ᠮᠠᠨ ᠤ ᠠᠶᠢᠮᠠᠭ 2019 ᠣᠨ ᠤ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠭᠰᠢ ᠶᠢᠨ ᠣᠨᠴᠣᠭᠤᠢ ᠠᠵᠢᠯ ᠤᠨ ᠪᠠᠶᠢᠷᠢ ᠶᠢᠨ ᠲᠥᠪ ᠤᠨ ᠨᠥᠬᠦᠪᠥᠷᠢ ᠮᠥᠩᠭᠦ ᠶᠢ 42.61 ᠲᠦᠮᠡᠨ ᠲᠥᠭᠦᠷᠢᠭ ᠢ ᠴᠠᠭ ᠲᠤᠬᠠᠶ ᠳᠤᠨᠢ ᠲᠤᠭ᠎ᠠ ᠶᠣᠰᠣᠭᠠᠷ ᠪᠠᠭᠤᠯᠭᠠᠪᠠ
ᠨᠡᠶᠢᠲᠡᠯᠡᠭᠰᠡᠨ ᠴᠠᠭ᠄
2019/9/3
        2018 ᠣᠨ ᠤ 7 ᠰᠠᠷ᠎ᠠ ᠳᠤ᠂ ᠲᠥᠪ ᠤᠨ ᠡᠳ᠋ ᠤᠨ ᠵᠠᠰᠠᠭ ᠠᠴᠠ ᠣᠨᠴᠣᠭᠤᠢ ᠠᠵᠢᠯ ᠤᠨ ᠪᠠᠶᠢᠷᠢ  ᠶᠢᠨ ᠪᠠᠭᠰᠢ ᠶᠢᠨ ᠴᠠᠯᠢᠩ ᠤᠨ ᠴᠢᠨᠠᠷᠲᠠᠶ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠵᠢᠯ ᠳᠤ ᠬᠥᠮᠥᠨ ᠳᠤᠮᠳᠠᠴᠢ ᠪᠠᠷ 3.46 ᠲᠦᠮᠡᠨ ᠲᠥᠭᠦᠷᠢᠭ ᠪᠠᠶᠢᠭᠰᠠᠨ ᠠᠴᠠ 3.82 ᠲᠦᠮᠡᠨ ᠲᠥᠭᠦᠷᠢᠭ ᠪᠣᠯᠭᠠᠨ ᠲᠣᠬᠢᠷᠠᠭᠤᠯᠪᠠ᠃ ᠮᠠᠨ ᠤ ᠠᠶᠢᠮᠠᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠶᠢᠨ ᠪᠠᠭᠰᠢ ᠶᠢᠨ ᠣᠨᠴᠣᠭᠤᠢ ᠠᠵᠢᠯ ᠤᠨ ᠪᠠᠶᠢᠷᠢ ᠶᠢᠨ ᠲᠥᠯᠥᠪᠯᠡᠭᠡ ᠶᠢ ᠤᠷᠤᠭᠰᠢᠲᠠᠶ ᠬᠡᠷᠡᠭᠵᠢᠭᠦᠯᠬᠦ  ᠶᠢ ᠪᠠᠲᠤᠯᠠᠬᠤ ᠶᠢᠨ ᠲᠥᠯᠥᠭᠡ᠂ ᠲᠦᠷᠦᠭᠦᠬᠡᠨ᠂ ᠮᠠᠨ ᠤ ᠠᠶᠢᠮᠠᠭ 2019 ᠣᠨ ᠤ ᠮᠠᠯᠵᠢᠬᠤ ᠲᠠᠷᠢᠶᠠᠯᠠᠬᠤ ᠣᠷᠣᠨ  ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠭᠰᠢ ᠶᠢᠨ ᠣᠨᠴᠣᠭᠤᠢ ᠠᠵᠢᠯ ᠤᠨ ᠪᠠᠶᠢᠷᠢ  ᠶᠢᠨ ᠲᠥᠪ ᠤᠨ ᠨᠥᠬᠦᠪᠥᠷᠢ ᠮᠥᠩᠭᠦ ᠶᠢ 42.61 ᠲᠦᠮᠡᠨ ᠲᠥᠭᠦᠷᠢᠭ ᠢ ᠴᠠᠭ ᠲᠤᠬᠠᠶ ᠳᠤᠨᠢ ᠲᠤᠭ᠎ᠠ ᠶᠣᠰᠣᠭᠠᠷ ᠪᠠᠭᠤᠯᠭᠠᠪᠠ᠂ ᠡᠭᠦᠨ ᠳᠤ᠂ ᠠᠯᠠᠱᠨ ᠵᠡᠭᠦᠨ ᠬᠤᠰᠢᠭᠤᠨ ᠤ  ᠣᠨᠴᠣᠭᠤᠢ ᠠᠵᠢᠯ ᠤᠨ ᠪᠠᠶᠢᠷᠢ ᠶᠢᠨ ᠪᠠᠭᠰᠢ ᠶᠢᠨ ᠲᠤᠰᠬᠠᠶ ᠨᠥᠬᠦᠪᠥᠷᠢ ᠶᠢᠨ ᠵᠠᠷᠤᠳᠠᠯ 38.1 ᠲᠦᠮᠡᠨ ᠲᠥᠭᠦᠷᠢᠭ᠂ ᠠᠯᠠᠱᠨ ᠪᠠᠷᠠᠭᠤᠨ ᠬᠤᠰᠢᠭᠤᠨ ᠤ  ᠣᠨᠴᠣᠭᠤᠢ ᠠᠵᠢᠯ ᠤᠨ ᠪᠠᠶᠢᠷᠢ ᠶᠢᠨ ᠪᠠᠭᠰᠢ ᠶᠢᠨ ᠲᠤᠰᠬᠠᠶ ᠨᠥᠬᠦᠪᠥᠷᠢ ᠶᠢᠨ ᠵᠠᠷᠤᠳᠠᠯ 4.51 ᠲᠦᠮᠡᠨ ᠲᠥᠭᠦᠷᠢᠭ ᠪᠣᠶ᠃ ᠣᠳᠣᠬᠠᠨ ᠳᠤ᠂ ᠪᠡᠯᠡ ᠮᠥᠩᠭᠦ ᠶᠢ ᠨᠢᠭᠡᠨᠲᠡ ᠪᠦᠬᠦᠨ ᠢ ᠳᠣᠷᠣᠭᠰᠢ ᠪᠠᠭᠤᠯᠭᠠᠪᠠ᠃         ︽ᠣᠨᠴᠣᠭᠤᠶ ᠠᠵᠢᠯ ᠤᠨ ᠪᠠᠶᠢᠷᠢ ᠶᠢᠨ ᠪᠠᠭᠰᠢ ᠶᠢᠨ ᠲᠥᠯᠥᠪᠯᠡᠭᠡ︾ ᠪᠣᠯ ᠬᠥᠳᠡᠭᠡ ᠲᠣᠰᠬᠤᠨ ᠤ ᠰᠤᠷᠭᠠᠭᠤᠯᠢ ᠶᠢᠨ ᠪᠠᠭᠰᠢ ᠶᠢ ᠨᠥᠬᠦᠪᠥᠷᠢᠯᠡᠬᠦ ᠲᠣᠭᠲᠠᠴᠠ ᠶᠢᠨ ᠰᠢᠨ᠎ᠡ ᠶᠢ ᠡᠭᠦᠳᠴᠦ᠂ ᠬᠥᠳᠡᠭᠡ ᠲᠣᠰᠬᠤᠨ ᠤ ᠰᠤᠷᠭᠠᠭᠤᠯᠢ ᠶᠢᠨ ᠪᠠᠭᠰᠢ ᠶᠢᠨ ᠶᠡᠷᠦᠩᠬᠡᠶ ᠬᠡᠮᠵᠢᠶ᠎ᠡ ᠬᠦᠷᠦᠯᠴᠡᠬᠦ ᠥᠬᠡᠶ ᠪᠠᠶᠢᠬᠤ ᠪᠠ ᠪᠦᠲᠦᠴᠡ ᠨᠢ ᠵᠦᠶ ᠵᠣᠬᠢᠰ ᠥᠬᠡᠶ ᠪᠠᠶᠢᠬᠤ ᠵᠡᠷᠭᠡ ᠠᠰᠠᠭᠤᠳᠠᠯ ᠢ ᠠᠯᠬᠤᠮ ᠠᠯᠬᠤᠮ ᠢᠶᠠᠷ ᠰᠢᠶᠳᠪᠦᠷᠢᠯᠡᠵᠦ᠂ ᠬᠥᠳᠡᠭᠡ ᠲᠣᠰᠬᠤᠨ ᠤ ᠪᠠᠭᠰᠢ  ᠶᠢᠨ ᠡᠩᠨᠡᠭᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠤᠲᠠ ᠬᠥᠳᠡᠭᠡ ᠶᠢᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠬᠦ ᠶᠢ ᠠᠬᠢᠭᠤᠯᠬᠤ ᠨᠢᠭᠡ ᠵᠦᠶᠯ ᠤᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠣᠨᠴᠣᠭᠤᠢ ᠠᠵᠢᠯ ᠤᠨ ᠪᠠᠶᠢᠷᠢ ᠶᠢᠨ ᠪᠠᠭᠰᠢ ᠶᠢᠨ ᠲᠤᠰᠬᠠᠶ ᠨᠥᠬᠦᠪᠥᠷᠢ ᠶᠢᠨ ᠵᠠᠷᠤᠳᠠᠯ ᠢ ᠴᠠᠭ ᠲᠤᠬᠠᠶ ᠳᠤᠨᠢ ᠭᠦᠶᠴᠡᠳ ᠬᠡᠮᠵᠢᠶ᠎ᠡ ᠪᠠᠷ ᠲᠠᠷᠬᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠣᠨᠴᠣᠭᠤᠢ ᠠᠵᠢᠯ ᠤᠨ ᠪᠠᠶᠢᠷᠢ ᠶᠢᠨ ᠪᠠᠭᠰᠢ ᠶᠢᠨ ᠬᠤᠶᠢᠰᠢᠳᠠ ᠶᠢᠨ ᠵᠣᠪᠠᠨᠢᠯ ᠢ ᠰᠢᠶᠳᠪᠦᠷᠢᠯᠡᠵᠦ᠂ ᠨᠠᠩ ᠣᠯᠠᠨ ᠰᠢᠯᠢᠳᠡᠭ ᠰᠤᠷᠭᠠᠨ ᠬᠥᠮᠦᠵᠢᠯ ᠤᠨ ᠴᠢᠳᠠᠪᠤᠷᠢᠲᠠᠨ ᠢ ᠬᠥᠳᠡᠭᠡ ᠲᠣᠰᠬᠤᠨ ᠤ ᠰᠤᠷᠭᠠᠭᠤᠯᠢ ᠳᠤ ᠣᠷᠣᠭᠤᠯᠤᠨ ᠪᠠᠭᠰᠢᠯᠠᠭᠤᠯᠵᠤ᠂ ᠬᠤᠲᠠ ᠬᠥᠳᠡᠭᠡ ᠶᠢᠨ ᠪᠠᠭᠰᠢ ᠶᠢᠨ ᠬᠢᠷᠢ ᠲᠦᠪᠰᠢᠨ ᠤ ᠵᠥᠷᠢᠶ᠎ᠡ ᠶᠢ ᠪᠠᠭᠠᠰᠬᠠᠵᠤ᠂ ᠬᠡᠪ ᠴᠢᠨᠠᠷ ᠰᠢᠯᠢᠳᠡᠭ ᠰᠠᠶᠢᠨ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ᠂ ᠬᠥᠳᠡᠭᠡ ᠲᠣᠰᠬᠤᠨ ᠳᠤ ᠦᠨᠳᠦᠰᠦᠯᠡᠬᠦ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠬᠥᠳᠡᠭᠡ ᠲᠣᠰᠬᠤᠨ ᠤ ᠪᠠᠭᠰᠢ ᠶᠢᠨ ᠡᠩᠨᠡᠭᠡ ᠶᠢ ᠪᠠᠶᠢᠭᠤᠯᠬᠤ ᠳᠤ ᠰᠠᠭᠤᠷᠢ ᠲᠠᠯᠪᠢᠵᠤ ᠥᠭᠴᠡᠶ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号