1 ᠠᠴᠠ 7 ᠰᠠᠷ᠎ᠠ ᠪᠤᠯᠳᠠᠯ᠎ᠠ ᠠᠯᠠᠱᠠ ᠠᠶᠢᠮᠠᠭ ᠤᠨ ᠵᠢᠭᠤᠯᠴᠢᠯᠠᠯ ᠤᠨ ᠶᠠᠷᠤᠩᠭᠡᠢ ᠤᠷᠤᠯᠭ᠎ᠠ 65 ᠳ᠋ᠦᠡᠭᠰᠢᠭᠤᠷ ᠲᠦᠬᠦᠷᠢᠭ ᠲᠤ ᠬᠦᠷᠪᠠ
ᠨᠡᠶᠢᠲᠡᠯᠡᠭᠰᠡᠨ ᠴᠠᠭ᠄
2019/8/7
       ᠠᠶᠢᠮᠠᠭ ᠤᠨ ᠰᠤᠶᠤᠯ ᠵᠢᠭᠤᠯᠴᠢᠯᠠᠯ ᠷᠠᠳᠢᠤ᠋ ᠲᠧᠯᠸᠢᠰ ᠲᠤᠪᠴᠢᠶᠠᠨ ᠤ ᠡᠨᠡ ᠵᠢᠯ ᠤᠨ 1 ᠠᠴᠠ 7 ᠰᠠᠷ᠎ᠠ ᠪᠤᠯᠳᠠᠯᠠᠬᠢ ᠪᠦᠷᠢᠳᠬᠡᠯ ᠢ ᠦᠨᠳᠦᠰᠦᠯᠠᠪᠠᠯ᠂ ᠮᠠᠨ ᠤ ᠠᠶᠢᠮᠠᠭ ᠤᠯᠤᠰ ᠤᠨ ᠲᠤᠳᠤᠭᠠᠳᠤ ᠭᠠᠳᠠᠭᠠᠳᠤ ᠶᠢᠨ 698.6 ᠲᠦᠮᠡᠨ ᠲᠤᠭᠤᠷᠢᠨ ᠵᠤᠭᠠᠴᠠᠭᠰᠠᠳ ︵ᠤᠳᠠᠭ᠎ᠠ︶ ᠢ ᠬᠦᠯᠢᠶᠠᠨ ᠵᠤᠴᠢᠯᠠᠵᠦ᠂ ᠵᠢᠭᠤᠯᠴᠢᠯᠠᠯ ᠤᠨ ᠶᠡᠷᠥᠩᠬᠡᠢ ᠤᠷᠤᠯᠭ᠎ᠠ 65.87 ᠳ᠋ᠥᠩᠰᠢᠭᠤᠷ ᠲᠥᠭᠦᠷᠢᠭ ᠲᠤ ᠬᠥᠷᠴᠤ᠂ ᠠᠳᠠᠯᠢ ᠬᠤᠭᠤᠴᠠᠭ᠎ᠠ ᠠᠴᠠ ᠲᠤᠰᠪᠤᠷᠢ 15.87% ᠪᠠ 18.05% ᠪᠠᠷ ᠨᠡᠮᠡᠭᠳᠡᠭᠰᠡᠨ ᠪᠠᠶᠢᠨ᠎ᠠ᠃        ᠵᠢᠯ ᠤᠨ ᠡᠬᠢᠨ ᠳᠤ᠂ ᠠᠶᠢᠮᠠᠭ ᠤᠨ ᠰᠤᠶᠤᠯ ᠵᠢᠭᠤᠯᠴᠢᠯᠠᠯ ᠷᠠᠳᠢᠤ᠋ ᠲᠧᠯᠸᠢᠰ ᠲᠤᠪᠴᠢᠶᠠᠨ ᠤ ᠬᠢᠨ ᠠᠯᠠᠱᠠ ᠶᠢᠨ ᠲᠥᠷᠪᠡᠨ ᠤᠯᠠᠷᠢᠯ ᠤᠨ ᠵᠢᠭᠤᠯᠴᠢᠯᠠᠯ ᠢ ᠤᠶᠠᠯᠳᠤᠭᠤᠯᠤᠨ ᠬᠥᠭᠵᠢᠭᠦᠯᠭᠦ ᠲᠥᠯᠤᠪᠯᠡᠭᠡ ᠭᠠᠷᠭᠠᠵᠤ᠂     ︽ᠠᠯᠠᠱᠠ ᠪᠠᠷ ᠠᠶᠠᠯᠠᠨ ᠵᠤᠭᠠᠯᠠᠬᠤ︾ ︽ᠰᠤᠶᠤᠯ ᠢᠶᠠᠷ ᠵᠤᠭᠠᠴᠠᠭᠰᠠᠳ ᠢ ᠪᠠᠶᠠᠰᠬᠠᠬᠤ︾ ︽ᠰᠤᠶᠤᠯ ᠢᠶᠠᠷ ᠠᠷᠠᠳ ᠲᠤ ᠠᠰᠢᠭ ᠬᠥᠷᠳᠡᠬᠡᠭᠦ︾ ᠠᠵᠢᠯᠯᠠᠭ᠎ᠠ ᠶᠢ ᠪᠥᠭᠦ ᠲᠠᠯ᠎ᠠ ᠪᠠᠷ ᠥᠷᠨᠢᠭᠦᠯᠥᠭᠰᠡᠨ ᠠᠴᠠ ᠬᠥᠷᠰᠢ ᠵᠡᠷᠬᠡᠯᠡᠳᠡᠭᠡ ᠭᠠᠵᠠᠷ ᠤᠷᠤᠨ ᠤ ᠵᠤᠭᠠᠴᠬᠠᠰᠠᠳ ᠤᠨ ᠠᠩᠬᠠᠷᠤᠯ ᠢ ᠶᠡᠬᠡᠪᠡᠷ ᠲᠠᠳᠠᠨ᠂ ᠭᠠᠷᠠᠭ ᠤᠨ ᠰᠡᠭᠦᠯᠴᠢ ᠪᠠ ᠠᠮᠠᠷᠠᠯᠳᠠ ᠶᠢᠨ ᠬᠤᠭᠤᠴᠠᠭ᠎ᠠ ᠪᠠᠨ ᠠᠰᠢᠭᠯᠠᠨ ᠠᠯᠠᠱᠠ ᠳᠤ ᠢᠷᠡᠵᠤ ᠵᠤᠭᠠᠴᠠᠬᠤ ᠳᠤ ᠲᠥᠭᠦᠮ ᠥᠵᠡᠭᠦᠯᠵᠤ᠂ ᠠᠯᠠᠱᠠ ᠶᠢᠨ ᠰᠤᠶᠤᠯ ᠵᠢᠭᠤᠯᠴᠢᠯᠠᠯ ᠤᠨ ᠨᠡᠷ᠎ᠠ ᠲᠡᠮᠳᠡᠭ ᠢ ᠬᠥᠷᠰᠢ ᠵᠡᠷᠬᠡᠯᠡᠳᠡᠭᠡ ᠭᠠᠵᠠᠷ ᠤᠷᠤᠨ ᠤ ᠬᠥᠮᠤᠰ ᠲᠤ ᠤᠯᠠᠮ ᠰᠠᠶᠢᠨ ᠲᠠᠨᠢᠭᠤᠯᠤᠭᠰᠠᠨ ᠪᠠᠶᠢᠨ᠎ᠠ᠃        ᠮᠠᠨ ᠤ ᠠᠶᠢᠮᠠᠭ ᠤᠨ ᠬᠡᠰᠡᠭ ᠵᠢᠭᠤᠯᠴᠢᠯᠠᠯ ᠤᠨ ᠤᠷᠤᠨ ᠤ ᠬᠢᠨ ᠴᠠᠭᠠᠨ ᠰᠠᠷ᠎ᠠ ᠶᠢᠨ ᠠᠮᠠᠷᠠᠯᠳᠠ᠂ ᠬᠠᠩᠰᠢ ᠶᠢᠨ ᠡᠳᠤᠷ ᠤᠨ ᠠᠮᠠᠷᠠᠯᠳᠠ᠂ ᠲᠠᠪᠤᠨ ᠰᠠᠷ᠎ᠠ ᠶᠢᠨ ᠨᠢᠬᠡᠨ ᠤ ᠡᠳᠤᠷ ᠤᠨ ᠠᠮᠠᠷᠠᠯᠳᠠ ᠪᠠ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠠᠮᠠᠷᠠᠯᠳᠠ ᠶᠢ ᠠᠰᠢᠭᠯᠠᠨ᠂ ᠠᠭᠤᠯᠭ᠎ᠠ ᠪᠠᠶᠠᠯᠢᠭ ᠤᠯᠠᠮᠵᠢᠯᠠᠯᠳᠤ ᠰᠤᠶᠤᠯ ᠤᠨ ᠠᠵᠢᠯᠯᠠᠭ᠎ᠠ ᠶᠢ ᠥᠷᠨᠢᠭᠦᠯᠵᠦ᠂ ᠲᠤᠭᠤᠷᠢᠨ ᠵᠤᠭᠠᠴᠠᠭᠰᠠᠳ ᠤᠨ ᠲᠤᠷ᠎ᠠ ᠰᠤᠨᠢᠷᠬᠠᠯ ᠢ ᠲᠠᠳᠠᠬᠤ ᠪᠠᠷ ᠪᠠᠷᠠᠬᠤ ᠥᠬᠡᠢ᠂ ᠠᠯᠠᠱᠠ ᠶᠢᠨ ᠰᠤᠶᠤᠯ ᠲᠡᠤᠬᠡ ᠶᠢ ᠤᠬᠠᠭᠤᠯᠵᠤ ᠴᠢᠳᠠᠭᠰᠠᠨ ᠪᠠᠶᠢᠨ᠎ᠠ᠃ ᠵᠢᠱᠢᠶᠡᠯᠡᠪᠡᠯ᠂ ᠲᠡᠭᠷᠢ ᠡᠯᠡᠰᠤ ᠪᠠᠯᠭᠠᠰᠤᠨ ᠤ ᠲᠡᠮᠡᠬᠡᠨ ᠠᠭᠤᠯᠠ ᠭᠠᠴᠠᠭ᠎ᠠ ︽ᠬᠠᠳᠠᠭᠤ ᠬᠠᠷ᠎ᠠ ᠶᠢᠨ ᠨᠠᠶᠢᠷ︾ ᠢ ᠦᠷᠨᠢᠬᠦᠯᠬᠦ ᠪᠠᠷ ᠲᠠᠮᠵᠢᠨ ᠪᠠᠷᠤᠭ 2300 ᠲᠤᠭᠤᠷᠢᠨ ᠵᠤᠭᠠᠴᠠᠭᠰᠠᠳ ︵ᠤᠳᠠᠭ᠎ᠠ︶ ᠢ ᠬᠥᠯᠢᠶᠡᠨ ᠵᠤᠴᠢᠯᠠᠪᠠ︔ ᠲᠤᠩᠬᠤ ᠶᠢᠨ ᠲᠠᠯ᠎ᠠ ᠨᠤᠳᠤᠭ  ᠵᠢᠭᠤᠯᠴᠢᠯᠠᠯ ᠤᠨ ᠭᠠᠵᠠᠷ ᠤᠨ ᠬᠢᠨ ︽ᠬᠠᠩᠰᠢ ᠶᠢᠨ ᠡᠳᠤᠷ ᠲᠤᠩᠬᠤ ᠶᠢᠨ ᠲᠠᠯ᠎ᠠ ᠨᠤᠳᠤᠭ ᠲᠤ ᠵᠤᠭᠠᠯᠠᠬᠤ︾ ᠠᠵᠢᠯᠯᠠᠭ᠎ᠠ ᠳᠠᠭᠠᠨ ᠤᠪᠤᠭᠠᠨ ᠲᠠᠬᠢᠯᠭ᠎ᠠ᠂ ᠮᠤᠩᠭᠤᠯ ᠦᠨᠳᠦᠰᠦᠳᠠᠨ ᠤ ᠠᠮᠢᠳᠤᠷᠠᠯ ᠦᠢᠯᠡᠳᠪᠤᠷᠢᠯᠡᠯ ᠢ ᠪᠡᠶᠡᠳᠠᠨ ᠤᠢᠢᠯᠠᠭᠠᠬᠤ ᠵᠡᠷᠬᠡ ᠰᠢᠷᠢᠰ ᠠᠵᠢᠯᠯᠠᠭ᠎ᠠ ᠪᠤᠯᠤᠨ ᠲᠡᠭᠷᠢ ᠡᠯᠡᠰᠤ ᠶᠢ ᠲᠤᠭᠤᠯᠬᠤ ᠵᠡᠷᠬᠡ ᠪᠠᠷᠳᠠᠭ᠎ᠠ ᠰᠢᠨᠵᠢᠯᠡᠬᠦ ᠠᠵᠢᠯᠯᠠᠭ᠎ᠠ ᠶᠢ ᠵᠤᠬᠢᠶᠠᠨ ᠪᠠᠶᠢᠭᠤᠯᠤᠭᠰᠠᠨ ᠠᠴᠠ ᠰᠧᠴᠤᠸᠠᠨ᠂ ᠵᠧᠵᠢᠶᠠᠩ᠂ ᠭᠤᠸᠡᠩᠳᠥ᠋ᠩ ᠵᠡᠷᠬᠡ ᠪᠦᠬᠦ ᠤᠯᠤᠰ ᠤᠨ 27 ᠮᠤᠵᠢ ᠤᠷᠤᠨ ᠪᠠ ᠬᠤᠳᠠ ᠶᠢᠨ 1600 ᠭᠠᠷᠤᠢ ᠲᠤᠭᠤᠷᠢᠨ ᠵᠤᠭᠠᠴᠠᠭᠰᠠᠳ ︵ᠤᠳᠠᠭ᠎ᠠ︶ ᠢ ᠬᠥᠯᠢᠶᠡᠨ ᠵᠤᠴᠢᠯᠠᠵᠠᠢ᠃ ᠡᠬᠦᠨ ᠠᠴᠠ ᠭᠠᠳᠠᠨ᠎ᠠ᠂ ᠪᠦᠬᠦ ᠠᠶᠢᠮᠠᠭ ᠤᠨ ᠪᠤᠰᠤᠳ ᠵᠢᠭᠤᠯᠴᠢᠯᠠᠯ ᠤᠨ ᠴᠡᠭ ᠤᠨ ᠬᠢᠨ ᠨᠠᠢᠮᠠᠳᠤᠭᠠᠷ ᠬᠤᠭᠤᠴᠠᠭᠠᠨ ᠤ ᠠᠽᠢᠶ᠎ᠠ ᠲᠢᠪ ᠤᠨ ᠡᠯᠡᠰᠦᠨ ᠤ ᠤᠷᠤᠯᠳᠤᠭᠠᠨ᠂ ᠭᠤᠷᠪᠠᠳᠤᠭᠠᠷ ᠬᠤᠭᠤᠴᠠᠭᠠᠨ ᠤ ᠪᠠᠳᠡᠢ ᠶᠢᠨ ᠵᠢᠷᠠᠨ ᠡᠯᠡᠰᠤᠨ ᠤ ᠨᠠᠶᠢᠷ᠂ ᠲᠤᠮᠳᠠᠳᠤ ᠤᠯᠤᠰ ᠤᠨ ᠠᠯᠠᠱᠠ ᠶᠢᠨ ᠬᠠᠰ ᠥᠵᠡᠮᠤᠷᠢ ᠶᠢᠨ ᠴᠢᠯᠠᠭᠤᠨ ᠤ ᠨᠠᠶᠢᠷ ᠵᠢᠴᠢ ᠬᠠᠴᠢᠨ ᠴᠢᠯᠠᠭᠤᠨ ᠤ ᠰᠤᠶᠤᠯ ᠤᠨ ᠰᠤᠯᠢᠯᠴᠠᠭᠠᠨ ᠤ ᠨᠠᠶᠢᠷ᠂ ᠠᠯᠠᠱᠠ ᠵᠡᠭᠦᠨ ᠬᠤᠰᠢᠭᠤᠨ ᠤ ᠠᠩᠬᠠᠳᠠᠭᠴᠢ ᠬᠤᠭᠤᠴᠠᠭᠠᠨ ᠤ ᠴᠠᠭᠠᠨ ᠭᠤᠶᠤᠤ ᠶᠢᠨ ᠰᠤᠶᠤᠯ ᠵᠢᠴᠢ ᠴᠠᠭᠠᠨ ᠭᠤᠶᠤᠤ ᠶᠢᠨ ᠸᠠᠩ ᠰᠢᠯᠭᠠᠷᠠᠭᠤᠯᠬᠤ ᠤᠷᠤᠯᠳᠤᠭᠠᠨ ᠵᠡᠷᠬᠡ ᠰᠤᠶᠤᠯ ᠤᠨ ᠠᠵᠢᠯᠯᠠᠭ᠎ᠠ ᠶᠢ ᠥᠷᠨᠢᠭᠦᠯᠵᠤ᠂ ᠰᠤᠶᠤᠯ ᠵᠢᠭᠤᠯᠴᠢᠯᠠᠯ ᠤᠨ ᠠᠭᠤᠯᠭ᠎ᠠ ᠶᠢ ᠪᠠᠶᠠᠯᠢᠭᠵᠢᠭᠤᠯᠤᠨ᠂ ᠤᠯᠤᠰ ᠤᠨ ᠲᠤᠳᠤᠭᠠᠲᠦ ᠭᠠᠳᠠᠭᠠᠲᠦ ᠶᠢᠨ ᠲᠤᠭᠤᠷᠢᠨ ᠵᠤᠭᠠᠴᠠᠭᠰᠠᠳ ᠤᠨ ᠬᠡᠷᠡᠭᠴᠡᠭᠡ ᠶᠢ ᠬᠠᠩᠭᠠᠨ᠂ ᠰᠤᠨᠢᠷᠬᠠᠯ ᠢ ᠲᠠᠳᠠᠵᠤ ᠴᠢᠳᠠᠭᠰᠠᠨ ᠪᠠᠶᠢᠨ᠎ᠠ᠃        ᠡᠨᠡ ᠵᠢᠯ᠂ ᠮᠠᠨ ᠤ ᠠᠶᠢᠮᠠᠭ ᠠᠯᠠᠱᠠ ᠶᠢᠨ ᠰᠤᠶᠤᠯ ᠤᠨ ᠥᠪ ᠢ ᠬᠠᠮᠠᠭᠠᠯᠠᠬᠤ᠂ ᠠᠯᠠᠱᠠ ᠶᠢᠨ ᠡᠯᠡᠰᠤ ᠮᠠᠩᠬᠠᠨ ᠤ ᠮᠠᠰᠢᠨ ᠲᠡᠷᠬᠡ ᠠᠭᠠᠷ ᠠᠶᠠᠯᠠᠯ ᠤᠨ ᠲᠤᠰᠬᠠᠢ ᠰᠡᠳᠤᠪᠳᠤ ᠬᠥᠷᠢᠶᠡᠯᠡᠩ᠂ ᠪᠠᠳᠡᠢ ᠶᠢᠨ ᠵᠢᠷᠠᠨ ᠤᠯᠤᠰ ᠤᠨ 5A ᠲᠡᠰ ᠤᠨ  ᠵᠢᠭᠤᠯᠴᠢᠯᠠᠯ ᠤᠨ ᠤᠷᠤᠨ᠂ ᠲᠤᠤᠷᠠᠢ ᠶᠢᠨ ᠤᠢ ᠶᠢᠨ ᠵᠢᠭᠤᠯᠴᠢᠯᠠᠯ ᠤᠨ ᠤᠷᠤᠨ ᠵᠡᠷᠬᠡ 18 ᠰᠤᠶᠤᠯ ᠵᠢᠭᠤᠯᠴᠢᠯᠠᠯ ᠤᠨ ᠭᠤᠤᠯᠳᠠᠯᠭ᠎ᠠ ᠲᠠᠢ ᠲᠥᠷᠥᠯ ᠵᠥᠢᠯ ᠢ ᠰᠢᠯᠭᠠᠷᠠᠭᠤᠯᠤᠨ ᠰᠤᠩᠭᠤᠵᠤ᠂ ᠨᠠᠶᠢᠳᠠ 12.85 ᠳ᠋ᠥᠩᠰᠢᠭᠤᠷ ᠲᠥᠭᠦᠷᠢᠭ ᠤᠨ ᠪᠡᠯᠡ ᠤᠷᠤᠭᠤᠯᠬᠤ ᠪᠠᠷ ᠲᠥᠯᠤᠪᠯᠡᠵᠤ ᠪᠤᠢ᠃ ᠲᠥᠷᠥᠯ ᠵᠥᠢᠯ ᠤᠨ ᠬᠡᠪᠴᠢᠶᠡᠨ ᠳᠤ ᠥᠵᠡᠮᠵᠢ ᠶᠢᠨ ᠤᠷᠤᠨ ᠤ ᠪᠥᠳᠤᠬᠡᠨ ᠪᠠᠶᠢᠭᠤᠯᠤᠯᠳᠠ᠂ ᠵᠤᠭᠠᠴᠠᠭᠰᠠᠳ ᠤᠨ ᠤᠷᠤᠨ ᠰᠠᠭᠤᠴᠠ᠂ ᠲᠤᠭᠤᠷᠢᠨ ᠵᠤᠭᠠᠴᠠᠭᠰᠠᠳ ᠲᠤ ᠦᠢᠯᠡᠴᠢᠯᠡᠬᠦ ᠲᠦᠪ᠂ ᠬᠤᠳᠠ ᠪᠠᠯᠭᠠᠰᠤᠨ ᠤ ᠵᠢᠭᠤᠯᠴᠢᠯᠠᠯ ᠤᠨ ᠤᠨᠴᠠᠯᠢᠭᠳᠤ ᠵᠡᠬᠡᠯᠢ᠂ ᠬᠦᠷᠢᠶᠡᠯᠡᠩ ᠲᠤᠭᠤᠷᠢᠭ ᠤᠨ ᠪᠥᠳᠤᠬᠡᠨ ᠪᠠᠶᠢᠭᠤᠯᠤᠯᠳᠠ ᠶᠢ ᠬᠠᠮᠤᠷᠴᠠᠢ᠃ 6 ᠰᠠᠷ᠎ᠠ ᠶᠢᠨ ᠡᠴᠤᠰ ᠪᠤᠯᠳᠠᠯ᠎ᠠ᠂ ᠪᠥᠭᠦ ᠠᠶᠢᠮᠠᠭ ᠤᠨ ᠰᠤᠶᠤᠯ ᠵᠢᠭᠤᠯᠴᠢᠯᠠᠯ ᠤᠨ 15 ᠭᠤᠤᠯᠳᠠᠯᠭᠠᠲᠦ ᠪᠦᠲᠦᠬᠡᠨ ᠪᠠᠶᠢᠭᠤᠯᠤᠯᠳᠠ ᠨᠢᠬᠡᠨᠳᠡ ᠠᠵᠢᠯ ᠡᠬᠢᠯᠡᠵᠤ᠂1.53 ᠳ᠋ᠥᠩᠰᠢᠭᠤᠷ ᠲᠥᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠭᠦᠯᠤᠨ᠂ ᠪᠥᠭᠦ ᠵᠢᠯ ᠤᠨ ᠪᠡᠯᠡ ᠤᠷᠤᠭᠤᠯᠤᠯᠳᠠ ᠶᠢᠨ 11.9 % ᠶᠢ ᠪᠡᠶᠡᠯᠡᠭᠦᠯᠥᠭᠰᠡᠨ ᠪᠠᠶᠢᠨ᠎ᠠ᠃        ᠲᠤᠤᠷ᠎ᠠ ᠬᠠᠭᠠᠰ ᠵᠢᠯ ᠳᠤ᠂ ᠠᠶᠢᠮᠠᠭ ᠤᠨ ᠰᠤᠶᠤᠯ ᠵᠢᠭᠤᠯᠴᠢᠯᠠᠯ ᠷᠠᠳᠢᠤ᠋ ᠲᠧᠯᠸᠢᠰ ᠲᠤᠪᠴᠢᠶᠠᠨ ᠤ ᠬᠢᠨ ᠪᠥᠭᠦ ᠠᠶᠢᠮᠠᠭ ᠤᠨ ᠰᠤᠶᠤᠯ ᠵᠢᠭᠤᠯᠴᠢᠯᠠᠯ ᠤᠨ ᠰᠠᠯᠠᠭ᠎ᠠ ᠮᠥᠴᠢᠷ᠂ ᠵᠢᠭᠤᠯᠴᠢᠯᠠᠯ ᠤᠨ ᠠᠵᠤ ᠠᠬᠤᠶᠢᠯᠠᠯ ᠢ ᠵᠤᠬᠢᠶᠠᠨ ᠪᠠᠶᠢᠭᠤᠯᠵᠤ᠂ ᠡᠯ᠎ᠡ ᠲᠥᠷᠥᠯ ᠤᠨ ᠵᠢᠭᠤᠯᠴᠢᠯᠠᠯ ᠤᠨ ᠥᠵᠡᠰᠭᠦᠯᠡᠩ ᠤᠨ ᠬᠤᠷᠠᠯ᠂ ᠰᠤᠯᠢᠯᠴᠠᠭᠠᠨ ᠤ ᠬᠤᠷᠠᠯ ᠳᠤ ᠤᠷᠤᠯᠴᠠᠭᠤᠯᠬᠤ ᠠᠴᠠ ᠭᠠᠳᠠᠨ᠎ᠠ᠂ ᠬᠡᠷᠡᠯ ᠵᠢᠷᠤᠭ ᠤᠨ ᠥᠵᠡᠭᠦᠯᠤᠯᠬᠡ ᠶᠢ ᠵᠤᠬᠢᠶᠠᠨ ᠪᠠᠶᠢᠭᠤᠯᠵᠤ ᠬᠢᠭᠦ ᠪᠤᠯᠤᠨ᠎ᠡ᠃ ᠡᠳᠡᠬᠡᠷ ᠠᠵᠢᠯᠯᠠᠭ᠎ᠠ ᠪᠠᠨ ᠸᠢᠴᠠᠲ᠂ ᠭᠠᠷ ᠤᠳᠠᠰᠤ᠂ ᠰᠢᠭᠤᠳ ᠨᠡᠪᠳᠡᠷᠡᠭᠦᠯᠬᠡ ᠵᠡᠷᠬᠡ ᠲᠠᠪᠴᠠᠩ ᠢ ᠠᠰᠢᠭᠯᠠᠨ᠂ ᠤᠬᠠᠭᠤᠯᠭ᠎ᠠ ᠶᠢᠨ ᠨᠦᠯᠦᠬᠡ ᠶᠢ ᠦᠷᠬᠡᠳᠬᠡᠵᠦ᠂ ᠠᠯᠠᠱᠠ ᠶᠢᠨ ᠵᠢᠭᠤᠯᠴᠢᠯᠠᠯ ᠤᠨ ᠨᠡᠷ᠎ᠠ ᠲᠡᠮᠳᠡᠭ ᠢ ᠤᠯᠤᠰ ᠤᠨ ᠲᠤᠳᠤᠭᠠᠲᠦ ᠭᠠᠳᠠᠭᠠᠲᠦ ᠳᠤ ᠪᠦᠬᠦ ᠲᠠᠯ᠎ᠠ ᠪᠠᠷ ᠤᠬᠠᠭᠤᠯᠤᠨ᠂ ᠲᠡᠯᠡᠬᠡᠢ ᠶᠢᠨ ᠵᠢᠭᠤᠯᠴᠢᠯᠠᠯ ᠤᠨ ᠬᠠᠷᠠᠯᠳᠠᠲᠦ ᠤᠷᠤᠨ ᠪᠤᠯᠤᠨ ᠪᠦᠬᠦ ᠬᠢᠵᠠᠭᠠᠷ ᠤᠨ ᠵᠢᠭᠤᠯᠴᠢᠯᠠᠯ ᠤᠨ ᠵᠢᠱᠢᠶ᠎ᠠ ᠦᠵᠡᠬᠦᠯᠬᠦ ᠤᠷᠤᠨ ᠢ ᠪᠦᠲᠦᠬᠡᠨ ᠪᠠᠶᠢᠭᠤᠯᠬᠤ ᠪᠠᠷ ᠪᠠᠶᠢᠨ᠎ᠠ᠃                                                         (ᠵᠣᠬᠢᠶᠠᠭᠴᠢ᠄ ᠲᠠᠪᠰᠢᠯᠳᠤ)
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号