ᠲᠡᠷᠬᠡᠯ ᠰᠠᠷᠨ ᠶᠢᠨ ᠪᠡᠶᠡᠷ ᠤᠨ ᠬᠤᠭᠤᠴᠠᠭᠠᠨ ᠳᠤ ᠠᠯᠠᠱᠠ ᠠᠶᠢᠮᠠᠭ ᠨᠠᠶᠢᠳᠠ 58 ᠲᠦᠮᠡᠨ ᠲᠤᠭᠤᠷᠢᠨ ᠵᠤᠭᠠᠴᠠᠭᠰᠠᠳ ︵ᠤᠳᠠᠭ᠎ᠠ︶ ᠢ ᠬᠦᠯᠢᠶᠠᠨ ᠵᠤᠴᠢᠯᠠᠪᠠ
ᠨᠡᠶᠢᠲᠡᠯᠡᠭᠰᠡᠨ ᠴᠠᠭ᠄
2019/9/18
         ᠪᠦᠷᠢᠳᠬᠡᠯ ᠢ ᠦᠨᠳᠦᠰᠦᠯᠠᠪᠠᠯ᠂ ᠡᠨᠡ ᠵᠢᠯ ᠤᠨ ᠲᠡᠷᠬᠡᠯ ᠰᠠᠷᠨ ᠶᠢᠨ ᠪᠡᠶᠡᠷ ᠤᠨ ᠬᠤᠭᠤᠴᠠᠭᠠᠨ ᠳᠤ ᠮᠠᠨ ᠤ ᠠᠶᠢᠮᠠᠭ ᠨᠠᠶᠢᠳᠠ 58.82 ᠲᠦᠮᠡᠨ ᠲᠤᠭᠤᠷᠢᠨ ᠵᠤᠭᠠᠴᠠᠭᠰᠠᠳ ︵ᠤᠳᠠᠭ᠎ᠠ︶ ᠢ ᠬᠦᠯᠢᠶᠠᠨ ᠵᠤᠴᠢᠯᠠᠵᠦ᠂ ᠵᠢᠭᠤᠯᠴᠢᠯᠠᠯ ᠤᠨ ᠤᠷᠤᠯᠭ᠎ᠠ 4.77 ᠳ᠋ᠦᠡᠭᠰᠢᠭᠤᠷ ᠲᠦᠬᠦᠷᠢᠭ ᠲᠤ ᠬᠦᠷᠴᠦ᠂ ᠠᠳᠠᠯᠢ ᠬᠤᠭᠤᠴᠠᠭ᠎ᠠ ᠠᠴᠠ ᠲᠤᠰᠪᠤᠷᠢ 21.4% ᠪᠤᠯᠤᠨ 23.81% ᠪᠠᠷ ᠨᠡᠮᠡᠭᠳᠡᠪᠡ᠃          ᠠᠮᠠᠷᠠᠯᠳᠠ ᠶᠢᠨ ᠬᠤᠭᠤᠴᠠᠭᠠᠨ ᠳᠤ ᠮᠠᠨ ᠤ ᠠᠶᠢᠮᠠᠭ ᠤᠨ ᠠᠭᠤᠷ ᠠᠮᠢᠰᠬᠤᠯ ᠲᠠᠭᠠᠯᠠᠮᠵᠢᠳᠡᠢ ᠮᠦᠷᠳᠡᠬᠡᠨ ᠡᠯ᠎ᠠ ᠵᠢᠭᠤᠯᠴᠢᠯᠠᠯ ᠤᠨ ᠴᠡᠭ ᠤᠨ ᠬᠢᠨ ᠭᠤᠤᠯ ᠰᠡᠳᠦᠪᠲᠦ ᠵᠢᠭᠤᠯᠴᠢᠯᠠᠯ ᠤᠨ ᠠᠵᠢᠯᠯᠠᠭ᠎ᠠ ᠶᠢ ᠲᠤᠬᠢᠷᠠᠭᠤᠯᠵᠤ᠂ ᠲᠤᠭᠤᠷᠢᠨ ᠵᠤᠭᠠᠴᠠᠭᠰᠠᠤᠨ ᠤᠨ ᠰᠤᠨᠢᠷᠬᠠᠯ ᠢ ᠲᠠᠳᠠᠵᠤ ᠴᠢᠳᠠᠵᠠᠢ᠃ 3 ᠡᠳᠦᠷ ᠤᠨ ᠤᠬᠤᠷ ᠬᠤᠭᠤᠴᠠᠭᠠᠨ ᠤ ᠠᠮᠠᠷᠠᠯᠳᠠ ᠪᠤᠯᠬᠤᠷ᠂ ᠮᠠᠨ ᠤ ᠠᠶᠢᠮᠠᠭ ᠲᠤ ᠲᠤᠭᠤᠷᠢᠨ ᠵᠤᠭᠠᠴᠠᠭᠰᠠᠳ ᠤᠨ ᠤᠯᠠᠩᠬᠢ ᠨᠢ ᠢᠷᠭᠠᠢ᠂ ᠦᠬᠠᠢ᠂ ᠯᠠᠨᠵᠸᠦ᠂ ᠰᠠᠶᠢᠬᠠᠨ ᠵᠠᠪᠠᠢ ᠪᠣᠭᠤᠮᠳᠠ᠂ ᠵᠠᠩ ᠶᠧ᠂ ᠪᠠᠶᠠᠨᠨᠠᠭᠤᠷ᠂ ᠤᠷᠳᠤᠰ ᠵᠡᠷᠬᠡ ᠬᠦᠷᠰᠢ ᠵᠠᠷᠭᠡᠯᠠᠳᠡᠭᠡ ᠭᠠᠵᠡᠷ ᠤᠷᠤᠨ ᠤ ᠬᠦᠮᠦᠰ ᠢᠶᠠᠷ ᠭᠤᠤᠯᠯᠠᠵᠠᠢ᠃          ᠲᠤᠭᠤᠷᠢᠨ ᠵᠤᠭᠠᠴᠠᠭᠰᠠᠳ ᠲᠤ ᠠᠮᠦᠷ ᠲᠦᠪᠰᠢᠨ᠂ ᠲᠠᠭᠠᠯᠠᠮᠵᠢᠳᠡᠢ ᠵᠢᠭᠤᠯᠴᠢᠯᠠᠯ ᠤᠨ ᠤᠷᠴᠢᠨ ᠨᠦᠬᠦᠴᠠᠯ ᠢ ᠬᠠᠨᠭ᠍ᠭᠠᠬᠤ ᠶᠢᠨ ᠲᠤᠰᠠᠳᠠ᠂ ᠪᠦᠬᠦ ᠠᠶᠢᠮᠠᠭ ᠤᠨ ᠡᠯ᠎ᠠ ᠵᠢᠭᠤᠯᠴᠢᠯᠠᠯ ᠤᠨ ᠰᠠᠯᠠᠭ᠎ᠠ ᠮᠦᠴᠢᠷ ᠪᠤᠯᠤᠨ ᠠᠵᠦ ᠠᠬᠤᠢᠢᠯᠠᠯ ᠤᠨ ᠬᠢᠨ ᠪᠡᠯᠡᠳᠬᠡᠯ ᠠᠵᠢᠯ ᠢᠶᠠᠨ ᠰᠠᠶᠢᠳᠦᠷ ᠪᠡᠶᠡᠯᠡᠬᠦᠯᠵᠦ᠂ ᠡᠯ᠎ᠠ ᠲᠦᠷᠦᠯ ᠤᠨ ᠪᠠᠴᠢᠮ ᠪᠠᠶᠢᠳᠠᠯ ᠢ ᠠᠷᠭᠠᠴᠠᠭᠠᠨ ᠠᠪᠤᠷᠠᠬᠤ ᠠᠷᠭ᠎ᠠ ᠠᠪᠴᠠᠯ ᠲᠤᠭᠳᠠᠭᠠᠨ᠂ ᠵᠢᠵᠢᠬᠦᠷ ᠤᠨ ᠠᠵᠢᠯ ᠢ ᠰᠠᠶᠢᠳᠦᠷ ᠨᠠᠶᠢᠳᠠᠪᠤᠷᠢᠵᠢᠭᠤᠯᠵᠠᠢ᠃ ᠡᠬᠦᠨ ᠤ ᠬᠠᠮᠲᠦ᠂ ᠲᠦᠷᠢᠮ ᠲᠤᠭᠳᠠᠭᠠᠯ ᠪᠤᠯᠤᠨ ᠵᠠᠬ᠎ᠠ ᠲᠡᠯᠬᠡᠬᠦᠷ ᠤᠨ ᠬᠢᠨᠠᠯᠳᠠ ᠶᠢ ᠴᠢᠩᠭᠠᠳᠬᠠᠬᠰᠠᠨ ᠢᠶᠠᠷ᠂ ᠪᠠᠶᠡᠷ ᠤᠨ ᠡᠳᠦᠷ ᠤᠨ ᠬᠤᠭᠤᠴᠠᠭᠠᠨ ᠳᠤ ᠪᠦᠬᠦ ᠠᠶᠢᠮᠠᠭ ᠲᠤ ᠡᠯ᠎ᠠ ᠲᠦᠷᠦᠯ ᠤᠨ ᠬᠡᠨᠡᠳᠡᠯ ᠬᠡᠷᠡᠭ ᠪᠤᠯᠤᠨ ᠵᠠᠷᠭᠤ ᠵᠠᠭᠠᠯᠳᠤᠯᠭ᠎ᠠ ᠡᠬᠦᠰᠦᠭᠰᠡᠨ ᠦᠬᠡᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号