ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ | ᠬᠢᠯᠢ ᠶᠢᠨ ᠭᠠᠳᠠᠨ᠎ᠠ ᠡᠭᠦᠰᠦᠭᠰᠡᠨ ᠢᠳᠡᠭᠡᠨ ᠤ ᠠᠮᠣᠷ ᠳᠦᠪᠰᠢᠨ ᠤ ᠬᠡᠷᠡᠭ ᠨᠢ ᠮᠠᠨ ᠤ ᠤᠯᠤᠰ ᠤᠨ ᠬᠢᠯᠢ ᠶᠢᠨ | ᠳᠣᠲᠣᠷ᠎ᠠ ᠨᠥᠯᠥᠭᠡ ᠦᠵᠡᠭᠦᠯᠵᠦ ᠮᠡᠳᠡᠬᠦ᠂ ᠡᠰᠡᠬᠦᠯ᠎ᠡ ᠭᠠᠳᠠᠭᠠᠳᠤ ᠠᠴᠠ ᠣᠷᠣᠭᠤᠯᠤᠭᠰᠠᠨ ᠢᠳᠡᠭᠡᠨ ᠤ | ᠳᠣᠲᠣᠷ᠎ᠠ ᠠᠴᠠ ᠬᠦᠨᠳᠦ ᠨᠣᠴᠢᠲᠠᠶ ᠢᠳᠡᠭᠡᠨ ᠤ ᠠᠮᠣᠷ ᠳᠦᠪᠰᠢᠨ ᠤ ᠠᠰᠠᠭᠤᠳᠠᠯ ᠢ ᠰᠡᠷᠡᠵᠦ ᠮᠡᠳᠡᠭᠰᠡᠨ ᠪᠠᠶᠢᠪᠠᠯ᠂ | ᠪᠣᠭᠤᠮᠲᠠ ᠶᠢᠨ ᠰᠠᠯᠠᠭ᠎ᠠ ᠮᠥᠴᠢᠷ ᠴᠠᠭ ᠲᠤᠬᠠᠶ ᠳᠤᠨᠢ ᠲᠦᠭᠰᠢᠭᠦᠷᠢ ᠶᠢ ᠰᠡᠷᠡᠮᠵᠢᠯᠡᠭᠦᠯᠬᠦ ᠪᠤᠶᠤ ᠡᠵᠡᠮᠳᠡᠬᠦ ᠠᠷᠭ᠎ᠠ | ᠬᠡᠮᠵᠢᠶ᠎ᠡ ᠠᠪᠴᠦ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠳᠡᠨ᠂ ᠵᠠᠬ᠎ᠠ | ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠴᠠᠭ ᠲᠤᠬᠠᠶ ᠳᠤᠨᠢ ᠠᠷᠭ᠎ᠠ ᠬᠡᠮᠵᠢᠶ᠎ᠡ ᠠᠪᠬᠤ ᠬᠡᠷᠡᠭᠲᠡᠶ᠃ | ︵3︶ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠪᠠ ᠡᠵᠡᠨ᠎ᠡ ᠪᠣᠭᠤᠮᠲᠠ ᠨᠢ | ᠭᠠᠳᠠᠭᠠᠳᠤ ᠠᠴᠠ ᠣᠷᠣᠭᠤᠯᠬᠤ ᠦᠢᠯᠡᠳᠬᠦᠨ ᠤ ᠭᠡᠮ ᠳᠣᠳᠠᠭᠳᠠᠯ ᠤᠨ ᠮᠡᠳᠡᠭᠡ ᠵᠠᠩᠭᠢ ᠶᠢ ᠵᠠᠷᠯᠠᠨ ᠮᠡᠳᠡᠭᠳᠡᠬᠦ ᠪᠠ | ᠬᠠᠮᠵᠢᠯᠴᠠᠬᠤ ᠲᠣᠭᠲᠠᠴᠠ ᠶᠢ ᠪᠠᠶᠢᠭᠤᠯᠬᠤ ᠬᠡᠷᠡᠭᠲᠡᠶ᠃ ᠪᠣᠭᠤᠮᠲᠠ ᠶᠢᠨ ᠰᠠᠯᠠᠭ᠎ᠠ ᠮᠥᠴᠢᠷ ᠨᠢ ᠪᠣᠭᠤᠮᠲᠠ ᠶᠢᠨ | ᠰᠢᠯᠭᠠᠨ ᠪᠠᠶᠢᠴᠠᠭᠠᠯᠳᠠ ᠬᠢᠨᠠᠨ ᠬᠠᠮᠢᠶᠠᠷᠣᠯᠳᠠ ᠳᠤᠮᠳᠠ ᠬᠢᠷᠢ ᠲᠡᠩᠴᠡᠬᠦ ᠦᠭᠡᠢ ᠪᠤᠶᠤ ᠠᠮᠤᠷ ᠲᠦᠪᠰᠢᠨ ᠤ ᠳᠠᠯᠳᠠ | ᠳᠦᠭᠰᠢᠬᠦᠷᠢ ᠣᠷᠣᠰᠢᠵᠤ ᠪᠠᠶᠢᠭ᠎ᠠ ᠭᠠᠳᠠᠭᠠᠳᠤ ᠠᠴᠠ ᠣᠷᠣᠭᠤᠯᠣᠭᠰᠠᠨ ᠦᠢᠯᠡᠳᠬᠦᠨ ᠢ ᠰᠡᠷᠡᠵᠦ ᠮᠡᠳᠡᠪᠡᠯ᠂ | ᠮᠡᠷᠭᠡᠵᠢᠯ ᠤᠨ ᠰᠢᠢᠳᠪᠦᠷᠢᠯᠡᠯᠳᠡ᠂ ᠪᠤᠴᠠᠭᠠᠨ ᠲᠡᠭᠡᠭᠡᠪᠦᠷᠢᠯᠡᠬᠦ᠂ ᠤᠰᠠᠳᠬᠠᠬᠤ ᠶᠢ ᠬᠠᠤᠯᠢ ᠶᠣᠰᠣᠭᠠᠷ | ᠬᠡᠷᠡᠭᠵᠢᠭᠦᠯᠬᠦ ᠶᠢᠨ ᠬᠠᠮᠲᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠳᠡᠬᠦ | ᠬᠡᠷᠡᠭᠲᠡᠶ᠃ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠭᠡᠮ ᠳᠣᠳᠠᠭᠳᠠᠯ ᠲᠠᠢ | ᠦᠢᠯᠡᠳᠬᠦᠨ ᠢ ᠡᠭᠡᠭᠦᠯᠦᠨ ᠬᠤᠷᠢᠶᠠᠬᠤ ᠠᠵᠢᠯ ᠢ ᠨᠢᠭᠡᠳᠦᠯᠲᠡᠶ ᠬᠠᠮᠢᠶᠠᠷᠴᠤ᠂ ᠬᠡᠷᠡᠭᠯᠡᠭᠴᠢᠳ ᠤᠨ ᠮᠡᠳᠡᠭᠦᠯᠦᠯᠲᠡ᠂ | ᠠᠳᠡᠯ ᠭᠡᠷᠡᠭ ᠤᠨ ᠪᠠᠶᠢᠴᠠᠭᠠᠯᠳᠠ᠂ ᠭᠡᠮᠲᠦᠯ ᠬᠡᠷᠡᠭ ᠢ ᠬᠢᠨᠠᠨ ᠰᠢᠯᠭᠠᠬᠤ ᠵᠡᠷᠭᠡ ᠪᠠᠷ ᠳᠠᠮᠵᠢᠭᠤᠯᠤᠨ ᠭᠠᠳᠠᠭᠠᠳᠤ ᠠᠴᠠ | ᠣᠷᠣᠭᠤᠯᠤᠭᠰᠠᠨ ᠦᠢᠯᠡᠳᠬᠦᠨ ᠳᠤ ᠭᠡᠮ ᠳᠣᠳᠠᠭᠳᠠᠯ ᠣᠷᠣᠰᠢᠵᠤ ᠪᠠᠶᠢᠬᠤ ᠶᠢ ᠮᠡᠳᠡᠭᠰᠡᠨ ᠪᠤᠯ᠂ ᠬᠠᠤᠯᠢ ᠶᠣᠰᠣᠭᠠᠷ | ᠠᠷᠭ᠎ᠠ ᠬᠡᠮᠵᠢᠶ᠎ᠡ ᠠᠪᠬᠤ ᠬᠡᠷᠡᠭᠲᠡᠶ᠃ | 5. ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠯᠤᠭ᠎ᠠ ᠶᠢᠨ ᠬᠤᠯᠪᠣᠭᠳᠠᠯ ᠪᠦᠬᠦᠢ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ᠃ ︵1︶ ᠠᠶᠢᠮᠠᠭ ᠤᠨ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ | ᠡᠷᠬᠡ ᠶᠢᠨ ᠲᠣᠪᠴᠢᠶ᠎ᠠ ᠨᠢ ᠭᠠᠳᠠᠭᠠᠳᠤ ᠳᠤ ᠬᠤᠯᠪᠣᠭᠳᠠᠬᠤ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ | ᠡᠷᠬᠡ ᠶᠢᠨ ᠶᠠᠪᠤᠳᠠᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠵᠤ᠂ ᠠᠶᠢᠮᠠᠭ ᠤᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ | ᠠᠷᠠᠯᠵᠢᠶ᠎ᠠ ᠬᠤᠳᠠᠯᠳᠤᠭ᠎ᠠ ᠲᠠᠢ ᠬᠤᠯᠪᠣᠭᠳᠠᠬᠤ ᠣᠯᠠᠨ ᠲᠠᠯᠠᠲᠤ ᠪᠠ ᠬᠤᠶᠠᠷ ᠳᠠᠯ᠎ᠠ ᠶᠢᠨ ᠮᠡᠳᠡᠯᠭᠡ ᠶᠢᠨ | ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠭᠠᠳᠠᠭᠠᠳᠤ ᠬᠡᠯᠡᠯᠴᠡᠭᠡ ᠬᠢᠬᠦ᠂ ᠬᠤᠶᠠᠷ ᠳᠠᠯ᠎ᠠ ᠶᠢᠨ ᠮᠡᠳᠡᠯᠭᠡ ᠶᠢᠨ | ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠬᠤᠷᠰᠢᠯᠴᠠᠨ ᠵᠥᠪᠳᠡᠯᠴᠡᠬᠦ ᠲᠣᠭᠲᠠᠴᠠ ᠵᠡᠷᠭᠡ ᠠᠵᠢᠯ ᠢ | ᠬᠠᠷᠢᠭᠤᠴᠠᠨ ᠵᠣᠬᠢᠴᠠᠭᠤᠯᠤᠨ᠎ᠠ᠃ ︵2︶ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠵᠠᠬ᠎ᠠ | ᠳᠡᠯᠭᠡᠭᠦᠷ ᠤᠨ ᠦᠨᠡᠨᠴᠢ ᠢᠲᠡᠭᠡᠮᠵᠢ ᠶᠢᠨ ᠣᠯᠠᠨ ᠨᠡᠶᠢᠲᠡ ᠶᠢᠨ ᠦᠢᠯᠡᠴᠢᠯᠡᠬᠡᠨ ᠤ ᠲᠠᠪᠴᠠᠩ ᠤᠨ ᠪᠠᠶᠢᠭᠤᠯᠤᠯᠲᠠ | ᠵᠡᠷᠭᠡ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ ᠳᠢᠭᠯᠢᠮ ᠤᠨ ᠬᠠᠮᠢᠶ᠎ᠠ ᠪᠦᠬᠦᠢ ᠠᠵᠢᠯ ᠢ ᠲᠦᠷᠦᠭᠦᠯᠡᠨ | ᠠᠬᠢᠭᠤᠯᠬᠤ ᠶᠢ ᠬᠠᠷᠢᠭᠤᠴᠠᠨ᠎ᠠ᠃ ᠠᠷᠢᠬᠢᠨ ᠤ ᠵᠦᠢᠯ ᠤᠨ ᠬᠦᠢᠯᠭᠡᠭᠡᠨ ᠤ ᠬᠥᠭᠵᠢᠯᠲᠡ ᠶᠢᠨ ᠳᠦᠯᠦᠪᠵᠢᠬᠦᠯᠬᠡ | ᠪᠣᠯᠤᠨ ᠲᠥᠷᠥ ᠶᠢᠨ ᠪᠣᠳᠣᠯᠭ᠎ᠠ ᠶᠢ ᠲᠤᠭᠤᠷᠪᠢᠬᠤ ᠶᠢ ᠵᠣᠬᠢᠶᠠᠨ ᠪᠠᠶᠢᠭᠤᠯᠬᠤ ᠶᠢ ᠬᠠᠷᠢᠭᠤᠴᠠᠨ᠎ᠠ᠃ ᠡᠮ ᠤᠨ | ᠵᠦᠢᠯ ᠤᠨ ᠬᠦᠢᠯᠭᠡᠭᠡᠨ ᠤ ᠬᠥᠭᠵᠢᠯᠲᠡ ᠶᠢᠨ ᠳᠦᠯᠦᠪᠵᠢᠬᠦᠯᠬᠡ ᠪᠣᠯᠤᠨ ᠲᠥᠷᠥ ᠶᠢᠨ ᠪᠣᠳᠣᠯᠭ᠎ᠠ ᠶᠢ ᠲᠤᠭᠤᠷᠪᠢᠨ | ᠲᠣᠭᠲᠠᠭᠠᠬᠤ ᠶᠢ ᠬᠠᠷᠢᠭᠤᠴᠠᠨ᠎ᠠ᠃ ︵3︶ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ | ᠲᠣᠪᠴᠢᠶ᠎ᠠ ᠨᠢ ᠡᠵᠡᠩᠨᠡᠭᠴᠢᠳ ᠤᠨ ᠭᠠᠭᠴᠠᠭᠠᠷ ᠡᠵᠡᠮᠰᠢᠬᠦ ᠶᠢ ᠲᠥᠪᠯᠡᠷᠡᠭᠦᠯᠦᠨ ᠡᠰᠡᠷᠭᠦᠴᠡᠬᠦ ᠬᠠᠤᠯᠢ | ᠬᠡᠷᠡᠭᠵᠢᠭᠦᠯᠦᠯᠲᠡ ᠶᠢ ᠬᠠᠷᠢᠭᠤᠴᠠᠵᠤ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠪᠠ ᠬᠠᠭᠤᠷᠮᠠᠭ | ᠴᠢᠨᠠᠷ ᠮᠠᠭᠤ ᠲᠠᠸᠠᠷ ᠲᠤ ᠴᠣᠬᠢᠯᠲᠠ ᠥᠭᠬᠦ ᠲᠤᠰᠬᠠᠶ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ | ᠡᠳᠦᠷ ᠲᠤᠲᠤᠮ ᠤᠨ ᠠᠵᠢᠯ ᠢ ᠡᠭᠦᠷᠭᠡᠯᠡᠨ᠂ ᠠᠷᠢᠬᠢᠨ ᠤ ᠵᠦᠢᠯ ᠤᠨ ᠬᠦᠢᠯᠭᠡᠭᠡᠨ ᠢ ᠬᠢᠨᠠᠨ ᠬᠠᠮᠢᠶᠠᠷᠬᠤ ᠪᠠ | ᠠᠷᠢᠬᠢᠨ ᠤ ᠵᠦᠢᠯ ᠤᠨ ᠢᠳᠡᠭᠡᠨ ᠤ ᠠᠮᠣᠷ ᠳᠦᠪᠰᠢᠨ ᠢ ᠬᠠᠷᠢᠭᠤᠴᠠᠨ᠎ᠠ᠃ ᠡᠮ ᠤᠨ ᠵᠦᠢᠯ ᠤᠨ ᠬᠦᠢᠯᠭᠡᠭᠡᠨ ᠤ | ᠬᠥᠭᠵᠢᠯᠲᠡ ᠶᠢᠨ ᠳᠦᠯᠦᠪᠵᠢᠬᠦᠯᠬᠡ ᠪᠣᠯᠤᠨ ᠲᠥᠷᠥ ᠶᠢᠨ ᠪᠣᠳᠣᠯᠭ᠎ᠠ ᠶᠢ ᠬᠠᠮᠵᠢᠯᠴᠠᠨ ᠬᠡᠷᠡᠭᠵᠢᠭᠦᠯᠬᠦ ᠶᠢ | ᠬᠠᠷᠢᠭᠤᠴᠠᠵᠤ᠂ ᠡᠮ ᠤᠨ ᠵᠦᠢᠯ ᠤᠨ ᠬᠦᠢᠯᠭᠡᠭᠡᠨ ᠤ ᠬᠢᠨᠠᠨ ᠬᠠᠮᠢᠶᠠᠷᠤᠯᠲᠠ ᠶᠢ ᠬᠠᠷᠢᠭᠤᠴᠠᠨ᠎ᠠ᠃ | 6. ᠠᠶᠢᠮᠠᠭ ᠤᠨ ᠬᠡᠪᠯᠡᠯ ᠤᠨ ᠡᠷᠬᠡ ᠶᠢᠨ ᠲᠣᠪᠴᠢᠶ᠎ᠠ ᠯᠤᠭ᠎ᠠ ᠶᠢᠨ ᠬᠤᠯᠪᠣᠭᠳᠠᠯ ᠪᠦᠬᠦᠢ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠯᠪᠣᠭᠳᠠᠯ ᠪᠦᠬᠦᠢ ᠵᠣᠬᠢᠶᠠᠯ ᠪᠦᠲᠦᠭᠡᠯ ᠤᠨ ᠡᠷᠬᠡ ᠶᠢᠨ | ᠬᠠᠮᠢᠶᠠᠷᠤᠯᠲᠠ ᠶᠢᠨ ᠠᠵᠢᠯ ᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠡᠪᠯᠡᠯ ᠤᠨ ᠡᠷᠬᠡ ᠶᠢᠨ ᠬᠠᠮᠢᠶᠠᠷᠤᠯᠲᠠ ᠶᠢᠨ | ᠡᠭᠦᠷᠭᠡ ᠴᠢᠳᠠᠪᠤᠷᠢ ᠶᠢᠨ ᠲᠤᠬᠠᠶ ᠲᠣᠭᠲᠠᠭᠠᠯ ᠶᠣᠰᠣᠭᠠᠷ ᠠᠵᠢᠯ ᠢᠶᠠᠨ ᠬᠤᠪᠢᠶᠠᠷᠢᠯᠠᠨ ᠬᠡᠷᠡᠭᠵᠢᠭᠦᠯᠦᠨ᠎ᠡ᠃ | ᠳᠥᠷᠪᠡᠳᠦᠭᠡᠷ ᠵᠦᠢᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ | ᠳᠣᠤᠷᠠᠬᠢ ᠮᠡᠲᠦ ᠳᠣᠲᠣᠭᠠᠳᠤ ᠪᠠᠶᠢᠭᠤᠯᠤᠮᠵᠢ ᠶᠢ ᠪᠠᠶᠢᠭᠤᠯᠤᠨ᠎ᠠ᠄ | ︵ᠨᠢᠭᠡ︶ ᠠᠯᠪᠠᠨ ᠭᠡᠷ᠃ ᠪᠠᠶᠢᠭᠤᠯᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ | ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ᠂ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ | ᠰᠢᠮᠳᠠᠭᠤᠯᠤᠨ ᠪᠠᠶᠢᠴᠠᠭᠠᠬᠤ᠂ ᠳᠠᠩᠰᠠ ᠡᠪᠬᠡᠮᠡᠯ᠂ ᠵᠠᠬᠢᠳᠠᠯ ᠰᠤᠷᠪᠤᠯᠵᠢᠯᠠᠯ᠂ ᠵᠠᠰᠠᠭ ᠤᠨ ᠶᠠᠪᠤᠳᠠᠯ ᠢ ᠢᠯᠡ | ᠪᠠᠶᠢᠯᠭᠠᠬᠤ ᠵᠡᠷᠭᠡ ᠠᠵᠢᠯ ᠢ ᠡᠭᠦᠷᠭᠡᠯᠡᠨ᠎ᠡ᠃ ᠪᠠᠶᠢᠭᠤᠯᠤᠯᠭ᠎ᠠ ᠶᠢᠨ ᠠᠷᠤ ᠲᠠᠯ᠎ᠠ ᠶᠢᠨ ᠪᠠᠲᠤᠯᠠᠭ᠎ᠠ ᠶᠢᠨ ᠠᠵᠢᠯ ᠢ | ᠬᠠᠷᠢᠭᠤᠴᠠᠨ᠎ᠠ᠃ ᠪᠠᠶᠢᠭᠤᠯᠤᠯᠭ᠎ᠠ ᠵᠢᠴᠢ ᠬᠠᠷᠢᠶ᠎ᠠ ᠨᠢᠭᠡᠴᠡ ᠶᠢᠨ ᠢᠶᠠᠨ ᠲᠥᠰᠦᠪ ᠪᠣᠯᠤᠨ ᠲᠥᠰᠦᠪ ᠤᠨ ᠬᠦᠢᠴᠡᠳᠬᠡᠯ᠂ | ᠡᠳ᠋ ᠤᠨ ᠶᠠᠪᠤᠳᠠᠯ᠂ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃ ᠵᠠᠬ᠎ᠠ | ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠠᠯ᠎ᠠ ᠪᠠᠷ ᠬᠢ ᠬᠦᠨᠳᠦ ᠶᠡᠭᠡ ᠠᠳᠡᠯ ᠬᠡᠷᠡᠭ ᠤᠨ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠪᠠ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ | ᠬᠡᠷᠡᠭᠲᠡᠶ᠃ ᠪᠦᠬᠦ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠢᠰᠲ᠋ᠧᠮ ᠤᠨ ᠮᠡᠳᠡᠭᠡ | ᠵᠠᠩᠬᠢᠴᠢᠯᠠᠯᠳᠠ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠬᠦ᠂ ᠵᠢᠯᠣᠭᠤᠳᠤᠨ ᠬᠡᠷᠡᠭᠵᠢᠭᠦᠯᠬᠦ ᠵᠡᠷᠭᠡ | ᠠᠵᠢᠯ ᠢ ᠡᠭᠦᠷᠭᠡᠯᠡᠨ᠎ᠡ᠃ | ︵ᠬᠤᠶᠠᠷ︶ ᠶᠡᠷᠦᠩᠬᠡᠶᠢᠯᠡᠭᠰᠡᠨ ᠳᠦᠯᠦᠪᠵᠢᠬᠦᠯᠬᠡ ᠪᠣᠯᠤᠨ ᠰᠣᠨᠢᠨ ᠮᠡᠳᠡᠭᠡ ᠣᠬᠠᠭᠤᠯᠭ᠎ᠠ ᠶᠢᠨ ᠰᠠᠯᠠᠭ᠎ᠠ᠃ | ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠠᠯ᠎ᠠ ᠪᠠᠷ ᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ | ᠵᠣᠬᠢᠴᠠᠭᠤᠯᠤᠨ ᠠᠬᠢᠭᠤᠯᠤᠨ᠎ᠠ᠃ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠤᠳᠤᠯᠭᠠᠨ ᠪᠠ ᠶᠡᠷᠦᠩᠬᠡᠶᠢᠯᠡᠭᠰᠡᠨ | ᠵᠠᠳᠠᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ | ᠤᠷᠲᠤᠪᠲᠤᠷ ᠪᠠ ᠤᠷᠲᠤ ᠬᠤᠭᠤᠴᠠᠭᠠᠨ ᠤ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠶᠡᠷᠦᠩᠬᠡᠶᠢᠯᠡᠭᠰᠡᠨ ᠴᠢᠨᠠᠷᠲᠠᠶ ᠴᠢᠬᠤᠯᠠ ᠪᠢᠴᠢᠭ ᠮᠠᠲ᠋ᠧᠷᠢᠶᠠᠯ᠂ ᠡᠬᠡ ᠪᠢᠴᠢᠭ ᠢ | ᠲᠤᠭᠤᠷᠪᠢᠬᠤ ᠠᠵᠢᠯ ᠢ ᠡᠭᠦᠷᠭᠡᠯᠡᠨ᠎ᠡ᠃ ᠪᠦᠬᠦ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠤᠭ᠎ᠠ | ᠪᠦᠷᠢᠳᠬᠡᠯ ᠤᠨ ᠠᠵᠢᠯ ᠢ ᠡᠭᠦᠷᠭᠡᠯᠡᠬᠦ ᠪᠥᠭᠡᠳ ᠵᠢᠯᠣᠭᠤᠳᠤᠨ᠎ᠠ᠃ ᠶᠠᠰᠤ ᠴᠢᠨᠠᠷ ᠤᠨ ᠠᠮᠤᠷ ᠲᠦᠪᠰᠢᠨ᠂ ᠵᠠᠬ᠎ᠠ | ᠳᠡᠯᠭᠡᠭᠦᠷ ᠤᠨ ᠡᠮᠬᠢ ᠳᠢᠭᠯᠢᠮ᠂ ᠬᠥᠭᠵᠢᠯᠲᠡ ᠳᠤ ᠦᠢᠯᠡᠴᠢᠯᠡᠬᠦ ᠵᠡᠷᠭᠡ ᠭᠤᠤᠯᠳᠠᠯᠭ᠎ᠠ ᠲᠠᠢ ᠡᠭᠦᠷᠭᠡ ᠶᠢ ᠬᠢᠨᠠᠨ | ᠰᠢᠯᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠦᠬᠦ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠨ | ᠬᠠᠮᠢᠶᠠᠷᠤᠯᠲᠠ ᠶᠢᠨ ᠮᠡᠳᠡᠭᠡ ᠵᠠᠩᠭᠢ ᠨᠡᠶᠢᠲᠡᠯᠡᠬᠦ ᠳᠦᠷᠢᠮ ᠢ ᠳᠣᠭᠤᠷᠪᠢᠨ ᠲᠣᠭᠲᠠᠭᠠᠵᠤ᠂ ᠰᠣᠨᠢᠨ ᠮᠡᠳᠡᠭᠡ | ᠤᠬᠠᠭᠤᠯᠭ᠎ᠠ᠂ ᠰᠣᠨᠢᠨ ᠮᠡᠳᠡᠭᠡ ᠨᠡᠶᠢᠲᠡᠯᠡᠬᠦ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠵᠠᠬ᠎ᠠ ᠳᠡᠯᠭᠡᠭᠦᠷ ᠤᠨ | ᠬᠢᠨᠠᠨ ᠬᠠᠮᠢᠶᠠᠷᠤᠯᠲᠠ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠰᠢᠯᠭᠠᠬᠤ᠂ ᠵᠠᠳᠠᠯᠬᠤ ᠪᠠ ᠵᠣᠬᠢᠴᠠᠭᠤᠯᠤᠨ | ᠰᠢᠢᠳᠪᠦᠷᠢᠯᠡᠬᠦ ᠠᠵᠢᠯ ᠢ ᠵᠢᠯᠣᠭᠤᠳᠤᠨ᠎ᠠ᠃ ᠴᠢᠬᠤᠯᠠ ᠶᠡᠭᠡ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠴᠠᠭᠤᠯᠤᠨ | ᠵᠣᠬᠢᠶᠠᠨ ᠪᠠᠶᠢᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠤᠨ ᠲᠣᠰ ᠱᠠᠲᠤᠨ ᠤ | ᠡᠮ ᠤᠨ ᠵᠦᠢᠯ ᠤᠨ ᠠᠮᠣᠷ ᠳᠦᠪᠰᠢᠨ ᠬᠥᠭᠵᠢᠯᠲᠡ ᠶᠢᠨ ᠳᠦᠯᠦᠪᠵᠢᠬᠦᠯᠬᠡ ᠪᠣᠯᠤᠨ ᠲᠤᠰᠬᠠᠶ ᠳᠦᠷᠦᠯ ᠤᠨ | ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮ ᠤᠨ ᠵᠦᠢᠯ ᠤᠨ | ᠬᠢᠨᠠᠨ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠠᠮᠢᠶ᠎ᠠ ᠪᠦᠬᠦᠢ | ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠬᠡᠷᠡᠭᠵᠢᠭᠦᠯᠵᠦ᠂ ᠪᠦᠬᠦ | ᠠᠶᠢᠮᠠᠭ ᠤᠨ ᠶᠠᠰᠤ ᠴᠢᠨᠠᠷ ᠤᠨ ᠰᠠᠭᠤᠷᠢ ᠲᠥᠬᠦᠭᠡᠷᠦᠮᠵᠢ ᠵᠡᠷᠭᠡ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ | ᠬᠡᠷᠡᠭᠴᠡᠭᠡ ᠱᠠᠭᠠᠷᠳᠠᠯᠭ᠎ᠠ ᠶᠢ ᠳᠤᠷᠠᠳᠴᠤ᠂ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ | ᠰᠢᠪᠲᠤᠯᠬᠤ᠂ ᠬᠠᠮᠲᠤᠷᠠᠯᠴᠠᠭ᠎ᠠ ᠰᠣᠯᠢᠯᠴᠠᠭ᠎ᠠ᠂ ᠦᠷ᠎ᠡ ᠪᠦᠲᠦᠭᠡᠯ ᠤᠨ ᠬᠡᠷᠡᠭᠯᠡᠯᠲᠡ ᠵᠡᠷᠭᠡ ᠠᠵᠢᠯ ᠢ ᠡᠭᠦᠷᠭᠡᠯᠡᠨ᠎ᠡ᠃ | ︵ᠭᠤᠷᠪᠠ︶ ᠬᠠᠤᠯᠢ ᠳᠦᠷᠢᠮ ᠤᠨ ᠰᠠᠯᠠᠭ᠎ᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠢ | ᠲᠦᠯᠬᠢᠨ ᠠᠬᠢᠭᠤᠯᠬᠤ ᠶᠢ ᠬᠠᠷᠢᠭᠤᠴᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ | ᠳᠦᠷᠢᠮ ᠢ ᠨᠠᠶᠢᠳᠠᠪᠤᠷᠢᠵᠢᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠪᠤᠴᠠ ᠳᠠᠬᠢ ᠬᠠᠤᠯᠢ ᠴᠠᠭᠠᠵᠠ᠂ | ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠬᠡᠷᠡᠭᠯᠡᠯᠲᠡ ᠶᠢ ᠵᠢᠯᠣᠭᠤᠳᠤᠨ᠎ᠠ᠃ ᠳᠦᠷᠢᠮᠵᠢᠯ ᠤᠨ ᠴᠢᠨᠠᠷᠲᠠᠶ | ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠵᠤ ᠳᠠᠩᠰᠠᠯᠠᠬᠤ ᠠᠵᠢᠯ ᠢ ᠡᠭᠦᠷᠭᠡᠯᠡᠨ᠎ᠡ᠃ | ᠬᠠᠤᠯᠢ ᠬᠡᠷᠡᠭᠵᠢᠭᠦᠯᠬᠦ ᠵᠢᠷᠤᠮ ᠢ ᠳᠦᠷᠢᠮᠵᠢᠬᠦᠯᠬᠦ᠂ ᠴᠢᠯᠥᠭᠡᠲᠦ ᠲᠠᠰᠤᠯᠤᠯᠲᠠ ᠶᠢᠨ ᠡᠷᠬᠡ ᠶᠢ ᠳᠦᠷᠢᠮᠵᠢᠬᠦᠯᠬᠦ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠢ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠎ᠡ᠃ ᠬᠠᠮᠢᠶ᠎ᠠ ᠪᠦᠬᠦᠢ ᠭᠡᠷᠡᠴᠢᠯᠡᠭᠡ ᠰᠣᠨᠣᠰᠬᠤ | ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠳᠠᠬᠢᠨ ᠵᠥᠪᠯᠡᠬᠦ᠂ | ᠵᠠᠰᠠᠭ ᠵᠠᠬᠢᠷᠭᠠᠨ ᠤ ᠵᠠᠷᠭᠤ ᠬᠦᠯᠢᠶᠡᠬᠦ᠂ ᠵᠠᠰᠠᠭ ᠵᠠᠬᠢᠷᠭᠠᠨ ᠤ ᠲᠥᠯᠥᠪᠦᠷᠢ ᠶᠢᠨ ᠬᠤᠯᠪᠣᠭᠳᠠᠯ ᠪᠦᠬᠦᠢ ᠠᠵᠢᠯ ᠢ | ᠡᠭᠦᠷᠭᠡᠯᠡᠬᠦ ᠪᠤᠶᠤ ᠲᠡᠭᠦᠨ ᠳᠤ ᠣᠷᠣᠯᠴᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠡᠷᠡᠭᠦᠤ ᠶᠢᠨ | ᠬᠡᠷᠡᠭ ᠤᠨ ᠬᠠᠤᠯᠢ ᠴᠠᠭᠠᠵᠠ ᠯᠤᠭ᠎ᠠ ᠵᠣᠯᠭᠠᠭᠤᠯᠬᠤ ᠠᠵᠢᠯ ᠢ ᠡᠭᠦᠷᠭᠡᠯᠡᠨ᠎ᠡ᠃ ᠬᠠᠤᠯᠢ ᠪᠠᠷ ᠵᠠᠰᠠᠬᠤ ᠤᠬᠠᠭᠤᠯᠭ᠎ᠠ | ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠳᠦᠷᠪᠡ︶ ᠬᠠᠤᠯᠢ ᠬᠡᠷᠡᠭᠵᠢᠬᠦᠯᠦᠯᠳᠡ ᠶᠢ ᠪᠠᠶᠢᠴᠠᠭᠠᠬᠤ ᠰᠠᠯᠠᠭ᠎ᠠ᠃ ᠵᠠᠬ᠎ᠠ ᠳᠡᠯᠭᠡᠭᠦᠷ ᠤᠨ ᠬᠢᠨᠠᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠵᠢᠴᠢ ᠪᠠᠶᠢᠴᠠᠭᠠᠨ ᠬᠡᠷᠡᠭ ᠰᠢᠢᠳᠪᠦᠷᠢᠯᠡᠬᠦ ᠳᠦᠷᠢᠮ | ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠵᠠᠬ᠎ᠠ | ᠳᠡᠯᠭᠡᠭᠦᠷ ᠤᠨ ᠭᠤᠤᠯ ᠴᠣᠭᠴᠠ ᠶᠢ ᠵᠥᠪᠰᠢᠶᠡᠷᠡᠨ ᠣᠷᠣᠭᠤᠯᠬᠤ᠂ ᠦᠢᠯᠡᠳᠪᠦᠷᠢᠯᠡᠬᠦ᠂ ᠡᠵᠡᠩᠨᠡᠬᠦ᠂ ᠰᠣᠯᠢᠯᠴᠠᠭ᠎ᠠ | ᠳᠤᠮᠳᠠᠬᠢ ᠬᠤᠯᠪᠣᠭᠳᠠᠯ ᠪᠦᠬᠦᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠪᠣᠯᠤᠨ ᠬᠡᠷᠡᠭ ᠢ ᠪᠠᠶᠢᠴᠠᠭᠠᠨ | ᠰᠢᠢᠳᠪᠦᠷᠢᠯᠡᠬᠦ ᠠᠵᠢᠯ ᠢ ᠵᠢᠯᠣᠭᠤᠳᠤᠨ ᠪᠠᠶᠢᠴᠠᠭᠠᠨ ᠰᠢᠢᠳᠪᠦᠷᠢᠯᠡᠨ᠎ᠡ᠃ ᠪᠦᠬᠦ ᠠᠶᠢᠮᠠᠭ ᠤᠨ ᠴᠢᠨᠠᠷᠲᠠᠢ ᠨᠥᠯᠥᠭᠡ | ᠪᠦᠬᠦᠢ ᠪᠤᠶᠤ ᠬᠤᠰᠢᠭᠤ ᠲᠣᠭᠤᠷᠢᠭ ᠠᠯᠤᠰᠯᠠᠭᠰᠠᠨ ᠳᠣᠮᠣ ᠬᠡᠷᠡᠭ ᠴᠢᠬᠤᠯᠠ ᠬᠡᠷᠡᠭ ᠢ ᠰᠢᠮᠳᠠᠭᠤᠯᠣᠨ ᠪᠠᠶᠢᠴᠠᠭᠠᠨ | ᠰᠢᠢᠳᠪᠦᠷᠢᠯᠡᠬᠦ᠂ ᠰᠢᠮᠳᠠᠭᠤᠯᠣᠨ ᠪᠠᠶᠢᠴᠠᠭᠠᠵᠤ ᠰᠢᠮᠳᠠᠭᠤᠯᠣᠨ ᠬᠦᠢᠴᠡᠳᠭᠡᠭᠦᠯᠬᠦ ᠠᠵᠢᠯ ᠢ ᠵᠣᠬᠢᠶᠠᠨ ᠪᠠᠶᠢᠭᠤᠯᠬᠤ ᠶᠢ | ᠡᠭᠦᠷᠭᠡᠯᠡᠨ᠎ᠡ᠃ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ | ᠵᠢᠯᠣᠭᠤᠳᠤᠨ᠎ᠠ᠃ | ︵ᠲᠠᠪᠤ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠵᠦ ᠳᠠᠩᠰᠠᠯᠠᠬᠤ ᠰᠠᠯᠠᠭ᠎ᠠ ︵ᠬᠤᠪᠢ ᠡᠷᠦᠬᠡ | ᠬᠤᠪᠢ ᠶᠢᠨ ᠡᠵᠡᠩᠨᠡᠯᠳᠡ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ | ᠠᠵᠢᠯ ᠤᠨ ᠠᠯᠪᠠᠨ ᠭᠡᠷ︶᠃ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠨᠢᠭᠡᠳᠦᠯᠲᠡᠶ ᠪᠦᠷᠢᠳᠬᠡᠨ ᠳᠠᠩᠰᠠᠯᠠᠬᠤ ᠪᠠ | ᠡᠵᠡᠩᠨᠡᠯᠲᠡ ᠶᠢᠨ ᠦᠨᠡᠮᠯᠡᠯ ᠢ ᠬᠠᠷᠭᠤᠭᠤᠯᠤᠨ ᠣᠯᠭᠤᠬᠤ ᠳᠦᠷᠢᠮ ᠠᠷᠭ᠎ᠠ ᠬᠡᠮᠵᠢᠶ᠎ᠡ ᠶᠢ ᠵᠢᠯᠣᠭᠤᠳᠤᠨ | ᠬᠡᠷᠡᠭᠵᠢᠭᠦᠯᠦᠨ᠎ᠡ᠃ ᠳᠠᠩᠰᠠᠯᠠᠨ ᠲᠡᠮᠳᠡᠭᠯᠡᠬᠦ ᠪᠦᠬᠦ ᠶᠠᠪᠤᠴᠠ ᠶᠢᠨ ᠡᠯᠧᠺᠲᠷᠣᠨᠴᠢᠯᠠᠬᠦ ᠠᠵᠢᠯ ᠤᠨ ᠵᠢᠯᠣᠭᠤᠳᠣᠯᠭ᠎ᠠ ᠶᠢ | ᠡᠭᠦᠷᠭᠡᠯᠡᠨ᠎ᠡ᠃ ᠳᠠᠩᠰᠠᠯᠠᠨ ᠲᠡᠮᠳᠡᠭᠯᠡᠬᠦ ᠮᠡᠳᠡᠭᠡ ᠵᠠᠩᠭᠢ ᠶᠢ ᠵᠠᠳᠠᠯᠤᠨ ᠢᠯᠡ ᠪᠠᠶᠢᠯᠭᠠᠬᠤ ᠠᠵᠢᠯ ᠢ ᠡᠭᠦᠷᠭᠡᠯᠡᠨ᠎ᠡ᠃ | ᠠᠵᠤ ᠠᠬᠤᠶᠢᠯᠠᠯ ᠳᠤ ᠬᠤᠯᠪᠣᠭᠳᠠᠬᠤ ᠮᠡᠳᠡᠭᠡ ᠵᠠᠩᠭᠢ ᠶᠢ ᠬᠠᠶᠢᠨ ᠯᠠᠪᠯᠠᠬᠤ ᠦᠢᠯᠡᠴᠢᠯᠡᠭᠡ ᠬᠠᠩᠭᠠᠨ᠎ᠠ᠃ | ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠠᠯ᠎ᠠ ᠶᠢᠨ | ᠵᠠᠰᠠᠭ ᠵᠠᠬᠢᠷᠭᠠᠨ ᠤ ᠵᠥᠪᠰᠢᠶᠡᠷᠡᠯ ᠤᠨ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ᠂ ᠬᠢᠨᠠᠨ ᠪᠠᠶᠢᠴᠠᠭᠠᠬᠤ | ᠵᠢᠴᠢ ᠦᠨᠡᠮᠯᠡᠯ ᠣᠯᠭᠤᠬᠤ ᠬᠤᠯᠪᠣᠭᠳᠠᠯ ᠪᠦᠬᠦᠢ ᠠᠵᠢᠯ ᠢ ᠵᠢᠯᠣᠭᠤᠳᠤᠨ᠎ᠠ᠃ ᠬᠤᠪᠢ ᠡᠷᠦᠬᠡ ᠪᠠ ᠬᠤᠪᠢ ᠶᠢᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠲᠡᠳᠬᠦᠨ ᠳᠠᠮᠵᠢᠵᠤ᠂ ᠵᠢᠵᠢᠭ ᠪᠢᠴᠢᠯ ᠠᠵᠤ ᠠᠬᠤᠶᠢᠯᠠᠯ ᠤᠨ | ᠨᠡᠷᠡᠰ ᠤᠨ ᠵᠢᠭᠰᠠᠭᠠᠯᠲᠠ ᠶᠢ ᠪᠠᠶᠢᠭᠤᠯᠤᠨ ᠲᠡᠭᠦᠯᠳᠡᠷᠵᠢᠭᠦᠯᠬᠦ ᠠᠵᠢᠯ ᠢ ᠡᠭᠦᠷᠭᠡᠯᠡᠨ᠎ᠡ᠃ ᠨᠠᠮ ᠤᠨ ᠬᠤᠷᠢᠶ᠎ᠠ ᠶᠢᠨ | ᠵᠣᠬᠢᠶᠠᠨ ᠪᠠᠶᠢᠭᠤᠯᠬᠤ ᠰᠠᠯᠠᠭ᠎ᠠ ᠮᠦᠴᠢᠷ ᠲᠠᠢ ᠬᠠᠮᠵᠢᠯᠴᠠᠨ ᠵᠢᠵᠢᠭ ᠪᠢᠴᠢᠯ ᠠᠵᠤ ᠠᠬᠤᠶᠢᠯᠠᠯ᠂ ᠦᠢᠯᠡᠳᠪᠦᠷᠢ | ᠬᠤᠳᠠᠯᠳᠤᠭᠠᠨ ᠤ ᠬᠤᠪᠢ ᠡᠷᠦᠬᠡ᠂ ᠲᠤᠰᠬᠠᠶ ᠵᠠᠬ᠎ᠠ ᠳᠡᠯᠭᠡᠭᠦᠷ ᠤᠨ ᠨᠠᠮ ᠤᠨ ᠪᠠᠶᠢᠭᠤᠯᠤᠯᠲᠠ ᠶᠢᠨ ᠠᠵᠢᠯ ᠢ | ᠥᠷᠨᠢᠭᠦᠯᠦᠨ᠎ᠡ᠃ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠡᠪᠯᠡᠯ ᠤᠨ | ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ | (ᠵᠢᠷᠭᠤᠭ᠎ᠠ)ᠢᠲᠡᠭᠡᠮᠵᠢ ᠶᠢᠨ ᠬᠢᠨᠠᠨ ᠬᠠᠮᠢᠶᠠᠷᠤᠯᠲᠠ ᠶᠢᠨ ᠰᠠᠯᠠᠭ᠎ᠠ᠃ ᠢᠲᠡᠭᠡᠮᠵᠢ ᠶᠢᠨ ᠬᠢᠨᠠᠨ | ᠬᠠᠮᠢᠶᠠᠷᠤᠯᠲᠠ ᠶᠢᠨ ᠳᠦᠷᠢᠮ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠵᠠᠬ᠎ᠠ ᠳᠡᠯᠭᠡᠭᠦᠷ ᠤᠨ | ᠭᠤᠤᠯ ᠴᠣᠭᠴᠠ ᠶᠢᠨ ᠳᠠᠩᠰᠠᠯᠠᠨ ᠲᠡᠮᠳᠡᠭᠯᠡᠬᠦ ᠦᠢᠯᠡ ᠠᠵᠢᠯᠯᠠᠭ᠎ᠠ ᠶᠢ ᠬᠢᠨᠠᠨ ᠪᠠᠶᠢᠴᠠᠭᠠᠬᠤ ᠠᠵᠢᠯ ᠢ ᠵᠣᠬᠢᠶᠠᠨ | ᠪᠠᠶᠢᠭᠤᠯᠤᠨ ᠵᠢᠯᠣᠭᠤᠳᠤᠨ᠎ᠠ᠃ ᠢᠲᠡᠭᠡᠮᠵᠢ ᠶᠢ ᠲᠥᠷᠥᠯ ᠬᠤᠪᠢᠶᠠᠨ ᠬᠠᠮᠢᠶᠠᠷᠬᠤ ᠪᠠ ᠮᠡᠳᠡᠭᠡ ᠵᠠᠩᠭᠢ ᠶᠢ ᠢᠯᠡ | ᠨᠡᠶᠢᠲᠡᠯᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ | ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ︵ᠥᠪᠥᠷ ᠮᠣᠩᠭᠤᠯ︶ ᠵᠢᠴᠢ ᠰᠠᠯᠠᠭ᠎ᠠ ᠮᠥᠴᠢᠷ ᠤᠨ ᠬᠠᠮᠵᠢᠯᠴᠠᠨ | ᠬᠢᠨᠠᠨ ᠬᠠᠮᠢᠶᠠᠷᠬᠤ ᠲᠠᠪᠴᠠᠩ ᠤᠨ ᠬᠡᠷᠡᠭᠯᠡᠭᠡᠨ ᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠡᠵᠡᠩᠨᠡᠯᠲᠡ | ᠬᠡᠪ ᠤᠨ ᠪᠤᠰᠤ ᠪᠠᠶᠢᠬᠤ ᠨᠡᠷᠡᠰ ᠤᠨ ᠵᠢᠭᠰᠠᠭᠠᠯᠲᠠ ᠪᠠ ︽ᠬᠠᠷ᠎ᠠ ᠳᠠᠩᠰᠠ︾ ᠶᠢ ᠪᠠᠶᠢᠭᠤᠯᠵᠤ᠂ ᠵᠠᠬ᠎ᠠ ᠳᠡᠯᠭᠡᠭᠦᠷ ᠤᠨ | ᠭᠤᠤᠯ ᠴᠣᠭᠴᠠ ᠶᠢᠨ ᠬᠢᠨᠠᠨ ᠬᠠᠮᠢᠶᠠᠷᠤᠯᠲᠠ ᠶᠢᠨ ᠮᠡᠳᠡᠭᠡ ᠵᠠᠩᠭᠢ ᠪᠠ ᠢᠯᠠ ᠨᠡᠶᠢᠲᠡᠯᠡᠭᠰᠡᠨ ᠮᠡᠳᠡᠭᠡ ᠵᠠᠩᠭᠢ ᠶᠢ | ᠴᠤᠭᠯᠠᠭᠤᠯᠤᠨ ᠬᠠᠮᠲᠤᠪᠠᠷ ᠬᠤᠪᠢᠶᠠᠯᠴᠠᠬᠤ᠂ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠵᠣᠬᠢᠴᠠᠭᠤᠯᠤᠨ | ᠬᠠᠷᠢᠯᠴᠠᠬᠤ ᠵᠡᠷᠭᠡ ᠠᠵᠢᠯ ᠢ ᠡᠭᠦᠷᠭᠡᠯᠡᠨ᠎ᠡ᠃ ᠪᠦᠬᠦ ᠠᠶᠢᠮᠠᠭ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠣᠨ | ᠤ ᠮᠡᠳᠡᠭᠦᠯᠦᠯᠲᠡ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠪᠦᠬᠦ ᠠᠶᠢᠮᠠᠭ ᠤᠨ ᠦᠢᠯᠡᠳᠬᠦᠨ ᠤ ᠶᠠᠰᠤ | ᠴᠢᠨᠠᠷ ᠤᠨ ᠦᠨᠡᠨᠴᠢ ᠢᠲᠡᠭᠡᠮᠵᠢ ᠶᠢᠨ ᠳᠦᠷᠢᠮ ᠢ ᠪᠠᠶᠢᠭᠤᠯᠤᠨ᠎ᠠ᠃ | (ᠳᠣᠯᠤᠭ᠎ᠠ)ᠬᠡᠷᠡᠭᠯᠡᠭᠡᠨ ᠤ ᠣᠷᠴᠢᠨ ᠲᠣᠭᠤᠷᠢᠨ ᠤ ᠪᠠᠶᠢᠭᠤᠯᠤᠯᠲᠠ ᠶᠢ ᠵᠢᠯᠣᠭᠤᠳᠬᠤ ᠰᠠᠯᠠᠭ᠎ᠠ᠃ | ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ | ᠲᠤᠤᠱᠯᠠᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠦᠢᠯᠡᠴᠢᠯᠡᠭᠡᠨ ᠤ ᠬᠦᠷᠢᠶᠡᠨ ᠤ ᠡᠵᠡᠩᠨᠡᠯᠲᠡ ᠶᠢᠨ | ᠠᠵᠢᠯᠯᠠᠭ᠎ᠠ ᠶᠢ ᠳᠦᠷᠢᠮᠵᠢᠬᠦᠯᠬᠦ ᠪᠠ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ᠬᠡᠷᠡᠭᠯᠡᠭᠴᠢᠳ ᠤᠨ ᠯᠠᠪᠯᠠᠯᠭ᠎ᠠ᠂ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠦᠷᠢᠯᠡᠬᠦ | ᠪᠠ ᠲᠣᠤᠷ ᠰᠦᠯᠵᠢᠶᠡᠨ ᠤ ᠰᠢᠰᠲ᠋ᠧᠮᠵᠢ ᠶᠢᠨ ᠬᠡᠷᠡᠭᠯᠡᠭᠡᠨ ᠢ ᠵᠢᠯᠣᠭᠤᠳᠤᠨ᠎ᠠ᠃ ᠬᠡᠷᠡᠭᠯᠡᠭᠡᠨ ᠤ ᠣᠷᠴᠢᠨ ᠲᠣᠭᠤᠷᠢᠨ ᠤ | ᠪᠠᠶᠢᠭᠤᠯᠤᠯᠲᠠ ᠪᠠ ᠬᠡᠷᠡᠭᠯᠡᠭᠡᠨ ᠤ ᠣᠷᠴᠢᠨ ᠲᠣᠭᠤᠷᠢᠨ ᠤ ᠦᠨᠡᠯᠡᠯᠲᠡ ᠶᠢᠨ ᠠᠵᠢᠯ ᠢ ᠵᠢᠯᠣᠭᠤᠳᠤᠨ᠎ᠠ᠃ | ᠬᠡᠷᠡᠭᠯᠡᠭᠴᠢᠳ ᠤᠨ ᠡᠷᠬᠡ ᠠᠰᠢᠭ ᠢ ᠵᠠᠰᠠᠭ ᠵᠠᠬᠢᠷᠭᠠᠨ ᠤ ᠳᠠᠯ᠎ᠠ ᠠᠴᠠ ᠬᠠᠮᠠᠭᠠᠯᠠᠬᠤ ᠠᠵᠢᠯ ᠢ ᠨᠢᠭᠡᠳᠦᠯᠲᠡᠶ | ᠲᠥᠯᠥᠪᠯᠡᠨ ᠵᠣᠬᠢᠴᠠᠭᠤᠯᠤᠨ᠎ᠠ᠃ ᠠᠶᠢᠮᠠᠭ ᠤᠨ ᠬᠡᠷᠡᠭᠯᠡᠭᠴᠢᠳ ᠤᠨ ᠨᠡᠶᠢᠭᠡᠮᠯᠢᠭ ᠤᠨ ᠠᠵᠢᠯ ᠢ ᠵᠢᠯᠣᠭᠤᠳᠤᠨ᠎ᠠ᠃ | ︵ᠨᠠᠢᠮᠠ︶ ᠦᠨ᠎ᠡ ᠬᠠᠩᠰᠢ ᠶᠢ ᠬᠢᠨᠠᠨ ᠪᠠᠶᠢᠴᠠᠭᠠᠬᠤ ᠪᠠ ᠵᠦᠢ ᠶᠣᠰᠣᠨ ᠤ ᠪᠣᠰᠣ ᠦᠷᠢᠰᠦᠯᠳᠦᠬᠡᠨ ᠢ | ᠡᠰᠡᠷᠭᠦᠴᠡᠬᠦ ᠠᠵᠢᠯ ᠤᠨ ᠰᠠᠯᠠᠭ᠎ᠠ᠃ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ | ᠨᠠᠶᠢᠳᠠᠪᠣᠷᠢᠵᠢᠭᠤᠯᠵᠦ᠂ ᠦᠨ᠎ᠡ ᠬᠠᠩᠰᠢ ᠰᠦᠢᠳᠬᠡᠯ ᠬᠤᠷᠢᠶᠠᠬᠤ ᠶᠢ ᠬᠢᠨᠠᠨ ᠪᠠᠶᠢᠴᠠᠭᠠᠬᠤ᠂ ᠵᠦᠢ ᠶᠣᠰᠣᠨ ᠤ ᠪᠣᠰᠣ | ᠦᠷᠢᠰᠦᠯᠳᠦᠬᠡᠨ ᠢ ᠡᠰᠡᠷᠭᠦᠴᠡᠬᠦ ᠪᠠ ᠭᠠᠭᠴᠠᠭᠠᠷ ᠡᠵᠡᠮᠰᠢᠯ ᠢ ᠡᠰᠡᠷᠭᠦᠴᠡᠬᠦ ᠬᠤᠯᠪᠣᠭᠳᠠᠯ ᠪᠦᠬᠦᠢ ᠳᠦᠷᠢᠮ ᠠᠷᠭ᠎ᠠ | ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ ᠳᠠᠸᠠᠷ ᠤᠨ ᠦᠨ᠎ᠡ ᠬᠠᠩᠰᠢ᠂ ᠦᠢᠯᠡᠴᠢᠯᠡᠬᠡᠨ ᠤ ᠦᠨ᠎ᠡ ᠬᠠᠩᠰᠢ ᠵᠢᠴᠢ | ᠲᠥᠷᠥ ᠶᠢᠨ ᠪᠠᠶᠢᠭᠤᠯᠤᠯᠭ᠎ᠠ᠂ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠶᠢ ᠬᠢᠨᠠᠨ ᠪᠠᠶᠢᠴᠠᠭᠠᠬᠤ | ᠠᠵᠢᠯ ᠢ ᠵᠣᠬᠢᠶᠠᠨ ᠪᠠᠶᠢᠭᠤᠯᠤᠨ ᠬᠡᠷᠡᠭᠵᠢᠬᠦᠯᠦᠨ᠎ᠡ᠃ ᠦᠨ᠎ᠡ ᠬᠠᠩᠰᠢ ᠰᠦᠢᠳᠬᠡᠯ ᠬᠤᠷᠢᠶᠠᠬᠤ ᠳᠣᠬᠠᠢ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠ ᠵᠦᠢ ᠶᠣᠰᠣᠨ ᠤ ᠪᠣᠰᠣ ᠦᠷᠢᠰᠦᠯᠳᠦᠬᠡᠨ ᠤ ᠦᠢᠯᠡ | ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠣᠨ ᠵᠢᠯᠣᠭᠤᠳᠣᠨ᠎ᠠ᠃ | ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠰᠢᠭᠤᠳ ᠪᠣᠷᠣᠯᠠᠭᠤᠯᠬᠤ ᠠᠵᠤ ᠠᠬᠤᠶᠢᠯᠠᠯ᠂ ᠰᠢᠭᠤᠳ | ᠪᠣᠷᠣᠯᠠᠭᠤᠯᠤᠭᠴᠢ ᠵᠢᠴᠢ ᠰᠢᠭᠤᠳ ᠪᠣᠷᠣᠯᠠᠭᠤᠯᠬᠤ ᠠᠵᠢᠯᠯᠠᠭ᠎ᠠ ᠪᠠ ᠳᠠᠮᠵᠢᠭᠤᠯᠣᠨ ᠪᠣᠷᠣᠯᠠᠭᠤᠯᠭ᠎ᠠ ᠳᠤ ᠴᠣᠬᠢᠯᠳᠠ | ᠦᠭᠭᠦ ᠠᠵᠢᠯ ᠢ ᠬᠢᠨᠠᠨ ᠬᠠᠮᠢᠶᠠᠷᠬᠤ ᠶᠢ ᠡᠭᠦᠷᠭᠡᠯᠡᠨ᠎ᠡ᠃ ᠭᠠᠭᠴᠠᠭᠠᠷ ᠡᠵᠡᠮᠰᠢᠯ ᠢ ᠡᠰᠡᠷᠭᠦᠴᠡᠬᠦ ᠬᠠᠤᠯᠢ ᠬᠡᠷᠡᠭᠵᠢᠭᠦᠯᠬᠦ | ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠭᠤᠤᠯᠴᠢ ᠥᠷᠢᠰᠥᠯᠳᠦᠭᠡᠨ ᠢ ᠬᠢᠨᠠᠨ ᠪᠠᠶᠢᠴᠠᠭᠠᠬᠤ ᠠᠵᠢᠯ ᠢ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠶᠢᠰᠦ︶ ᠰᠦᠯᠵᠢᠶᠡᠨ ᠠᠷᠠᠯᠵᠢᠶ᠎ᠠ ᠶᠢ ᠬᠢᠨᠠᠨ ᠬᠠᠮᠢᠶᠠᠷᠬᠤ ᠰᠠᠯᠠᠭ᠎ᠠ᠃ ᠰᠦᠯᠵᠢᠶᠡᠨ ᠤ ᠲᠠᠸᠠᠷ ᠤᠨ | ᠰᠣᠯᠢᠯᠴᠠᠭ᠎ᠠ ᠵᠢᠴᠢ ᠬᠤᠯᠪᠣᠭᠳᠠᠯ ᠪᠦᠬᠦᠢ ᠦᠢᠯᠡᠴᠢᠯᠡᠬᠡᠨ ᠤ ᠬᠢᠨᠠᠨ ᠬᠠᠮᠢᠶᠠᠷᠤᠯᠲᠠ ᠶᠢᠨ ᠳᠦᠷᠢᠮ ᠠᠷᠭ᠎ᠠ | ᠬᠡᠮᠵᠢᠶ᠎ᠡ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠰᠦᠯᠵᠢᠶ᠎ᠡ ᠪᠠᠷ ᠰᠣᠯᠢᠯᠴᠠᠬᠤ ᠲᠠᠪᠴᠠᠩ ᠪᠠ ᠰᠦᠯᠵᠢᠶᠡᠨ ᠤ | ᠡᠵᠡᠩᠨᠡᠯᠳᠡ ᠶᠢᠨ ᠭᠤᠤᠯ ᠴᠣᠭᠴᠠ ᠶᠢᠨ ᠳᠦᠷᠢᠮᠵᠢᠭᠦᠯᠦᠭᠰᠡᠨ ᠬᠠᠮᠢᠶᠠᠷᠣᠯᠳᠠ ᠶᠢᠨ ᠠᠵᠢᠯ ᠢ ᠵᠣᠬᠢᠶᠠᠨ ᠪᠠᠶᠢᠭᠤᠯᠤᠨ | ᠵᠢᠯᠣᠭᠤᠳᠤᠨ᠎ᠠ᠃ ᠰᠦᠯᠵᠢᠶᠡᠨ ᠤ ᠵᠠᠬ᠎ᠠ ᠳᠡᠯᠭᠡᠭᠦᠷ ᠤᠨ ᠬᠢᠨᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ᠂ ᠦᠢᠯᠡ ᠠᠵᠢᠯᠯᠠᠭ᠎ᠠ ᠶᠢ ᠬᠠᠤᠯᠢ | ᠶᠣᠰᠣᠭᠠᠷ ᠳᠦᠷᠢᠮᠵᠢᠬᠦᠯᠬᠦ ᠪᠠ ᠬᠠᠮᠠᠭᠠᠯᠠᠬᠤ ᠳᠣᠬᠠᠢ ᠬᠢᠨᠠᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠭᠡᠷ᠎ᠡ᠂ | ᠦᠨ᠎ᠡ ᠬᠠᠶᠠᠯᠴᠠᠨ ᠬᠤᠳᠠᠯᠳᠣᠬᠤ ᠦᠢᠯᠡ ᠠᠵᠢᠯᠯᠠᠭ᠎ᠠ ᠶᠢᠨ ᠬᠢᠨᠠᠨ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠳᠣᠭᠳᠠᠮᠠᠯ ᠪᠣᠰᠣ ᠬᠥᠷᠥᠩᠭᠡ ᠶᠢᠨ ᠳᠠᠩᠰᠠᠯᠠᠯ ᠢ ᠬᠠᠮᠢᠶᠠᠷᠤᠨ᠎ᠠ᠃ | ︵ᠠᠷᠪᠠ︶ ᠵᠠᠷ ᠤᠨ ᠬᠢᠨᠠᠨ ᠬᠠᠮᠢᠶᠠᠷᠣᠯᠳᠠ ᠶᠢᠨ ᠰᠠᠯᠠᠭ᠎ᠠ᠃ ᠵᠠᠷ ᠮᠡᠳᠡᠭᠡ ᠶᠢᠨ ᠦᠢᠯᠡᠰ ᠤᠨ | ᠬᠥᠭᠵᠢᠯᠲᠡ ᠶᠢᠨ ᠳᠦᠯᠦᠪᠵᠢᠬᠦᠯᠬᠡ᠂ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠬᠦᠯᠦᠨ᠎ᠡ᠃ ᠵᠠᠷ ᠤᠨ ᠬᠢᠨᠠᠨ ᠬᠠᠮᠢᠶᠠᠷᠤᠯᠲᠠ ᠶᠢ ᠬᠡᠷᠡᠭᠵᠢᠭᠦᠯᠬᠦ ᠳᠦᠷᠢᠮ ᠠᠷᠭ᠎ᠠ ᠬᠡᠮᠵᠢᠶ᠎ᠡ ᠶᠢ | ᠲᠤᠭᠤᠷᠪᠢᠨ ᠲᠣᠭᠲᠠᠭᠠᠨ᠎ᠠ᠃ ᠵᠠᠷ ᠮᠡᠳᠡᠭᠡ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ | ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠡᠯ᠎ᠡ ᠲᠥᠷᠥᠯ ᠤᠨ ᠵᠠᠭᠤᠴᠢᠯᠠᠭᠤᠷ ᠤᠨ ᠵᠠᠷ ᠮᠡᠳᠡᠭᠡ ᠨᠡᠶᠢᠲᠡᠯᠡᠭᠰᠡᠨ | ᠪᠠᠶᠢᠳᠠᠯ ᠢ ᠵᠣᠬᠢᠶᠠᠨ ᠪᠠᠶᠢᠭᠤᠯᠤᠨ ᠬᠢᠨᠠᠨ ᠰᠢᠯᠭᠠᠨ᠎ᠠ᠃ ᠵᠠᠷ ᠢ ᠬᠢᠨᠠᠨ ᠪᠠᠶᠢᠴᠠᠭᠠᠬᠤ ᠪᠠᠶᠢᠭᠤᠯᠤᠮᠵᠢ ᠪᠠ ᠵᠠᠷ ᠤᠨ | ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ | ︵ᠠᠷᠪᠠᠨ ᠨᠢᠭᠡ︶ ᠶᠠᠰᠤ ᠴᠢᠨᠠᠷ ᠢ ᠬᠥᠭᠵᠢᠭᠦᠯᠬᠦ ᠪᠠ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠬᠢᠨᠠᠨ | ᠬᠠᠮᠢᠶᠠᠷᠤᠯᠲᠠ ᠶᠢᠨ ᠰᠠᠯᠠᠭ᠎ᠠ᠃ ᠶᠠᠰᠤ ᠴᠢᠨᠠᠷ ᠢᠶᠠᠷ ᠠᠶᠢᠮᠠᠭ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠪᠠ | ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠢ ᠲᠦᠯᠬᠢᠨ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠶᠠᠰᠤ ᠴᠢᠨᠠᠷ ᠤᠨ ᠰᠠᠭᠤᠷᠢ | ᠳᠦᠭᠦᠭᠡᠷᠦᠮᠵᠢ ᠶᠢᠨ ᠬᠠᠮᠵᠢᠯᠴᠠᠨ ᠦᠢᠯᠡᠴᠢᠯᠡᠬᠦ ᠵᠢᠴᠢ ᠬᠡᠷᠡᠭᠯᠡᠭᠡᠨ ᠤ ᠲᠥᠯᠥᠪᠵᠢᠭᠦᠯᠭᠡ ᠶᠢ ᠲᠣᠭᠲᠠᠭᠠᠨ᠎ᠠ᠃ ᠶᠠᠰᠤ | ᠴᠢᠨᠠᠷ ᠤᠨ ᠤᠷᠮᠠᠰᠢᠭᠤᠯᠬᠤ ᠳᠦᠷᠢᠮ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠷᠡᠲᠦ | ᠲᠡᠮᠳᠡᠭᠲᠦ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠦᠢᠯᠡᠳᠬᠦᠨ ᠤ ᠶᠠᠰᠤ ᠴᠢᠨᠠᠷ ᠤᠨ ᠠᠮᠣᠷ ᠳᠦᠪᠰᠢᠨ | ᠤ ᠠᠳᠡᠯ ᠬᠡᠷᠡᠭ ᠢ ᠠᠯᠪᠠᠲᠠᠨ ᠮᠡᠳᠡᠭᠦᠯᠬᠦ ᠳᠦᠷᠢᠮ᠂ ᠵᠡᠷᠡᠮᠳᠡᠭ ᠦᠢᠯᠡᠳᠬᠦᠨ ᠢ ᠡᠬᠡᠬᠦᠯᠦᠨ ᠪᠣᠴᠠᠭᠠᠬᠤ ᠳᠦᠷᠢᠮ ᠢ | ᠨᠠᠶᠢᠳᠠᠪᠣᠷᠢᠵᠢᠭᠤᠯᠵᠦ᠂ ᠴᠢᠬᠤᠯᠠ ᠶᠡᠭᠡ ᠢᠨᠵᠧᠨᠧᠷᠢᠩ ᠤᠨ ᠲᠥᠬᠦᠭᠡᠷᠦᠮᠵᠢ ᠶᠢᠨ ᠶᠠᠰᠤ ᠴᠢᠨᠠᠷ ᠢ ᠬᠢᠨᠠᠨ ᠬᠠᠮᠢᠶᠠᠷᠬᠤ | ᠪᠠ ᠦᠢᠯᠡᠳᠬᠦᠨ ᠤ ᠬᠠᠭᠤᠷᠮᠠᠭ ᠢ ᠰᠡᠷᠭᠡᠶᠢᠯᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠢᠯᠡᠴᠢᠯᠡᠬᠡᠨ ᠤ | ᠶᠠᠰᠤ ᠴᠢᠨᠠᠷ ᠲᠤ ᠬᠢᠨᠠᠯᠲᠠ ᠲᠠᠯᠪᠢᠵᠤ ᠬᠢᠨᠠᠨ ᠰᠢᠯᠭᠠᠬᠤ ᠪᠠ ᠶᠠᠰᠤ ᠴᠢᠨᠠᠷ ᠤᠨ ᠪᠠᠶᠢᠳᠠᠯ ᠳᠤ ᠵᠠᠳᠠᠯᠤᠯᠲᠠ ᠬᠢᠬᠦ ᠶᠢ | ᠥᠷᠨᠢᠭᠦᠯᠵᠦ᠂ ᠶᠠᠰᠤ ᠴᠢᠨᠠᠷ ᠤᠨ ᠬᠦᠨᠳᠦ ᠶᠡᠭᠡ ᠠᠳᠡᠯ ᠬᠡᠷᠡᠭ ᠤᠨ ᠪᠠᠶᠢᠴᠠᠭᠠᠯᠲᠠ ᠶᠢ ᠬᠠᠤᠯᠢ ᠶᠣᠰᠣᠭᠠᠷ ᠵᠣᠬᠢᠶᠠᠨ | ᠪᠠᠶᠢᠭᠤᠯᠤᠨ᠎ᠠ᠃ ᠭᠡᠷᠡᠴᠢᠯᠡᠵᠦ ᠵᠥᠪᠰᠢᠶᠡᠷᠡᠬᠦ ᠪᠠ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠬᠢᠨᠠᠨ | ᠬᠠᠮᠢᠶᠠᠷᠤᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠰᠠᠶᠢᠨ ᠳᠤᠷ᠎ᠠ ᠶᠢᠨ ᠴᠢᠨᠠᠷᠲᠠᠶ | ᠭᠡᠷᠡᠴᠢᠯᠡᠬᠦ ᠪᠠ ᠦᠢᠯᠡᠳᠬᠦᠨ ᠤ ᠠᠯᠪᠠᠳᠠᠯᠭ᠎ᠠ ᠶᠢᠨ ᠴᠢᠨᠠᠷᠲᠠᠶ ᠭᠡᠷᠡᠴᠢᠯᠡᠬᠦ ᠠᠵᠢᠯ ᠢ ᠬᠢᠨᠠᠨ ᠬᠠᠮᠢᠶᠠᠷᠴᠤ᠂ ᠰᠢᠯᠭᠠᠨ | ᠪᠠᠶᠢᠴᠠᠭᠠᠵᠤ ᠪᠠᠶᠢᠴᠠᠭᠠᠨ ᠰᠢᠨᠵᠢᠬᠦ ᠪᠠᠶᠢᠭᠤᠯᠤᠮᠵᠢ ᠶᠢᠨ ᠬᠢᠷᠢ ᠬᠡᠮ ᠢ ᠦᠨᠡᠯᠡᠨ ᠳᠣᠭᠳᠠᠭᠠᠵᠦ ᠬᠠᠮᠢᠶᠠᠷᠬᠤ | ᠬᠤᠯᠪᠣᠭᠳᠠᠯ ᠪᠦᠬᠦᠢ ᠠᠵᠢᠯ ᠢ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠡᠭᠦᠷᠭᠡᠯᠡᠨ᠎ᠡ᠃ | ᠭᠡᠷᠡᠴᠢᠯᠡᠵᠦ ᠵᠥᠪᠰᠢᠶᠡᠷᠡᠬᠦ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠠᠵᠢᠯ ᠲᠥᠷᠥᠯ ᠤᠨ ᠬᠥᠭᠵᠢᠯᠲᠡ ᠶᠢ | ᠨᠢᠭᠡᠳᠦᠯᠲᠡᠶ ᠲᠥᠯᠥᠪᠯᠡᠨ᠎ᠡ᠃ | ︵ᠠᠷᠪᠠᠨ ᠬᠤᠶᠠᠷ︶ ᠦᠢᠯᠡᠳᠬᠦᠨ ᠤ ᠶᠠᠰᠤ ᠴᠢᠨᠠᠷ ᠤᠨ ᠠᠮᠣᠷ ᠳᠦᠪᠰᠢᠨ ᠤ ᠬᠢᠨᠠᠨ ᠬᠠᠮᠢᠶᠠᠷᠤᠯᠲᠠ ᠶᠢᠨ | ᠰᠠᠯᠠᠭ᠎ᠠ᠃ ᠪᠦᠬᠦ ᠠᠶᠢᠮᠠᠭ ᠤᠨ ᠭᠤᠣᠯᠳᠠᠯᠭ᠎ᠠ ᠲᠠᠢ ᠬᠢᠨᠠᠯᠲᠠ ᠲᠠᠯᠪᠢᠬᠤ ᠦᠢᠯᠡᠳᠬᠦᠨ ᠤ ᠭᠠᠷᠴᠠᠭ ᠢ ᠲᠤᠭᠤᠷᠪᠢᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠬᠦᠯᠦᠨ᠎ᠡ᠃ ᠦᠢᠯᠡᠳᠬᠦᠨ ᠤ ᠶᠠᠰᠤ ᠴᠢᠨᠠᠷ ᠲᠤ ᠬᠢᠨᠠᠯᠲᠠ | ᠲᠠᠯᠪᠢᠵᠤ ᠰᠤᠭᠤᠴᠢᠨ ᠪᠠᠶᠢᠴᠠᠭᠠᠬᠤ᠂ ᠲᠦᠭᠰᠢᠭᠦᠷᠢ ᠶᠢ ᠬᠢᠨᠠᠨ ᠡᠵᠡᠮᠳᠡᠬᠦ ᠪᠠ ᠲᠥᠷᠥᠯ ᠬᠤᠪᠢᠶᠠᠨ ᠬᠢᠨᠠᠯᠲᠠ | ᠲᠠᠯᠪᠢᠵᠤ ᠬᠠᠮᠢᠶᠠᠷᠬᠤ ᠠᠵᠢᠯ ᠢ ᠡᠭᠦᠷᠭᠡᠯᠡᠨ᠎ᠡ᠃ ᠦᠢᠯᠡᠳᠬᠦᠨ ᠤ ᠶᠠᠰᠤ ᠴᠢᠨᠠᠷ ᠲᠤ ᠠᠵᠢᠯ ᠲᠥᠷᠥᠯ ᠤᠨ ᠴᠢᠨᠠᠷᠲᠠᠶ᠂ | ᠲᠤᠰᠬᠠᠶ ᠮᠡᠷᠭᠡᠵᠢᠯ ᠤᠨ ᠴᠢᠨᠠᠷᠲᠠᠶ ᠬᠢᠨᠠᠯᠲᠠ ᠲᠠᠯᠪᠢᠬᠤ ᠶᠢ ᠵᠢᠯᠣᠭᠤᠳᠤᠨ ᠵᠣᠬᠢᠴᠠᠭᠤᠯᠤᠨ᠎ᠠ᠃ ᠬᠤᠰᠢᠭᠤ | ᠲᠣᠭᠤᠷᠢᠭ ᠤᠨ ᠵᠣᠬᠢᠶᠠᠨ ᠪᠠᠶᠢᠭᠤᠯᠤᠭᠰᠠᠨ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠶᠢ ᠵᠢᠯᠣᠭᠤᠳᠤᠨ᠎ᠠ᠃ | ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠠᠵᠤ ᠦᠢᠯᠡᠳᠪᠦᠷᠢ ᠶᠢᠨ ᠦᠢᠯᠡᠳᠬᠦᠨ ᠤ | ᠦᠢᠯᠡᠳᠪᠦᠷᠢᠯᠡᠯ ᠤᠨ ᠵᠥᠪᠰᠢᠶᠡᠷᠡᠯ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ | ᠢᠳᠡᠭᠡᠨ ᠤ ᠬᠠᠮᠢᠶ᠎ᠠ ᠪᠦᠬᠦᠢ ᠦᠢᠯᠡᠳᠬᠦᠨ ᠤ ᠶᠠᠰᠤ ᠴᠢᠨᠠᠷ ᠤᠨ ᠠᠮᠣᠷ ᠳᠦᠪᠰᠢᠨ ᠤ ᠬᠢᠨᠠᠨ ᠬᠠᠮᠢᠶᠠᠷᠣᠯᠳᠠ ᠶᠢᠨ | ᠠᠵᠢᠯ ᠢ ᠬᠠᠷᠢᠭᠤᠴᠠᠨ᠎ᠠ᠃ | ︵ᠠᠷᠪᠠᠨ ᠭᠤᠷᠪᠠ︶ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠣᠬᠢᠴᠠᠭᠤᠯᠬᠤ | ᠰᠠᠯᠠᠭ᠎ᠠ᠃ ᠪᠦᠬᠦ ᠠᠶᠢᠮᠠᠭ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠶᠢᠨ | ᠲᠥᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠠᠶᠢᠮᠠᠭ ᠤᠨ | ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠭᠠᠵᠠᠷ ᠣᠷᠣᠨ ᠠᠯᠣᠰᠯᠠᠭᠰᠠᠨ ᠰᠠᠯᠠᠭ᠎ᠠ ᠮᠥᠴᠢᠷ | ᠠᠯᠤᠰᠯᠠᠭᠰᠠᠨ ᠵᠣᠬᠢᠴᠠᠭᠤᠯᠵᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠡᠭᠦᠷᠭᠡᠯᠡᠨ᠎ᠡ᠃ ᠠᠶᠢᠮᠠᠭ ᠤᠨ ᠢᠳᠡᠭᠡᠨ | ᠪᠠ ᠡᠮ ᠤᠨ ᠵᠦᠶ᠋ᠯ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ | ᠡᠭᠦᠷᠭᠡᠯᠡᠨ᠎ᠡ᠃ ᠪᠦᠬᠦ ᠠᠶᠢᠮᠠᠭ ᠤᠨ ᠢᠳᠡᠭᠡᠨ ᠪᠠ ᠡᠮ ᠤᠨ ᠵᠦᠢᠯ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ | ᠲᠥᠯᠥᠪᠯᠡᠭᠡ ᠶᠢ ᠲᠣᠭᠲᠠᠭᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠮᠡᠳᠡᠭᠡ ᠵᠠᠩᠭᠢ ᠶᠢ | ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠢᠷᠢ | ᠲᠡᠩᠴᠡᠬᠦ ᠦᠭᠡᠢ ᠢᠳᠡᠭᠡᠨ ᠢ ᠬᠢᠨᠠᠨ ᠪᠠᠶᠢᠴᠠᠭᠠᠬᠤ᠂ ᠰᠢᠢᠳᠪᠦᠷᠢᠯᠡᠬᠦ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃ | ᠢᠳᠡᠭᠡᠨ ᠤ ᠠᠮᠤᠷ ᠲᠦᠪᠰᠢᠨ ᠤ ᠦᠨᠡᠯᠡᠯᠲᠡ ᠶᠢᠨ ᠴᠢᠨᠠᠷᠲᠠᠶ ᠰᠤᠭᠤᠴᠢᠨ ᠪᠠᠶᠢᠴᠠᠭᠠᠬᠤ᠂ ᠲᠦᠭᠰᠢᠭᠦᠷᠢ ᠶᠢ | ᠰᠡᠷᠡᠮᠵᠢᠯᠡᠭᠦᠯᠬᠦ ᠪᠠ ᠲᠦᠭᠰᠢᠭᠦᠷᠢ ᠶᠢ ᠰᠣᠯᠢᠯᠴᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠢᠳᠡᠭᠡᠨ ᠤ | ᠠᠮᠣᠷ ᠳᠦᠪᠰᠢᠨ ᠤ ᠲᠦᠭᠰᠢᠭᠦᠷᠢ ᠶᠢ ᠬᠢᠨᠠᠨ ᠰᠢᠯᠭᠠᠬᠤ ᠲᠥᠯᠥᠪᠯᠡᠭᠡ ᠲᠣᠭᠲᠠᠭᠠᠬᠤ ᠳᠤ ᠣᠷᠣᠯᠴᠠᠵᠤ᠂ | ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠣᠨ᠎ᠠ᠃ | ︵ᠠᠷᠪᠠᠨ ᠳᠦᠷᠪᠡ︶ ᠢᠳᠡᠭᠡᠨ ᠤ ᠦᠢᠯᠡᠳᠪᠦᠷᠢᠯᠡᠯ ᠤᠨ ᠠᠮᠣᠷ ᠳᠦᠪᠰᠢᠨ ᠤ ᠬᠢᠨᠠᠨ | ᠬᠠᠮᠢᠶᠠᠷᠤᠯᠲᠠ ᠶᠢᠨ ᠰᠠᠯᠠᠭ᠎ᠠ᠃ ᠦᠢᠯᠡᠳᠪᠦᠷᠢᠯᠡᠯ ᠤᠨ ᠬᠦᠷᠢᠶᠡᠨ ᠤ ᠢᠳᠡᠭᠡᠨ ᠤ ᠠᠮᠣᠷ ᠳᠦᠪᠰᠢᠨ ᠤ ᠪᠠᠶᠢᠳᠠᠯ ᠢ | ᠵᠠᠳᠠᠯᠤᠨ ᠡᠵᠡᠮᠰᠢᠵᠦ᠂ ᠢᠳᠡᠭᠡᠨ ᠤ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠪᠣᠯᠤᠨ ᠢᠳᠡᠭᠡᠨ ᠤ | ᠦᠢᠯᠡᠳᠪᠦᠷᠢᠯᠡᠭᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠦᠷᠢᠮ ᠠᠷᠭ᠎ᠠ | ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠬᠦᠯᠦᠨ᠎ᠡ᠃ ᠢᠳᠡᠭᠡᠨ | ᠦᠢᠯᠡᠳᠪᠦᠷᠢᠯᠡᠬᠦ ᠠᠵᠤ ᠠᠬᠤᠶᠢᠯᠠᠯ ᠤᠨ ᠬᠢᠨᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠤ | ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠮᠥᠷᠳᠡᠵᠦ ᠪᠣᠯᠬᠤᠶᠢᠴᠠ ᠰᠢᠰᠲ᠋ᠧᠮᠵᠢ ᠶᠢ ᠪᠠᠶᠢᠭᠤᠯᠤᠨ | ᠪᠦᠷᠢᠨᠰᠢᠭᠦᠯᠬᠦ ᠶᠢ ᠵᠢᠯᠣᠭᠤᠳᠣᠨ᠎ᠠ᠃ | ︵ᠠᠷᠪᠠᠨ ᠲᠠᠪᠤ︶ ᠢᠳᠡᠭᠡᠨ ᠤ ᠬᠦᠢᠯᠭᠡᠭᠡᠨ ᠤ ᠠᠮᠣᠷ ᠳᠦᠪᠰᠢᠨ ᠤ ᠬᠢᠨᠠᠨ ᠬᠠᠮᠢᠶᠠᠷᠤᠯᠲᠠ ᠶᠢᠨ ᠰᠠᠯᠠᠭ᠎ᠠ᠃ | ᠬᠦᠢᠯᠭᠡᠭᠡᠨ ᠤ ᠬᠦᠷᠢᠶᠡᠨ ᠤ ᠠᠮᠣᠷ ᠳᠦᠪᠰᠢᠨ ᠤ ᠪᠠᠶᠢᠳᠠᠯ ᠢ ᠵᠠᠳᠠᠯᠤᠨ ᠡᠵᠡᠮᠰᠢᠵᠦ᠂ ᠢᠳᠡᠭᠡᠨ ᠤ ᠬᠦᠢᠯᠭᠡᠭᠡᠨ᠂ | ᠵᠠᠬ᠎ᠠ ᠳᠡᠯᠭᠡᠭᠦᠷ ᠤᠨ ᠪᠣᠷᠣᠯᠠᠭᠤᠯᠤᠨ ᠬᠤᠳᠠᠯᠳᠤᠬᠤ ᠢᠳᠡᠰᠢᠨ ᠳᠤ ᠭᠡᠷᠡᠭᠰᠡᠬᠦ ᠮᠠᠯ ᠤᠨ ᠠᠰᠢᠭ ᠰᠢᠮ᠎ᠡ ᠲᠠᠷᠢᠶᠠᠯᠠᠩ | ᠤᠨ ᠪᠦᠲᠦᠭᠡᠭᠳᠡᠬᠦᠨ ᠤ ᠬᠢᠨᠠᠨ ᠬᠠᠮᠢᠶᠠᠷᠤᠯᠲᠠ ᠪᠣᠯᠤᠨ ᠢᠳᠡᠭᠡᠨ ᠤ ᠡᠵᠡᠩᠨᠡᠭᠴᠢ ᠶᠢᠨ ᠭᠤᠤᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠦᠷᠢᠮ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠬᠢᠨᠠᠨ | ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠬᠤ ᠶᠢᠨ ᠬᠠᠮᠲᠤ ᠵᠢᠯᠣᠭᠤᠳᠤᠨ ᠦᠷᠨᠢᠬᠦᠯᠦᠨ᠎ᠡ᠃ | ︵ᠠᠷᠪᠠᠨ ᠵᠢᠷᠭᠤᠭ᠎ᠠ︶ ᠢᠳᠡᠭᠡᠨ ᠤᠮᠳᠠᠭᠠᠨ ᠤ ᠦᠢᠯᠡᠴᠢᠯᠡᠬᠡᠨ ᠤ ᠬᠢᠨᠠᠨ ᠬᠠᠮᠢᠶᠠᠷᠤᠯᠲᠠ ᠶᠢᠨ ᠰᠠᠯᠠᠭ᠎ᠠ᠃ | ᠢᠳᠡᠭᠡᠨ ᠤᠮᠳᠠᠭᠠᠨ ᠤ ᠦᠢᠯᠡᠴᠢᠯᠡᠬᠡᠨ ᠤ ᠭᠤᠭᠴᠤᠭ᠎ᠠ ᠶᠢᠨ ᠢᠳᠡᠭᠡᠨ ᠤ ᠠᠮᠤᠷ ᠲᠦᠪᠰᠢᠨ ᠤ ᠪᠠᠶᠢᠳᠠᠯ᠂ ᠣᠷᠣᠰᠢᠵᠤ | ᠪᠠᠶᠢᠭ᠎ᠠ ᠠᠰᠠᠭᠤᠳᠠᠯ ᠢ ᠵᠠᠳᠠᠯᠤᠨ ᠡᠵᠡᠮᠰᠢᠬᠦ ᠶᠢᠨ ᠬᠠᠮᠲᠤ ᠰᠠᠨᠠᠭᠤᠯᠭ᠎ᠠ ᠳᠤᠷᠠᠳᠤᠨ᠎ᠠ᠃ ᠢᠳᠡᠭᠡᠨ ᠤᠮᠳᠠᠭᠠᠨ ᠤ | ᠦᠢᠯᠡᠴᠢᠯᠡᠬᠡᠨ ᠤ ᠭᠤᠭᠴᠣᠭᠠᠨ ᠳᠠᠬᠢ ᠬᠢᠨᠠᠨ ᠬᠠᠮᠢᠶᠠᠷᠤᠯᠲᠠ ᠪᠠ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠭᠴᠢ | ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠦᠷᠢᠮ ᠠᠷᠭ᠎ᠠ ᠬᠡᠮᠵᠢᠶ᠎ᠡ ᠶᠢ ᠲᠤᠭᠤᠷᠪᠢᠨ | ᠲᠣᠭᠲᠠᠭᠠᠵᠤ᠂ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠵᠢᠯᠣᠭᠤᠳᠤᠨ | ᠥᠷᠨᠢᠭᠦᠯᠦᠨ᠎ᠡ᠃ ᠢᠳᠡᠭᠡᠨ ᠤᠮᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠢ ᠳᠡᠭᠡᠭᠰᠢᠯᠡᠭᠦᠯᠬᠦ ᠠᠵᠢᠯᠯᠠᠭ᠎ᠠ ᠶᠢ | ᠬᠡᠷᠡᠭᠵᠢᠭᠦᠯᠦᠨ᠎ᠡ᠃ ᠴᠢᠬᠤᠯᠠ ᠶᠡᠭᠡ ᠠᠵᠢᠯᠯᠠᠭ᠎ᠠ ᠶᠢᠨ ᠢᠳᠡᠭᠡᠨ ᠤ ᠠᠮᠣᠷ ᠳᠦᠪᠰᠢᠨ ᠤ ᠪᠠᠲᠤᠯᠠᠭ᠎ᠠ ᠶᠢᠨ ᠠᠵᠢᠯ ᠢ | ᠵᠢᠯᠣᠭᠤᠳᠤᠨ᠎ᠠ᠃ ᠡᠷᠡᠭᠦᠯᠵᠢᠯ ᠤᠨ ᠢᠳᠡᠬᠡᠨ᠂ ᠠᠨᠠᠭᠠᠬᠤ ᠤᠬᠠᠭᠠᠨ ᠤ ᠣᠨᠴᠣᠭᠤᠶ ᠬᠡᠷᠡᠭᠴᠡᠭᠡᠲᠦ ᠨᠠᠶᠢᠷᠠᠯᠭ᠎ᠠ ᠲᠠᠢ | ᠢᠳᠡᠭᠡᠨ ᠪᠣᠯᠤᠨ ᠨᠠᠶᠢᠷᠠᠯᠭ᠎ᠠ ᠲᠠᠢ ᠨᠢᠯᠬ᠎ᠠ ᠬᠡᠤᠬᠡᠳ ᠤᠨ ᠰᠦᠨ ᠲᠠᠯᠬ᠎ᠠ ᠵᠡᠷᠭᠡ ᠣᠨᠴᠣᠭᠤᠶ ᠢᠳᠡᠭᠡᠨ ᠤ | ᠬᠦᠷᠢᠶᠡᠨ ᠤ ᠠᠮᠣᠷ ᠳᠦᠪᠰᠢᠨ ᠤ ᠪᠠᠶᠢᠳᠠᠯ ᠢ ᠵᠠᠳᠠᠯᠤᠨ ᠡᠵᠡᠮᠰᠢᠵᠦ᠂ ᠣᠨᠴᠣᠭᠤᠶ ᠢᠳᠡᠭᠡᠨ ᠤ ᠬᠢᠨᠠᠨ | ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠭᠡᠷᠡᠭᠵᠢᠬᠦᠯᠦᠨ᠎ᠡ᠃ ᠢᠳᠡᠰᠢᠨ ᠳᠠᠪᠤᠰᠤᠨ ᠤ ᠦᠢᠯᠡᠳᠪᠦᠷᠢᠯᠡᠯ᠂ | ᠡᠵᠡᠩᠨᠡᠯᠲᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢᠨ ᠠᠵᠢᠯ ᠢ ᠵᠣᠬᠢᠶᠠᠨ | ᠪᠠᠶᠢᠭᠤᠯᠤᠨ᠎ᠠ᠃ | ︵ᠠᠷᠪᠠᠨ ᠳᠣᠯᠤᠭ᠎ᠠ︶ ᠣᠨᠴᠠ ᠲᠥᠷᠥᠯ ᠤᠨ ᠳᠣᠨᠤᠭ ᠲᠥᠬᠦᠭᠡᠷᠦᠮᠵᠢ ᠶᠢᠨ ᠠᠮᠣᠷ ᠳᠦᠪᠰᠢᠨ ᠤ ᠬᠢᠨᠠᠨ | ᠪᠠᠶᠢᠴᠠᠭᠠᠯᠳᠠ ᠶᠢᠨ ᠰᠠᠯᠠᠭ᠎ᠠ᠃ ᠪᠦᠬᠦ ᠠᠶᠢᠮᠠᠭ ᠤᠨ ᠣᠨᠴᠠ ᠲᠥᠷᠥᠯ ᠤᠨ ᠳᠣᠨᠤᠭ ᠲᠥᠬᠦᠭᠡᠷᠦᠮᠵᠢ ᠶᠢᠨ ᠠᠮᠤᠷ | ᠲᠦᠪᠰᠢᠨ ᠤ ᠬᠢᠨᠠᠨ ᠬᠠᠮᠢᠶᠠᠷᠤᠯᠲᠠ ᠶᠢ ᠬᠡᠷᠡᠭᠵᠢᠭᠦᠯᠵᠦ᠂ ᠣᠨᠴᠠ ᠲᠥᠷᠥᠯ ᠤᠨ ᠳᠣᠨᠤᠭ ᠲᠥᠬᠦᠭᠡᠷᠦᠮᠵᠢ ᠶᠢᠨ ᠠᠮᠤᠷ | ᠲᠦᠪᠰᠢᠨ ᠤ ᠬᠢᠨᠠᠨ ᠬᠠᠮᠢᠶᠠᠷᠤᠯᠲᠠ ᠶᠢ ᠬᠡᠷᠡᠭᠵᠢᠭᠦᠯᠬᠦ ᠬᠤᠯᠪᠣᠭᠳᠠᠯ ᠪᠦᠬᠦᠢ ᠲᠥᠷᠦ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠡᠨᠧᠷᠬᠢ ᠶᠡᠭᠡ ᠵᠠᠷᠣᠴᠠᠭᠤᠯᠬᠤ ᠣᠨᠴᠠ ᠲᠥᠷᠥᠯ ᠤᠨ ᠳᠣᠨᠤᠭ | ᠲᠥᠬᠦᠭᠡᠷᠦᠮᠵᠢ ᠶᠢᠨ ᠡᠨᠧᠷᠭᠢ ᠠᠷᠪᠢᠯᠠᠬᠤ ᠪᠠᠷᠢᠮᠵᠢᠶ᠎ᠠ᠂ ᠳᠣᠯᠠᠭᠠᠯᠭ᠎ᠠ ᠶᠢᠨ ᠵᠣᠤᠬ᠎ᠠ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠨ᠎ᠠ᠃ ᠣᠨᠴᠠ ᠲᠥᠷᠥᠯ ᠤᠨ | ᠳᠣᠨᠤᠭ ᠲᠥᠬᠦᠭᠡᠷᠦᠮᠵᠢ ᠶᠢᠨ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠪᠠᠶᠢᠭᠤᠯᠤᠮᠵᠢ ᠪᠠ ᠪᠠᠶᠢᠴᠠᠭᠠᠨ ᠰᠢᠯᠭᠠᠵᠤ | ᠪᠠᠶᠢᠴᠠᠭᠠᠨ ᠰᠢᠨᠵᠢᠬᠦ ᠠᠵᠢᠯᠲᠠᠨ᠂ ᠠᠵᠢᠯᠯᠠᠭᠴᠢ ᠶᠢᠨ ᠬᠢᠨᠠᠨ ᠬᠠᠮᠢᠶᠠᠷᠣᠯᠳᠠ ᠶᠢ ᠬᠡᠷᠡᠭᠵᠢᠭᠦᠯᠦᠨ᠎ᠡ᠃ ᠣᠨᠴᠠ | ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠣᠷ ᠳᠦᠪᠰᠢᠨ ᠤ ᠮᠥᠷᠳᠡᠨ ᠤᠬᠤᠴᠢᠯᠠᠬᠤ ᠰᠢᠰᠲ᠋ᠧᠮ ᠤᠨ | ᠪᠠᠶᠢᠭᠤᠯᠤᠯᠲᠠ ᠶᠢ ᠡᠭᠦᠷᠭᠡᠯᠡᠵᠦ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠣᠷ ᠳᠦᠪᠰᠢᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠢ ᠲᠦᠯᠬᠢᠨ ᠠᠬᠢᠭᠤᠯᠬᠤ ᠶᠢᠨ ᠬᠠᠮᠲᠤ ᠳᠡᠯᠭᠡᠷᠡᠭᠦᠯᠦᠨ ᠬᠡᠷᠡᠭᠯᠡᠨ᠎ᠡ᠃ | ᠣᠨᠴᠠ ᠲᠥᠷᠥᠯ ᠤᠨ ᠳᠣᠨᠤᠭ ᠲᠥᠬᠦᠭᠡᠷᠦᠮᠵᠢ ᠶᠢᠨ ᠲᠦᠭᠰᠢᠭᠦᠷᠢ ᠶᠢ ᠬᠢᠨᠠᠨ ᠰᠢᠯᠭᠠᠬᠤ ᠪᠠ ᠠᠮᠤᠷ ᠲᠦᠪᠰᠢᠨ ᠤ | ᠪᠠᠶᠢᠳᠠᠯ ᠢ ᠪᠦᠷᠢᠳᠬᠡᠨ ᠵᠠᠳᠠᠯᠬᠤ ᠶᠢ ᠬᠠᠷᠢᠭᠤᠴᠠᠵᠤ᠂ ᠣᠨᠴᠠ ᠲᠥᠷᠥᠯ ᠤᠨ ᠳᠣᠨᠤᠭ ᠲᠥᠬᠦᠭᠡᠷᠦᠮᠵᠢ ᠶᠢᠨ ᠠᠮᠤᠷ | ᠲᠦᠪᠰᠢᠨ ᠤ ᠤᠬᠠᠭᠤᠯᠭ᠎ᠠ ᠬᠥᠮᠦᠵᠢᠯ ᠢ ᠲᠦᠭᠡᠮᠡᠯᠵᠢᠭᠦᠯᠬᠦ ᠠᠵᠢᠯ ᠢ ᠬᠠᠷᠢᠭᠤᠴᠠᠨ᠎ᠠ᠃ ᠪᠦᠬᠦ ᠠᠶᠢᠮᠠᠭ ᠤᠨ ᠣᠨᠴᠠ | ᠲᠥᠷᠥᠯ ᠤᠨ ᠲᠣᠨᠤᠭ ᠲᠥᠬᠦᠭᠡᠷᠦᠮᠵᠢ ᠶᠢᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠬᠠᠤᠯᠢ | ᠶᠣᠰᠣᠭᠠᠷ ᠵᠣᠬᠢᠶᠠᠨ ᠪᠠᠶᠢᠭᠤᠯᠤᠨ ᠲᠣᠭᠲᠠᠭᠠᠵᠤ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠣᠷ | ᠳᠦᠪᠰᠢᠨ ᠤ ᠡ᠊ᠨᠳᠡᠯ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠳᠤ ᠣᠷᠣᠯᠴᠠᠨ᠎ᠠ᠃ | ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠣᠷ | ᠳᠦᠪᠰᠢᠨ ᠤ ᠡ᠊ᠨᠳᠡᠯ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠬᠤ ᠪᠤᠶᠤ ᠲᠡᠭᠦᠨ ᠳᠤ | ᠣᠷᠣᠯᠴᠠᠨ᠎ᠠ᠃ | ︵ᠠᠷᠪᠠᠨ ᠨᠠᠢᠮᠠ︶ ᠬᠡᠮᠵᠢᠯᠲᠡ ᠶᠢᠨ ᠰᠠᠯᠠᠭ᠎ᠠ᠃ ᠪᠦᠬᠦ ᠠᠶᠢᠮᠠᠭ ᠤᠨ ᠬᠡᠮᠵᠢᠯᠲᠡ ᠶᠢᠨ ᠠᠵᠢᠯ ᠶᠢᠨ ᠬᠢᠨᠠᠨ | ᠬᠠᠮᠢᠶᠠᠷᠣᠯᠳᠠ ᠶᠢ ᠬᠠᠷᠢᠭᠤᠴᠠᠨ᠎ᠠ᠃ ᠬᠠᠤᠯᠢ ᠪᠠᠷ ᠲᠣᠭᠲᠠᠭᠠᠭᠰᠠᠨ ᠬᠡᠮᠵᠢᠯᠲᠡ ᠶᠢᠨ ᠨᠢᠭᠡᠴᠢ ᠪᠣᠯᠤᠨ ᠤᠯᠤᠰ ᠤᠨ | ᠬᠡᠮᠵᠢᠯᠲᠡ ᠶᠢᠨ ᠳᠦᠷᠢᠮ ᠢ ᠬᠡᠷᠡᠭᠵᠢᠭᠦᠯᠬᠦ ᠶᠢ ᠬᠠᠷᠢᠭᠤᠴᠠᠵᠤ᠂ ᠬᠡᠮᠵᠢᠯᠲᠡ ᠶᠢᠨ ᠪᠠᠷᠢᠮᠵᠢᠶ᠎ᠠ᠂ ᠬᠡᠮᠵᠢᠯᠲᠡ ᠶᠢᠨ | ᠪᠠᠷᠢᠮᠵᠢᠶᠠᠲᠤ ᠪᠣᠳᠠᠰ ᠪᠣᠯᠤᠨ ᠬᠡᠮᠵᠢᠯᠲᠡ ᠶᠢᠨ ᠪᠠᠭᠠᠵᠢ ᠬᠡᠷᠡᠭᠰᠡᠯ ᠤᠨ ᠬᠢᠨᠠᠨ ᠬᠠᠮᠢᠶᠠᠷᠣᠯᠳᠠ ᠶᠢᠨ ᠬᠤᠯᠪᠣᠭᠳᠠᠯ | ᠪᠦᠬᠦᠢ ᠠᠵᠢᠯ ᠢ ᠡᠭᠦᠷᠭᠡᠯᠡᠨ᠂ ᠬᠡᠮᠵᠢᠯᠲᠡ ᠶᠢᠨ ᠬᠡᠮᠵᠢᠭᠳᠡᠯ ᠢ ᠳᠠᠮᠵᠢᠭᠤᠯᠬᠤ ᠡᠬᠢ ᠦᠨᠳᠦᠰᠦ ᠶᠢ ᠨᠢ ᠮᠦᠷᠳᠡᠨ | ᠣᠬᠤᠴᠢᠯᠠᠬᠤ ᠪᠠ ᠬᠡᠮᠵᠢᠯᠲᠡ ᠶᠢ ᠬᠠᠷᠢᠴᠠᠭᠤᠯᠬᠤ ᠠᠵᠢᠯ ᠢ ᠵᠣᠬᠢᠶᠠᠨ ᠪᠠᠶᠢᠭᠤᠯᠤᠨ᠎ᠠ᠃ ᠪᠦᠬᠦ ᠠᠶᠢᠮᠠᠭ ᠤᠨ | ᠬᠡᠮᠵᠢᠯᠲᠡ ᠶᠢᠨ ᠮᠡᠷᠭᠡᠵᠢᠯ ᠤᠨ ᠳᠦᠷᠢᠮᠵᠢᠯ ᠤᠨ ᠰᠢᠰᠲ᠋ᠧᠮᠵᠢ ᠶᠢᠨ ᠪᠠᠶᠢᠭᠤᠯᠣᠯᠳᠠ ᠵᠢᠴᠢ ᠵᠣᠬᠢᠶᠠᠨ ᠪᠠᠶᠢᠭᠤᠯᠤᠨ | ᠬᠡᠷᠡᠭᠵᠢᠭᠦᠯᠬᠦ ᠠᠵᠢᠯ ᠢ ᠡᠭᠦᠷᠭᠡᠯᠡᠨ᠎ᠡ᠃ ᠳᠠᠸᠠᠷ ᠤᠨ ᠬᠡᠮᠵᠢᠶ᠎ᠡ᠂ ᠵᠠᠬ᠎ᠠ ᠳᠡᠯᠭᠡᠭᠦᠷ ᠤᠨ ᠬᠡᠮᠵᠢᠯᠲᠡ ᠶᠢᠨ ᠦᠢᠯᠡ | ᠠᠵᠢᠯᠯᠠᠭ᠎ᠠ᠂ ᠬᠡᠮᠵᠢᠯᠲᠡ ᠶᠢᠨ ᠰᠢᠯᠭᠠᠨ ᠳᠣᠭᠳᠠᠭᠠᠯᠳᠠ ᠪᠠ ᠬᠡᠮᠵᠢᠯᠲᠡ ᠶᠢᠨ ᠮᠡᠷᠭᠡᠵᠢᠯ ᠤᠨ ᠪᠠᠶᠢᠭᠤᠯᠤᠮᠵᠢ ᠵᠢᠴᠢ | ᠠᠵᠢᠯᠲᠠᠨ ᠤ ᠬᠢᠨᠠᠨ ᠬᠠᠮᠢᠶᠠᠷᠣᠯᠳᠠ ᠶᠢᠨ ᠠᠵᠢᠯ ᠢ ᠡᠭᠦᠷᠭᠡᠯᠡᠨ᠎ᠡ᠃ ᠬᠡᠮᠵᠢᠯᠲᠡ ᠶᠢᠨ ᠲᠤᠭ᠎ᠠ ᠪᠠᠷᠢᠮᠲᠠ ᠶᠢᠨ | ᠬᠡᠷᠡᠭᠯᠡᠯᠲᠡ ᠶᠢ ᠳᠦᠷᠢᠮᠵᠢᠬᠦᠯᠦᠨ᠎ᠡ᠃ | ︵ᠠᠷᠪᠠ ᠶᠢᠰᠦ︶ ᠪᠠᠷᠢᠮᠵᠢᠶᠠᠵᠢᠭᠤᠯᠬᠤ ᠰᠠᠯᠠᠭ᠎ᠠ᠃ ᠪᠠᠷᠢᠮᠵᠢᠶᠠᠵᠢᠭᠤᠯᠬᠤ ᠠᠵᠢᠯ ᠤᠨ ᠨᠢᠬᠡᠳᠦᠯᠳᠡᠢ | ᠬᠠᠮᠢᠶᠠᠷᠣᠯᠳᠠ ᠶᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠢ ᠬᠠᠮᠵᠢᠨ ᠣᠷᠣᠨ ᠨᠤᠲᠤᠭ ᠤᠨ ᠪᠠᠷᠢᠮᠵᠢᠶ᠎ᠠ | ᠶᠢᠨ ᠳᠦᠷᠢᠮ ᠢ ᠲᠣᠭᠲᠠᠭᠠᠵᠤ ᠵᠠᠰᠠᠪᠤᠷᠢ ᠣᠷᠣᠭᠤᠯᠬᠤ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠵᠦ᠂ ᠪᠦᠯᠬᠦᠮ | ᠨᠡᠶᠢᠲᠡ ᠶᠢᠨ ᠪᠠᠷᠢᠮᠵᠢᠶ᠎ᠠ᠂ ᠠᠵᠤ ᠠᠬᠤᠶᠢᠯᠠᠯ ᠤᠨ ᠪᠠᠷᠢᠮᠵᠢᠶ᠎ᠠ ᠶᠢ ᠲᠣᠭᠲᠠᠭᠠᠬᠤ ᠠᠵᠢᠯ ᠢ ᠵᠣᠬᠢᠴᠠᠭᠤᠯᠤᠨ | ᠵᠢᠯᠣᠭᠤᠳᠤᠨ᠎ᠠ᠃ ᠠᠵᠤ ᠠᠬᠤᠶᠢᠯᠠᠯ ᠤᠨ ᠪᠠᠷᠢᠮᠵᠢᠶ᠎ᠠ ᠶᠢ ᠢᠯᠡ ᠨᠡᠶᠢᠲᠡᠯᠡᠵᠦ ᠪᠠᠶᠢᠴᠠᠭᠠᠬᠤ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠦᠨ᠎ᠡ᠃ ᠠᠵᠤ ᠦᠢᠯᠡᠳᠪᠦᠷᠢ᠂ ᠲᠠᠷᠢᠶᠠᠯᠠᠩ᠂ ᠦᠢᠯᠡᠴᠢᠯᠡᠬᠡᠨ ᠤ ᠦᠢᠯᠡᠰ᠂ ᠨᠡᠶᠢᠭᠡᠮ ᠤᠨ | ᠬᠠᠮᠢᠶᠠᠷᠤᠯᠲᠠ ᠪᠠ ᠣᠯᠠᠨ ᠨᠡᠶᠢᠲᠡ ᠶᠢᠨ ᠦᠢᠯᠡᠴᠢᠯᠡᠬᠡᠨ ᠤ ᠦᠢᠯᠡᠰ ᠵᠡᠷᠭᠡ ᠬᠦᠷᠢᠶᠡᠨ ᠳᠠᠬᠢ ᠪᠠᠷᠢᠮᠵᠢᠶᠠᠵᠢᠭᠤᠯᠬᠤ | ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠠᠸᠠᠷ ᠤᠨ | ᠵᠢᠷᠤᠭᠠᠰᠤᠨ ᠲᠡᠮᠳᠡᠭ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠲᠠᠢ | ᠬᠠᠮᠵᠢᠯᠴᠠᠨ ᠲᠤᠰᠬᠠᠶ ᠠᠵᠢᠯ ᠤᠨ ᠪᠠᠷᠢᠮᠵᠢᠶᠠᠵᠢᠭᠤᠯᠬᠤ ᠮᠡᠷᠭᠡᠵᠢᠯ ᠤᠨ ᠵᠦᠪᠯᠡᠯ ᠤᠨ ᠬᠤᠯᠪᠣᠭᠳᠠᠯ ᠪᠦᠬᠦᠢ ᠠᠵᠢᠯ ᠢ | ᠰᠠᠶᠢᠲᠤᠷ ᠬᠢᠨ᠎ᠡ᠃ ᠪᠠᠷᠢᠮᠵᠢᠶᠠᠵᠢᠭᠤᠯᠬᠤ ᠶᠢ ᠵᠣᠬᠢᠴᠠᠭᠤᠯᠬᠤ ᠲᠣᠭᠲᠠᠴᠠ ᠶᠢᠨ ᠡᠳᠦᠷ ᠲᠤᠲᠤᠮ ᠤᠨ ᠠᠵᠢᠯ ᠢ | ᠬᠠᠷᠢᠭᠤᠴᠠᠨ᠎ᠠ᠃ | ︵ᠬᠤᠷᠢ︶ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢ ᠬᠥᠭᠵᠢᠭᠦᠯᠦᠨ ᠬᠠᠮᠠᠭᠠᠯᠠᠬᠤ | ᠰᠠᠯᠠᠭ᠎ᠠ᠃ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠪᠠᠶᠢᠯᠳᠤᠬᠤ ᠪᠣᠳᠣᠯᠭ᠎ᠠ ᠶᠢᠨ | ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠬᠦᠯᠦᠨ᠎ᠡ᠃ | ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠪᠠᠷ ᠠᠶᠢᠮᠠᠭ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ | ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠮᠡᠳᠡᠭᠡ ᠵᠠᠩᠭᠢ ᠶᠢᠨ ᠣᠯᠠᠨ | ᠨᠡᠶᠢᠲᠡ ᠶᠢᠨ ᠦᠢᠯᠡᠴᠢᠯᠡᠬᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠵᠢᠯᠣᠭᠤᠳᠣᠨ᠎ᠠ᠃ | ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ | ᠠᠵᠢᠯ ᠢ ᠡᠭᠦᠷᠭᠡᠯᠡᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠤᠷᠮᠠᠰᠢᠭᠤᠯᠵᠤ ᠱᠠᠩᠨᠠᠬᠤ᠂ | ᠡᠭᠦᠳᠦᠨ ᠪᠦᠲᠦᠭᠡᠵᠦ ᠬᠡᠷᠡᠭᠯᠡᠬᠦ ᠳᠣᠬᠠᠢ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ | ᠬᠡᠷᠡᠭᠵᠢᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢ ᠵᠠᠳᠠᠯᠤᠨ ᠦᠨᠡᠯᠡᠬᠦ᠂ ᠬᠡᠷᠡᠭᠯᠡᠬᠦ | ᠵᠢᠴᠢ ᠪᠠᠷᠢᠮᠵᠢᠶᠠᠵᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠠᠵᠢᠯ ᠢ ᠲᠣᠭᠲᠠᠭᠠᠯ | ᠶᠣᠰᠣᠭᠠᠷ ᠡᠭᠦᠷᠭᠡᠯᠡᠨ᠎ᠡ᠃ ᠶᠠᠰᠣ ᠴᠢᠨᠠᠷ ᠢᠶᠠᠷ ᠪᠠᠷᠢᠴᠠᠭᠠᠯᠠᠬᠤ᠂ ᠪᠠᠯᠠ ᠲᠣᠬᠢᠷᠠᠭᠤᠯᠬᠤ᠂ ᠳᠠᠯᠳᠠ ᠬᠥᠷᠥᠩᠭᠡ ᠶᠢ | ᠦᠨᠡᠯᠡᠨ ᠵᠢᠱᠢᠬᠦ ᠵᠢᠴᠢ ᠬᠤᠰᠢᠭᠤ ᠲᠣᠭᠤᠷᠢᠭ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠮᠡᠳᠡᠯᠭᠡ ᠶᠢᠨ | ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠠᠵᠢᠯ ᠢ ᠵᠣᠬᠢᠴᠠᠭᠤᠯᠤᠨ ᠵᠢᠯᠣᠭᠤᠳᠴᠤ᠂ ᠮᠡᠳᠡᠯᠭᠡ ᠶᠢᠨ | ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠦᠢᠯᠡᠴᠢᠯᠡᠬᠡᠨ ᠤ ᠦᠢᠯᠡᠰ ᠤᠨ ᠬᠥᠭᠵᠢᠯᠲᠡ ᠶᠢ ᠠᠬᠢᠭᠤᠯᠣᠨ᠎ᠠ᠃ | ᠰᠢᠨ᠎ᠡ ᠬᠦᠷᠢᠶ᠎ᠡ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠤᠨ ᠮᠡᠳᠡᠯᠭᠡ ᠶᠢᠨ | ᠪᠦᠲᠦᠭᠡᠭᠳᠡᠬᠦᠨ ᠤ ᠦᠮᠴᠢᠯᠡᠯ ᠤᠨ ᠡᠷᠬᠡ ᠶᠢ ᠬᠠᠮᠠᠭᠠᠯᠠᠬᠤ᠂ ᠬᠠᠮᠢᠶᠠᠷᠬᠤ ᠪᠠ ᠦᠢᠯᠡᠴᠢᠯᠡᠬᠦ ᠠᠷᠭ᠎ᠠ ᠬᠡᠮᠵᠢᠶ᠎ᠡ ᠶᠢ | ᠲᠤᠭᠤᠷᠪᠢᠨ ᠲᠣᠭᠲᠠᠭᠠᠵᠤ ᠬᠡᠷᠡᠭᠵᠢᠭᠦᠯᠦᠨ᠎ᠡ᠃ ᠣᠣᠯ ᠭᠠᠷᠣᠯᠳᠠ ᠶᠢᠨ ᠣᠷᠣᠨ ᠤ ᠭᠠᠵᠠᠷ ᠵᠦᠶ ᠶᠢᠨ ᠲᠡᠮᠳᠡᠭ ᠵᠡᠷᠭᠡ | ᠠᠯᠪᠠᠨ ᠲᠠᠯ᠎ᠠ ᠶᠢᠨ ᠬᠠᠮᠠᠭᠠᠯᠠᠯᠲᠠ ᠶᠢ ᠡᠭᠦᠷᠭᠡᠯᠡᠵᠦ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ | ᠢᠲᠡᠭᠡᠯ ᠢᠶᠠᠨ ᠠᠯᠳᠠᠭᠰᠠᠳ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠳᠦᠷᠢᠮ ᠢ ᠵᠣᠬᠢᠴᠠᠭᠤᠯᠤᠨ ᠭᠡᠷᠡᠭᠵᠢᠬᠦᠯᠦᠨ᠎ᠡ᠃ | ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠵᠢᠭᠤᠷᠠᠯᠳᠣᠭᠠᠨ ᠢ ᠰᠢᠢᠳᠪᠦᠷᠢᠯᠡᠬᠦ᠂ ᠡᠷᠬᠡ ᠪᠠᠨ | ᠬᠠᠮᠠᠭᠠᠯᠠᠬᠤ ᠳᠤ ᠲᠤᠰᠠᠯᠠᠮᠵᠢ ᠦᠵᠡᠭᠦᠯᠬᠦ ᠪᠠ ᠵᠢᠭᠤᠷᠠᠯᠳᠤᠭᠠᠨ ᠢ ᠡᠶᠡᠳᠡᠬᠦᠯᠦᠨ ᠰᠢᠢᠳᠪᠦᠷᠢᠯᠡᠬᠦ ᠵᠡᠷᠭᠡ ᠠᠵᠢᠯ ᠢ | ᠵᠢᠯᠣᠭᠤᠳᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠦᠢᠯᠡᠴᠢᠯᠡᠬᠡᠨ ᠤ ᠪᠠᠶᠢᠭᠤᠯᠤᠮᠵᠢ ᠶᠢ | ᠬᠢᠨᠠᠨ ᠬᠠᠮᠢᠶᠠᠷᠴᠤ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢ ᠬᠠᠮᠠᠭᠠᠯᠠᠬᠤ ᠰᠢᠰᠲ᠋ᠧᠮᠵᠢ ᠪᠠ | ᠬᠠᠤᠯᠢ ᠬᠡᠷᠡᠭᠵᠢᠬᠦᠯᠬᠦ ᠬᠠᠮᠵᠢᠯᠴᠠᠭ᠎ᠠ ᠶᠢᠨ ᠲᠣᠭᠲᠠᠴᠠ ᠶᠢᠨ ᠪᠠᠶᠢᠭᠤᠯᠤᠯᠲᠠ ᠶᠢ ᠠᠬᠢᠭᠤᠯᠣᠨ᠎ᠠ᠃ | ︵ᠬᠤᠷᠢᠨ ᠨᠢᠭᠡ︶ ᠡᠮ ᠤᠨ ᠵᠦᠢᠯ ᠵᠠᠰᠠᠯ ᠴᠢᠮᠡᠭ ᠤᠨ ᠡᠳ᠋ ᠤᠨ ᠬᠢᠨᠠᠨ ᠬᠠᠮᠢᠶᠠᠷᠤᠯᠲᠠ ᠶᠢᠨ | ᠰᠠᠯᠠᠭ᠎ᠠ ︵ᠮᠣᠩᠭᠤᠯ ᠡᠮ ᠬᠢᠲᠠᠳ ᠡᠮ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ︶᠃ ᠬᠤᠯᠪᠣᠭᠳᠠᠯ ᠪᠦᠬᠦᠢ | ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠬᠦᠯᠦᠨ᠎ᠡ᠃ ᠬᠢᠲᠠᠳ ᠡᠮ ᠤᠨ ᠲᠥᠷᠥᠯ ᠵᠦᠢᠯ ᠢ ᠬᠠᠮᠠᠭᠠᠯᠠᠬᠤ ᠳᠦᠷᠢᠮ ᠤᠨ ᠬᠡᠷᠡᠭᠵᠢᠬᠦᠯᠦᠯᠳᠡ ᠳᠤ | ᠬᠢᠨᠠᠯᠲᠠ ᠳᠠᠯᠪᠢᠨ᠎ᠠ᠃ ᠮᠣᠩᠭᠤᠯ ᠡᠮ ᠤᠨ ᠬᠦᠢᠯᠭᠡᠭᠡᠨ ᠪᠠ ᠬᠡᠷᠡᠭᠯᠡᠯᠲᠡ ᠶᠢᠨ ᠡᠯ᠎ᠡ ᠭᠤᠭᠴᠤᠭ᠎ᠠ ᠶᠢᠨ ᠬᠢᠨᠠᠨ | ᠬᠠᠮᠢᠶᠠᠷᠣᠯᠳᠠ ᠶᠢ ᠬᠠᠷᠢᠭᠤᠴᠠᠨ᠎ᠠ᠃ ᠡᠮ ᠤᠨ ᠵᠦᠢᠯ ᠡᠮᠴᠢᠯᠡᠭᠡᠨ ᠤ ᠪᠠᠶᠢᠭᠤᠯᠤᠮᠵᠢ ᠶᠢᠨ ᠰᠠᠴᠤᠷᠠᠭ ᠴᠢᠨᠠᠷᠲᠠᠶ | ᠡᠮ ᠤᠨ ᠵᠦᠢᠯ ᠤᠨ ᠬᠡᠷᠡᠭᠯᠡᠯᠳᠡ ᠶᠢᠨ ᠬᠢᠨᠠᠨ ᠬᠠᠮᠢᠶᠠᠷᠣᠯᠳᠠ ᠶᠢ ᠬᠠᠷᠢᠭᠤᠴᠠᠨ᠎ᠠ᠃ ᠡᠮ ᠤᠨ ᠵᠦᠢᠯ ᠤᠨ | ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮᠵᠢᠯ ᠤᠨ ᠬᠡᠷᠡᠭᠵᠢᠬᠦᠯᠦᠯᠳᠡ ᠳᠤ ᠬᠢᠨᠠᠯᠲᠠ ᠳᠠᠯᠪᠢᠨ᠎ᠠ᠃ | ᠡᠷᠬᠡ ᠮᠡᠳᠡᠯ ᠤᠨ ᠬᠡᠪᠴᠢᠶ᠎ᠡ ᠶᠣᠰᠣᠭᠠᠷ ᠰᠠᠴᠤᠷᠠᠭ ᠴᠢᠨᠠᠷᠲᠠᠶ ᠡᠮ ᠤᠨ ᠵᠦᠢᠯ᠂ ᠮᠢᠨᠴᠦᠷᠡᠭᠦᠯᠬᠦ ᠡᠮ ᠤᠨ ᠵᠦᠢᠯ᠂ | ᠣᠶᠣᠨ ᠮᠡᠳᠡᠷᠡᠯ ᠤᠨ ᠡᠮ ᠤᠨ ᠵᠦᠢᠯ ᠵᠢᠴᠢ ᠬᠤᠤᠷᠲᠤ ᠴᠢᠨᠠᠷᠳᠠᠢ ᠡᠮ ᠤᠨ ᠵᠦᠢᠯ᠂ ᠡᠮ ᠤᠨ ᠵᠦᠢᠯ ᠤᠨ | ᠲᠥᠷᠥᠯ ᠤᠨ ᠬᠤᠤᠷᠲᠤ ᠡᠳ᠋ ᠦᠢᠯᠡᠳᠬᠦ ᠳᠤ ᠠᠮᠠᠷᠬᠠᠨ ᠬᠢᠮᠢ ᠶᠢᠨ ᠵᠦᠢᠯ ᠤᠨ ᠬᠢᠨᠠᠨ ᠬᠠᠮᠢᠶᠠᠷᠣᠯᠳᠠ ᠶᠢᠨ ᠠᠵᠢᠯ ᠢ | ᠡᠭᠦᠷᠭᠡᠯᠡᠨ᠎ᠡ᠃ ᠲᠣᠭᠲᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠦᠢᠯᠭᠡᠭᠡᠨ ᠤ ᠭᠤᠭᠴᠤᠭ᠎ᠠ ᠳᠤ ᠤᠯᠤᠰ ᠤᠨ | ᠦᠨᠳᠦᠰᠦᠨ ᠡᠮ ᠤᠨ ᠳᠦᠷᠢᠮ ᠢ ᠬᠠᠮᠵᠢᠨ ᠬᠡᠷᠡᠭᠵᠢᠭᠦᠯᠦᠨ᠎ᠡ᠃ ᠵᠠᠰᠠᠯ ᠴᠢᠮᠡᠭ ᠤᠨ ᠡᠳ᠋ ᠤᠨ ᠬᠢᠨᠠᠨ | ᠬᠠᠮᠢᠶᠠᠷᠤᠯᠲᠠ ᠶᠢ ᠬᠠᠷᠢᠭᠤᠴᠠᠨ᠎ᠠ᠃ ᠬᠦᠢᠯᠬᠡᠬᠡᠨ ᠤ ᠵᠠᠩᠭᠢᠯᠠᠭ᠎ᠠ ᠶᠢᠨ ᠡᠮ ᠤᠨ ᠵᠦᠢᠯ᠂ ᠵᠠᠰᠠᠯ ᠴᠢᠮᠡᠭ ᠤᠨ ᠡᠳ᠋ ᠤᠨ | ᠨᠠᠵᠠᠭᠠᠢ ᠳᠣᠰᠬᠠᠯ ᠢ ᠬᠢᠨᠠᠨ ᠰᠢᠯᠭᠠᠬᠤ ᠠᠵᠢᠯ ᠢ ᠵᠢᠯᠣᠭᠤᠳᠤᠨ ᠥᠷᠨᠢᠭᠦᠯᠦᠨ᠎ᠡ᠃ ᠡᠮ ᠤᠨ ᠵᠦᠢᠯ ᠤᠨ ᠠᠮᠣᠷ | ᠳᠦᠪᠰᠢᠨ ᠤ ᠬᠢᠨᠠᠨ ᠬᠠᠮᠢᠶᠠᠷᠤᠯᠲᠠ ᠶᠢᠨ ᠪᠠᠶᠢᠳᠠᠯ ᠢ ᠵᠠᠳᠠᠯᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠠᠵᠢᠯ ᠤᠨ | ᠰᠠᠨᠠᠭᠤᠯᠭ᠎ᠠ ᠳᠤᠷᠠᠳᠬᠤ ᠶᠢᠨ ᠬᠠᠮᠲᠤ ᠬᠤᠶᠢᠨᠠᠬᠢ ᠶᠠᠪᠣᠳᠠᠯ ᠢ ᠨᠢ ᠰᠢᠢᠳᠪᠦᠷᠢᠯᠡᠬᠦ ᠠᠵᠢᠯ ᠳᠤ ᠣᠷᠣᠯᠴᠠᠨ᠎ᠠ᠃ | ᠡᠮ ᠤᠨ ᠵᠦᠢᠯ ᠤᠨ ᠡᠵᠡᠩᠨᠡᠯᠳᠡ᠂ ᠬᠡᠷᠡᠭᠯᠡᠬᠦ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮᠵᠢᠯ ᠪᠣᠯᠤᠨ ᠡᠮ ᠤᠨ | ᠵᠦᠢᠯ ᠢ ᠲᠥᠷᠥᠯ ᠬᠤᠪᠢᠶᠠᠨ ᠬᠠᠮᠢᠶᠠᠷᠬᠤ ᠳᠦᠷᠢᠮ ᠢ ᠬᠡᠷᠡᠭᠯᠡᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ | ᠬᠡᠷᠡᠭᠵᠢᠭᠦᠯᠦᠨ᠎ᠡ᠃ ᠡᠮ ᠤᠨ ᠵᠦᠢᠯ᠂ ᠵᠠᠰᠠᠯ ᠴᠢᠮᠡᠭ ᠤᠨ ᠡᠳ᠋ ᠤᠨ ᠠᠮᠣᠷ ᠳᠦᠪᠰᠢᠨ ᠳᠤ ᠲᠣᠭᠲᠠᠮᠠᠯ | ᠬᠤᠭᠤᠴᠠᠭ᠎ᠠ ᠲᠠᠢ ᠪᠤᠶᠤ ᠲᠠᠰᠢᠷᠠᠮ ᠢᠶᠠᠷ ᠬᠠᠤᠯᠢ ᠶᠣᠰᠣᠴᠢ ᠴᠢᠨᠠᠷ᠂ ᠲᠣᠭᠲᠠᠭᠠᠯ ᠳᠤ ᠨᠡᠶᠢᠴᠡᠬᠦ ᠴᠢᠨᠠᠷ ᠤᠨ | ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠤᠨ᠎ᠠ᠃ ᠳᠣᠬᠠᠶᠢᠯᠠᠭᠰᠠᠨ ᠠᠵᠢᠯ ᠤᠨ ᠡᠮ ᠨᠠᠶᠢᠷᠠᠭᠴᠢ ᠶᠢᠨ ᠬᠢᠷᠢ | ᠭᠡᠮ ᠤᠨ ᠬᠠᠮᠢᠶᠠᠷᠤᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮ ᠤᠨ ᠤᠬᠠᠭᠠᠨ ᠵᠡᠷᠭᠡ | ᠬᠠᠮᠢᠶ᠎ᠠ ᠪᠦᠬᠦᠢ ᠲᠤᠰᠬᠠᠶ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠠᠵᠢᠯ ᠢ ᠡᠭᠦᠷᠭᠡ | ᠬᠠᠷᠢᠭᠤᠴᠠᠯᠭ᠎ᠠ ᠶᠣᠰᠣᠭᠠᠷ ᠡᠭᠦᠷᠭᠡᠯᠡᠨ᠎ᠡ᠃ ᠬᠤᠰᠢᠭᠤ ᠲᠣᠭᠤᠷᠢᠭ ᠤᠨ ᠳᠣᠬᠠᠶᠢᠯᠠᠭᠰᠠᠨ ᠠᠵᠢᠯ ᠤᠨ | ᠪᠠᠶᠢᠴᠠᠭᠠᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ | ︵ᠬᠤᠷᠢᠨ ᠬᠤᠶᠠᠷ︶ ᠡᠮᠴᠢᠯᠡᠭᠡᠨ ᠤ ᠪᠠᠭᠠᠵᠢ ᠬᠡᠷᠡᠭᠰᠡᠯ ᠢ ᠬᠢᠨᠠᠨ ᠬᠠᠮᠢᠶᠠᠷᠬᠤ ᠰᠠᠯᠠᠭ᠎ᠠ᠃ ᠬᠤᠯᠪᠣᠭᠳᠠᠯ | ᠪᠦᠬᠦᠢ ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠬᠦᠯᠦᠨ᠎ᠡ᠃ ᠡᠮᠴᠢᠯᠡᠭᠡᠨ ᠤ ᠪᠠᠭᠠᠵᠢ ᠬᠡᠷᠡᠭᠰᠡᠯ ᠤᠨ ᠪᠠᠷᠢᠮᠵᠢᠶ᠎ᠠ᠂ ᠲᠥᠷᠥᠯ ᠬᠤᠪᠢᠶᠠᠨ | ᠬᠠᠮᠢᠶᠠᠷᠬᠤ ᠪᠠ ᠳᠠᠩᠰᠠᠯᠠᠨ ᠬᠠᠮᠢᠶᠠᠷᠬᠤ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠣᠭᠲᠠᠭᠠᠭᠰᠠᠨ | ᠡᠷᠬᠡ ᠮᠡᠳᠡᠯ ᠤᠨ ᠬᠡᠪᠴᠢᠶ᠎ᠡ ᠶᠣᠰᠣᠭᠠᠷ ᠰᠦᠯᠵᠢᠶᠡᠨ ᠤ ᠡᠮᠴᠢᠯᠡᠭᠡᠨ ᠤ ᠪᠠᠭᠠᠵᠢ ᠬᠡᠷᠡᠭᠰᠡᠯ ᠤᠨ ᠪᠣᠷᠣᠯᠠᠭᠤᠯᠭ᠎ᠠ ᠶᠢᠨ | ᠬᠢᠨᠠᠨ ᠬᠠᠮᠢᠶᠠᠷᠤᠯᠲᠠ ᠶᠢ ᠡᠭᠦᠷᠭᠡᠯᠡᠨ᠎ᠡ᠃ ᠡᠮᠴᠢᠯᠡᠭᠡᠨ ᠤ ᠪᠠᠭᠠᠵᠢ ᠭᠡᠷᠡᠭᠰᠡᠯ ᠤᠨ ᠨᠠᠵᠠᠭᠠᠢ ᠨᠦᠯᠦᠭᠡ ᠪᠦᠬᠦᠢ ᠬᠡᠷᠡᠭ ᠢ | ᠬᠢᠨᠠᠨ ᠰᠢᠯᠭᠠᠬᠤ ᠠᠵᠢᠯ ᠢ ᠵᠢᠯᠣᠭᠤᠳᠤᠨ ᠥᠷᠨᠢᠭᠦᠯᠦᠨ᠎ᠡ᠃ ᠬᠦᠢᠯᠭᠡᠭᠡᠨ ᠤ ᠬᠦᠷᠢᠶᠡᠨ ᠤ ᠡᠮᠴᠢᠯᠡᠭᠡ ᠶᠢᠨ ᠪᠠᠭᠠᠵᠢ | ᠬᠡᠷᠡᠭᠰᠡᠯ ᠤᠨ ᠬᠢᠨᠠᠨ ᠬᠠᠮᠢᠶᠠᠷᠤᠯᠲᠠ ᠶᠢᠨ ᠠᠵᠢᠯ ᠢ ᠬᠢᠨᠠᠨ ᠵᠢᠯᠣᠭᠤᠳᠤᠨ᠎ᠠ᠃ ᠡᠮᠴᠢᠯᠡᠭᠡᠨ ᠤ ᠪᠠᠭᠠᠵᠢ ᠬᠡᠷᠡᠭᠰᠡᠯ ᠢ | ᠡᠵᠡᠩᠨᠡᠬᠦ᠂ ᠬᠡᠷᠡᠭᠯᠡᠬᠦ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮᠵᠢᠯ ᠪᠠ ᠲᠥᠷᠥᠯ ᠬᠤᠪᠢᠶᠠᠨ ᠬᠠᠮᠢᠶᠠᠷᠬᠤ | ᠳᠦᠷᠢᠮ ᠢ ᠬᠢᠨᠠᠨ ᠬᠡᠷᠡᠭᠵᠢᠭᠦᠯᠦᠨ᠎ᠡ᠃ ᠲᠣᠭᠲᠠᠮᠠᠯ ᠬᠤᠭᠤᠴᠠᠭ᠎ᠠ ᠲᠠᠢ ᠪᠤᠶᠤ ᠲᠠᠰᠢᠷᠠᠮ ᠢᠶᠠᠷ ᠡᠮᠴᠢᠯᠡᠭᠡᠨ ᠤ ᠪᠠᠭᠠᠵᠢ | ᠬᠡᠷᠡᠭᠰᠡᠯ ᠤᠨ ᠬᠦᠢᠯᠭᠡᠭᠡᠨ ᠤ ᠬᠦᠷᠢᠶᠡᠨ ᠤ ᠠᠮᠤᠷ ᠲᠦᠪᠰᠢᠨ ᠳᠤ ᠬᠠᠤᠯᠢ ᠶᠣᠰᠣᠴᠢ ᠴᠢᠨᠠᠷ᠂ ᠲᠣᠭᠲᠠᠭᠠᠯ ᠳᠤ | ᠨᠡᠶᠢᠴᠡᠬᠦ ᠴᠢᠨᠠᠷ ᠤᠨ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠤᠨ᠎ᠠ᠃ | ︵ᠬᠤᠷᠢᠨ ᠭᠤᠷᠪᠠ︶ ᠠᠵᠢᠯᠲᠠᠨ ᠤ ᠶᠠᠪᠣᠳᠠᠯ ᠤᠨ ᠰᠠᠯᠠᠭ᠎ᠠ᠃ ᠪᠠᠶᠢᠭᠤᠯᠤᠯᠭ᠎ᠠ ᠶᠢᠨ ᠺᠠᠳ᠋ᠷ ᠠᠵᠢᠯᠲᠠᠨ ᠤ | ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠳᠡᠯᠮᠦᠷᠢ ᠴᠠᠯᠢᠩ᠂ ᠴᠢᠳᠠᠪᠤᠷᠢᠲᠠᠨ ᠤ ᠡᠩᠨᠡᠭᠡᠨ ᠤ | ᠪᠠᠶᠢᠭᠤᠯᠤᠯᠲᠠ᠂ ᠬᠥᠮᠦᠵᠢᠯ ᠪᠣᠯᠪᠠᠰᠤᠷᠠᠭᠤᠯᠤᠯ ᠵᠡᠷᠭᠡ ᠠᠵᠢᠯ ᠢ ᠡᠭᠦᠷᠭᠡᠯᠡᠵᠦ᠂ ᠪᠠᠶᠢᠭᠤᠯᠤᠯᠭ᠎ᠠ ᠵᠢᠴᠢ ᠬᠠᠷᠢᠶ᠎ᠠ | ᠨᠢᠭᠡᠴᠡ ᠶᠢᠨ ᠢᠶᠠᠨ ᠠᠵᠢᠯ ᠠᠴᠠ ᠪᠠᠨ ᠠᠮᠠᠷᠠᠭᠰᠠᠳ ᠤᠨ ᠠᠵᠢᠯ ᠢ ᠬᠠᠷᠢᠭᠤᠴᠠᠨ᠎ᠠ᠃ ᠬᠠᠷᠢᠶ᠎ᠠ ᠨᠢᠭᠡᠴᠡ ᠶᠢᠨ ᠢᠶᠠᠨ | ᠬᠠᠮᠢᠶ᠎ᠠ ᠪᠦᠬᠦᠢ ᠠᠵᠢᠯ ᠢ ᠵᠢᠯᠣᠭᠤᠳᠤᠨ᠎ᠠ᠃ | ᠪᠠᠶᠢᠭᠤᠯᠣᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠠᠯᠪᠠᠨ ᠭᠡᠷ᠃ ᠪᠠᠶᠢᠭᠤᠯᠣᠯᠭ᠎ᠠ | ︵ᠰᠢᠰᠲ᠋ᠧᠮ ᠤᠨ ᠨᠠᠮ ᠤᠨ ᠠᠵᠢᠯ ᠤᠨ ᠬᠤᠷᠢᠶ᠎ᠠ᠂ ᠪᠠᠶᠢᠭᠤᠯᠣᠯᠭ᠎ᠠ ᠶᠢᠨ ᠨᠠᠮ ᠤᠨ ᠬᠤᠷᠢᠶ᠎ᠠ᠂ ᠨᠠᠮ ᠤᠨ ᠶᠡᠷᠦᠩᠬᠡᠶ | ᠡᠭᠦᠷ᠂ ᠨᠠᠮ ᠤᠨ ᠡᠭᠦᠷ︶ ᠵᠢᠴᠢ ᠬᠠᠷᠢᠶ᠎ᠠ ᠨᠢᠭᠡᠴᠡ ᠶᠢᠨ ᠢᠶᠠᠨ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠴᠣᠭᠴᠠᠯᠠᠯᠳᠠ ᠶᠢᠨ ᠠᠵᠢᠯ ᠢ ᠬᠠᠷᠢᠭᠤᠴᠠᠨ᠎ᠠ᠃ | ᠵᠢᠷᠭᠤᠳᠤᠭᠠᠷ ᠵᠦᠢᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ | ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠳᠣᠬᠢᠷᠠᠭᠤᠯᠣᠯᠳᠠ᠂ ᠡᠭᠦᠷᠭᠡ ᠬᠠᠷᠢᠭᠤᠴᠠᠯᠭ᠎ᠠ ᠪᠣᠯᠤᠨ | ᠣᠷᠣᠨ ᠲᠤᠭ᠎ᠠ ᠶᠢᠨ ᠶᠠᠪᠣᠳᠠᠯ ᠢ ᠠᠰᠳᠠᠭᠠᠨ ᠳᠣᠭᠳᠠᠭᠠᠨ᠎ᠠ᠃ | ᠳᠣᠯᠣᠳᠤᠭᠠᠷ ᠵᠦᠢᠯ ᠲᠣᠰ ᠲᠣᠭᠲᠠᠭᠠᠯ ᠤᠨ ᠳᠠᠶᠢᠯᠪᠣᠷᠢᠯᠠᠯᠳᠠ ᠶᠢ ᠬᠦᠢᠴᠡᠳᠭᠡᠭᠦ ᠠᠵᠢᠯ ᠢ | ᠠᠶᠢᠮᠠᠭ ᠤᠨ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠣᠭᠠᠨ ᠤ ᠬᠤᠷᠢᠶ᠎ᠠ ᠶᠢᠨ ᠠᠯᠪᠠᠨ ᠭᠡᠷ | ᠬᠠᠷᠢᠭᠤᠴᠠᠵᠤ᠂ ᠲᠣᠬᠢᠷᠠᠭᠤᠯᠤᠯᠲᠠ ᠬᠢᠬᠦ ᠶᠠᠪᠣᠳᠠᠯ ᠢ ᠠᠶᠢᠮᠠᠭ ᠤᠨ ᠨᠠᠮ ᠤᠨ ᠬᠤᠷᠢᠶᠠᠨ ᠤ ᠪᠠᠶᠢᠭᠤᠯᠤᠮᠵᠢ ᠶᠢᠨ | ᠣᠷᠣᠨ ᠲᠣᠭᠠᠨ ᠤ ᠬᠤᠷᠢᠶ᠎ᠠ ᠶᠢᠨ ᠠᠯᠪᠠᠨ ᠭᠡᠷ ᠠᠴᠠ ᠲᠣᠭᠲᠠᠭᠠᠭᠰᠠᠨ ᠳᠡᠰ ᠳᠠᠷᠠᠭᠠᠯᠠᠯ ᠢᠶᠠᠷ ᠬᠦᠢᠴᠡᠳᠭᠡᠨ᠎ᠡ᠃ | ᠨᠠᠢᠮᠠᠳᠣᠭᠠᠷ ᠵᠦᠢᠯ ᠲᠤᠰ ᠲᠣᠭᠲᠠᠭᠠᠯ ᠢ 2019 ᠣᠨ ᠤ 3 ᠰᠠᠷ᠎ᠠ ᠶᠢᠨ 29 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ | ᠰᠦᠯᠵᠢᠶᠡᠨ ᠤ ᠬᠠᠶ᠋ᠢᠭ᠄ http://sj.als.gov.cn | | |