ᠠᠯᠠᠱᠠ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ︽ᠠᠯᠠᠱᠠ ᠠᠶᠢᠮᠠᠭ ᠤᠨ ᠱᠠᠲᠤᠨ ᠤ ᠡᠳ᠋ ᠤᠨ ᠵᠠᠰᠠᠭ ᠤᠨ ᠪᠠᠯᠠ ᠮᠥᠩᠭᠦ ᠶᠢᠨ ᠵᠠᠷᠤᠯᠭ᠎ᠠ ᠶᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2019/9/30
ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ᠂ ᠵᠠᠬᠢᠷᠭ᠎ᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠲᠥᠪ᠂ ᠥᠪᠡᠷᠲᠡᠭᠡᠨ ᠵᠠᠰᠠᠬᠤ ᠣᠷᠣᠨ ᠤ ᠠᠶᠢᠮᠠᠭ ᠲᠤ ᠰᠠᠭᠤᠭ᠎ᠠ  ᠬᠠᠮᠢᠶ᠎ᠠ  ᠪᠦᠬᠦᠢ ᠨᠢᠭᠡᠴᠡ᠂ ᠡᠯ᠎ᠡ ᠭᠤᠤᠯᠳᠠᠯᠭ᠎ᠠ ᠲᠠᠢ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠠᠯᠠᠱᠠ‌ᠠᠶᠢᠮᠠᠭ ᠤᠨ ᠱᠠᠲᠤᠨ‌‍ᠤ ᠡᠳ᠋ ᠤᠨ ᠵᠠᠰᠠᠭ ᠤᠨ ᠪᠡᠯᠡ ᠮᠥᠩᠭᠦ ᠶᠢᠨ ᠵᠠᠷᠤᠯᠭ᠎ᠠ ᠶᠢ ᠬᠢᠨᠠᠨ ᠵᠥᠪᠰᠢᠶᠡᠷᠡᠬᠦ ᠬᠠᠮᠢᠶᠠᠷᠤᠯᠲᠠ‌‍ᠶᠢᠨ ᠠᠷᠭ᠎ᠠ︾ ᠶᠢ ᠠᠶᠢᠮᠠᠭ ᠤᠨ ᠵᠠᠬᠢᠷᠭ᠎ᠠ ᠶᠢᠨ 2019 ᠣᠨ‌‍ᠤ ᠶᠢᠰᠦᠳᠦᠭᠡᠷ ᠤᠳᠠᠭᠠᠨ‌‍ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠵᠥᠪᠰᠢᠶᠡᠷᠡᠪᠡ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠶ᠎ᠠ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠤᠭᠠᠷᠠᠢ᠃                                                                                                 2019 ᠣᠨ 9 ᠰᠠᠷ᠎ᠠ ᠶᠢᠨ 5 ᠤ ᠡᠳᠦᠷ          ᠠᠯᠠᠱᠠ ᠠᠶᠢᠮᠠᠭ ᠤᠨ  ᠱᠠᠲᠤᠨ ᠤ ᠡᠳ᠋ ᠤᠨ ᠵᠠᠰᠠᠭ ᠤᠨ ᠪᠡᠯᠡ ᠮᠥᠩᠭᠦ ᠶᠢᠨ          ᠵᠠᠷᠤᠯᠭ᠎ᠠ ᠶᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠷᠭ᠎ᠠ            ᠡᠳ᠋ ᠤᠨ ᠵᠠᠰᠠᠭ ᠤᠨ ᠪᠠᠯᠠ ᠮᠥᠩᠭᠦ ᠶᠢ ᠬᠢᠨᠠᠨ ᠵᠥᠪᠰᠢᠶᠡᠷᠡᠬᠦ ᠶᠠᠪᠤᠴᠠ ᠶᠢ ᠤᠯᠠᠮ ᠨᠢᠭᠡ ᠠᠯᠬᠤᠮ ᠳᠦᠷᠢᠮᠵᠢᠬᠦᠯᠵᠦ᠂ ᠲᠥᠰᠦᠪ ᠤᠨ ᠬᠢᠵᠠᠭᠠᠷᠯᠠᠯ ᠢ ᠴᠢᠩᠭᠠᠷᠠᠭᠤᠯᠤᠨ᠂ ᠡᠳ᠋ ᠤᠨ ᠵᠠᠰᠠᠭ ᠤᠨ ᠲᠥᠰᠦᠪ ᠤᠨ ᠪᠠᠯᠠ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ ᠶᠢᠨ ᠠᠬᠢᠴᠠ ᠶᠢ ᠲᠦᠷᠭᠡᠳᠬᠡᠬᠦ ᠪᠠ ᠡᠳ᠋ ᠤᠨ ᠵᠠᠰᠠᠭ ᠤᠨ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠠᠶᠢᠮᠠᠭ ᠤᠨ ᠱᠠᠲᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠠᠶᠢᠮᠠᠭ ᠤᠨ ᠱᠠᠲᠤᠨ ᠤ ᠡᠳ᠋ ᠤᠨ ᠵᠠᠰᠠᠭ ᠤᠨ ᠪᠠᠯᠠ ᠮᠥᠩᠭᠦ ᠶᠢᠨ ᠵᠠᠷᠤᠯᠭ᠎ᠠ ᠶᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠷᠭ᠎ᠠ ᠶᠢ ᠤᠨᠴᠠᠭᠠᠶᠢᠯᠠᠨ ᠲᠣᠭᠲᠠᠭᠠᠪᠠ᠃      ᠨᠢᠬᠡ᠂ ᠬᠡᠷᠡᠭᠵᠢᠬᠦᠯᠬᠦ ᠬᠦᠷᠢᠶ᠎ᠡ ᠬᠡᠪᠴᠢᠶ᠎ᠠ      ᠲᠤᠰ ᠠᠷᠭ᠎ᠠ ᠶᠢᠨ ᠬᠢᠨᠠᠨ ᠵᠥᠪᠰᠢᠶᠡᠷᠡᠵᠦ ᠬᠠᠮᠢᠶᠠᠷᠬᠤ ᠡᠳ᠋ ᠤᠨ ᠵᠠᠰᠠᠭ ᠤᠨ ᠪᠠᠯᠠ ᠮᠥᠩᠭᠦ ᠭᠡᠳᠡᠭ ᠨᠢ ᠠᠶᠢᠮᠠᠭ ᠤᠨ ᠱᠠᠲᠤᠨ ᠤ ᠲᠥᠰᠦᠪ ᠤᠨ ᠲᠣᠬᠢᠷᠠᠭᠤᠯᠤᠭᠰᠠᠨ ᠪᠠᠯᠠ ᠮᠥᠩᠭᠦ᠂ ᠳᠡᠭᠡᠳᠦ ᠱᠠᠲᠤᠨ ᠤ ᠰᠢᠯᠵᠢᠭᠦᠯᠦᠨ ᠥᠭᠭᠦᠭᠰᠡᠨ ᠪᠠᠯᠠ ᠮᠥᠩᠭᠦ᠂ ᠲᠥᠰᠦᠪ ᠤᠨ ᠲᠣᠬᠢᠷᠠᠭᠤᠯᠤᠯᠲᠠ ᠶᠢᠨ ᠪᠠᠯᠠ ᠮᠥᠩᠭᠦ ᠵᠢᠴᠢ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ ᠵᠢᠭᠠᠵᠤ ᠪᠤᠢ᠂ ᠡᠭᠦᠨ ᠳᠤ ᠡᠩ ᠤᠨ ᠣᠯᠠᠨ ᠨᠡᠶᠢᠲᠡ ᠶᠢᠨ ᠲᠥᠰᠦᠪ᠂ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ᠂ ᠤᠯᠤᠰ ᠤᠨ ᠦᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ᠂ ᠨᠡᠶᠢᠬᠡᠮ‌‍ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠤᠨ ᠪᠠᠯᠠ ᠮᠥᠩᠭᠦ ᠪᠠᠭᠲᠠᠨ᠎ᠠ᠃ ᠲᠤᠰ ᠠᠷᠭ᠎ᠠ ᠶᠢ ᠠᠶᠢᠮᠠᠭ ᠤᠨ ᠱᠠᠲᠤᠨ ᠤ ᠡᠯ᠎ᠡ ᠰᠠᠯᠠᠭ᠎ᠠ ᠮᠥᠴᠢᠷ ᠵᠢᠴᠢ ᠬᠤᠰᠢᠭᠤᠨ ︵ᠲᠣᠭᠤᠷᠢᠭ︶ ᠤ ᠡᠳ᠋ ᠤᠨ ᠵᠠᠰᠠᠭ ᠤᠨ ᠪᠡᠯᠡ ᠮᠥᠩᠭᠦ ᠶᠢ ᠬᠢᠨᠠᠨ ᠵᠥᠪᠰᠢᠶᠡᠷᠡᠬᠦ ᠳᠤ ᠬᠡᠷᠡᠭᠯᠡᠨ᠎ᠡ᠃      ᠬᠤᠶᠠᠷ᠂ ᠬᠢᠨᠠᠨ ᠵᠥᠪᠰᠢᠶᠡᠷᠡᠬᠦ ᠵᠠᠷᠴᠢᠮ      ︵ᠨᠢᠭᠡ︶ ᠬᠠᠤᠯᠢ ᠪᠠᠷ ᠲᠣᠭᠲᠠᠭᠠᠭᠰᠠᠨ ᠲᠥᠰᠦᠪ ᠤᠨ ᠵᠠᠷᠴᠢᠮ᠃ ᠡᠳ᠋ ᠤᠨ ᠵᠠᠰᠠᠭ ᠤᠨ ᠪᠠᠯᠠ ᠮᠥᠩᠭᠦ ᠶᠢᠨ ᠵᠠᠷᠤᠯᠭ᠎ᠠ ᠶᠢ ᠬᠢᠨᠠᠨ ᠵᠥᠪᠰᠢᠶᠡᠷᠡᠬᠦ ᠳᠤ ᠡᠷᠬᠡᠪᠰᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠬᠡᠷᠡᠭᠵᠢᠬᠦᠯᠦᠨ᠎ᠡ ᠃ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠢᠶᠠᠷ ᠬᠢᠨᠠᠨ ᠵᠥᠪᠰᠢᠶᠡᠷᠡᠭᠦᠯᠦᠭᠰᠡᠨ ᠤᠨ ᠤ ᠡᠳ᠋ ᠤᠨ ᠵᠠᠰᠠᠭ ᠤᠨ ᠲᠥᠰᠦᠪ ᠨᠢ ᠬᠠᠤᠯᠢ ᠤᠨ ᠶᠠᠪᠤᠴᠠ ᠶᠢ ᠳᠠᠮᠵᠢᠭᠰᠠᠨ ᠥᠬᠡᠶ ᠪᠣᠯ ᠲᠣᠬᠢᠷᠠᠭᠤᠯᠤᠯᠲᠠ ᠬᠢᠵᠦ ᠪᠣᠯᠬᠤ ᠥᠬᠡᠶ︔ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠵᠠᠷᠤᠯᠭ᠎ᠠ ᠶᠢ ᠡᠷᠬᠡᠪᠰᠢ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠢᠶᠠᠷ ᠵᠥᠪᠰᠢᠶᠡᠷᠡᠭᠦᠯᠦᠭᠰᠡᠨ ᠲᠥᠰᠥᠪ ᠢᠶᠠᠷ ᠦᠨᠳᠦᠰᠦᠯᠡᠯ ᠪᠣᠯᠭᠠᠬᠤ ᠬᠡᠷᠡᠭᠲᠡᠶ᠂ ᠲᠥᠰᠦᠪ ᠲᠤ ᠤᠷᠤᠭᠰᠠᠨ ᠦᠭᠡᠢ ᠪᠣᠯ ᠵᠠᠷᠤᠵᠤ ᠪᠣᠯᠬᠤ ᠦᠭᠡᠢ᠃      ︵ᠬᠤᠶᠠᠷ︶ ᠵᠠᠷᠤᠯᠭ᠎ᠠ ᠶᠢ ᠴᠢᠩᠭ᠎ᠠ ᠬᠠᠮᠢᠶᠠᠷᠬᠤ ᠵᠠᠷᠴᠢᠮ᠃ ︽ᠡᠷᠬᠡ ᠬᠠᠷᠢᠭᠤᠴᠠᠯᠭ᠎ᠠ ᠢᠯᠭᠤᠮ ᠲᠤᠳᠤ᠂ ᠡᠷᠬᠡ ᠬᠠᠷᠢᠭᠤᠴᠠᠯᠭ᠎ᠠ ᠶᠢ ᠢᠯᠭᠠᠬᠤ︾ ᠵᠠᠷᠴᠢᠮ ᠢ ᠪᠠᠷᠢᠮᠲᠠᠯᠠᠨ᠂ ᠡᠳ᠋ ᠤᠨ ᠵᠠᠰᠠᠭ ᠤᠨ ᠪᠡᠯᠡ ᠮᠥᠩᠭᠦ ᠶᠢ ᠲᠤᠬᠢᠷᠠᠭᠤᠯᠤᠨ ᠬᠡᠷᠡᠭᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠵᠢᠴᠢ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠣᠨ ᠤ ᠲᠥᠰᠦᠪ ᠤᠨ ᠶᠣᠰᠣᠭᠠᠷ ᠡᠳ᠋ ᠤᠨ ᠵᠠᠰᠠᠭ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠨ᠂ ᠣᠷᠣᠯᠭ᠎ᠠ ᠪᠠᠨ ᠦᠵᠡᠵᠦ ᠵᠠᠷᠤᠯᠭ᠎ᠠ ᠪᠠᠨ ᠲᠣᠬᠢᠷᠠᠭᠤᠯᠬᠤ᠂ ᠡᠳ᠋ ᠤᠨ ᠵᠠᠰᠠᠭ ᠤᠨ ᠣᠷᠣᠯᠭ᠎ᠠ ᠪᠠᠨ ᠦᠵᠡᠵᠦ ᠤᠴᠢᠷ ᠶᠠᠪᠤᠳᠠᠯ ᠢ ᠰᠢᠢᠳᠪᠦᠷᠢᠯᠡᠬᠦ ᠶᠢ ᠪᠡᠶᠡᠯᠡᠭᠦᠯᠵᠦ᠂ ᠣᠨ ᠤ ᠡᠳ᠋ ᠤᠨ ᠵᠠᠰᠠᠭ ᠤᠨ ᠲᠥᠰᠦᠪ ᠤᠨ ᠤᠷᠤᠯᠭ᠎ᠠ ᠵᠠᠷᠤᠯᠭ᠎ᠠ ᠶᠢᠨ ᠲᠡᠩᠴᠡᠬᠦᠷᠢ ᠶᠢ ᠦᠨᠡᠨᠬᠦ ᠪᠠᠲᠤᠯᠠᠬᠤ ᠬᠡᠷᠡᠭᠲᠡᠶ᠃      ︵ᠭᠤᠷᠪᠠ︶ ᠶᠠᠪᠤᠴᠠ ᠶᠢ ᠳᠥᠭᠦᠮᠴᠢᠯᠡᠬᠦ ᠵᠠᠷᠴᠢᠮ᠃ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠴᠢᠩᠳᠠᠯᠠᠬᠤ᠂ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠬᠦ ᠶᠢ ᠪᠠᠷᠢᠮᠲᠠᠯᠠᠵᠤ᠂ ᠲᠥᠰᠦᠪ ᠤᠨ ᠵᠠᠷᠤᠯᠭ᠎ᠠ ᠶᠢᠨ ᠠᠬᠢᠴᠠ ᠶᠢ ᠲᠦᠷᠭᠡᠳᠬᠡᠨ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠭᠤᠷᠪᠠ᠂ ᠲᠥᠰᠦᠪ ᠤᠨ ᠲᠣᠬᠢᠷᠠᠭᠤᠯᠤᠯᠲᠠ ᠶᠢᠨ ᠪᠡᠯᠡ ᠮᠥᠩᠭᠦ ᠶᠢ ᠬᠢᠨᠠᠨ ᠵᠥᠪᠰᠢᠶᠡᠷᠡᠬᠦ ᠶᠠᠪᠤᠴᠠ      ︵ᠨᠢᠭᠡ︶ ᠰᠠᠯᠠᠭ᠎ᠠ ᠮᠥᠴᠢᠷ ᠤᠨ ᠲᠥᠰᠦᠪ      ᠠᠶᠢᠮᠠᠭ ᠤᠨ ᠱᠠᠲᠤᠨ ᠤ ᠵᠢᠯ ᠤᠨ ᠡᠬᠢᠨ ᠤ ᠲᠥᠰᠦᠪ ᠢ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠢᠶᠠᠷ ᠬᠢᠨᠠᠨ  ᠵᠥᠪᠰᠢᠶᠡᠷᠡᠭᠦᠯᠦᠭᠰᠡᠨ ᠤ ᠳᠠᠷᠠᠭ᠎ᠠ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠬᠤᠷᠢᠨ ᠡᠳᠦᠷ ᠤᠨ ᠳᠤᠳᠤᠷ᠎ᠠ ᠠᠶᠢᠮᠠᠭ ᠤᠨ ᠱᠠᠲᠤᠨ ᠤ ᠡᠯ᠎ᠡ ᠰᠠᠯᠠᠭ᠎ᠠ ᠮᠥᠴᠢᠷ ᠲᠤ ᠲᠥᠰᠦᠪ ᠢ ᠴᠣᠬᠤᠯᠠᠪᠤᠷᠢᠯᠠᠨ ᠬᠠᠷᠢᠭᠤᠯᠬᠤ ᠬᠡᠷᠡᠭᠲᠡᠶ᠃      ⒈ ᠨᠢᠭᠡᠨᠲᠡ ᠲᠤᠭᠳᠠᠭᠰᠠᠨ ᠲᠥᠷᠥᠯ ᠵᠦᠢᠯ ᠤᠨ ᠲᠥᠰᠦᠪ ᠤᠨ ᠪᠡᠯᠡ ᠮᠥᠩᠭᠦ᠃ ᠲᠥᠷᠥᠯ ᠵᠦᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠥᠷᠥᠯ ᠵᠦᠢᠯ ᠤᠨ ᠠᠬᠢᠴᠠ ᠶᠢ ᠦᠨᠳᠦᠰᠦᠯᠡᠨ ᠪᠡᠯᠡ ᠮᠦᠩᠬᠦ ᠬᠡᠷᠡᠭᠯᠡᠬᠦ ᠲᠥᠯᠥᠪᠯᠡᠭᠡ ᠪᠠᠨ ᠳᠤᠷᠠᠳᠴᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠪᠡᠯᠡ ᠮᠦᠩᠬᠦ ᠶᠢ ᠪᠠᠭᠤᠯᠭᠠᠵᠦ ᠭᠡᠷᠡᠭᠵᠢᠬᠦᠯᠦᠨ᠎ᠡ᠃      ⒉ᠲᠣᠭᠲᠠᠭᠠᠳᠤᠶ ᠲᠥᠷᠥᠯ ᠵᠦᠢᠯ ᠤᠨ ᠲᠥᠰᠦᠪ ᠤᠨ ᠪᠡᠯᠡ ᠮᠥᠩᠭᠦ᠃ ᠲᠥᠷᠥᠯ ᠵᠦᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠡᠯᠡ ᠮᠥᠩᠭᠦ ᠬᠤᠪᠢᠶᠠᠷᠢᠯᠠᠬᠤ ᠲᠥᠰᠦᠯ ᠢ ᠳᠤᠷᠠᠳᠴᠤ᠂ ᠠᠶᠢᠮᠠᠭ ᠤᠨ ᠵᠠᠬᠢᠷᠭ᠎ᠠ ᠳᠤ ᠮᠡᠳᠡᠭᠦᠯᠦᠨ᠂ ᠬᠤᠪᠢᠳᠠᠨ ᠬᠠᠮᠢᠶᠠᠷᠬᠤ ᠳᠡᠳ᠋ ᠲᠣᠪᠴᠢᠶᠠᠨ ᠳᠠᠷᠤᠭ᠎ᠠ ᠪᠠᠷ ᠳᠠᠮᠵᠢᠭᠤᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠢ ᠴᠤᠭᠯᠠᠭᠤᠯᠤᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠵᠥᠪᠰᠢᠶᠡᠷᠡᠭᠦᠯᠦᠭᠰᠡᠨ ᠤ ᠳᠠᠷᠠᠭ᠎ᠠ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠪᠡᠯᠡ ᠮᠦᠩᠬᠦ ᠶᠢ ᠳᠣᠷᠣᠭᠰᠢ ᠪᠠᠭᠤᠯᠭᠠᠵᠤ ᠬᠡᠷᠡᠭᠵᠢᠬᠦᠯᠦᠨ᠎ᠡ᠃      ︵ᠬᠤᠶᠠᠷ︶ ᠬᠤᠰᠢᠭᠤᠨ ︵ᠲᠣᠭᠤᠷᠢᠭ︶ ᠳᠤ ᠰᠢᠯᠵᠢᠭᠦᠯᠦᠨ ᠥᠭᠬᠦ ᠪᠡᠯᠡ ᠮᠥᠩᠭᠦ      ᠠᠶᠢᠮᠠᠭ ᠤᠨ ᠱᠠᠲᠤᠨ ᠤ ᠲᠥᠰᠦᠪ ᠨᠢ ᠬᠤᠰᠢᠭᠤᠨ ︵ᠲᠣᠭᠤᠷᠢᠭ︶ ᠳᠤ ᠡᠩ ᠤᠨ ᠴᠢᠨᠠᠷᠲᠠᠶ ᠰᠢᠯᠵᠢᠭᠦᠯᠦᠨ ᠥᠭᠬᠦ ᠪᠠ ᠲᠤᠰᠬᠠᠶ ᠵᠦᠢᠯ ᠢᠶᠠᠷ ᠰᠢᠯᠵᠢᠭᠦᠯᠦᠨ ᠥᠭᠬᠦ ᠪᠠᠯᠠ ᠮᠥᠩᠭᠦ ᠶᠢ ᠲᠣᠬᠢᠷᠠᠭᠤᠯᠵᠤ᠂ ᠠᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠢᠶᠠᠷ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ  ᠭᠤᠴᠢᠨ ᠡᠳᠦᠷ ᠪᠠ ᠵᠢᠷᠠᠨ ᠡᠳᠦᠷ ᠤᠨ ᠳᠣᠲᠣᠷ᠎ᠠ ᠵᠢᠩᠬᠢᠨᠢ ᠪᠠᠷ ᠪᠠᠭᠤᠯᠭᠠᠨ᠎ᠠ᠃      ⒈  ᠨᠢᠭᠡᠨᠲᠡ ᠲᠤᠭᠳᠠᠭᠰᠠᠨ ᠲᠥᠷᠥᠯ ᠵᠦᠢᠯ ︵ᠭᠠᠵᠠᠷ ᠣᠷᠣᠨ︶ ᠤᠨ ᠰᠢᠯᠵᠢᠭᠦᠯᠦᠨ ᠥᠭᠬᠦ ᠪᠡᠯᠡ ᠮᠥᠩᠭᠦ ᠃ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠲᠥᠷᠥᠯ ᠵᠦᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ  ᠵᠦᠪᠳᠡᠯᠴᠡᠨ ᠵᠦᠪᠰᠢᠶᠡᠷᠡᠭᠰᠡᠨ ᠤ ᠳᠠᠷᠠᠭ᠎ᠠ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠳᠣᠷᠣᠭᠰᠢ ᠪᠠᠭᠤᠯᠭᠠᠵᠤ ᠬᠡᠷᠡᠭᠵᠢᠭᠦᠯᠦᠨ᠎ᠡ᠃      ⒉ᠲᠣᠭᠲᠠᠭᠠᠳᠤᠶ ᠲᠥᠷᠥᠯ ᠵᠦᠢᠯ ︵ᠭᠠᠵᠠᠷ ᠣᠷᠣᠨ︶  ᠤᠨ ᠰᠢᠯᠵᠢᠭᠦᠯᠦᠨ ᠥᠭᠬᠦ ᠪᠡᠯᠡ ᠮᠥᠩᠭᠦ᠃ ᠲᠥᠷᠥᠯ ᠵᠦᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠰᠠᠨ ᠴᠠᠭ ᠲᠤ ᠪᠡᠯᠡ ᠮᠥᠩᠭᠦ ᠬᠤᠪᠢᠶᠠᠷᠢᠯᠠᠬᠤ ᠲᠥᠰᠦᠯ ᠢᠶᠠᠨ ᠳᠤᠷᠠᠳᠴᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠵᠥᠪᠳᠡᠯᠴᠡᠭᠡᠳ ᠵᠥᠪᠰᠢᠶᠡᠷᠡᠭᠦᠯᠦᠭᠰᠡᠨ ᠤ ᠳᠠᠷᠠᠭ᠎ᠠ᠂ ᠠᠶᠢᠮᠠᠭ ᠤᠨ ᠵᠠᠬᠢᠷᠭ᠎ᠠ ᠳᠤ ᠮᠡᠳᠡᠭᠦᠯᠵᠦ᠂ ᠬᠤᠪᠢᠳᠠᠨ ᠬᠠᠮᠢᠶᠠᠷᠴᠤ ᠪᠦᠬᠦᠢ ᠠᠶᠢᠮᠠᠭ ᠤᠨ ᠳᠡᠳ᠋ ᠳᠠᠷᠤᠭ᠎ᠠ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠢ ᠴᠤᠭᠯᠠᠭᠤᠯᠤᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ  ᠵᠦᠪᠰᠢᠶᠡᠷᠡᠭᠰᠡᠨ ᠤ ᠳᠠᠷᠠᠭ᠎ᠠ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠳᠣᠷᠣᠭᠰᠢ ᠪᠠᠭᠤᠯᠭᠠᠵᠤ  ᠬᠡᠷᠡᠭᠵᠢᠬᠦᠯᠦᠨ᠎ᠡ᠃      ᠲᠦᠷᠪᠠ᠂ ᠳᠡᠭᠡᠳᠦ ᠱᠠᠲᠤᠨ ᠤ ᠰᠢᠯᠵᠢᠭᠦᠯᠦᠨ ᠦᠭᠬᠦᠭᠰᠡᠨ ᠪᠡᠯᠡ ᠮᠥᠩᠭᠦ ᠶᠢ ᠬᠢᠨᠠᠨ ᠵᠥᠪᠰᠢᠶᠡᠷᠡᠬᠦ ᠶᠠᠪᠤᠴᠠ      ᠡᠳ᠋ ᠤᠨ ᠵᠠᠰᠠᠭ ᠤᠨ ᠰᠠᠯᠠᠭ᠎ᠠ ᠮᠥᠴᠢᠷ ᠳᠡᠭᠡᠳᠦ ᠱᠠᠲᠤᠨ ᠤ ᠪᠠᠭᠤᠯᠭᠠᠭᠰᠠᠨ ᠡᠩ ᠤᠨ ᠴᠢᠨᠠᠷᠲᠠᠶ ᠰᠢᠯᠵᠢᠭᠦᠯᠦᠨ ᠦᠭᠬᠦᠭᠰᠡᠨ ᠪᠠᠯᠠ ᠮᠥᠩᠭᠦ ᠶᠢ ᠭᠥᠯᠢᠶᠡᠨ ᠠᠪᠤᠭᠰᠠᠨ ᠤ ᠳᠠᠷᠠᠭ᠎ᠠ ᠭᠤᠴᠢᠨ ᠡᠳᠦᠷ ᠤᠨ ᠳᠣᠲᠣᠷ᠎ᠠ ᠠᠶᠢᠮᠠᠭ ᠤᠨ ᠱᠠᠲᠤᠨ ᠤ ᠡᠯ᠎ᠡ ᠰᠠᠯᠠᠭ᠎ᠠ ᠮᠥᠴᠢᠷ ᠪᠠ ᠡᠯ᠎ᠡ ᠬᠤᠰᠢᠭᠤ ︵ᠲᠣᠭᠤᠷᠢᠭ︶ ᠳᠤ ᠵᠢᠩᠬᠢᠨᠢ ᠪᠠᠷ ᠪᠠᠭᠤᠯᠭᠠᠨ᠎ᠠ︔ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠲᠥᠪ ᠤᠨ ᠲᠤᠰᠬᠠᠶ ᠵᠦᠢᠯ ᠢᠶᠠᠷ ᠰᠢᠯᠵᠢᠭᠦᠯᠦᠨ ᠦᠭᠬᠦᠭᠰᠡᠨ ᠪᠡᠯᠡ ᠮᠥᠩᠭᠦ ᠪᠣᠯᠤᠨ ᠥᠪᠡᠷᠲᠡᠭᠡᠨ ᠵᠠᠰᠠᠬᠤ ᠣᠷᠣᠨ ᠤ ᠲᠥᠰᠦᠪ ᠲᠤ ᠲᠣᠬᠢᠷᠠᠭᠤᠯᠤᠭᠰᠠᠨ ᠲᠤᠰᠬᠠᠶ ᠵᠦᠢᠯ ᠢᠶᠠᠷ ᠰᠢᠯᠵᠢᠭᠦᠯᠦᠨ ᠦᠭᠬᠦᠭᠰᠡᠨ ᠪᠡᠯᠡ ᠮᠥᠩᠭᠦ ᠶᠢ ᠬᠦᠯᠢᠶᠡᠨ ᠠᠪᠤᠭᠰᠠᠨ ᠤ ᠳᠠᠷᠠᠭ᠎ᠠ ᠠᠷᠪᠠᠨ ᠲᠠᠪᠤᠨ ᠡᠳᠦᠷ ᠪᠠ ᠭᠤᠴᠢᠨ ᠡᠳᠦᠷ ᠤᠨ ᠳᠣᠲᠣᠷ᠎ᠠ ᠠᠶᠢᠮᠠᠭ ᠤᠨ  ᠱᠠᠲᠤᠨ ᠤ ᠡᠯ᠎ᠡ ᠰᠠᠯᠠᠭ᠎ᠠ ᠮᠥᠴᠢᠷ ᠪᠣᠯᠤᠨ ᠡᠯ᠎ᠡ ᠬᠤᠰᠢᠭᠤ ︵ᠲᠣᠭᠤᠷᠢᠭ︶ ᠳᠤ ᠵᠢᠩᠬᠢᠨᠢ ᠪᠠᠷ ᠪᠠᠭᠤᠯᠭᠠᠨ᠎ᠠ᠃      ︵ᠨᠢᠭᠡ︶ ᠨᠢᠭᠡᠨᠲᠡ ᠲᠤᠭᠳᠠᠭᠰᠠᠨ ᠲᠥᠷᠥᠯ ᠵᠦᠢᠯ ︵ᠭᠠᠵᠠᠷ ᠣᠷᠣᠨ︶ ᠤᠨ ᠰᠢᠯᠵᠢᠭᠦᠯᠦᠨ ᠥᠭᠬᠦ ᠪᠡᠯᠡ ᠮᠥᠩᠭᠦ᠃ ᠡᠳ᠋ ᠤᠨ ᠵᠠᠰᠠᠭ ᠤᠨ ᠰᠠᠯᠠᠭ᠎ᠠ ᠮᠥᠴᠢᠷ ᠲᠥᠷᠥᠯ ᠵᠦᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠵᠦᠪᠳᠡᠯᠴᠡᠨ ᠵᠦᠪᠰᠢᠶᠡᠷᠡᠭᠰᠡᠨ ᠤ ᠳᠠᠷᠠᠭ᠎ᠠ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠳᠣᠷᠣᠭᠰᠢ ᠪᠠᠭᠤᠯᠭᠠᠵᠤ ᠬᠡᠷᠡᠭᠵᠢᠭᠦᠯᠦᠨ᠎ᠡ᠃      ︵ᠬᠤᠶᠠᠷ︶ ᠲᠤᠭᠳᠠᠭᠠᠳᠤᠢ ᠲᠥᠷᠥᠯ ᠵᠦᠢᠯ ︵ᠭᠠᠵᠠᠷ ᠣᠷᠣᠨ︶ ᠤᠨ ᠰᠢᠯᠵᠢᠭᠦᠯᠦᠨ ᠥᠭᠬᠦ ᠪᠡᠯᠡ ᠮᠥᠩᠭᠦ᠃ ᠲᠥᠷᠥᠯ ᠵᠦᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠰᠠᠨ ᠴᠠᠭ ᠲᠤ ᠪᠡᠯᠡ ᠮᠥᠩᠭᠦ ᠬᠤᠪᠢᠶᠠᠷᠢᠯᠠᠬᠤ ᠲᠥᠰᠦᠯ ᠢᠶᠠᠨ ᠳᠤᠷᠠᠳᠴᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠵᠥᠪᠳᠡᠯᠴᠡᠭᠡᠳ ᠵᠥᠪᠰᠢᠶᠡᠷᠡᠭᠦᠯᠦᠭᠰᠡᠨ ᠤ ᠳᠠᠷᠠᠭ᠎ᠠ᠂ ᠠᠶᠢᠮᠠᠭ ᠤᠨ ᠵᠠᠬᠢᠷᠭ᠎ᠠ ᠳᠤ ᠮᠡᠳᠡᠭᠦᠯᠵᠦ᠂ ᠬᠤᠪᠢᠳᠠᠨ ᠬᠠᠮᠢᠶᠠᠷᠴᠤ ᠪᠦᠬᠦᠢ ᠠᠶᠢᠮᠠᠭ ᠤᠨ ᠳᠡᠳ᠋ ᠳᠠᠷᠤᠭ᠎ᠠ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠢ ᠴᠤᠭᠯᠠᠭᠤᠯᠤᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠵᠦᠪᠰᠢᠶᠡᠷᠡᠭᠰᠡᠨ ᠤ ᠳᠠᠷᠠᠭ᠎ᠠ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠳᠣᠷᠣᠭᠰᠢ ᠪᠠᠭᠤᠯᠭᠠᠵᠤ ᠬᠡᠷᠡᠭᠵᠢᠬᠦᠯᠦᠨ᠎ᠡ᠃ ᠴᠢᠬᠤᠯᠠ ᠶᠡᠭᠡ ᠲᠥᠷᠥᠯ ᠵᠦᠢᠯ ᠤᠨ ᠪᠡᠯᠡ ᠮᠥᠩᠭᠦ ᠶᠢ ᠡᠷᠬᠡᠪᠰᠢ  ᠠᠶᠢᠮᠠᠭ ᠤᠨ ᠳᠠᠷᠤᠭ᠎ᠠ ᠶᠢᠨ ᠠᠯᠪᠠᠨ ᠭᠡᠷ ᠤᠨ ᠬᠤᠷᠠᠯ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠪᠠᠭᠤᠯᠭᠠᠨ ᠭᠡᠷᠡᠭᠵᠢᠬᠦᠯᠦᠨ᠎ᠡ᠃      ᠲᠠᠪᠤ᠂ ᠲᠥᠰᠦᠪ ᠲᠤ ᠲᠣᠬᠢᠷᠠᠭᠤᠯᠤᠯᠲᠠ ᠬᠢᠬᠦ ᠪᠡᠯᠡ ᠮᠥᠩᠭᠦ ᠶᠢ ᠬᠢᠨᠠᠨ ᠵᠥᠪᠰᠢᠶᠡᠷᠡᠬᠦ ᠶᠠᠪᠤᠴᠠ      ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠢᠶᠠᠷ ᠬᠢᠨᠠᠨ ᠵᠥᠪᠯᠡᠵᠦ ᠵᠥᠪᠰᠢᠶᠡᠷᠡᠭᠦᠯᠦᠭᠰᠡᠨ ᠲᠥᠰᠦᠪ ᠲᠤ᠂ ᠣᠨ ᠤ ᠲᠥᠰᠦᠪ ᠢ ᠭᠦᠢᠴᠡᠳᠬᠡᠬᠦ ᠶᠠᠪᠤᠴᠠ ᠳᠤ ᠡᠩ ᠤᠨ ᠪᠠᠶᠢᠳᠠᠯ ᠳᠤ ᠡᠳ᠋ ᠤᠨ ᠵᠠᠰᠠᠭ ᠤᠨ ᠣᠷᠣᠯᠭ᠎ᠠ ᠪᠤᠶᠤ ᠵᠠᠷᠤᠯᠭ᠎ᠠ ᠶᠢ ᠨᠡᠮᠡᠭᠳᠡᠭᠦᠯᠬᠦ ᠰᠢᠨ᠎ᠡ ᠲᠥᠷᠥ ᠶᠢᠨ ᠪᠣᠳᠣᠯᠭ᠎ᠠ ᠪᠣᠯᠤᠨ ᠠᠷᠭ᠎ᠠ ᠬᠡᠮᠵᠢᠶ᠎ᠡ ᠶᠢ ᠲᠣᠭᠲᠠᠭᠠᠬᠤ ᠥᠬᠡᠶ ᠪᠥᠭᠡᠳ ᠡᠳ᠋ ᠤᠨ ᠵᠠᠰᠠᠭ ᠤᠨ ᠣᠷᠣᠯᠭ᠎ᠠ ᠶᠢ ᠪᠠᠭᠠᠰᠬᠠᠬᠤ ᠲᠥᠷᠥ ᠶᠢᠨ ᠪᠣᠳᠣᠯᠭ᠎ᠠ ᠪᠣᠯᠤᠨ ᠠᠷᠭ᠎ᠠ ᠬᠡᠮᠵᠢᠶ᠎ᠡ ᠶᠢ ᠴᠦ ᠲᠣᠭᠲᠠᠭᠠᠬᠤ ᠥᠬᠡᠶ᠃ ᠬᠡᠷᠡᠭᠵᠢᠬᠦᠯᠦᠯᠳᠡ ᠳᠤᠮᠳᠠ ᠲᠤᠤᠷᠠᠬᠢ ᠪᠠᠶᠢᠳᠠᠯ ᠤᠨ ᠨᠢᠭᠡ ᠨᠢ ᠢᠯᠡᠷᠡᠪᠡᠯ ᠲᠦᠰᠦᠪ ᠤᠨ ᠲᠤᠬᠢᠷᠠᠭᠤᠯᠤᠯᠲᠠ ᠬᠢᠪᠡᠯ ᠵᠤᠬᠢᠨ᠎ᠠ᠃ ᠳᠠᠷᠤᠢ᠄ ᠲᠥᠰᠦᠪ ᠤᠨ ᠶᠡᠷᠦᠩᠬᠡᠢ ᠵᠠᠷᠤᠯᠭ᠎ᠠ ᠶᠢ ᠨᠡᠮᠡᠭᠳᠡᠭᠦᠯᠬᠦ ᠪᠤᠶᠤ ᠪᠠᠭᠠᠰᠬᠠᠬᠤ ᠴᠢᠬᠤᠯᠠᠲᠠᠶ ᠪᠠᠶᠢᠬᠤ︔ ᠲᠥᠰᠦᠪ ᠲᠤ ᠰᠢᠯᠵᠢᠬᠦᠯᠦᠨ᠂ ᠲᠤᠬᠢᠷᠠᠭᠤᠯᠤᠯᠲᠠ ᠶᠢᠨ ᠰᠠᠭᠤᠷᠢ ᠮᠦᠩᠬᠦ ᠶᠢ ᠲᠤᠭᠳᠠᠪᠤᠷᠢᠵᠢᠭᠤᠯᠬᠤ ᠴᠢᠬᠤᠯᠠᠳᠠᠢ ᠪᠠᠶᠢᠬᠤ︔ ᠲᠥᠰᠦᠪ ᠲᠤ ᠲᠣᠬᠢᠷᠠᠭᠤᠯᠤᠭᠰᠠᠨ ᠭᠤᠤᠯᠳᠠᠯᠭᠠᠲᠤ ᠵᠠᠷᠤᠯᠭ᠎ᠠ‌‍ᠶᠢᠨ ᠲᠤᠭ᠎ᠠ ᠶᠢ ᠲᠤᠬᠢᠷᠠᠭᠤᠯᠤᠨ ᠬᠠᠰᠤᠬᠤ ᠴᠢᠬᠤᠯᠠᠲᠠᠶ ᠪᠠᠶᠢᠬᠤ︔ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠨᠡᠮᠡᠭᠳᠡᠭᠦᠯᠬᠦ ᠴᠢᠬᠤᠯᠠᠲᠠᠶ ᠪᠠᠶᠢᠬᠤ ᠦᠶ᠎ᠠ ᠳᠤ ᠲᠤᠬᠢᠷᠠᠭᠤᠯᠤᠯᠲᠠ ᠬᠢᠨ᠎ᠡ᠃ ᠡᠷᠬᠡᠪᠰᠢ ᠲᠥᠰᠦᠪ ᠤᠨ ᠲᠣᠬᠢᠷᠠᠭᠤᠯᠤᠯᠲᠠ ᠬᠢᠬᠦ ᠴᠢᠬᠤᠯᠠᠲᠠᠶ ᠪᠣᠯ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠲᠥᠰᠦᠪ ᠤᠨ ᠲᠣᠬᠢᠷᠠᠭᠤᠯᠤᠯᠲᠠ ᠶᠢᠨ ᠲᠥᠰᠦᠯ ᠢ ᠨᠠᠶᠢᠷᠠᠭᠤᠯᠤᠨ ᠵᠣᠬᠢᠶᠠᠵᠤ᠂ ᠠᠶᠢᠮᠠᠭ ᠤᠨ ᠵᠠᠬᠢᠷᠭ᠎ᠠ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠠᠶᠢᠮᠠᠭ ᠤᠨ ᠠᠷᠠᠳ‌‍ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠳᠤ ᠳᠡᠪᠰᠢᠬᠦᠯᠵᠦ ᠬᠢᠨᠠᠨ ᠵᠦᠪᠰᠢᠶᠡᠷᠡᠬᠦᠯᠦᠨ᠎ᠡ᠃ ᠵᠢᠯ ᠤᠨ ᠡᠬᠢᠨ ᠤ ᠲᠥᠰᠦᠪ ᠢ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠢᠶᠠᠷ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠲᠥᠰᠦᠪ ᠤᠨ ᠵᠠᠷᠤᠯᠭ᠎ᠠ ᠶᠢ ᠲᠥᠰᠦᠪ ᠤᠨ ᠵᠦᠢᠯ ᠢᠯᠭᠠᠯ ᠶᠣᠰᠣᠭᠠᠷ ᠬᠡᠷᠡᠭᠵᠢᠬᠦᠯᠦᠨ᠎ᠡ᠃ ᠠᠳᠠᠯᠢ ᠪᠤᠰᠤ ᠲᠥᠰᠦᠪ ᠤᠨ ᠵᠦᠢᠯ ᠢᠯᠭᠠᠯ᠂ ᠲᠥᠰᠦᠪ ᠤᠨ ᠵᠡᠷᠭᠡ ᠳᠡᠰ ᠪᠤᠶᠤ  ᠲᠦᠷᠦᠯ ᠵᠦᠢᠯ ᠤᠨ ᠬᠤᠭᠤᠷᠣᠨᠳᠣᠬᠢ ᠲᠥᠰᠦᠪ ᠤᠨ ᠪᠡᠯᠡ ᠮᠥᠩᠭᠦ ᠶᠢᠨ ᠲᠣᠬᠢᠷᠠᠭᠤᠯᠤᠯᠲᠠ ᠶᠢ ᠴᠢᠩᠭ᠎ᠠ ᠬᠢᠵᠠᠭᠠᠷᠯᠠᠵᠤ᠂ ᠳᠡᠭᠡᠲᠦ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ  ᠦᠨᠡᠨᠬᠦ ᠲᠤᠬᠢᠷᠠᠭᠤᠯᠤᠨ ᠬᠡᠷᠡᠭᠯᠡᠬᠦ ᠴᠢᠬᠤᠯᠠᠲᠠᠶ ᠪᠤᠯ᠂ ᠲᠥᠰᠦᠪ ᠤᠨ ᠲᠣᠬᠢᠷᠠᠭᠤᠯᠤᠯᠲᠠ ᠶᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃      ᠣᠨ ᠤ ᠲᠥᠰᠦᠪ ᠢ ᠬᠦᠢᠴᠡᠳᠬᠡᠬᠦ ᠶᠠᠪᠤᠴᠠ ᠳᠤ᠂ ᠪᠠᠶᠢᠭᠠᠯᠢ ᠶᠢᠨ ᠭᠠᠮᠰᠢᠭ ᠵᠡᠷᠭᠡ ᠭᠡᠨᠡᠳᠲᠡ ᠶᠢᠨ ᠬᠡᠷᠡᠭ ᠠᠴᠠ ᠪᠣᠯᠵᠤ᠂ ᠲᠥᠰᠦᠪ ᠤᠨ ᠵᠠᠷᠤᠯᠭ᠎ᠠ ᠶᠢ ᠡᠷᠬᠡᠪᠰᠢ ᠴᠠᠭ ᠲᠤᠬᠠᠶ ᠳᠤᠨᠢ ᠨᠡᠮᠡᠭᠳᠡᠭᠦᠯᠬᠦ ᠴᠢᠬᠤᠯᠠᠲᠠᠶ ᠪᠤᠯ᠂ ᠤᠷᠢᠳᠠᠪᠠᠷ ᠪᠡᠯᠡᠳᠬᠡᠯ ᠵᠠᠷᠤᠳᠠᠯ ᠢ ᠬᠡᠷᠡᠭᠯᠡᠪᠡᠯ ᠵᠤᠬᠢᠨ᠎ᠠ᠃ ᠠᠶᠢᠮᠠᠭ ᠤᠨ  ᠱᠠᠲᠤᠨ ᠤ ᠪᠡᠯᠡᠳᠬᠡᠯ ᠵᠠᠷᠤᠳᠠᠯ ᠢ ᠬᠡᠷᠡᠭᠯᠡᠬᠦ ᠳᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠲᠣᠬᠢᠷᠠᠭᠤᠯᠬᠤ ᠰᠠᠨᠠᠯ ᠳᠤᠷᠠᠳᠴᠤ᠂ ᠠᠶᠢᠮᠠᠭ ᠤᠨ ᠵᠠᠬᠢᠷᠭ᠎ᠠ ᠳᠤ ᠮᠡᠳᠡᠭᠦᠯᠦᠨ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃ ᠪᠡᠯᠡᠳᠬᠡᠯ ᠵᠠᠷᠤᠳᠠᠯ ᠨᠢ ᠵᠠᠷᠤᠯᠭ᠎ᠠ ᠳᠤ ᠬᠦᠷᠦᠯᠴᠡᠬᠦ ᠦᠭᠡᠢ ᠪᠤᠯ᠂ ᠠᠶᠢᠮᠠᠭ ᠤᠨ ᠵᠠᠬᠢᠷᠭ᠎ᠠ ᠪᠠᠷ ᠵᠥᠪᠰᠢᠶᠡᠷᠡᠭᠦᠯᠦᠭᠰᠡᠨ ᠤ ᠳᠠᠷᠠᠭ᠎ᠠ ᠵᠠᠷᠤᠯᠭ᠎ᠠ ᠶᠢ ᠤᠷᠢᠳᠠᠪᠠᠷ ᠲᠣᠬᠢᠷᠠᠭᠤᠯᠵᠤ ᠪᠣᠯᠤᠨ᠎ᠠ᠂ ᠲᠥᠰᠦᠪ ᠤᠨ ᠲᠣᠬᠢᠷᠠᠭᠤᠯᠤᠯᠲᠠ ᠳᠤ ᠬᠠᠷᠢᠶᠠᠯᠠᠭᠳᠠᠪᠠᠯ᠂ ᠲᠥᠰᠦᠪ ᠤᠨ ᠲᠣᠬᠢᠷᠠᠭᠤᠯᠤᠯᠲᠠ ᠶᠢᠨ ᠲᠥᠰᠦᠯ ᠳᠤ ᠣᠷᠣᠭᠤᠯᠤᠨ᠎ᠠ᠃      ᠵᠢᠷᠭᠤᠭ᠎ᠠ᠂ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠬᠢᠨᠠᠨ ᠵᠥᠪᠰᠢᠶᠡᠷᠡᠬᠦ ᠶᠠᠪᠤᠴᠠ      ᠥᠪᠡᠷᠲᠡᠭᠡᠨ ᠵᠠᠰᠠᠬᠤ ᠣᠷᠣᠨ ᠤ ᠰᠢᠯᠵᠢᠭᠦᠯᠦᠨ ᠵᠢᠭᠡᠯᠡᠭᠦᠯᠦᠭᠰᠡᠨ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠪᠠᠭᠤᠯᠭᠠᠭᠰᠠᠨ ᠵᠢᠭᠡᠯᠡᠯᠭᠡ ᠶᠢᠨ ᠲᠡᠮᠳᠡᠭᠲᠦ ᠶᠢᠨ ᠬᠡᠪᠴᠢᠶᠡᠨ ᠳᠣᠲᠣᠷ᠎ᠠ᠂ ᠠᠶᠢᠮᠠᠭ ᠤᠨ ᠵᠠᠬᠢᠷᠭ᠎ᠠ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠳᠤ ᠳᠡᠪᠰᠢᠭᠦᠯᠦᠨ ᠵᠥᠪᠰᠢᠶᠡᠷᠡᠭᠦᠯᠵᠦ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠪᠠᠭᠤᠯᠭᠠᠨ ᠬᠡᠷᠡᠭᠵᠢᠭᠦᠯᠦᠨ᠎ᠡ︔ ᠠᠶᠢᠮᠠᠭ ᠤᠨ ᠱᠠᠲᠤᠨ ᠤ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠬᠤᠪᠢᠶᠠᠷᠢᠯᠠᠬᠤ ᠳᠤ᠂ ᠠᠶᠢᠮᠠᠭ ᠤᠨ ᠱᠠᠲᠤᠨ ᠤ ᠲᠥᠰᠦᠪ ᠤᠨ ᠲᠣᠬᠢᠷᠠᠭᠤᠯᠤᠯᠲᠠ ᠶᠢᠨ ᠲᠥᠰᠦᠯ ᠳᠤ ᠣᠷᠣᠭᠤᠯᠵᠤ᠂ ᠠᠶᠢᠮᠠᠭ ᠤᠨ ᠵᠠᠬᠢᠷᠭ᠎ᠠ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠳᠤ ᠳᠡᠪᠰᠢᠭᠦᠯᠦᠨ ᠵᠥᠪᠰᠢᠶᠡᠷᠡᠭᠦᠯᠦᠨ᠎ᠡ᠃      ᠥᠪᠡᠷᠲᠡᠭᠡᠨ ᠵᠠᠰᠠᠬᠤ ᠣᠷᠣᠨ ᠠᠴᠠ ᠰᠢᠯᠵᠢᠭᠦᠯᠦᠨ ᠵᠢᠭᠡᠯᠡᠭᠦᠯᠬᠦ ᠵᠢᠭᠡᠯᠡᠯᠭᠡ ᠶᠢᠨ ᠲᠡᠮᠳᠡᠭᠲᠦ ᠰᠤᠯᠢᠬᠤ ︵ᠳᠠᠬᠢᠨ ᠪᠡᠯᠡ ᠲᠣᠬᠢᠷᠠᠭᠤᠯᠬᠤ︶ ᠪᠡᠯᠡ ᠮᠥᠩᠭᠦ ᠶᠢ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠪᠠᠭᠤᠯᠭᠠᠭᠰᠠᠨ ᠵᠢᠭᠡᠯᠡᠯᠭᠡ ᠶᠢᠨ ᠲᠡᠮᠳᠡᠭᠲᠦ ᠶᠢᠨ ᠬᠡᠪᠴᠢᠶᠡᠨ ᠳᠣᠲᠣᠷ᠎ᠠ᠂ ᠠᠶᠢᠮᠠᠭ ᠤᠨ ᠵᠠᠬᠢᠷᠭ᠎ᠠ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠳᠤ ᠮᠡᠳᠡᠭᠦᠯᠦᠨ ᠳᠠᠩᠰᠠᠯᠠᠭᠤᠯᠵᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠪᠠᠭᠤᠯᠭᠠᠵᠤ ᠬᠡᠷᠡᠭᠵᠢᠭᠦᠯᠦᠨ᠎ᠡ᠃      ᠳᠣᠯᠤᠭ᠎ᠠ᠂ ᠪᠤᠰᠤᠳ‌ᠵᠦ᠋ᠢᠯ      ︵ᠨᠢᠭᠡ︶ ᠲᠥᠰᠦᠪ ᠢ ᠬᠡᠷᠡᠭᠵᠢᠬᠦᠯᠬᠦ ᠮᠡᠳᠡᠭᠦᠯᠦᠯᠲᠡ ᠶᠢᠨ ᠳᠦᠷᠢᠮ ᠢ ᠪᠠᠶᠢᠭᠤᠯᠵᠤ᠂ ᠵᠢᠯ ᠪᠦᠷᠢ ᠶᠢᠨ ᠵᠢᠷᠭᠤᠭ᠎ᠠ ᠠᠴᠠ ᠶᠢᠰᠦᠳᠦᠭᠡᠷ ᠰᠠᠷ᠎ᠠ ᠶᠢᠨ ᠬᠤᠭᠤᠷᠣᠨᠳᠣ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠠᠶᠢᠮᠠᠭ ᠤᠨ ᠵᠠᠬᠢᠷᠭ᠎ᠠ ᠳᠤ ᠠᠶᠢᠮᠠᠭ ᠤᠨ  ᠱᠠᠲᠤᠨ ᠤ ᠲᠥᠰᠦᠪ ᠢ ᠬᠡᠷᠡᠭᠵᠢᠬᠦᠯᠦᠭᠰᠡᠨ ᠪᠠᠶᠢᠳᠠᠯ ᠢᠶᠠᠨ ᠮᠡᠳᠡᠭᠦᠯᠦᠨ ᠬᠦᠷᠭᠡᠵᠦ᠂ ᠠᠶᠢᠮᠠᠭ ᠤᠨ ᠵᠠᠬᠢᠷᠭ᠎ᠠ ᠠᠴᠠ ᠬᠢᠨᠠᠨ ᠲᠣᠭᠲᠠᠭᠠᠭᠰᠠᠨ ᠤ ᠳᠠᠷᠠᠭ᠎ᠠ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠳᠤ ᠮᠡᠳᠡᠬᠦᠯᠦᠨ᠎ᠡ᠃      ︵ᠬᠤᠶᠠᠷ︶ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠡᠳ᠋ ᠤᠨ ᠵᠠᠰᠠᠭ ᠤᠨ ᠪᠠᠯᠠ ᠮᠥᠩᠭᠦ ᠶᠢᠨ ᠬᠡᠷᠡᠭᠯᠡᠯᠲᠡ ᠶᠢᠨ ᠠᠮᠤᠷ ᠲᠦᠪᠰᠢᠨ ᠢ ᠪᠠᠲᠤᠯᠠᠵᠤ᠂ ᠳᠣᠲᠣᠭᠠᠳᠤ ᠶᠢᠨ ᠬᠢᠨᠠᠨ ᠵᠥᠪᠰᠢᠶᠡᠷᠡᠬᠦ ᠶᠠᠪᠤᠴᠠ ᠶᠢ ᠲᠡᠭᠦᠯᠳᠡᠷᠵᠢᠭᠦᠯᠦᠨ᠂ ᠠᠵᠢᠯ ᠤᠨ ᠲᠣᠭᠲᠠᠴᠠ ᠶᠢ ᠪᠦᠷᠢᠨᠰᠢᠬᠦᠯᠦᠨ ᠳᠦᠷᠢᠮᠵᠢᠬᠦᠯᠬᠦ ᠬᠡᠷᠡᠭᠲᠡᠶ︔ ᠲᠥᠰᠦᠪ ᠶᠣᠰᠣᠭᠠᠷ ᠂ ᠠᠬᠢᠴᠠ ᠪᠠ ᠳᠡᠰ ᠳᠠᠷᠠᠭᠠᠯᠠᠯ ᠶᠣᠰᠣᠭᠠᠷ ᠲᠥᠰᠦᠪ ᠤᠨ ᠪᠡᠯᠡ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠰᠢᠯᠵᠢᠭᠦᠯᠦᠨ ᠥᠭᠬᠦ ᠶᠢ ᠪᠠᠷᠢᠮᠲᠠᠯᠠᠨ᠎ᠠ︔ ᠪᠡᠯᠡ ᠮᠥᠩᠭᠦ ᠶᠢᠨ ᠦᠷ᠎ᠠ ᠪᠦᠲᠦᠮᠵᠢ ᠶᠢᠨ ᠦᠨᠡᠯᠡᠯᠭᠡ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠨᠠᠷᠢᠯᠢᠭᠵᠢᠭᠤᠯᠤᠯᠲᠠ ᠶᠢ ᠠᠬᠢᠭᠤᠯᠤᠨ᠎ᠠ︔ ᠡᠳ᠋ ᠤᠨ ᠵᠠᠰᠠᠭ ᠤᠨ ᠪᠡᠯᠡ ᠮᠥᠩᠭᠦ ᠶᠢᠨ ᠬᠢᠨᠠᠨ ᠬᠠᠮᠢᠶᠠᠷᠤᠯᠲᠠ ᠶᠢ ᠴᠢᠩᠭᠠᠳᠬᠠᠨ᠂ ᠲᠤᠰᠬᠠᠶ ᠵᠦᠢᠯ ᠤᠨ ᠪᠡᠯᠡ ᠮᠥᠩᠭᠦ ᠶᠢᠨ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠰᠡᠭᠦᠯᠴᠢ ᠶᠢᠨ ᠬᠤᠭᠤᠴᠠᠭᠠᠨ ᠤ ᠮᠥᠷᠳᠡᠨ ᠬᠢᠨᠠᠯᠲᠠ ᠶᠢ ᠦᠨᠡᠨᠬᠦ ᠴᠢᠩᠭᠠᠳᠬᠠᠨ᠎ᠠ᠃      ︵ᠭᠤᠷᠪᠠ︶ ᠡᠯ᠎ᠡ ᠲᠥᠰᠦᠪ ‍ᠤᠨ‌ᠨᠢᠬᠡᠴᠡ ᠶᠢᠨ ᠬᠢᠨ ᠡᠳ᠋ ᠤᠨ ᠵᠠᠰᠠᠭ ᠤᠨ ᠪᠡᠯᠡ ᠮᠥᠩᠭᠦ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠬᠠᠤᠯᠢ ᠶᠣᠰᠣᠴᠢ ᠴᠢᠨᠠᠷ ᠢ ᠪᠠᠲᠤᠯᠠᠬᠤ ᠬᠡᠷᠡᠭᠲᠡᠶ︔ ᠪᠠᠯᠠ ᠮᠥᠩᠭᠦ ᠶᠢᠨ ᠬᠢᠨᠠᠨ ᠵᠥᠪᠰᠢᠶᠡᠷᠡᠬᠦ ᠠᠬᠢᠴᠠ ᠶᠢ ᠲᠦᠷᠭᠡᠳᠬᠡᠵᠦ᠂ ᠲᠣᠭᠲᠠᠭᠰᠠᠨ ᠴᠠᠭ ᠬᠤᠭᠤᠴᠠᠭᠠᠨ ᠳᠣᠲᠣᠷ᠎ᠠ ᠪᠠᠯᠠ ᠮᠥᠩᠭᠦ ᠶᠢᠨ ᠬᠤᠪᠢᠶᠠᠷᠢᠯᠠᠯᠲᠠ ᠶᠢᠨ ᠲᠥᠰᠦᠯ ᠢ ᠳᠤᠷᠠᠳᠤᠨ ᠭᠠᠷᠭᠠᠵᠤ᠂ ᠪᠠᠯᠠ ᠮᠥᠩᠭᠦ ᠶᠢᠨ ᠦᠷ᠎ᠡ ᠠᠰᠢᠭ ᠢ ᠲᠦᠷᠭᠡᠬᠡᠨ ᠪᠠᠳᠠᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ︔  ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠡᠳ᠋ ᠤᠨ ᠶᠠᠪᠤᠳᠠᠯ ᠤᠨ ᠬᠤᠷᠭᠤᠭᠤᠯᠤᠨ ᠪᠤᠳᠤᠯᠲᠠ ᠶᠢ ᠰᠠᠶᠢᠲᠤᠷ ᠬᠢᠵᠦ᠂ ᠬᠢᠨᠠᠨ ᠪᠠᠶᠢᠴᠠᠭᠠᠬᠤ᠂ ᠡᠳ᠋ ᠤᠨ ᠵᠠᠰᠠᠭ᠂ ᠬᠢᠨᠠᠨ ᠪᠤᠳᠤᠬᠤ ᠰᠠᠯᠠᠭ᠎ᠠ ᠮᠥᠴᠢᠷ ᠤᠨ ᠬᠢᠨᠠᠯᠲᠠ ᠶᠢ ᠬᠦᠯᠢᠶᠡᠬᠦ ᠬᠡᠷᠡᠭᠲᠡᠶ᠃      ︵ᠳᠦᠷᠪᠡ︶ ᠬᠢᠨᠠᠨ ᠪᠣᠳᠣᠬᠤ ᠰᠠᠯᠠᠭ᠎ᠠ ᠮᠥᠴᠢᠷ ᠡᠳ᠋ ᠤᠨ ᠵᠠᠰᠠᠭ ᠤᠨ ᠪᠡᠯᠡ ᠮᠥᠩᠭᠦ ᠶᠢ ᠬᠢᠨᠠᠨ ᠪᠣᠳᠣᠵᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠨᠠᠩ ᠳᠦᠷᠢᠮᠵᠢᠭᠰᠡᠨ᠂ ᠵᠦᠶ ᠵᠣᠬᠢᠰᠲᠠᠶ᠂ ᠦᠷ᠎ᠡ ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃      ︵ᠲᠠᠪᠤ︶ ᠥᠪᠡᠷᠲᠡᠭᠡᠨ ᠵᠠᠰᠠᠬᠤ ᠣᠷᠣᠨ ᠠᠴᠠ ᠰᠢᠯᠵᠢᠭᠦᠯᠦᠨ ᠵᠢᠭᠡᠯᠡᠭᠦᠯᠦᠭᠰᠡᠨ ᠣᠷᠣᠨ ᠨᠤᠲᠤᠭ ᠤᠨ ᠵᠠᠰᠠᠭ  ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠪᠦᠬᠦᠨ ᠢ ᠣᠨ ᠤ ᠲᠥᠰᠦᠪ ᠲᠤ ᠣᠷᠣᠭᠤᠯᠤᠨ᠎ᠠ ᠂ ᠡᠭᠦᠨ ᠳᠤ᠄ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢᠨ ᠣᠷᠣᠯᠭ᠎ᠠ ᠵᠠᠷᠤᠯᠭ᠎ᠠ ᠶᠢ ᠡᠩ ᠤᠨ ᠣᠯᠠᠨ ᠨᠡᠶᠢᠲᠡ ᠶᠢᠨ ᠲᠥᠰᠦᠪ ᠤᠨ ᠬᠠᠮᠢᠶᠠᠷᠤᠯᠲᠠ ᠳᠤ ᠣᠷᠣᠭᠤᠯᠵᠤ᠂ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢᠨ ᠣᠷᠣᠯᠭ᠎ᠠ ᠵᠠᠷᠤᠯᠭ᠎ᠠ ᠶᠢ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ ᠤᠨ ᠬᠠᠮᠢᠶᠠᠷᠤᠯᠲᠠ ᠳᠤ ᠣᠷᠣᠭᠤᠯᠤᠨ᠎ᠠ᠃      ︵ᠵᠢᠷᠭᠤᠭ᠎ᠠ︶ ᠰᠤᠷᠭᠠᠨ ᠬᠥᠮᠦᠵᠢᠯ ᠤᠨ ᠰᠦᠢᠳᠬᠡᠯ ᠬᠤᠷᠢᠶᠠᠮᠵᠢ ᠠᠴᠠ ᠭᠠᠳᠠᠨ᠎ᠠ᠂ ᠪᠣᠢ ᠪᠦᠬᠦᠢ ᠭᠠᠶᠢᠯᠢ ᠶᠢᠨ ᠪᠤᠰᠤ ᠣᠷᠣᠯᠭ᠎ᠠ ᠶᠢ ᠴᠥᠮ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠡᠯ᠎ᠡ ᠳᠠᠭᠠᠭᠠᠴᠢᠯᠡᠨ ᠬᠤᠷᠢᠶᠠᠬᠤ ᠨᠢᠭᠡᠴᠡ ᠶᠢᠨ ᠬᠢᠨ ᠡᠯ᠎ᠡ ᠲᠦᠷᠦᠯ ᠤᠨ ᠣᠷᠣᠯᠭ᠎ᠠ ᠶᠢ ᠴᠠᠭ ᠲᠤᠬᠠᠶ ᠳᠤᠨᠢ ᠬᠦᠢᠴᠡᠳ ᠲᠤᠭ᠎ᠠ ᠪᠠᠷ ᠳᠠᠲᠠᠪᠤᠷᠢᠯᠠᠨ ᠬᠤᠷᠢᠶᠠᠬᠤ ᠬᠡᠷᠡᠭᠲᠡᠶ᠃ ᠰᠤᠷᠭᠠᠨ ᠬᠥᠮᠦᠵᠢᠯ ᠤᠨ ᠰᠦᠢᠳᠬᠡᠯ  ᠬᠤᠷᠢᠶᠠᠮᠵᠢ ᠶᠢ ᠡᠳ᠋ ᠤᠨ ᠵᠠᠰᠠᠭ ᠤᠨ ᠲᠤᠰᠬᠠᠶ ᠳᠠᠩᠰᠠᠨ ᠳᠤ ᠣᠷᠣᠭᠤᠯᠤᠨ ᠬᠠᠮᠢᠶᠠᠷᠴᠤ᠂ ᠰᠠᠯᠠᠭ᠎ᠠ ᠮᠥᠴᠢᠷ ᠠᠴᠠ ᠣᠨ ᠤ ᠣᠷᠣᠯᠭ᠎ᠠ ᠵᠠᠷᠤᠯᠭ᠎ᠠ ᠶᠢᠨ ᠲᠥᠰᠦᠪ ᠢ ᠨᠠᠶᠢᠷᠠᠭᠤᠯᠤᠨ ᠵᠣᠬᠢᠶᠠᠵᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠡᠳ᠋ ᠤᠨ ᠵᠠᠰᠠᠭ ᠤᠨ ᠲᠤᠰᠬᠠᠶ ᠳᠠᠩᠰᠠ ᠠᠴᠠ ᠤᠯᠭᠤᠨ᠎ᠠ᠃      ︵ᠳᠣᠯᠤᠭ᠎ᠠ︶ ᠰᠠᠯᠠᠭ᠎ᠠ ᠮᠥᠴᠢᠷ ᠤᠨ ᠲᠥᠰᠦᠪ ᠤᠨ ᠪᠡᠯᠡ ᠮᠥᠩᠭᠦ ᠶᠢ ᠬᠡᠷᠡᠭᠵᠢᠬᠦᠯᠬᠦ ᠶᠠᠪᠤᠴᠠ ᠳᠤ᠂ ᠲᠥᠷᠥᠯ ᠵᠦᠢᠯ ᠢ ᠲᠤᠬᠠᠢ ᠶᠢᠨ ᠵᠢᠯ ᠳᠤᠨᠢ ᠬᠡᠷᠡᠭᠵᠢᠭᠦᠯᠦᠭᠰᠡᠨ ᠦᠭᠡᠢ ᠪᠤᠶᠤ ᠲᠥᠷᠥᠯ ᠵᠦᠢᠯ ᠢ ᠳᠠᠬᠢᠵᠤ ᠬᠡᠷᠡᠭᠵᠢᠭᠦᠯᠦᠭᠰᠡᠨ ᠦᠭᠡᠢ ᠠᠴᠠ ᠪᠣᠯᠵᠤ ᠲᠤᠬᠠᠢ ᠶᠢᠨ ᠵᠢᠯ ᠳᠤᠨᠢ ᠪᠠᠭᠤᠯᠭᠠᠭᠰᠠᠨ ᠦᠭᠡᠢ ᠪᠡᠯᠡ ᠮᠥᠩᠭᠦ ᠶᠢ ᠲᠣᠭᠲᠠᠭᠠᠯ ᠶᠣᠰᠣᠭᠠᠷ  ᠱᠠᠲᠤᠨ ᠤ ᠲᠥᠰᠦᠪ ᠢ ᠡᠭᠡᠭᠦᠯᠦᠨ ᠠᠪᠤᠨ᠎ᠠ᠃      ︵ᠨᠠᠢᠮᠠ︶  ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠭᠤᠴᠢᠨ ᠡᠳᠦᠷ ᠤᠨ ᠳᠠᠷᠠᠭ᠎ᠠ ᠬᠡᠷᠡᠭᠵᠢᠭᠦᠯᠦᠨ᠎ᠡ᠂ ᠲᠠᠪᠤᠨ ᠵᠢᠯ ᠤᠨ ᠬᠦᠴᠦᠨ ᠲᠠᠢ᠃ 2016 ᠣᠨ ᠤ 10 ᠰᠠᠷ᠎ᠠ ᠶᠢᠨ 14 ᠤ ᠡᠳᠦᠷ ᠨᠡᠶᠢᠲᠡᠯᠡᠭᠰᠡᠨ ᠠᠯᠠᠱᠠ ᠠᠶᠢᠮᠠᠭ ᠤᠨ ᠵᠠᠬᠢᠷᠭ᠎ᠠ ᠶᠢᠨ ᠠᠯᠪᠠᠨ ᠲᠢᠩᠬᠢᠮ ᠤᠨ ︽ᠠᠯᠠᠱᠠ ᠠᠶᠢᠮᠠᠭ ᠤᠨ ᠱᠠᠲᠤᠨ ᠤ ᠡᠳ᠋ ᠤᠨ ᠵᠠᠰᠠᠭ ᠤᠨ ᠴᠢᠨᠠᠷᠲᠠᠶ ᠪᠠᠯᠠ ᠮᠥᠩᠭᠦ ᠶᠢ ᠬᠢᠨᠠᠨ ᠵᠥᠪᠰᠢᠶᠡᠷᠡᠬᠦ ᠶᠠᠪᠤᠴᠠ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠠᠯᠠᠱᠠ ᠵᠠᠬᠢᠷᠭ᠎ᠠ ᠠᠯᠪᠠᠨ ᠲᠠᠷᠬᠠᠭᠠᠭᠰᠠᠨ ︹ 2016 ︺140 ᠳ᠋ᠦ᠋ᠭᠡᠷ ᠲᠣᠭᠠᠲᠤ︶ ᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃
 
ᠢᠷᠡᠯᠲᠡ᠄ ᠠᠯᠠᠱᠠ ᠠᠶᠢᠮᠠᠭ  ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号