ᠠᠯᠠᠱᠠ ᠠᠷᠠᠳ ᠤᠨ ᠤᠷᠳᠤ ᠶᠢᠨ ︽ᠬᠤᠤᠰ ᠵᠠᠭᠤᠨ ᠲᠠᠭᠤᠤ︾ ᠶᠢ ᠰᠤᠷᠴᠤ ᠦᠪᠯᠡᠨ ᠤᠯᠠᠮᠵᠢᠯᠠᠬᠰᠠᠳ ᠲᠤ ᠮᠧᠳᠠᠯ ᠤᠯᠭᠤᠬᠤ ᠠᠵᠢᠯᠯᠠᠭ᠎ᠠ ᠶᠠᠪᠤᠭᠳᠠᠯ᠎ᠠ
ᠨᠡᠶᠢᠲᠡᠯᠡᠭᠰᠡᠨ ᠴᠠᠭ᠄
2019/9/27
       ᠵᠢᠷᠤᠭ ᠪᠤᠯ᠂ ᠰᠠᠭᠤᠷᠢᠠ ᠭᠠᠵᠠᠷ ᠤᠨ ᠫᠠᠶᠢᠰᠠ ᠶᠢ ᠰᠠᠬᠦᠵᠤ ᠪᠠᠶᠢᠨ᠎ᠠ᠃   ︵ᠪᠠ᠊ · ᠲᠠᠯᠠᠢ ᠰᠡᠭᠦᠳᠡᠷᠯᠡᠪᠠ︶         9 ᠰᠠᠷ᠎ᠠ ᠶᠢᠨ 25 — 26 ᠤ ᠡᠳᠦᠷ᠂ ᠰᠢᠨ᠎ᠠ ᠲᠤᠮᠳᠠᠳᠤ ᠤᠯᠤᠰ ᠪᠠᠶᠢᠭᠤᠯᠤᠬᠳᠠᠬᠰᠠᠨ 70 ᠵᠢᠯ ᠤᠨ ᠤᠢ ᠶᠢ ᠪᠠᠶᠠᠷᠯᠠᠨ ᠤᠬᠳᠤᠵᠤ᠂ ᠠᠯᠠᠱᠠ ᠠᠷᠠᠳ ᠤᠨ ᠲᠠᠭᠤᠤ ᠶᠢᠨ ᠦᠪ ᠵᠤᠵᠠᠭᠠᠨ ᠰᠤᠶᠤᠯ ᠢ ᠤᠯᠠᠮᠵᠢᠯᠠᠨ ᠲᠡᠯᠭᠡᠷᠡᠭᠦᠯᠬᠦ ᠵᠤᠷᠢᠯᠭ᠎ᠠ ᠲᠠᠢ ᠠᠯᠠᠱᠠ ᠠᠷᠠᠳ ᠤᠨ ᠤᠷᠳᠤ ᠶᠢᠨ ︽ᠬᠤᠤᠰ ᠵᠠᠭᠤᠨ ᠲᠠᠭᠤᠤ︾ ᠶᠢ ᠰᠤᠷᠴᠤ ᠦᠪᠯᠡᠨ ᠤᠯᠠᠮᠵᠢᠯᠠᠬᠰᠠᠳ ᠲᠤ ᠮᠧᠳᠠᠯ ᠤᠯᠭᠤᠬᠤ ᠠᠵᠢᠯᠯᠠᠭ᠎ᠠ ᠠᠯᠠᠱᠠ ᠵᠡᠭᠦᠨ ᠬᠤᠰᠢᠭᠤᠨ ᠤ ᠤᠯᠠᠨᠪᠤᠯᠠᠬ ᠪᠠᠯᠭᠠᠰᠤᠨ ᠤ ᠪᠠᠶᠠᠨᠬᠠᠷ᠎ᠠ ᠭᠠᠴᠠᠭᠠᠨ ᠳᠤ ᠶᠠᠪᠤᠭᠳᠠᠪᠠ᠃         ︽ᠬᠤᠤᠰ ᠵᠠᠭᠤᠨ ᠲᠠᠭᠤᠤ︾ ᠶᠢᠨ ᠠᠵᠢᠯᠯᠠᠭ᠎ᠠ ᠨᠢ ᠠᠯᠠᠱᠠ ᠠᠷᠠᠳ ᠤᠨ ᠤᠷᠳᠤ ᠶᠢᠨ ᠲᠠᠭᠤᠤ ᠠᠴᠠ ᠵᠠᠭᠤᠨ ᠲᠠᠭᠤᠤ ᠶᠢ ᠰᠤᠷᠤᠯᠴᠠᠵᠤ ᠤᠯᠠᠮᠵᠢᠯᠠᠬᠤ ᠪᠤᠯᠤᠨ ᠠᠯᠠᠱᠠ ᠠᠷᠠᠳ ᠤᠨ ᠤᠷᠳᠤ ᠶᠢᠨ ᠲᠠᠭᠤᠤ ᠶᠢ ᠵᠠᠭᠤ ᠠᠴᠠ ᠲᠡᠭᠡᠭᠰᠢ ᠲᠠᠭᠤᠯᠠᠵᠤ ᠴᠢᠳᠠᠳᠠᠬ ᠲᠠᠭᠤᠴᠢᠳ ᠲᠤ ᠮᠧᠳᠠᠯ ᠤᠯᠭᠤᠬᠤ ᠭᠡᠬᠦ ᠬᠤᠶᠠᠷ ᠠᠭᠤᠯᠭ᠎ᠠ ᠪᠠᠭᠳᠠᠵᠤ᠂ ᠠᠶᠢᠮᠠᠬ ᠤᠨ ᠠᠷᠠᠳ ᠤᠨ ᠲᠠᠭᠤᠴᠢᠳ ᠤᠨ ᠨᠡᠶᠢᠬᠡᠮᠯᠢᠭ ᠢ ᠡᠭᠦᠰᠭᠡᠨ ᠪᠠᠶᠢᠭᠤᠯᠤᠬᠴᠢ᠂ ᠤᠷᠤᠨ ᠤ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠠᠯᠠᠱᠠ ᠠᠷᠠᠳ ᠤᠨ ᠲᠠᠭᠤᠤ ᠶᠢᠨ ᠦᠪᠯᠡᠨ ᠤᠯᠠᠮᠵᠢᠯᠠᠬᠴᠢ ᠠᠯᠳᠠᠨᠳᠤᠶᠠᠭ᠎ᠠ ᠪᠠᠭᠰᠢ ᠠᠩᠬ᠎ᠠ ᠰᠡᠳᠦᠵᠤ᠂ ᠠᠶᠢᠮᠠᠬ ᠤᠨ ᠤᠳᠬ᠎ᠠ ᠤᠷᠠᠯᠢᠬ ᠤᠨ ᠬᠢᠨ ᠤ ᠬᠤᠯᠪᠤᠭ᠎ᠠ ᠶᠢᠨ ᠵᠦᠪᠰᠢᠶᠡᠷᠡᠯ ᠢᠶᠠᠷ ᠠᠯᠠᠱᠠ ᠵᠡᠭᠦᠨ ᠬᠤᠰᠢᠭᠤᠨ ᠤ ᠬᠦᠢᠪᠦᠷᠢ ᠠᠷᠠᠳ ᠤᠨ ᠲᠠᠭᠤᠴᠢᠳ ᠤᠨ ᠨᠡᠶᠢᠬᠡᠮᠯᠢᠭ᠂ ᠠᠯᠠᠱᠠ ᠵᠡᠭᠦᠨ ᠬᠤᠰᠢᠭᠤᠨ ᠤ ᠤᠯᠠᠨᠪᠤᠯᠠᠬ ᠪᠠᠯᠭᠠᠰᠤᠨ ᠤ ᠪᠠᠶᠠᠨᠬᠠᠷ᠎ᠠ ᠭᠠᠴᠠᠭᠠᠨ ᠤ ᠨᠠᠮ ᠤᠨ ᠡᠭᠦᠷ᠂ ᠭᠠᠴᠠᠭᠠᠨ ᠤ ᠵᠦᠪᠯᠡᠯ ᠠᠴᠠ ᠬᠠᠮᠳᠤᠷᠠᠨ ᠡᠷᠬᠢᠯᠡᠪᠡ᠃ ᠠᠵᠢᠯᠯᠠᠭ᠎ᠠ ᠶᠢᠨ ᠡᠬᠢᠯᠡᠯᠳᠡ ᠶᠢᠨ ᠶᠤᠰᠤᠯᠠᠯ ᠳᠡᠭᠡᠷ᠎ᠠ ᠤᠷᠤᠨ ᠤ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠠᠯᠠᠱᠠ ᠠᠷᠠᠳ ᠤᠨ ᠲᠠᠭᠤᠤ ᠶᠢᠨ ᠦᠪᠯᠡᠨ ᠤᠯᠠᠮᠵᠢᠯᠠᠬᠴᠢ ᠠᠯᠳᠠᠨᠳᠤᠶᠠᠭ᠎ᠠ ᠪᠠᠭᠰᠢ ᠶᠢᠨ ᠠᠷᠠᠳ ᠤᠨ ᠤᠷᠳᠤ ᠶᠢᠨ ᠲᠠᠭᠤᠤ ᠶᠢ ᠦᠪᠯᠡᠨ ᠤᠯᠠᠮᠵᠢᠯᠠᠬᠤ ᠠᠵᠢᠯ ᠤᠨ ᠰᠠᠭᠤᠷᠢᠨ ᠭᠠᠵᠠᠷ ᠪᠤᠯᠤᠨ ᠠᠯᠠᠱᠠ ᠵᠡᠭᠦᠨ ᠬᠤᠰᠢᠭᠤᠨ ᠤ ᠪᠠᠶᠠᠨ ᠬᠠᠷ᠎ᠠ ᠤᠷᠳᠤ ᠶᠢᠨ ᠲᠠᠭᠤᠤ ᠶᠢ ᠦᠪᠯᠡᠨ ᠤᠯᠠᠮᠵᠢᠯᠠᠬᠤ ᠪᠤᠯᠪᠠᠰᠤᠷᠠᠯ ᠤᠨ ᠲᠦᠪ ᠢ ᠪᠠᠶᠢᠭᠤᠯᠬᠤ ᠫᠠᠶᠢᠰᠠ ᠰᠡᠭᠦᠵᠤ᠂ ᠪᠠᠳᠮ᠎ᠠ᠂ ᠷᠢᠭᠵᠢᠳᠮ᠎ᠡ᠂ ᠨᠠ᠊ · ᠦᠯᠵᠡᠢ ᠵᠡᠷᠭᠡ 10 ᠬᠦᠮᠦᠨ ᠳᠤ ᠠᠯᠠᠱᠠ ᠠᠷᠠᠳ ᠤᠨ ᠤᠷᠳᠤ ᠶᠢᠨ ᠲᠠᠭᠤᠤ ᠠᠴᠠ ᠬᠤᠶᠠᠷ ᠵᠠᠭᠤᠨ ᠲᠠᠭᠤᠤ ᠲᠠᠭᠤᠯᠠᠵᠤ ᠴᠢᠳᠠᠳᠠᠬ ᠲᠠᠭᠤᠴᠢᠳ ᠤᠨ ᠮᠧᠳᠠᠯ ᠤᠯᠭᠤᠵᠤ᠂ ᠺᠠᠨᠳᠠ᠂ ᠪᠠ᠊ · ᠲᠠᠯᠠᠢ ᠵᠡᠷᠭᠡ 35 ᠬᠦᠮᠦᠨ ᠳᠤ ᠠᠯᠠᠱᠠ ᠠᠷᠠᠳ ᠤᠨ ᠤᠷᠳᠤ ᠶᠢᠨ ᠲᠠᠭᠤᠤ ᠠᠴᠠ ᠵᠠᠭᠤᠨ ᠲᠠᠭᠤᠤ ᠲᠠᠭᠤᠯᠠᠵᠤ ᠴᠢᠳᠠᠳᠠᠭ ᠲᠠᠭᠤᠴᠢᠨ ᠤ ᠮᠧᠳᠠᠯ ᠤᠯᠭᠤᠪᠠ᠃         ᠦᠢᠯᠠᠭᠠᠬᠰᠠᠨ ᠢᠶᠠᠷ᠂ ︽ᠬᠤᠤᠰ ᠵᠠᠭᠤᠨ ᠲᠠᠭᠤᠤ︾ ᠶᠢᠨ ᠠᠵᠢᠯᠯᠠᠭ᠎ᠠ ᠶᠢ ᠬᠤᠶᠢᠰᠢᠳᠠ ᠦᠷᠭᠦᠯᠵᠢᠯᠡᠨ ᠵᠤᠬᠢᠶᠠᠨ ᠪᠠᠶᠢᠭᠤᠯᠵᠤ᠂ ᠠᠯᠠᠱᠠ ᠵᠡᠭᠦᠨ ᠬᠤᠰᠢᠭᠤᠨ ᠤ ᠬᠦᠢᠪᠦᠷᠢ ᠠᠷᠠᠳ ᠤᠨ ᠲᠠᠭᠤᠴᠢᠳ ᠤᠨ ᠨᠡᠶᠢᠬᠡᠮᠯᠢᠭ ᠲᠠᠢ ᠬᠠᠮᠳᠤᠷᠠᠨ ᠤᠷᠬᠢᠬᠳᠠᠵᠤ ᠭᠡᠭᠡᠭᠳᠡᠭᠰᠡᠨ ᠠᠯᠠᠱᠠ ᠠᠷᠠᠳ ᠤᠨ ᠤᠷᠳᠤ ᠶᠢᠨ ᠲᠠᠭᠤᠤ ᠶᠢ ᠬᠠᠶᠢᠵᠤ ᠴᠤᠬᠯᠠᠭᠤᠯᠬᠤ᠂ ᠡᠮᠬᠢᠳᠭᠡᠬᠦ᠂ ᠲᠠᠭᠤᠴᠢᠳ ᠤᠨ ᠲᠠᠭᠤᠤ ᠤᠷᠠᠨ ᠪᠦᠳᠦᠭᠡᠯ ᠵᠤᠬᠢᠶᠠᠨ ᠪᠦᠳᠦᠭᠡᠬᠦ ᠶᠢ ᠤᠷᠮᠠᠰᠢᠭᠤᠯᠤᠨ ᠵᠤᠷᠢᠬᠵᠢᠭᠤᠯᠬᠤ᠂ ᠠᠷᠠᠳ ᠤᠨ ᠲᠠᠭᠤᠤ ᠶᠢᠨ ᠪᠤᠯᠪᠠᠰᠤᠷᠠᠯ ᠬᠢᠴᠢᠶᠡᠯᠯᠡᠭᠡ ᠵᠤᠬᠢᠶᠠᠨ ᠪᠠᠶᠢᠭᠤᠯᠬᠤ ᠵᠡᠷᠭᠡ ᠠᠵᠢᠯ ᠢ ᠦᠷᠨᠢᠭᠦᠯᠬᠦ ᠪᠤᠯᠤᠨ᠎ᠠ᠃                                           (ᠵᠣᠬᠢᠶᠠᠭᠴᠢ᠄ ᠰᠡᠴᠡᠨᠪᠠᠳᠤ     ᠪᠠ᠊ · ᠲᠠᠯᠠᠢ)
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号