ᠠᠯᠠᠱᠠ ᠠᠶᠢᠮᠠᠭ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠠᠭᠠᠷ ᠠᠶᠠᠯᠠᠯ ᠤᠨ ᠬᠡᠪ ᠵᠠᠭᠪᠤᠷ ᠤᠨ ᠤᠷᠤᠯᠳᠤᠭᠠᠨ ᠳᠤ ᠰᠢᠯᠢᠳᠡᠭ ᠪᠦᠲᠦᠮᠵᠢ ᠡᠬᠦᠳᠦᠯ᠎ᠠ
ᠨᠡᠶᠢᠲᠡᠯᠡᠭᠰᠡᠨ ᠴᠠᠭ᠄
2019/9/2
          ᠵᠢᠷᠤᠭ ᠪᠤᠯ᠂ ᠤᠷᠤᠯᠳᠤᠭᠠᠨ ᠳᠤ ᠤᠷᠤᠯᠴᠠᠵᠦ ᠪᠠᠶᠢᠭ᠎ᠠ ᠮᠠᠨ ᠤ ᠠᠶᠢᠮᠠᠭ ᠤᠨ ᠤᠷᠤᠯᠴᠠᠭᠴᠢ᠃         ᠡᠮᠦᠨᠡᠬᠡᠨ ᠲᠡᠬᠦᠰᠦᠭᠰᠡᠨ 2019 ᠤᠨ ᠤ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠠᠭᠠᠷ ᠠᠶᠠᠯᠠᠯ ᠤᠨ ᠬᠡᠪ ᠵᠠᠭᠪᠤᠷ ᠤᠨ ᠤᠷᠤᠯᠳᠤᠭᠠᠨ ᠳᠤ᠂ ᠮᠠᠨ ᠤ ᠠᠶᠢᠮᠠᠭ ᠤᠨ ᠤᠷᠤᠯᠴᠠᠭᠰᠠᠳ ᠰᠢᠯᠢᠳᠡᠭ ᠬᠢᠷᠢ ᠪᠦᠲᠦᠮᠵᠢ ᠡᠬᠦᠳᠦᠭᠰᠡᠨ ᠪᠠᠶᠢᠨ᠎ᠠ᠃         ᠲᠤᠰ ᠤᠳᠠᠭᠠᠨ ᠤ ᠤᠷᠤᠯᠳᠤᠭᠠᠨ ᠳᠤ ᠪᠦᠬᠦ ᠤᠯᠤᠰ ᠤᠨ 132 ᠲᠦᠯᠦᠬᠡᠯᠡᠭᠴᠢᠳ ᠤᠨ ᠠᠩᠬᠢ ᠶᠢᠨ 1200 ᠭᠠᠷᠤᠢ ᠵᠠᠯᠠᠭᠤᠴᠤᠳ ᠪᠠᠭᠠᠴᠤᠳ 38 ᠲᠦᠷᠦᠯ ᠤᠨ ᠤᠷᠤᠯᠳᠤᠭᠠᠨ ᠳᠤ ᠤᠷᠤᠯᠴᠠᠵᠠᠢ᠃ ᠡᠬᠦᠨ ᠳᠤ ᠮᠠᠨ ᠤ ᠠᠶᠢᠮᠠᠭ ᠤᠨ 9 ᠬᠦᠮᠦᠨ ᠪᠤᠯᠤᠨ ᠪᠤᠰᠤᠳ ᠠᠶᠢᠮᠠᠭ ᠤᠨ ᠤᠷᠤᠯᠴᠠᠭᠴᠢ ᠪᠠᠷ ᠪᠦᠷᠢᠯᠳᠦᠭᠰᠡᠨ ᠦᠪᠦᠷ ᠮᠤᠩᠭᠤᠯ ᠤᠨ ᠲᠦᠯᠦᠬᠡᠯᠡᠭᠴᠢᠳ ᠤᠨ ᠠᠩᠬᠢ ᠶᠢᠨ ᠬᠢᠨ 4 ᠲᠦᠷᠦᠯ ᠤᠨ ᠤᠷᠤᠯᠳᠤᠭᠠᠨ ᠳᠤ ᠤᠷᠤᠯᠴᠠᠵᠦ᠂ ᠪᠦᠬᠦ ᠤᠯᠤᠰ ᠤᠨ ᠨᠢᠬᠡᠳᠦᠬᠡᠷ ᠲᠡᠰ ᠤᠨ ᠱᠠᠩ ᠢ ᠬᠤᠶᠠᠷᠳᠠ᠂ ᠪᠦᠬᠦ ᠤᠯᠤᠰ ᠤᠨ ᠭᠤᠷᠪᠠᠳᠤᠭᠠᠷ ᠲᠡᠰ ᠤᠨ ᠱᠠᠩ ᠢ ᠠᠷᠪᠠᠨᠳᠠ᠂ ᠪᠦᠬᠦ ᠤᠯᠤᠰ ᠤᠨ ᠬᠠᠮᠳᠤ ᠨᠠᠶᠢᠳᠠ ᠶᠢᠨ ᠲᠠᠪᠤᠳᠤᠭᠠᠷ ᠲᠡᠰ ᠤᠨ ᠱᠠᠩ ᠢ ᠵᠢᠷᠭᠤᠭᠠᠨᠳᠠ᠂ ᠪᠦᠬᠦ ᠤᠯᠤᠰ ᠤᠨ ᠬᠠᠮᠲᠦ ᠨᠠᠶᠢᠳᠠ ᠶᠢᠨ ᠨᠠᠢᠮᠠᠳᠤᠭᠠᠷ ᠲᠡᠰ ᠤᠨ ᠱᠠᠩ ᠢ ᠬᠤᠶᠠᠷᠳᠠ ᠬᠦᠷᠳᠡᠭᠰᠡᠨ ᠪᠠᠶᠢᠨ᠎ᠠ᠃         ᠤᠢᠢᠷ᠎ᠠ ᠶᠢᠨ ᠵᠢᠯ ᠠᠴᠠ᠂ ᠪᠦᠬᠦ ᠠᠶᠢᠮᠠᠭ ᠤᠨ ᠡᠯ᠎ᠠ ᠰᠤᠷᠭᠠᠭᠤᠯᠢ ᠨᠢᠬᠡᠴᠠ ᠪᠤᠯᠤᠨ ᠨᠠᠶᠢᠬᠡᠮ ᠤᠨ ᠡᠯ᠎ᠠ ᠵᠤᠬᠢᠶᠠᠨ ᠪᠠᠶᠢᠭᠤᠯᠤᠯᠳᠠ ᠶᠢᠨ ᠬᠢᠨ ᠲᠤᠮᠳᠠᠲᠦ ᠪᠠᠭ᠎ᠠ ᠰᠤᠷᠭᠠᠭᠤᠯᠢ ᠶᠢᠨ ᠰᠢᠨᠵᠢᠯᠡᠭᠡ ᠮᠡᠷᠬᠡᠵᠢᠯ᠂ ᠪᠡᠶ᠎ᠠ ᠶᠢᠨ ᠲᠠᠮᠢᠷ᠂ ᠠᠭᠠᠷ ᠠᠶᠠᠯᠠᠯ ᠤᠨ ᠬᠡᠪ ᠵᠠᠭᠪᠤᠷ ᠵᠤᠬᠢᠶᠠᠬᠤ ᠵᠡᠷᠬᠡ ᠡᠯ᠎ᠠ ᠲᠦᠷᠦᠯ ᠤᠨ ᠤᠷᠤᠯᠳᠤᠭᠠᠨ ᠢ ᠪᠠᠶᠢᠡᠭᠭᠤ ᠡᠷᠬᠢᠯᠡᠬᠦ ᠪᠤᠯᠵᠦ᠂ ᠰᠤᠷᠤᠭᠴᠢᠳ ᠤᠨ ᠦᠵᠡᠯ ᠰᠠᠨᠠᠭ᠎ᠠ᠂ ᠰᠡᠳᠬᠢᠬᠦᠢ ᠶᠢ ᠦᠷᠬᠡᠨ ᠲᠡᠯᠬᠡᠷ ᠪᠤᠯᠭᠠᠵᠦ᠂ ᠲᠡᠳᠡᠨᠡᠷ ᠤᠨ ᠰᠢᠨ᠎ᠠ ᠶᠢ ᠡᠬᠦᠳᠬᠦ᠂ ᠴᠢᠷᠮᠠᠶᠢᠨ ᠲᠠᠪᠰᠢᠬᠤ ᠬᠦᠴᠦ ᠵᠤᠷᠢᠭ ᠢ ᠲᠡᠬᠡᠭᠰᠢᠯᠡᠬᠦᠯᠦᠭᠰᠡᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号